ᠬᠠᠪᠤᠷᠤᠨ ᠪᠤᠯᠵᠤᠭ᠎ᠠ — ᠶᠡᠷᠦᠩᠬᠡᠢ ᠱᠦᠵᠢᠶ᠋ᠢᠨ ᠦᠪᠦᠷ ᠮᠤᠩᠭᠤᠯᠤᠨ ᠲᠦᠯᠦᠭᠡᠯᠡᠭ᠌ᠴᠢᠳᠦᠨ ᠪᠦᠯᠬᠦᠮ ᠳᠡᠬᠢ ᠡᠨᠡ ᠲᠠᠪᠤᠨ ᠵᠢᠯ 2018—2022
ᠰᠢ ᠵᠢᠨ ᠫᠢᠩ ᠨᠥᠬᠥᠷ ᠵᠢᠨᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠢ᠎ᠠ ᠢᠮᠠᠭᠲᠠ ᠥᠪᠥᠷ ᠮᠣᠩᠭᠣᠯ ᠤ᠋ᠨ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ ᠢ᠋ ᠭᠡᠬᠦᠳᠡᠭ ᠴᠡᠭᠡᠵᠢᠨᠳᠡᠭᠡᠨ ᠬᠦᠨ᠎ᠠ ᠰᠠᠨᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ᠋ ᠡᠯ᠎ᠡ ᠲᠦᠷᠦᠯ ᠤ᠋ᠨ ᠠᠵᠢᠯ ᠦᠢᠯᠡᠰ ᠤ᠋ᠨ ᠬᠥᠭᠵᠢᠯᠲᠡ ᠵᠢ ᠳᠡᠭᠡᠳᠦ ᠬᠡᠮᠵᠢᠢ᠎ᠡ ᠪᠠᠷ ᠴᠢᠬᠤᠯᠠᠴᠢᠯᠠᠭᠰᠠᠭᠠᠷ ᠢᠷᠡᠵᠡᠢ᠃
2018 ᠣᠨ ᠤ᠋ 1 ᠰᠠᠷ᠎ᠠ ᠵᠢᠨ 30 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠴᠡ᠂ ᠲᠥᠪ ᠡᠴᠡ ᠨᠡᠷ᠎ᠡ ᠳᠤᠷᠠᠳᠤᠭᠰᠠᠨ ᠲᠥᠯᠥᠭᠡᠯᠡᠭᠴᠢ ᠵᠢᠨ ᠵᠢᠱ᠌ᠢᠭᠳᠡᠭᠴᠢ ᠰᠢ ᠵᠢᠨ ᠫᠢᠩ ᠨᠥᠬᠥᠷ ᠪᠦᠷᠢᠨ ᠪᠢᠯᠧᠲ ᠵᠢᠨᠷ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳᠤᠨ ᠶᠡᠭᠡ ᠬᠤᠷᠠᠯᠤᠨ ᠲᠦᠯᠦᠭᠡᠯᠡᠭᠴᠢ ᠪᠡᠷ ᠰᠤᠩᠭᠤᠭᠳᠠᠵᠠᠢ ᠭᠡᠵᠤ ᠨᠠᠢᠳᠠᠯᠠᠪᠠ᠃ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠬᠤᠭᠤᠴᠠᠭᠠᠨ ᠳ᠋ᠦ᠍᠂ ᠶᠡᠷᠦᠨᠭᠬᠡᠢ ᠱᠦᠵᠢ ᠰᠢ ᠵᠢᠨ ᠫᠢᠨᠭ ᠤᠷᠢᠳ ᠬᠣᠵᠢᠳ ᠲᠠᠪᠤ ᠤᠳᠠᠭ᠎ᠠ ᠥᠪᠥᠷ ᠮᠣᠩᠭᠣᠯᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦᠳ᠋ᠦ᠍ ᠣᠷᠣᠯᠴᠠᠵᠤ᠂ ᠰᠢᠷᠢᠰ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ ᠠᠵᠢᠯ ᠢ᠋ ᠰᠠᠢᠲᠤᠷ ᠬᠢᠬᠦ ᠳ᠋ᠦ᠍ ᠤᠷᠤᠭᠱᠢᠯᠠᠬᠤ ᠴᠢᠭᠯᠡᠯ ᠢ᠋ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠨ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠠ᠃
ᠨᠠᠢᠷᠠᠭᠤᠯᠤᠭᠴᠢ ᠵᠢᠨ ᠦᠭᠡ᠄
ᠳᠠᠪᠤᠨ ᠵᠢᠯ ᠤ᠋ᠨ ᠲᠤᠷᠱᠢ ᠂ ᠥᠪᠥᠷ ᠮᠣᠩᠭᠣᠯ ᠤ᠋ᠨ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠲᠡᠷᠡᠴᠢᠯᠡᠨ ᠠᠯᠢᠪᠠ ᠠᠵᠢᠯ ᠵᠢᠡᠨ ᠰᠠᠢᠲᠤᠷ ᠬᠢᠬᠦ ᠵᠢᠨ ᠦᠵᠡᠯ ᠰᠠᠨᠠᠭᠠᠨ ᠤ᠋ ᠵᠦᠭᠯᠡᠭᠦᠷ᠂ ᠦᠨᠳᠦᠰᠦᠨ ᠵᠢᠷᠤᠮᠯᠠᠯ ᠪᠠ ᠠᠵᠢᠯᠯᠠᠭᠠᠨ ᠤ᠋ ᠵᠦᠭᠯᠡᠭᠦᠷ ᠪᠣᠯᠭᠠᠵᠤ᠂ ᠴᠢᠨᠡᠭᠡᠯᠢᠭᠵᠢᠯ ᠤ᠋ᠨ ᠦᠢᠯᠡᠰ ᠢ᠋ ᠲᠥᠯᠥᠪᠵᠢᠭᠦᠯᠤᠨ᠂ ᠥᠭᠡᠷᠡᠴᠢᠯᠡᠯᠲᠡ ᠵᠢᠨ ᠳᠠᠷᠪᠠᠭᠤᠯ ᠢ᠋ ᠭᠡᠢᠰᠭᠡᠵᠤ᠂ ᠬᠠᠤᠯᠢᠵᠢᠯ ᠤ᠋ᠨ ᠵᠠᠮ ᠵᠢᠨᠷ ᠵᠠᠮᠨᠠᠵᠤ᠂ ᠲᠥᠷᠥ ᠪᠠᠷᠢᠬᠤ ᠰᠠᠭᠤᠷᠢ ᠵᠢ ᠲᠠᠯᠪᠢᠪᠠ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠶ᠎ᠠ ᠡᠴᠡ ᠥᠪᠥᠷ ᠮᠣᠩᠭᠣᠯ ᠳ᠋ᠦ᠍ ᠲᠣᠭᠲᠠᠭᠠᠭᠰᠠᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠪᠣᠯᠤᠨ ᠠᠵᠢᠯᠯᠠᠭᠠᠨ ᠤ᠋ ᠬᠥᠲᠥᠯᠪᠦᠷᠢ ᠵᠢ ᠡᠷᠡᠰ ᠭᠤᠢᠪᠢᠱᠢ ᠥᠬᠡᠢ ᠪᠠᠷ ᠱᠢᠨ᠎ᠡ ᠴᠠᠭ ᠦᠶᠡᠳ᠋ᠤ ᠡᠷᠡᠯᠭᠡᠭᠯᠡᠨ ᠲᠠᠮᠠᠴᠡᠵᠤ᠂ ᠰᠢᠨ᠎ᠠ ᠠᠶᠠᠨᠳ᠋ᠤ ᠡᠷᠡᠮᠡᠬᠡᠢᠯᠡᠨ ᠤᠷᠤᠭᠱᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠨᠨ ᠪᠦᠲᠦᠭᠡᠨ ᠪᠠᠢᠭᠤᠯᠵᠤ ᠠᠭᠤᠤ ᠶᠡᠬᠡ ᠳᠤᠮᠳᠠᠳᠤ ᠵᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ 》 ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠪᠠ ᠃
ᠴᠢᠩ ᠰᠡᠳᠭᠢᠯ ᠦᠨ ᠬᠦᠰᠡᠯ ᠨᠠᠢᠳᠠᠯᠭ᠎ᠠ
2022 ᠣᠨ ᠤ᠋ ᠪᠦᠬᠦ ᠤᠯᠤᠰ ᠤ᠋ᠨ ᠬᠣᠶᠠᠷ ᠬᠤᠷᠠᠯ ᠬᠤᠷᠠᠯᠳᠤᠬᠤ ᠲᠠᠱᠢᠷᠠᠮ ᠳ᠋ᠦ᠍᠂ 《ᠥᠪᠥᠷ ᠮᠣᠩᠭᠣᠯ ᠤ᠋ᠨ ᠡᠳᠦᠷ ᠤ᠋ᠨ ᠰᠣᠨᠢᠨ》 《〈ᠬᠠᠪᠤᠷ ᠤ᠋ᠨ ᠪᠣᠯᠵᠣᠭ᠎ᠠ 〉 — ᠶᠡᠷᠦᠨᠭᠬᠡᠢ ᠱᠦᠵᠢ ᠵᠢᠨ ᠦᠪᠦᠷ ᠮᠤᠨᠭᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠳ᠋ᠡᠬᠢ ᠡᠨᠡ ᠳᠠᠪᠤᠨ ᠵᠢᠯ》 ᠤᠨᠴᠠ ᠭᠡᠪᠯᠠᠯᠤᠨ ᠬᠤᠯᠪᠤᠭ᠎ᠠ ᠨᠢᠭᠤᠷᠢ ᠤᠬᠠᠭᠠᠯᠠᠨ ᠲᠦᠰᠦᠪᠯᠡᠵᠤ᠂ ᠳᠠᠪᠤᠨ ᠵᠢᠯ ᠲᠤᠷᠰᠢᠬᠢ ᠲᠠᠯ᠎ᠠ ᠨᠤᠲᠤᠭ ᠤ᠋ᠨ ᠬᠥᠪᠡᠭᠦᠳ ᠥᠬᠢᠳ ᠤ᠋ᠨ ᠶᠡᠷᠦᠩᠬᠡᠢ ᠱᠦᠵᠢ ᠵᠢᠨ ᠴᠢᠩ ᠰᠠᠳᠬᠢᠯᠤᠨ ᠬᠥᠰᠡᠯ ᠨᠠᠢᠳᠠᠯᠭ᠎ᠠ ᠵᠢ ᠪᠠᠲᠤ ᠴᠡᠭᠡᠵᠢᠯᠡᠨ᠂ ᠬᠢᠯᠢ ᠬᠢᠵᠠᠭᠠᠷ ᠤ᠋ᠨ ᠦᠨᠳᠦᠰᠦᠲᠡᠨᠦ᠌ ᠭᠠᠵᠠᠷ ᠣᠷᠣᠨ ᠪᠣᠯᠤᠭᠰᠠᠨ ᠤ᠋ ᠬᠤᠪᠢ ᠳ᠋ᠦ᠍ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠠᠬᠢᠴᠠ ᠲᠤᠮᠳᠠᠬᠢ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠠᠨ ᠪᠠᠲᠤ ᠡᠭᠦᠷᠭᠡᠯᠡᠵᠦ᠂ ᠠᠴᠢ ᠡᠨᠠᠷᠢᠯᠳᠤᠨᠢ ᠲᠠᠯᠠᠷᠬᠠᠵᠤ ᠡᠷᠡᠮᠡᠭᠡᠢᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠡᠷᠡᠮᠡᠭᠡᠢᠯᠡᠨ ᠤᠷᠤᠭᠱᠢᠯᠠᠵᠤ᠂ ᠳᠠᠷᠤᠯᠲᠠ ᠨᠠᠮᠠᠵᠤ ᠡᠷᠡᠮᠡᠬᠡᠢᠯᠡᠨ ᠤᠷᠤᠭᠱᠢᠯᠠᠵᠤ᠂ ᠬᠢᠯᠢ ᠬᠢᠵᠠᠭᠠᠷ ᠤ᠋ᠨ ᠦᠨᠳᠦᠰᠦᠲᠡᠨᠦ᠌ ᠭᠠᠵᠠᠷ ᠣᠷᠣᠨ ᠤ᠋ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠲᠠᠯ᠎ᠠ ᠪᠠᠷ ᠱᠢᠨ᠎ᠡ ᠵᠠᠮ ᠢ᠋ ᠴᠢᠷᠮᠠᠢᠨ ᠡᠷᠢᠯᠬᠢᠯᠡᠵᠥ᠂ ᠱᠢᠨ᠎ᠡ ᠬᠥᠭᠵᠢᠯᠲᠡ ᠵᠢᠨ ᠪᠠᠢᠷᠢᠱᠢᠯ ᠳ᠋ᠦ᠍ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠱᠢᠨ᠎ᠡ ᠵᠢᠳᠭᠦᠯ ᠴᠢᠷᠮᠠᠢᠯᠭ᠎ᠠ ᠭᠠᠷᠭᠠᠵᠤ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠥᠬᠡᠢ ᠬᠦᠭᠵᠢᠭᠦᠯᠬᠦ ᠵᠢ ᠠᠬᠢᠭᠤᠯᠬᠤ ᠲᠠᠯ᠎ᠠ ᠪᠠᠷ ᠱᠢᠨ᠎ᠡ ᠠᠬᠢᠴᠠ ᠲᠠᠢ ᠪᠤᠯᠵᠤ᠂ ᠦᠨᠳᠦᠰᠦᠲᠡᠨᠦ᠌ ᠪᠦᠯᠬᠦᠮᠳᠡᠯ᠂ ᠨᠡᠢᠭᠡᠮ ᠤ᠋ᠨ ᠲᠣᠭᠲᠠᠭᠤᠨ᠂ ᠬᠢᠯᠢ ᠬᠢᠵᠠᠭᠠᠷ ᠤ᠋ᠨ ᠠᠮᠤᠷ ᠲᠣᠭᠲᠠᠭᠤᠨ ᠢ᠋ ᠪᠡᠬᠢᠵᠢᠭᠦᠯᠦᠨ ᠬᠥᠭᠵᠢᠭᠦᠯᠬᠦ ᠲᠠᠯ᠎ᠠ ᠪᠠᠷ ᠱᠢᠨ᠎ᠡ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠵᠦ᠂ ᠪᠣᠳᠠᠲᠠᠢ ᠠᠵᠢᠯᠯᠠᠭ᠎ᠠ ᠪᠤᠳᠠᠳᠠᠢ ᠦᠷ᠎ᠠ ᠪᠦᠳᠤᠮᠵᠢ ᠪᠤᠳᠠᠳᠠᠢ ᠠᠮᠵᠢᠯᠲᠠ ᠪᠠᠷ ᠵᠢᠨᠨ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠶᠠᠨ ᠤ᠋ ᠬᠦᠨ ᠵᠤᠵᠠᠭᠠᠨ ᠬᠠᠢᠷ᠎ᠠ ᠬᠠᠯᠠᠮᠵᠢ ᠵᠢ ᠬᠠᠷᠢᠭᠤᠯᠵᠤ᠂ ᠰᠡᠳᠭᠢᠯ ᠨᠢᠭᠡᠳᠤᠨ ᠬᠦᠴᠦᠨ ᠵᠢᠨᠨ ᠬᠠᠮᠳᠤᠳᠬᠠᠵᠤ ᠪᠦᠯᠬᠦᠮᠳᠡᠯ ᠲᠠᠢ ᠡᠶ᠎ᠡ ᠵᠣᠬᠢᠴᠠᠩᠭᠤᠢ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ ᠂ ᠪᠣᠯᠪᠠᠰᠤᠨ ᠲᠠᠪᠱᠢᠯᠲᠠᠲᠠᠢ᠂ ᠠᠮᠤᠷ ᠲᠠᠢᠪᠤᠩ ᠠᠵᠤ ᠲᠥᠷᠥᠬᠦ᠂ ᠠᠮᠢ ᠠᠬᠤᠢ ᠰᠠᠢᠵᠢᠷᠠᠭᠰᠠᠨ ᠱᠢᠨ᠎ᠡ ᠴᠠᠭ ᠦᠶ᠎ᠡ ᠵᠢᠨ ᠥᠪᠥᠷ ᠮᠣᠩᠭᠣᠯ ᠢ᠋ ᠪᠦᠲᠦᠭᠡᠨ ᠪᠠᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠳ᠋ᠦ᠍ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭᠯᠡᠭᠰᠡᠨ ᠪᠤᠳᠠᠳᠤ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠮᠡᠳᠡᠭᠡᠯᠡᠬᠥ ᠪᠡᠷ ᠪᠤᠯᠤᠯ᠎ᠠ᠃
ᠵᠤᠷᠢᠭ ᠵᠢᠠᠨ ᠬᠦᠪᠴᠢᠯᠡᠨ ᠰᠢᠨ᠎ᠡ ᠵᠢ ᠡᠭᠦᠳᠴᠦ᠂ ᠰᠢᠷᠭᠠᠭᠤ ᠬᠠᠳᠠᠭᠤᠵᠢᠯᠳᠠᠢ ᠠᠵᠢᠯᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠳᠡᠮᠡᠴᠡᠵᠤ᠂ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠡ ᠵᠢ ᠯᠠᠪᠳᠠᠭᠤᠨ ᠪᠠᠳᠤᠳᠠᠢ ᠠᠭᠢᠭᠤᠯᠵᠤ᠂ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠢᠯᠠᠯᠳᠤᠭᠠᠨ ᠢ᠋ ᠪᠠᠳᠤᠳᠠᠢ ᠠᠭᠢᠭᠤᠯᠵᠤ᠂ ᠦᠨᠳᠦᠰᠦᠳᠡᠨᠤ ᠪᠦᠯᠬᠦᠮᠳᠡᠯ ᠪᠠ ᠬᠢᠯᠢ ᠬᠢᠵᠠᠭᠠᠷ ᠤ᠋ᠨ ᠠᠮᠤᠷ ᠳᠤᠬᠳᠠᠭᠤᠨ ᠢ᠋ ᠯᠠᠪᠳᠠᠭᠤᠨ ᠪᠠᠳᠤᠳᠠᠢ ᠠᠭᠢᠭᠤᠯᠵᠤ᠂ ᠡᠬᠡ ᠤᠯᠤᠰᠤᠨ ᠤᠮᠠᠷᠠᠳᠤ ᠵᠢᠨ ᠦᠵᠡᠮᠵᠢ ᠵᠢᠨ ᠤᠷᠤᠨ ᠵᠢᠠᠨ ᠨᠡᠩ ᠦᠵᠡᠰᠭᠦᠯᠡᠩᠳᠦ ᠰᠠᠢᠬᠠᠨ ᠪᠤᠯᠭᠠᠨ ᠴᠤᠬᠴᠠᠯᠠᠬᠤ ᠬᠡᠷᠡᠭᠳᠡᠢ᠃
— 2018 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠠᠮᠢ ᠠᠬᠤᠢ ᠤᠷᠴᠢᠨ ᠲᠤᠭᠤᠷᠢᠨᠤ ᠬᠠᠮᠠᠭᠠᠯᠠᠯᠲᠠ ᠪᠦᠲᠦᠭᠡᠨ ᠪᠠᠢᠭᠤᠯᠤᠯᠲᠠ ᠶ᠋ᠢ ᠴᠢᠩᠭᠠᠳᠬᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠲᠤᠭ ᠪᠡᠯᠴᠢᠭᠡᠷ ᠤ᠋ᠨ ᠵᠠᠰᠠᠯᠲᠠ ᠶ᠋ᠢ ᠨᠢᠭᠡᠳᠦᠯᠲᠡᠢ ᠲᠦᠯᠦᠪᠵᠢᠭᠦᠯᠵᠤ᠂ ᠪᠡᠭᠡᠵᠢᠩ ᠲᠢᠶᠠᠨᠵᠢᠨ ᠤ᠋ ᠡᠷᠭᠢᠨ ᠲᠤᠭᠤᠷᠢᠨᠤ ᠡᠯᠡᠰᠤ ᠰᠠᠯᠬᠢᠨ ᠤ᠋ ᠡᠬᠢ ᠶ᠋ᠢ ᠵᠠᠰᠠᠬᠤ 《ᠤᠮᠠᠷᠠᠲᠤ ᠵᠢᠨ ᠭᠤᠷᠪᠠᠨ ᠤᠷᠤᠨ》 ᠤ᠋ ᠬᠠᠮᠠᠭᠠᠯᠠᠯᠲᠠ ᠵᠢᠨ ᠤᠢ ᠵᠢᠨ ᠪᠦᠲᠦᠭᠡᠨ ᠪᠠᠢᠭᠤᠯᠤᠯᠲᠠ᠂ ᠪᠠᠢᠭᠠᠯᠢ ᠵᠢᠨ ᠤᠢ ᠵᠢᠨ ᠬᠠᠮᠠᠭᠠᠯᠠᠯᠲᠠ᠂ ᠲᠠᠷᠢᠶᠠᠯᠠᠬᠤ ᠶ᠋ᠢ ᠵᠤᠭᠰᠤᠭᠠᠵᠤ ᠤᠢ ᠮᠤᠳᠤ ᠲᠠᠷᠢᠬᠤ᠂ ᠪᠡᠯᠴᠢᠭᠡᠷᠯᠡᠭᠦᠯᠬᠦ ᠶ᠋ᠢ ᠴᠠᠭᠠᠵᠠᠯᠠᠬᠤ ᠪᠡᠯᠴᠢᠭᠡᠷ ᠢ᠋ ᠠᠮᠠᠷᠠᠭᠤᠯᠬᠤ᠂ ᠤᠰᠤ ᠬᠦᠷᠦᠰᠤ ᠶ᠋ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠢᠨᠵᠸᠨ᠋ᠸᠷᠢᠩ ᠢ᠋ ᠬᠢᠨᠠᠮᠠᠭᠠᠢ ᠵᠤᠬᠢᠶᠠᠨ ᠪᠠᠢᠭᠤᠯᠤᠨ ᠬᠡᠷᠡᠭᠵᠢᠭᠦᠯᠵᠤ᠂ ᠮᠠᠯ ᠪᠡᠯᠴᠢᠭᠡᠷᠢ ᠳᠡᠩᠴᠡᠭᠦᠷᠢ ᠲᠠᠢ ᠪᠠᠢᠯᠭᠠᠬᠤ᠂ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠰᠡᠯᠭᠦᠨ ᠮᠠᠯᠵᠢᠬᠤ ᠵᠡᠷᠭᠡ ᠳᠦᠷᠢᠮ ᠢ᠋ ᠰᠠᠢᠲᠤᠷ ᠭᠡᠷᠡᠭᠵᠢᠭᠦᠯᠵᠤ᠂ ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠵᠢᠨ ᠨᠠᠭᠤᠷ ᠵᠡᠷᠭᠡ ᠤᠰᠤᠨᠤ ᠠᠮᠢ ᠠᠬᠤᠢ ᠶ᠋ᠢ ᠶᠡᠷᠦᠩᠬᠡᠢᠯᠡᠨ ᠵᠠᠰᠠᠬᠤ ᠶ᠋ᠢ ᠲᠦᠷᠭᠡᠳᠭᠡᠵᠤ᠂ ᠴᠦᠯᠯᠡᠷᠬᠡᠭᠵᠢᠯ ᠢ᠋ ᠵᠠᠰᠠᠬᠤ ᠪᠠ ᠨᠤᠭᠤ ᠭᠠᠵᠠᠷ ᠤ᠋ᠨ ᠬᠠᠮᠠᠭᠠᠯᠠᠯᠲᠠ ᠶ᠋ᠢ ᠴᠢᠩᠭᠠᠳᠬᠠᠵᠤ᠂ ᠠᠭᠠᠷ ᠮᠠᠨᠳᠠᠯ᠂ ᠤᠰᠤ᠂ ᠬᠦᠷᠦᠰᠦᠨᠤ ᠪᠤᠬᠢᠷᠳᠤᠯ ᠢ᠋ ᠰᠡᠷᠭᠡᠢᠯᠡᠨ ᠵᠠᠰᠠᠬᠤ ᠶ᠋ᠢ ᠴᠢᠩᠭᠠᠳᠬᠠᠵᠤ᠂ ᠡᠬᠡ ᠤᠯᠤᠰ ᠤ᠋ᠨ ᠤᠮᠠᠷᠠᠲᠤ ᠬᠢᠯᠢ ᠳ᠋ᠤ ᠲᠦᠮᠡᠨ ᠭᠠᠵᠠᠷ ᠤ᠋ᠨ ᠤᠷᠲᠤ ᠨᠤᠭᠤᠭᠠᠨ ᠬᠡᠷᠡᠮ ᠢ᠋ ᠴᠤᠭᠴᠠᠯᠠᠬᠤ ᠬᠡᠷᠡᠭᠲᠡᠢ᠃
— 2018 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠦᠨᠳᠦᠰᠦᠲᠡᠨᠤ ᠪᠦᠯᠬᠦᠮᠳᠡᠯ ᠢ᠋ ᠴᠢᠩᠭᠠᠳᠬᠠᠬᠤ ᠳ᠋ᠤ ᠰᠠᠭᠤᠷᠢ ᠨᠢ ᠦᠨᠳᠦᠰᠦᠲᠡᠨᠤ ᠪᠦᠯᠬᠦᠮᠳᠡᠯ ᠳᠠᠪᠰᠢᠯᠲᠠ ᠶ᠋ᠢ ᠠᠬᠢᠭᠤᠯᠬᠤ ᠬᠦᠮᠦᠵᠢᠯ ᠢ᠋ ᠰᠠᠢᠲᠤᠷ ᠡᠷᠬᠢᠯᠡᠵᠤ᠂ ᠦᠨᠳᠦᠰᠦᠲᠡᠨ ᠨᠤᠭᠦᠳ ᠤ᠋ᠨ ᠬᠠᠮᠲᠤ ᠵᠢᠨ ᠤᠶᠤᠨ ᠰᠠᠨᠠᠭᠠᠨᠤ ᠭᠡᠷ ᠤᠷᠤᠨ ᠢ᠋ ᠪᠠᠢᠭᠤᠯᠬᠤ ᠳ᠋ᠤ ᠪᠤᠢ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠢᠯᠠᠭᠠᠭᠳᠠᠬᠤᠨ ᠢ᠋ ᠭᠦᠨᠵᠡᠭᠡᠢ ᠦᠢᠯᠡᠳᠦᠯᠭᠡᠵᠢᠭᠦᠯᠵᠤ᠂ ᠦᠨᠳᠦᠰᠦᠲᠡᠨᠤ ᠪᠦᠯᠬᠦᠮᠳᠡᠯ ᠳᠠᠪᠰᠢᠯᠲᠠ ᠵᠢᠨ ᠬᠦᠮᠦᠵᠢᠯ ᠢ᠋ ᠭᠦᠨᠵᠡᠭᠡᠢᠷᠡᠭᠦᠯᠵᠤ᠂ ᠳᠤᠮᠳᠠᠳᠤ ᠵᠢᠨ ᠦᠨᠳᠦᠰᠦᠲᠡᠨᠤ ᠬᠠᠮᠲᠤ ᠵᠢᠨ ᠴᠤᠭᠴᠠ ᠶ᠋ᠢ ᠪᠤᠢ ᠪᠤᠯᠭᠠᠨ ᠪᠡᠬᠢᠵᠢᠭᠦᠯᠵᠤ᠂ ᠦᠨᠳᠦᠰᠦᠲᠡᠨ ᠨᠤᠭᠦᠳ ᠤ᠋ᠨ ᠠᠷᠠᠳ ᠲᠦᠮᠡᠨ ᠢ᠋ ᠠᠨᠠᠷ ᠤ᠋ᠨ ᠦᠷ᠎ᠡ ᠰᠢᠭ ᠪᠦᠯᠬᠦᠮᠳᠡᠨ ᠨᠢᠭᠲᠠᠷᠠᠬᠤ ᠶ᠋ᠢ ᠠᠬᠢᠭᠤᠯᠵᠤ᠂ ᠡᠬᠡ ᠤᠯᠤᠰ ᠤ᠋ᠨ ᠬᠢᠯᠢ ᠬᠢᠵᠠᠭᠠᠷ ᠢ᠋ ᠬᠠᠮᠲᠤ ᠪᠡᠷ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ ᠵᠢᠡᠨ ᠬᠠᠮᠲᠤ ᠪᠡᠷ ᠴᠤᠭᠴᠠᠯᠠᠬᠤ ᠬᠡᠷᠡᠭᠲᠡᠢ᠃
— 2018 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠠᠮᠢ ᠠᠬᠤᠢ ᠵᠢᠨ ᠪᠤᠯᠪᠠᠰᠤᠨᠤ ᠪᠠᠢᠭᠤᠯᠤᠯᠳᠠ ᠵᠢ ᠴᠢᠨᠭᠭᠠᠳᠬᠠᠬᠤ ᠪᠠᠢᠯᠳᠤᠬᠤ ᠪᠤᠳᠤᠯᠭ᠎ᠠ ᠵᠢᠨ ᠳᠤᠬᠳᠠᠯ ᠬᠦᠴᠦᠨ ᠵᠢᠠᠨ ᠪᠠᠳᠤᠯᠠᠵᠤ᠂ ᠠᠮᠢ ᠠᠬᠤᠢ ᠶ᠋ᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠬᠦᠯᠬᠦ ᠪᠡᠷ ᠤᠳᠤᠷᠢᠳᠤᠮᠵᠢ ᠪᠤᠯᠭᠠᠭᠰᠠᠨ ᠴᠢᠨᠠᠷ ᠰᠠᠢᠲᠠᠢ ᠬᠦᠭᠵᠢᠯᠲᠡ ᠵᠢᠨ ᠰᠢᠨ᠎ᠡ ᠵᠠᠮ ᠢ ᠡᠷᠢᠯᠬᠢᠯᠡᠵᠤ᠂ ᠠᠮᠢ ᠠᠬᠤᠢ ᠵᠢᠨ ᠰᠢᠰᠲᠸᠮ ᠢ᠋ ᠬᠠᠮᠠᠭᠠᠯᠠᠬᠤ ᠡᠷᠴᠢᠮ ᠵᠢᠠᠨ ᠴᠢᠨᠭᠭᠠᠷᠠᠭᠤᠯᠵᠤ᠂ ᠪᠤᠬᠢᠷᠳᠤᠯ ᠢ᠋ ᠰᠡᠷᠭᠡᠢᠯᠡᠨ ᠵᠠᠰᠠᠬᠤ ᠪᠤᠭᠤᠮᠳᠠ ᠰᠢᠪᠳᠤᠯᠬᠤ ᠳᠠᠢᠯᠠᠯᠳᠤᠭᠠᠨ ᠢ᠋ ᠰᠠᠢᠳᠤᠷ ᠬᠢᠵᠤ᠂ ᠡᠬᠡ ᠤᠯᠤᠰ ᠤ᠋ᠨ ᠤᠮᠠᠷᠠᠳᠤ ᠵᠢᠨ ᠦᠵᠡᠮᠵᠢ ᠵᠢᠨ ᠤᠷᠤᠨ ᠵᠢᠠᠨ ᠰᠠᠢᠳᠤᠷ ᠬᠠᠮᠠᠭᠠᠯᠠᠬᠤ ᠬᠡᠷᠡᠭᠳᠡᠢ᠃
— 2019 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠬᠤᠶᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠦᠪᠦᠷ ᠮᠤᠩᠭᠤᠯ ᠤ᠋ᠨ ᠠᠮᠢ ᠠᠬᠤᠢ ᠵᠢᠨ ᠪᠠᠢᠳᠠᠯ ᠶᠠᠮᠠᠷ ᠪᠠᠢᠬᠤ ᠨᠢ ᠪᠦᠬᠦ ᠤᠷᠤᠨᠤ ᠦᠨᠳᠦᠰᠦᠲᠡᠨ ᠨᠤᠭᠦᠳ ᠤ᠋ᠨ ᠤᠯᠠᠨ ᠲᠦᠮᠡᠨ ᠤ᠋ ᠤᠷᠤᠰᠢᠯ ᠲᠤᠭᠲᠠᠨᠢᠯ ᠪᠠ ᠬᠦᠭᠵᠢᠯᠲᠡ ᠲᠠᠢ ᠬᠤᠯᠪᠤᠭᠳᠠᠬᠤ ᠪᠡᠷ ᠪᠠᠷᠠᠬᠤ ᠦᠭᠡᠢ ᠤᠮᠠᠷᠠᠲᠤ ᠤᠷᠤᠨ᠂ ᠵᠡᠭᠦᠨ ᠬᠤᠢᠲᠤ ᠤᠷᠤᠨ᠂ ᠪᠠᠷᠠᠭᠤᠨ ᠬᠤᠢᠲᠤ ᠤᠷᠤᠨ᠂ ᠴᠢᠨᠠᠭᠰᠢᠯᠠᠪᠠᠯ ᠪᠦᠬᠦ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠲᠠᠢ ᠬᠤᠯᠪᠤᠭᠳᠠᠨ᠎ᠠ᠃ ᠦᠪᠦᠷ ᠮᠤᠩᠭᠤᠯ ᠢ᠋ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠪᠤᠯᠭᠠᠨ ᠪᠦᠲᠦᠭᠡᠨ ᠪᠠᠢᠭᠤᠯᠬᠤ ᠪᠤᠯ ᠪᠦᠬᠦ ᠤᠯᠤᠰ ᠤ᠋ᠨ ᠬᠦᠭᠵᠢᠯᠲᠡ ᠵᠢᠨ ᠶᠡᠬᠡ ᠲᠠᠯ᠎ᠠ ᠳ᠋ᠤ ᠰᠠᠭᠤᠷᠢᠯᠠᠵᠤ ᠲᠤᠭᠲᠠᠭᠠᠭᠰᠠᠨ ᠪᠠᠢᠯᠳᠤᠬᠤ ᠪᠤᠳᠤᠯᠭ᠎ᠠ ᠵᠢᠨ ᠪᠠᠢᠷᠢ ᠲᠤᠭᠲᠠᠭᠠᠯᠲᠠ ᠪᠤᠯᠤᠨ᠎ᠠ᠃ ᠮᠦᠨ ᠴᠤ᠌ ᠦᠪᠦᠷ ᠮᠤᠩᠭᠤᠯ ᠤ᠋ᠨ ᠡᠷᠬᠡᠪᠰᠢ ᠤᠬᠠᠮᠰᠠᠷ ᠡᠴᠡ ᠪᠡᠨ ᠡᠭᠦᠷᠭᠡᠯᠡᠬᠦ ᠴᠢᠬᠤᠯᠠᠲᠠᠢ ᠬᠦᠨᠳᠤ ᠬᠠᠷᠢᠭᠤᠴᠠᠯᠭ᠎ᠠ ᠪᠤᠯᠤᠨ᠎ᠠ᠃ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠴᠤᠭᠴᠠᠯᠠᠨ ᠪᠠᠢᠭᠤᠯᠵᠤ᠂ ᠡᠬᠡ ᠤᠯᠤᠰ ᠤ᠋ᠨ ᠤᠮᠠᠷᠠᠲᠤ ᠵᠢᠨ ᠡᠨᠡ ᠬᠦ᠌ ᠦᠵᠡᠮᠵᠢ ᠵᠢᠨ ᠤᠷᠤᠨ ᠢ᠋ ᠨᠡᠩ ᠦᠵᠡᠰᠬᠦᠯᠡᠩᠲᠤ ᠰᠠᠢᠬᠠᠨ ᠪᠤᠯᠭᠠᠨ ᠪᠦᠲᠦᠭᠡᠨ ᠪᠠᠢᠭᠤᠯᠬᠤ ᠳ᠋ᠤ ᠡᠷᠬᠡᠪᠰᠢ ᠨᠡᠩ ᠡᠷᠴᠢ ᠵᠤᠷᠢᠭ ᠵᠢᠡᠷ ᠨᠡᠩ ᠰᠢᠷᠭᠠᠭᠤ ᠬᠠᠳᠠᠭᠤᠵᠢᠯᠲᠠᠢ ᠴᠢᠷᠮᠠᠢᠯᠭ᠎ᠠ ᠭᠠᠷᠭᠠᠬᠤ ᠬᠡᠷᠡᠭᠲᠡᠢ᠃
— 2019 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠬᠤᠶᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠠᠮᠢ ᠠᠬᠤᠢ ᠵᠢᠨ ᠰᠢᠰᠲᠸᠮ ᠢ ᠬᠠᠮᠠᠭᠠᠯᠠᠬᠤ ᠡᠷᠴᠢᠮ ᠢ ᠴᠢᠨᠭᠭᠠᠷᠠᠭᠤᠯᠬᠤ ᠬᠡᠷᠡᠭᠳᠡᠢ᠃ ᠦᠪᠦᠷ ᠮᠤᠩᠭᠤᠯ ᠳ᠋ᠤ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠭᠤᠤᠯ ᠮᠦᠷᠡᠨ᠂ ᠨᠠᠭᠤᠷ ᠪᠦᠷᠢᠳᠦ᠂ ᠡᠯᠡᠰᠤ ᠮᠠᠩᠬ᠎ᠠ ᠵᠡᠷᠭᠡ ᠤᠯᠠᠨ ᠵᠦᠢᠯ ᠤ᠋ᠨ ᠪᠠᠢᠭᠠᠯᠢ ᠵᠢᠨ ᠬᠡᠯᠪᠡᠷᠢ ᠪᠠᠢᠳᠠᠯ ᠲᠠᠢ ᠪᠠᠢᠵᠤ᠂ ᠤᠷᠲᠤ ᠬᠤᠭᠤᠴᠠᠭᠠᠨᠤ ᠲᠤᠷᠰᠢ ᠪᠦᠷᠢᠯᠳᠦᠭᠰᠡᠨ ᠶᠡᠷᠦᠩᠬᠡᠢᠯᠡᠭᠰᠡᠨ ᠴᠢᠨᠠᠷᠲᠠᠢ ᠠᠮᠢ ᠠᠬᠤᠢ ᠵᠢᠨ ᠰᠢᠰᠲᠸᠮ ᠲᠠᠢ ᠶᠤᠮ᠂ ᠠᠮᠢ ᠠᠬᠤᠢ ᠶ᠋ᠢ ᠬᠠᠮᠠᠭᠠᠯᠠᠵᠤ ᠰᠡᠷᠭᠦᠭᠡᠬᠦ ᠳ᠋ᠤ ᠡᠷᠬᠡᠪᠰᠢ ᠶᠡᠷᠦᠩᠬᠡᠢᠯᠡᠭᠰᠡᠨ ᠵᠠᠰᠠᠯᠲᠠ ᠬᠢᠬᠦ ᠬᠡᠷᠡᠭᠲᠡᠢ᠃ ᠨᠤᠲᠤᠭ ᠪᠡᠯᠴᠢᠭᠡᠷ᠂ ᠤᠢ ᠰᠢᠭᠤᠢ ᠶ᠋ᠢ ᠬᠠᠮᠠᠭᠠᠯᠠᠬᠤ ᠪᠤᠯ ᠦᠪᠦᠷ ᠮᠤᠩᠭᠤᠯ ᠤ᠋ᠨ ᠠᠮᠢ ᠠᠬᠤᠢ ᠵᠢᠨ ᠰᠢᠰᠲᠸᠮ ᠢ᠋ ᠬᠠᠮᠠᠭᠠᠯᠠᠬᠤ ᠵᠢᠨ ᠲᠡᠷᠢᠭᠦᠨ ᠴᠢᠬᠤᠯᠠ ᠡᠭᠦᠷᠭᠡ ᠪᠤᠯᠤᠨ᠎ᠠ᠃ ᠡᠷᠬᠡᠪᠰᠢ ᠠᠮᠢ ᠠᠬᠤᠢ ᠵᠢᠨ ᠰᠢᠰᠲᠸᠮ ᠤ᠋ᠨ ᠳᠤᠲᠤᠭᠠᠳᠤ ᠵᠢᠮ᠎ᠡ ᠬᠠᠤᠯᠢ ᠪᠠ ᠵᠢᠮ᠎ᠡ ᠶᠤᠰᠤ ᠶ᠋ᠢ ᠵᠢᠷᠤᠮᠯᠠᠵᠤ᠂ ᠠᠶᠠᠨᠳᠠᠭᠠᠨᠤ ᠰᠡᠷᠭᠦᠭᠡᠯᠲᠡ ᠪᠡᠷ ᠭᠤᠤᠯ ᠪᠤᠯᠭᠠᠬᠤ ᠴᠢᠭᠯᠡᠯᠲᠡ ᠶ᠋ᠢ ᠪᠠᠷᠢᠮᠲᠠᠯᠠᠨ᠂ ᠤᠷᠤᠨ ᠨᠤᠲᠤᠭ ᠤ᠋ᠨ ᠪᠠᠢᠳᠠᠯ ᠳ᠋ᠤᠨᠢ ᠲᠤᠬᠢᠷᠠᠭᠤᠯᠤᠨ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠤ᠂ ᠴᠢᠭᠯᠡᠭᠦᠯᠦᠯᠲᠤ ᠴᠢᠨᠠᠷ᠂ ᠰᠢᠰᠲᠸᠮᠲᠤ ᠴᠢᠨᠠᠷ᠂ ᠤᠷᠲᠤ ᠬᠤᠭᠤᠴᠠᠭᠠᠨ ᠤ᠋ ᠪᠦᠲᠦᠮᠵᠢᠲᠤ ᠴᠢᠨᠠᠷ ᠢ᠋ ᠴᠢᠩᠭᠠᠳᠬᠠᠬᠤ ᠬᠡᠷᠡᠭᠲᠡᠢ᠃
— 2019 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠬᠤᠶᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠠᠷᠠᠳ ᠲᠦᠮᠡᠨ ᠵᠢᠡᠷ ᠭᠤᠤᠯ ᠪᠤᠯᠭᠠᠬᠤ ᠬᠦᠭᠵᠢᠯᠳᠡ ᠵᠢᠨ ᠦᠵᠡᠯ ᠰᠠᠨᠠᠭ᠎ᠠ ᠵᠢ ᠪᠠᠷᠢᠮᠳᠠᠯᠠᠬᠤ ᠨᠢ ᠨᠠᠮᠤᠨ ᠬᠦᠰᠡᠯᠡᠩ ᠢᠳᠡᠭᠡᠯ ᠪᠢᠰᠢᠷᠡᠯ᠂ ᠮᠦᠨ ᠴᠢᠨᠠᠷ ᠵᠤᠷᠢᠯᠳᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠢᠯᠡᠷᠡᠭᠦᠯᠵᠤ ᠪᠠᠢᠬᠤ ᠪᠡᠷ ᠪᠠᠷᠠᠬᠤ ᠦᠭᠡᠢ ᠪᠠᠰᠠ ᠴᠦ᠍ ᠨᠠᠮᠤᠨ ᠳᠡᠮᠡᠴᠡᠯᠤᠨ ᠦᠩᠭᠡᠷᠡᠯᠳᠡ ᠪᠤᠯᠤᠨ ᠦᠢᠯᠡᠳᠦᠯᠭᠡ ᠵᠢᠨ ᠲᠤᠷᠰᠢᠯᠭ᠎ᠠ ᠵᠢᠨ ᠭᠦᠨᠵᠡᠭᠡᠢ ᠳ᠋ᠦᠩᠨᠡᠯᠳᠡ ᠪᠤᠯᠤᠨ᠎ᠠ᠃ ᠠᠷᠠᠳ ᠲᠦᠮᠡᠨᠢ ᠳᠡᠭᠡᠳᠦᠯᠡᠬᠦ᠂ ᠠᠷᠠᠳ ᠲᠦᠮᠡᠨ ᠳ᠋ᠦ ᠨᠢᠬᠳᠠ ᠲᠦᠰᠢᠭᠯᠡᠬᠦ᠂ ᠠᠷᠠᠳ ᠲᠦᠮᠡᠨ ᠳ᠋ᠦ ᠳᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ ᠤ᠋ ᠳᠤᠮᠳᠠ ᠪᠠᠳᠤ ᠦᠨᠳᠦᠰᠦᠯᠡᠬᠦ ᠵᠢ ᠡᠷᠬᠡᠪᠰᠢ ᠪᠠᠷᠢᠮᠳᠠᠯᠠᠬᠤ ᠵᠢᠨ ᠬᠠᠮᠳᠤ ᠡᠯ᠎ᠡ ᠵᠦᠢᠯᠤᠨ ᠰᠢᠢᠳᠪᠦᠷᠢᠳᠦ ᠪᠤᠳᠤᠯᠭ᠎ᠠ ᠪᠠᠢᠷᠢᠯᠠᠭᠤᠯᠤᠯᠳᠠ ᠪᠤᠯᠤᠨ ᠪᠤᠳᠠᠳᠠᠢ ᠠᠵᠢᠯ ᠳ᠋ᠠᠭᠠᠨ ᠨᠠᠢᠳᠠᠪᠤᠷᠢᠵᠢᠭᠤᠯᠵᠤ᠂ ᠬᠢᠵᠢᠭᠤᠨ ᠪᠠᠢᠳᠠᠯᠢ ᠰᠡᠷᠭᠡᠢᠯᠡᠨ ᠡᠵᠡᠮᠳᠡᠬᠦ ᠪᠠ ᠠᠵᠤ ᠠᠬᠤᠢ ᠨᠡᠢᠭᠡᠮᠤᠨ ᠬᠦᠭᠵᠢᠯᠳᠡ ᠵᠢ ᠨᠢᠭᠡᠳᠦᠯᠳᠡᠢ ᠲᠦᠯᠦᠪᠵᠢᠭᠦᠯᠬᠦ ᠠᠵᠢᠯᠢ ᠰᠠᠢᠳᠤᠷ ᠬᠢᠬᠦ ᠳᠤᠮᠳᠠ ᠨᠠᠢᠳᠠᠪᠤᠷᠢᠵᠢᠭᠤᠯᠬᠤ ᠬᠡᠷᠡᠭᠳᠡᠢ᠃
— 2020 ᠤᠨ ᠤ᠋ 5 ᠰᠠᠷ᠎ᠠ ᠵᠢᠨ 22 ᠤ᠋ᠨ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠭᠤᠷᠪᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠡᠷᠬᠡᠪᠰᠢ ᠠᠷᠠᠳ ᠲᠦᠮᠡᠨ ᠳ᠋ᠤ ᠪᠤᠶᠠᠨ ᠦᠢᠯᠡᠳᠬᠦ ᠪᠡᠷ ᠬᠠᠮᠤᠭ ᠤ᠋ᠨ ᠴᠢᠬᠤᠯᠠ ᠠᠵᠢᠯ ᠤ᠋ᠨ ᠪᠦᠲᠦᠮᠵᠢ ᠪᠡᠨ ᠪᠤᠯᠭᠠᠬᠤ ᠬᠡᠷᠡᠭᠲᠡᠢ᠃ ᠪᠢᠳᠡ ᠠᠵᠤ ᠠᠬᠤᠢ ᠨᠡᠢᠭᠡᠮ ᠤ᠋ᠨ ᠬᠦᠭᠵᠢᠯᠲᠡ ᠶ᠋ᠢ ᠠᠬᠢᠭᠤᠯᠵᠤ ᠪᠠᠢᠬᠤ ᠨᠢ ᠡᠴᠤᠰ ᠤ᠋ᠨ ᠡᠴᠤᠰ ᠲᠡᠭᠡᠨ ᠠᠷᠠᠳ ᠤᠯᠠᠨᠤ ᠰᠠᠢᠨ ᠰᠠᠢᠬᠠᠨ ᠠᠮᠢᠳᠤᠷᠠᠯ ᠤ᠋ᠨ ᠬᠡᠷᠡᠭᠴᠡᠭᠡ ᠶ᠋ᠢ ᠲᠠᠰᠤᠷᠠᠯᠲᠠ ᠦᠭᠡᠢ ᠬᠠᠩᠭᠠᠬᠤ ᠵᠢᠨ ᠲᠦᠯᠦᠭᠡ ᠶᠤᠮ᠃ ᠠᠷᠠᠳ ᠲᠦᠮᠡᠨ ᠤ᠋ ᠠᠮᠤᠷ ᠵᠢᠮᠤᠷ ᠠᠵᠤ ᠲᠦᠷᠦᠬᠦ᠂ ᠠᠮᠤᠷ ᠲᠦᠪᠰᠢᠨ ᠬᠠᠯᠠᠭᠤᠨ ᠳᠤᠯᠠᠭᠠᠨ ᠪᠠᠢᠬᠤ ᠠᠰᠠᠭᠤᠳᠠᠯ ᠢ᠋ ᠢᠮᠠᠭᠲᠡ ᠰᠡᠳᠭᠢᠯ ᠳ᠋ᠡᠭᠡᠨ ᠪᠤᠳᠤᠵᠤ᠂ ᠤᠯᠠᠨ ᠲᠦᠮᠡᠨ ᠤ᠋ ᠠᠩᠬᠠᠷᠴᠤ ᠪᠠᠢᠭ᠎ᠠ ᠠᠵᠢᠯ ᠤᠯᠭᠤᠯᠲᠠ᠂ ᠰᠤᠷᠭᠠᠨ ᠬᠦᠮᠦᠵᠢᠯ᠂ ᠨᠡᠢᠭᠡᠮᠤᠨ ᠪᠠᠳᠤᠯᠠᠭ᠎ᠠ᠂ ᠡᠮᠴᠢᠯᠡᠭᠡᠨ᠂ ᠤᠷᠤᠨ ᠰᠠᠭᠤᠴᠠ᠂ ᠨᠠᠰᠤᠵᠢᠯ᠂ ᠢᠳᠡᠭᠡᠨ ᠤ᠋ ᠠᠮᠤᠷ ᠲᠦᠪᠰᠢᠨ᠂ ᠨᠡᠢᠭᠡᠮ ᠤ᠋ᠨ ᠠᠮᠤᠷ ᠢ᠋ ᠬᠠᠮᠠᠭᠠᠯᠠᠬᠤ ᠵᠡᠷᠭᠡ ᠪᠤᠳᠠᠲᠠᠢ ᠠᠰᠠᠭᠤᠳᠠᠯ ᠢ᠋ ᠰᠡᠳᠭᠢᠯ ᠲᠠᠯᠪᠢᠵᠤ ᠬᠦᠴᠦ ᠤᠷᠤᠭᠤᠯᠤᠨ ᠰᠢᠢᠳᠪᠦᠷᠢᠯᠡᠵᠤ᠂ ᠨᠢᠭᠡᠳ ᠨᠢᠭᠡ ᠪᠡᠷ ᠨᠠᠢᠳᠠᠪᠦᠷᠢᠵᠢᠭᠤᠯᠤᠨ᠂ ᠵᠢᠯ ᠳᠠᠷᠠᠭᠠᠯᠠᠨ ᠬᠢᠵᠤ᠂ ᠤᠯᠠᠨ ᠲᠦᠮᠡᠨ ᠳ᠋ᠤ ᠬᠤᠪᠢᠷᠠᠯᠲᠠ ᠶ᠋ᠢ ᠦᠵᠡᠭᠦᠯᠵᠤ᠂ ᠪᠤᠳᠠᠲᠤ ᠠᠰᠢᠭ ᠬᠦᠷᠲᠡᠭᠡᠬᠦ ᠪᠡᠷ ᠴᠢᠷᠮᠠᠢᠬᠤ ᠬᠡᠷᠡᠭᠲᠡᠢ᠃
— 2020 ᠤᠨ ᠤ᠋ 5 ᠰᠠᠷ᠎ᠠ ᠵᠢᠨ 22ᠤ᠋ᠨ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠭᠤᠷᠪᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠪᠤᠯ ᠮᠠᠨ ᠤ᠋ ᠤᠯᠤᠰ ᠤ᠋ᠨ ᠬᠠᠮᠤᠭ ᠤ᠋ᠨ ᠡᠷᠲᠡ ᠪᠠᠢᠭᠤᠯᠤᠭᠳᠠᠭᠰᠠᠨ ᠦᠨᠳᠦᠰᠦᠲᠡᠨᠤ ᠦᠪᠡᠷᠲᠡᠭᠡᠨ ᠵᠠᠰᠠᠬᠤ ᠤᠷᠤᠨ ᠪᠤᠯᠤᠨ᠎ᠠ᠃ ᠦᠨᠳᠦᠰᠦᠲᠡᠨᠤ ᠤᠷᠤᠨᠤ ᠦᠪᠡᠷᠲᠡᠭᠡᠨ ᠵᠠᠰᠠᠬᠤ ᠪᠠᠢᠭᠤᠯᠤᠯ ᠢ᠋ ᠪᠠᠷᠢᠮᠲᠠᠯᠠᠨ ᠲᠡᠭᠦᠯᠳᠡᠷᠵᠢᠭᠦᠯᠵᠤ᠂ ᠦᠨᠳᠦᠰᠦᠲᠡᠨ ᠨᠤᠭᠦᠳ ᠤ᠋ᠨ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠯ ᠢ᠋ ᠴᠢᠩᠭᠠᠳᠬᠠᠨ᠂ ᠦᠨᠳᠦᠰᠦᠲᠡᠨᠤ ᠤᠷᠤᠨ ᠤ᠋ ᠠᠵᠤ ᠠᠬᠤᠢ ᠨᠡᠢᠭᠡᠮ ᠤ᠋ᠨ ᠬᠦᠭᠵᠢᠯᠲᠡ ᠵᠢᠨ ᠠᠯᠬᠤᠭ᠎ᠠ ᠶ᠋ᠢ ᠲᠦᠷᠭᠡᠳᠭᠡᠵᠤ᠂ ᠡᠯ᠎ᠡ ᠦᠨᠳᠦᠰᠦᠲᠡᠨ ᠤ᠋ ᠪᠦᠯᠬᠦᠮᠳᠡᠯ ᠳᠠᠪᠰᠢᠯᠲᠡ ᠶ᠋ᠢ ᠠᠬᠢᠭᠤᠯᠬᠤ ᠲᠠᠯ᠎ᠠ ᠪᠡᠷ ᠦᠷᠭᠦᠯᠵᠢᠯᠡᠨ ᠡᠮᠤᠨ᠎ᠡ ᠡᠩᠨᠡᠭᠡᠨ ᠳ᠋ᠤ ᠬᠤᠰᠢᠭᠤᠷᠠᠬᠤ ᠬᠡᠷᠡᠭᠲᠡᠢ᠃
— 2020 ᠤᠨ ᠤ᠋ 5 ᠰᠠᠷ᠎ᠠ ᠵᠢᠨ 22 ᠤ᠋ᠨ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠭᠤᠷᠪᠠᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠰᠢᠨ᠎ᠡ ᠬᠦᠭᠵᠢᠯᠲᠡ ᠵᠢᠨ ᠤᠢᠯᠠᠭᠠᠭᠳᠠᠬᠤᠨ ᠪᠤᠯ ᠨᠢᠭᠡᠨ ᠪᠦᠬᠦᠯᠢ ᠴᠤᠭᠴᠠ ᠮᠦᠨ᠂ ᠡᠷᠬᠡᠪᠰᠢ ᠪᠦᠷᠢᠨ ᠪᠦᠲᠦᠨ᠂ ᠵᠦᠪ ᠤᠨᠤᠪᠴᠢᠲᠠᠢ᠂ ᠪᠦᠬᠦ ᠲᠠᠯ᠎ᠠ ᠪᠡᠷ ᠤᠢᠯᠠᠭᠠᠨ ᠲᠤᠭᠤᠰᠢᠯᠠᠭᠤᠯᠵᠤ᠂ ᠰᠢᠨ᠎ᠡ ᠬᠦᠭᠵᠢᠯᠲᠡ ᠵᠢᠨ ᠪᠠᠢᠷᠢᠰᠢᠯ ᠳ᠋ᠤ ᠦᠢᠯᠡᠴᠢᠯᠡᠬᠦ ᠪᠠ ᠠᠭᠤᠰᠤᠯᠴᠠᠬᠤ ᠪᠡᠷ ᠬᠦᠴᠦᠯᠡᠬᠦ ᠬᠡᠷᠡᠭᠲᠡᠢ᠃ ᠦᠨᠳᠦᠰᠦᠲᠡᠨᠤ ᠪᠦᠯᠬᠦᠮᠳᠡᠯ ᠤ᠋ᠨ ᠢᠷᠠᠭᠤ ᠠᠯᠳᠠᠷᠲᠤ ᠤᠯᠠᠮᠵᠢᠯᠡᠯ ᠪᠤᠯᠤᠨ《ᠵᠢᠱ᠌ᠢᠶᠡᠴᠢ ᠦᠪᠡᠷᠲᠡᠭᠡᠨ ᠵᠠᠰᠠᠬᠤ ᠤᠷᠤᠨ》ᠤ᠋ ᠡᠷᠬᠢᠮ ᠳᠡᠭᠡᠳᠤ ᠢᠷᠠᠭᠤ ᠠᠯᠳᠠᠷ ᠵᠢᠡᠨ ᠬᠤᠪᠢ ᠳᠠᠬᠢᠨ ᠨᠠᠨᠳᠢᠩᠨᠠᠨ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨᠤ ᠪᠦᠯᠬᠦᠮᠳᠡᠯ ᠤ᠋ᠨ ᠶᠡᠬᠡ ᠲᠠᠯ᠎ᠠ ᠶ᠋ᠢ ᠪᠡᠬᠢᠵᠢᠭᠦᠯᠦᠨ ᠬᠦᠭᠵᠢᠭᠦᠯᠬᠦ ᠬᠡᠷᠡᠭᠲᠡᠢ᠃ ᠨᠠᠮ ᠤ᠋ᠨ ᠲᠡᠦᠬᠡ ᠵᠢᠨ ᠰᠤᠷᠤᠯᠴᠠᠯᠭ᠎ᠠ ᠬᠦᠮᠦᠵᠢᠯ ᠢ᠋ ᠰᠠᠢᠲᠤᠷ ᠠᠳᠬᠤᠵᠤ᠂ ᠪᠦᠬᠦ ᠨᠠᠮ ᠤ᠋ᠨ ᠭᠡᠰᠢᠭᠦᠨ ᠢ᠋ ᠬᠦᠮᠦᠵᠢᠭᠦᠯᠦᠨ ᠳᠠᠭᠠᠭᠤᠯᠵᠤ ᠪᠠᠢᠭᠠᠳ ᠤᠭ ᠰᠠᠨᠠᠭ᠎ᠠ ᠪᠡᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠡᠨ ᠪᠠᠲᠤ ᠴᠡᠭᠡᠵᠢᠯᠡᠵᠤ᠂ ᠳᠤᠮᠳᠠᠳᠤ ᠤᠯᠤᠰ ᠤ᠋ᠨ ᠠᠷᠠᠳ ᠲᠦᠮᠡᠨ ᠳ᠋ᠤ ᠵᠤᠯ ᠵᠢᠷᠭᠠᠯ ᠡᠳ᠋ᠯᠡᠭᠦᠯᠬᠦ᠂ ᠳᠤᠮᠳᠠᠳᠤ ᠵᠢᠨ ᠦᠨᠳᠦᠰᠦᠲᠡᠨ ᠤ᠋ ᠰᠡᠷᠭᠦᠨ ᠮᠠᠨᠳᠤᠯᠲᠠ ᠶ᠋ᠢ ᠪᠡᠶᠡᠯᠡᠭᠦᠯᠬᠦ ᠪᠡᠷ ᠡᠷᠡᠰ ᠭᠤᠢᠪᠢᠰᠢ ᠦᠭᠡᠢ ᠴᠢᠷᠮᠠᠢᠬᠤ ᠬᠡᠷᠡᠭᠲᠡᠢ᠃
— 2021 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠳᠦᠷᠪᠡᠳᠦᠭᠡᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠪᠦᠬᠦ ᠤᠯᠤᠰ ᠤ᠋ᠨ ᠰᠢᠨ᠎ᠡ ᠬᠦᠭᠵᠢᠯᠲᠡ ᠵᠢᠨ ᠪᠠᠢᠷᠢᠰᠢᠯ ᠢ᠋ ᠴᠤᠭᠴᠠᠯᠠᠬᠤ ᠳᠤᠮᠳᠠᠬᠢ ᠦᠪᠦᠷ ᠮᠤᠩᠭᠤᠯ ᠤ᠋ᠨ ᠪᠠᠢᠷᠢ ᠲᠤᠭᠲᠠᠭᠠᠯᠲᠠ ᠶ᠋ᠢ ᠤᠨᠤᠪᠴᠢᠲᠠᠢ ᠤᠯᠵᠤ᠂ ᠦᠪᠡᠷ ᠤ᠋ᠨ ᠳᠠᠪᠠᠭᠤᠯᠢᠭ ᠬᠦᠷᠢᠶ᠎ᠡ ᠴᠠᠷᠠᠭ᠎ᠠ ᠪᠤᠯᠤᠨ ᠳᠤᠲᠠᠭᠤᠳᠠᠯ ᠬᠦᠷᠦᠯᠴᠡᠬᠦ ᠦᠭᠡᠢ ᠲᠠᠯ᠎ᠠ ᠪᠡᠨ ᠭᠦᠨᠵᠡᠭᠡᠢ ᠵᠠᠳᠠᠯᠤᠨ᠂ ᠠᠵᠤ ᠠᠬᠤᠢ ᠵᠢᠨ ᠬᠦᠭᠵᠢᠯᠲᠡ ᠵᠢᠨ ᠭᠤᠤᠯᠳᠠᠭ᠎ᠠ ᠲᠠᠢ ᠠᠵᠤ ᠦᠢᠯᠡᠰ ᠪᠤᠯᠤᠨ ᠭᠤᠤᠯ ᠰᠢᠪᠲᠤᠯᠤᠯᠲᠠ ᠵᠢᠨ ᠴᠢᠭᠯᠡᠯ ᠵᠢᠡᠨ ᠴᠢᠨᠠᠭᠰᠢᠳᠠ ᠳᠤᠳᠤᠷᠬᠠᠢᠯᠠᠵᠤ᠂ ᠬᠤᠯᠪᠤᠭᠳᠠᠯ ᠪᠦᠬᠦᠢ ᠠᠵᠤ ᠦᠢᠯᠡᠰ ᠤ᠋ᠨ ᠳᠡᠭᠡᠳᠤ ᠳᠡᠰᠵᠢᠯᠲᠡ᠂ ᠤᠶᠤᠨᠴᠢᠯᠠᠯᠲᠠ᠂ ᠪᠤᠬᠢᠷᠳᠤᠯ ᠦᠭᠡᠢ ᠬᠦᠭᠵᠢᠯᠲᠡ ᠲᠡᠢᠰᠢ ᠤᠷᠤᠭᠰᠢᠯᠠᠬᠤ ᠶ᠋ᠢ ᠠᠬᠢᠭᠤᠯᠵᠤ᠂ ᠤᠷᠤᠨ ᠨᠤᠲᠤᠭ ᠤ᠋ᠨ ᠪᠠᠢᠳᠠᠯ ᠳ᠋ᠠᠭᠠᠨ ᠲᠤᠬᠢᠷᠠᠭᠤᠯᠤᠨ ᠪᠠᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ ᠪᠡᠷ ᠮᠠᠨᠳᠤᠭᠰᠠᠨ ᠠᠵᠤ ᠦᠢᠯᠡᠰ ᠪᠤᠯᠤᠨ ᠲᠡᠷᠢᠭᠦᠨᠤ ᠦᠢᠯᠡᠳᠬᠦ ᠦᠢᠯᠡᠰᠢ ᠬᠦᠭᠵᠢᠭᠦᠯᠵᠤ᠂ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢᠭᠤᠯᠤᠯᠲᠠ ᠶ᠋ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠬᠡᠷᠡᠭᠲᠡᠢ᠂ ᠰᠠᠢᠨ ᠵᠢᠡᠨ ᠪᠠᠳᠠᠷᠠᠭᠤᠯᠤᠨ ᠰᠢᠭᠠᠷᠤ ᠪᠡᠨ ᠳᠡᠪᠴᠢᠬᠦ᠂ ᠰᠢᠯᠢᠳᠡᠭᠢ ᠪᠤᠢᠵᠢᠭᠤᠯᠤᠨ ᠦᠷ᠎ᠡ ᠠᠰᠢᠭ ᠢ᠋ ᠨᠡᠮᠡᠭᠳᠡᠬᠦᠯᠬᠦ ᠶ᠋ᠢ ᠠᠩᠬᠠᠷᠴᠤ᠂ ᠪᠦᠬᠦ ᠬᠦᠴᠤ ᠪᠡᠷ ᠵᠢᠡᠨ ᠴᠢᠷᠮᠠᠢᠵᠤ ᠪᠠᠢᠭᠠᠳ ᠪᠦᠲᠦᠴᠡ ᠪᠡᠨ ᠲᠤᠬᠢᠷᠠᠭᠤᠯᠵᠤ᠂ ᠴᠢᠳᠠᠮᠵᠢ ᠪᠡᠨ ᠬᠤᠪᠢᠷᠠᠭᠤᠯᠤᠨ᠂ ᠶᠠᠰᠤ ᠴᠢᠨᠠᠷ ᠵᠢᠡᠨ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤ᠋ᠨ ᠬᠡᠯᠬᠢᠶ᠎ᠡ ᠬᠠᠩᠭᠠᠯᠭ᠎ᠠ ᠵᠢᠨ ᠬᠡᠯᠭᠢᠶᠡ ᠵᠢᠨ ᠲᠤᠭᠤᠷᠢᠨ ᠳ᠋ᠤ ᠰᠢᠨ᠎ᠡ ᠶ᠋ᠢ ᠡᠭᠦᠳᠬᠦ ᠬᠡᠯᠬᠢᠶ᠎ᠡ ᠶ᠋ᠢ ᠪᠠᠢᠷᠢᠯᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠬᠤ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ᠃ ᠦᠭᠡᠷᠡᠴᠢᠯᠡᠯᠲᠡ ᠨᠡᠭᠡᠭᠡᠯᠲᠠ ᠶ᠋ᠢ ᠭᠦᠨᠵᠡᠭᠡᠢᠷᠡᠭᠦᠯᠦᠨ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯᠢ ᠰᠢᠯᠢᠳᠡᠭᠵᠢᠭᠦᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠦᠲᠦᠭᠡᠨ ᠪᠠᠢᠭᠤᠯᠬᠤᠳᠤ ᠢᠳᠡᠪᠬᠢᠲᠠᠢ ᠤᠷᠤᠯᠴᠠᠵᠤ᠂ ᠦᠨᠳᠦᠷ ᠲᠦᠪᠰᠢᠨ ᠪᠦᠬᠦᠢ ᠨᠡᠭᠡᠭᠡᠯᠲᠡ ᠪᠡᠷ ᠴᠢᠨᠠᠷ ᠰᠠᠢᠲᠠᠢ ᠬᠦᠭᠵᠢᠯᠲᠡ ᠶ᠋ᠢ ᠠᠬᠢᠭᠤᠯᠬᠤ ᠬᠡᠷᠡᠭᠲᠡᠢ᠃
— 2021 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠳᠦᠷᠪᠡᠳᠦᠭᠡᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠦᠪᠦᠷ ᠮᠤᠩᠭᠤᠯ ᠤ᠋ᠨ ᠠᠮᠢ ᠠᠬᠤᠢ ᠤᠷᠴᠢᠨ ᠲᠤᠭᠤᠷᠢᠨ ᠢ᠋ ᠰᠠᠢᠲᠤᠷ ᠬᠠᠮᠠᠭᠠᠯᠠᠵᠤ᠂ ᠡᠬᠡ ᠤᠯᠤᠰ ᠤ᠋ᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠠᠲᠤ ᠴᠤᠭᠴᠠᠯᠠᠬᠤ ᠬᠡᠷᠡᠭᠲᠡᠢ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠲᠠ ᠮᠦᠩᠭᠦᠨ ᠠᠭᠤᠯᠠ ᠮᠦᠨ ᠭᠡᠬᠦ ᠤᠢᠯᠠᠭᠠᠭᠳᠠᠬᠤᠨ ᠢ᠋ ᠪᠠᠷᠢᠮᠲᠠᠯᠠᠵᠤ᠂ ᠠᠮᠢ ᠠᠬᠤᠢ ᠶ᠋ᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠭᠦᠯᠬᠦ ᠵᠠᠮ ᠵᠢᠡᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ᠃ ᠪᠤᠬᠢᠷᠳᠤᠯ ᠢ᠋ ᠰᠡᠷᠭᠡᠢᠯᠡᠨ ᠵᠠᠰᠠᠬᠤ ᠪᠤᠭᠤᠮᠲᠠ ᠰᠢᠪᠲᠤᠯᠬᠤ ᠳᠠᠢᠯᠠᠯᠳᠤᠭᠠᠨ ᠢ᠋ ᠦᠷᠭᠦᠯᠵᠢᠯᠡᠨ ᠰᠠᠢᠲᠤᠷ ᠬᠢᠵᠤ᠂ ᠠᠭᠠᠷ ᠮᠠᠨᠳᠠᠯ᠂ ᠤᠰᠤ ᠪᠠ ᠬᠦᠷᠦᠰᠦᠨ ᠤ᠋ ᠪᠤᠬᠢᠷᠳᠤᠯ ᠢ᠋ ᠶᠡᠷᠦᠩᠬᠡᠢᠯᠡᠨ ᠵᠠᠰᠠᠬᠤ ᠶ᠋ᠢ ᠴᠢᠩᠭᠠᠳᠬᠠᠨ᠂ ᠬᠤᠲᠠ ᠬᠦᠳᠡᠭᠡ ᠵᠢᠨ ᠤᠷᠴᠢᠨ ᠲᠤᠭᠤᠷᠢᠨ ᠢ᠋ ᠦᠷᠭᠦᠯᠵᠢᠯᠡᠨ ᠰᠠᠢᠵᠢᠷᠠᠭᠤᠯᠬᠤ ᠬᠡᠷᠡᠭᠲᠡᠢ᠃ ᠡᠬᠢ ᠡᠭᠦᠰᠦᠯ ᠡᠴᠡ ᠨᠢ ᠵᠠᠰᠠᠬᠤ ᠶ᠋ᠢ ᠴᠢᠩᠭᠠᠳᠬᠠᠨ᠂ ᠡᠬᠢ ᠪᠠᠶᠠᠯᠢᠭ ᠢ᠋ ᠦᠨᠳᠦᠷ ᠪᠦᠲᠦᠮᠵᠢᠲᠠᠢ ᠠᠰᠢᠭᠯᠠᠬᠤ ᠶ᠋ᠢ ᠠᠬᠢᠭᠤᠯᠵᠤ᠂ ᠭᠤᠤᠯᠳᠠᠯᠭ᠎ᠠ ᠲᠠᠢ ᠠᠵᠢᠯ ᠲᠦᠷᠦᠯ᠂ ᠴᠢᠬᠤᠯᠠ ᠬᠦᠷᠢᠶ᠎ᠡ ᠴᠠᠷᠠᠭ᠎ᠠ ᠶ᠋ᠢ ᠪᠤᠬᠢᠷᠳᠤᠯ ᠦᠭᠡᠢ ᠬᠦᠭᠵᠢᠯᠲᠡ ᠲᠠᠢ ᠪᠤᠯᠭᠠᠨ ᠦᠭᠡᠷᠡᠴᠢᠯᠡᠬᠦ ᠡᠷᠴᠢᠮ ᠢ᠋ ᠴᠢᠩᠭᠠᠷᠠᠭᠤᠯᠵᠤ᠂ ᠠᠷᠢᠭᠤᠨ ᠴᠡᠪᠡᠷ ᠦᠢᠯᠡᠳᠪᠦᠷᠢᠯᠡᠯ ᠢ᠋ ᠬᠦᠭᠵᠢᠭᠦᠯᠦᠨ᠂ ᠪᠤᠬᠢᠷᠳᠤᠯ ᠦᠭᠡᠢ ᠳᠤᠤᠷ᠎ᠠ ᠨᠡᠭᠦᠷᠡᠰᠦᠳᠦᠢ᠍ᠷᠦᠭᠴᠢᠲᠦ ᠬᠦᠭᠵᠢᠯᠲᠡ ᠶ᠋ᠢ ᠲᠦᠷᠭᠡᠳᠭᠡᠬᠦ ᠬᠡᠷᠡᠭᠲᠡᠢ᠃ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠲᠤᠭ ᠪᠡᠯᠴᠢᠭᠡᠷ ᠡᠯᠡᠰᠤ ᠮᠠᠩᠬ᠎ᠠ ᠶ᠋ᠢ ᠰᠢᠰᠲᠸᠮ ᠲᠠᠢ ᠪᠡᠷ ᠵᠠᠰᠠᠬᠤ ᠶ᠋ᠢ ᠨᠢᠭᠡᠳᠦᠯᠲᠡᠢ ᠲᠦᠯᠦᠪᠵᠢᠭᠦᠯᠵᠤ᠂ ᠠᠮᠢ ᠠᠬᠤᠢ ᠶ᠋ᠢ ᠬᠠᠮᠠᠭᠠᠯᠠᠨ ᠰᠡᠷᠭᠦᠭᠡᠬᠦ ᠢᠨᠵᠸᠨ᠋ᠸᠷᠢᠩ ᠢ᠋ ᠰᠠᠢᠲᠤᠷ ᠬᠡᠷᠡᠭᠵᠢᠭᠦᠯᠦᠨ᠂ ᠠᠮᠢ ᠠᠬᠤᠢ ᠵᠢᠨ ᠰᠢᠰᠲᠸᠮ ᠢ᠋ ᠬᠠᠮᠠᠭᠠᠯᠠᠬᠤ ᠡᠷᠴᠢᠮ ᠵᠢᠡᠨ ᠴᠢᠩᠭᠠᠷᠠᠭᠤᠯᠵᠤ᠂ ᠠᠮᠢ ᠠᠬᠤᠢ ᠵᠢᠨ ᠰᠢᠰᠲᠸᠮ ᠤ᠋ᠨ ᠲᠤᠭᠲᠠᠪᠤᠷᠢᠲᠤ ᠴᠢᠨᠠᠷ ᠪᠠ ᠳᠠᠭᠠᠭᠠᠮᠠᠭᠠᠢ ᠴᠢᠨᠠᠷ ᠢ᠋ ᠳᠡᠭᠡᠭᠰᠢᠯᠡᠭᠦᠯᠬᠦ ᠬᠡᠷᠡᠭᠲᠡᠢ᠃
— 2021 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠠ ᠭᠤᠷᠪᠠᠳᠤᠭᠠᠷ ᠬᠤᠭᠤᠴᠠᠭᠠᠨᠤ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠳᠦᠷᠪᠡᠳᠦᠭᠡᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠳ᠋ᠠᠭᠠᠨ ᠴᠢᠬᠤᠯᠠᠴᠢᠯᠠᠪᠠ
ᠳᠤᠮᠳᠠᠳᠤᠶ᠋ᠢᠨ ᠦᠨᠳᠦᠰᠦᠲᠡᠨᠦ ᠬᠠᠮᠲᠤᠶ᠋ᠢᠨ ᠴᠣᠭ᠍ᠴᠠᠶ᠋ᠢᠨ ᠤᠬᠠᠮᠰᠠᠷᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮᠢ ᠴᠢᠩᠭ᠎ᠠ ᠠᠳᠭᠤᠵᠥ᠂ ᠦᠨᠳᠦᠰᠦᠲᠡᠨᠦ ᠪᠦᠯᠬᠦᠮᠳᠡᠯ ᠳᠠᠪᠱᠢᠯᠲᠠᠶ᠋ᠢᠨ ᠬᠥᠮᠦᠵᠢᠯᠢ ᠭᠦᠨᠵᠡᠭᠡᠢᠷᠡᠭᠦᠯᠵᠥ᠂ ᠦᠨᠳᠦᠰᠦᠲᠡᠨ ᠨᠤᠭᠦᠳᠦᠨ ᠣᠯᠠᠨ ᠲᠦᠮᠡᠨᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠤᠢ᠍ᠬᠦᠵᠦ᠍ ᠰᠡᠭᠡᠬᠦ᠌ᠪᠡᠨ ᠬᠠᠮᠲᠤᠳᠭᠠᠬᠤ᠂ ᠬᠤᠪᠢ ᠵᠠᠶᠠᠭᠠᠪᠠᠨ ᠬᠠᠮᠲᠤᠳᠭᠠᠬᠤ ᠬᠠᠮᠲᠤᠶ᠋ᠢᠨ ᠴᠣᠭ᠍ᠴᠠᠶ᠋ᠢᠨ ᠣᠢᠯᠠᠭᠠᠭ᠍ᠳᠠᠬᠤᠨᠢ ᠪᠠᠳᠤ ᠪᠤᠢ ᠪᠤᠯᠭᠠᠵᠥ᠂ ᠳᠤᠮᠳᠠᠳᠤᠶ᠋ᠢᠨ ᠦᠨᠳᠦᠰᠦᠲᠡᠨᠦ ᠬᠠᠮᠲᠤᠶ᠋ᠢᠨ ᠴᠣᠭ᠍ᠴᠠᠶ᠋ᠢᠨ ᠦᠵᠡᠯ ᠰᠠᠨᠠᠭᠠᠨᠤ ᠰᠠᠭᠤᠷᠢᠶ᠋ᠢ ᠲᠠᠰᠤᠷᠠᠯᠲᠠ ᠦᠭᠡᠢ ᠪᠡᠬᠢᠵᠢᠭᠦᠯᠵᠥ᠂ ᠦᠨᠳᠦᠰᠦᠲᠡᠨᠨᠦᠭᠦᠳᠤᠨ ᠳᠤᠮᠳᠠᠳᠤᠶ᠋ᠢᠨ ᠦᠨᠳᠦᠰᠦᠲᠡᠨᠦ ᠶᠡᠬᠡ ᠭᠡᠷ ᠪᠦᠯᠢᠳᠦ ᠠᠨᠠᠷᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ᠶ᠋ᠢ ᠠᠬᠢᠭᠤᠯᠵᠥ᠂ ᠠᠭᠤᠤ ᠶᠡᠬᠡ ᠡᠬᠡ ᠤᠯᠤᠰᠢᠶᠠᠨ ᠬᠠᠮᠲᠤᠪᠠᠷ ᠪᠦᠲᠦᠭᠡᠨ ᠪᠠᠢᠭᠤᠯᠵᠥ᠂ ᠰᠠᠢᠨ ᠰᠠᠢᠬᠠᠨ ᠠᠮᠢᠳᠤᠷᠠᠯᠢ ᠬᠠᠮᠲᠤᠪᠠᠷ ᠴᠤᠬᠴᠠᠯᠠᠵᠥ᠂ ᠲᠣᠭ᠍ᠲᠠᠭᠤᠨ ᠪᠥᠭᠡᠳ ᠡᠷᠡᠭᠦᠯ ᠠᠵᠤ ᠠᠬᠤᠢᠶ᠋ᠢᠨ ᠣᠷᠴᠢᠨ ᠳᠤᠭᠤᠷᠢᠨ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨᠢ ᠬᠦᠴᠦᠯᠡᠨ ᠪᠠᠷᠢᠮᠳᠠᠯᠠᠵᠥ᠂ ᠪᠣᠳᠠᠲᠤ ᠠᠵᠢᠯᠯᠠᠭᠠᠪᠠᠷᠢᠶᠠᠨ ᠨᠠᠮᠤᠨ ᠬᠣᠷᠢᠳᠤᠭᠠᠷ ᠶᠡᠬᠡ ᠬᠤᠷᠠᠯᠤᠨ ᠠᠮᠵᠢᠯᠲᠠᠲᠠᠶ ᠬᠤᠷᠠᠯᠳᠤᠬᠤᠶ᠋ᠢ ᠤᠭ᠍ᠲᠤᠬᠤ ᠬᠡᠷᠡᠭᠳᠡᠢ᠃
— 2022 ᠤᠨᠤ 3 ᠰᠠᠷ᠎ᠠ ᠵᠢᠨ 5ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨᠤ ᠪᠦᠬᠦ ᠤᠯᠤᠰᠤᠨ ᠠᠷᠠᠳᠤᠨ ᠲᠦᠯᠦᠭᠡᠯᠡᠭᠴᠢᠳᠤᠨ ᠶᠡᠬᠡ ᠬᠤᠷᠠᠯᠤᠨ ᠳᠠᠪᠤᠳᠤᠭᠠᠷ ᠬᠤᠷᠠᠯᠤᠨ ᠦᠪᠦᠷ ᠮᠤᠨᠭᠭᠤᠯᠤᠨ ᠲᠦᠯᠦᠭᠡᠯᠡᠭᠴᠢᠳᠤᠨ ᠪᠦᠯᠬᠦᠮᠤᠨ ᠬᠢᠨᠠᠨ ᠵᠦᠪᠯᠡᠬᠦ ᠳ᠋ᠦ ᠤᠷᠤᠯᠴᠠᠬᠤ ᠳ᠋ᠠᠭᠠᠨ ᠴᠢᠬᠤᠯᠠᠴᠢᠯᠠᠪᠠ
ᠳᠤᠮᠳᠠᠳᠤᠶ᠋ᠢᠨᠦᠨᠳᠦᠰᠦᠲᠡᠨᠦ ᠬᠠᠮᠲᠤᠶ᠋ᠢᠨ ᠴᠣᠭ᠍ᠴᠠᠶ᠋ᠢᠨ ᠤᠬᠠᠮᠰᠠᠷᠢ ᠪᠠᠲᠤ ᠴᠤᠬᠴᠠᠯᠠᠬᠤᠳᠤ ᠨᠢᠳᠤᠨᠳᠦ ᠦᠵᠡᠭ᠌ᠳᠡᠵᠦ᠍ ᠭᠠᠷᠲᠤ ᠪᠠᠷᠢᠭ᠍ᠳᠠᠮᠠ ᠠᠵᠢᠯᠢ ᠬᠢᠬᠦ᠌ ᠮᠥᠷᠲᠡᠭᠡᠨ ᠪᠠᠰᠠ ᠶᠡᠬᠡ ᠬᠡᠮᠵᠢᠶᠡᠨᠦ 《 ᠵᠦᠭᠡᠯᠡᠨ ᠪᠤᠷᠤᠭ᠎ᠠ ᠲᠦᠮᠡᠨ ᠪᠤᠳᠠᠰᠢ ᠤᠮᠳᠠᠯᠠᠬᠤ》 ᠶᠠᠪᠤᠳᠠᠯᠢ ᠬᠢᠬᠦ᠌ ᠬᠡᠷᠡᠭ᠌ᠲᠡᠢ᠃ ᠳᠤᠮᠳᠠᠳᠤᠶ᠋ᠢᠨ ᠦᠨᠳᠦᠰᠦᠲᠡᠨᠦ ᠬᠠᠮᠲᠤᠶ᠋ᠢᠨ ᠤᠶᠤᠨ ᠰᠠᠨᠠᠭᠠᠨᠤ ᠭᠡᠷ ᠣᠷᠣᠨᠤ ᠪᠦᠳᠦᠭᠡᠨ ᠪᠠᠢᠭᠤᠯᠤᠯᠲᠠᠶ᠋ᠢ ᠠᠬᠢᠭᠤᠯᠵᠤ᠂ ᠦᠨᠳᠦᠰᠦᠲᠡᠨᠨᠦᠭᠦᠳᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯᠢ ᠠᠬᠢᠭᠤᠯᠬᠤᠳᠤ ᠡᠯ᠎ᠡ ᠵᠦᠢᠯᠦᠨ ᠠᠵᠢᠯᠢ ᠪᠣᠳᠠᠲᠠᠢ ᠠᠳᠭᠤᠵᠤ᠂ ᠨᠠᠷᠢᠯᠢᠭ ᠬᠢᠵᠦ᠍᠂ ᠳᠦᠷᠰᠦᠯᠢᠭ᠂ ᠰᠡᠳᠬᠢᠯᠭᠡᠲᠡᠶ᠂ ᠪᠦᠲᠦᠮᠵᠢᠲᠡᠢ ᠪᠠᠢᠯᠭᠠᠬᠤ ᠬᠡᠷᠡᠭ᠌ᠲᠡᠢ᠃ ᠦᠨᠳᠦᠰᠦᠲᠡᠨᠨᠦᠭᠦᠳᠦᠨ ᠺᠠᠳ᠋ᠷᠴᠤᠳ ᠨᠠᠮᠤᠨ ᠦᠨᠳᠦᠰᠦᠲᠡᠨᠦ ᠤᠨᠤᠯ ᠪᠠ ᠦᠨᠳᠦᠰᠦᠲᠡᠨᠦ ᠲᠦᠷᠦ᠍ᠶ᠋ᠢᠨ ᠪᠤᠳᠤᠯᠭᠠᠶ᠋ᠢ ᠪᠦᠬᠦ᠌ ᠲᠠᠯᠠᠪᠠᠷ ᠤᠢ᠍ᠢᠯᠠᠭᠠᠨ ᠲᠤᠭᠤᠱᠢᠯᠠᠭᠤᠯᠵᠤ᠂ ᠤᠬᠠᠮᠰᠠᠷᠠᠴᠠᠪᠠᠨ ᠨᠠᠮ ᠪᠠ ᠤᠯᠤᠰᠤᠨ ᠠᠵᠢᠯᠤᠨ ᠶᠡᠬᠡ ᠲᠠᠯ᠎ᠠ᠂ ᠳᠤᠮᠳᠠᠳᠤᠶ᠋ᠢᠨ ᠦᠨᠳᠦᠰᠦᠲᠡᠨᠦ ᠪᠦᠬᠦᠯᠢ ᠴᠣᠭ᠍ᠴᠠᠶ᠋ᠢᠨ ᠠᠱᠢᠭ ᠲᠤᠰᠠᠶ᠋ᠢᠨ ᠦᠨᠳᠦᠷᠴᠡ ᠡᠴᠡ ᠠᠰᠠᠭᠤᠳᠠᠯᠢ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠠᠵᠢᠯᠢ ᠠᠳᠭᠤᠬᠤ ᠬᠡᠷᠡᠭ᠌ᠲᠡᠢ᠂ ᠳᠤᠮᠳᠠᠳᠤᠶ᠋ᠢᠨ ᠦᠨᠳᠦᠰᠦᠲᠡᠨᠦ ᠬᠠᠮᠲᠤᠶ᠋ᠢᠨ ᠴᠣᠭ᠍ᠴᠠᠶ᠋ᠢᠨ ᠤᠬᠠᠮᠰᠠᠷᠢ ᠪᠠᠲᠤ ᠴᠣᠭ᠍ᠴᠠᠯᠠᠬᠤᠳᠤ ᠠᠱᠢᠭ᠍ᠲᠠᠢ ᠠᠵᠢᠯ ᠯᠠ ᠶᠤᠮ ᠪᠣᠯ ᠢᠯᠡᠭᠦᠬᠡᠨ ᠬᠢᠬᠦ᠌ ᠬᠡᠷᠡᠭ᠌ᠲᠡᠢ ᠪᠥᠭᠡᠳ ᠭᠦᠨᠵᠡᠭᠡᠢ ᠨᠠᠷᠢᠯᠢᠭ ᠪᠣᠳᠠᠲᠠᠢ ᠬᠢᠬᠦ᠌ ᠬᠡᠷᠡᠭ᠌ᠲᠡᠢ;ᠳᠤᠮᠳᠠᠳᠤᠶ᠋ᠢᠨ ᠦᠨᠳᠦᠰᠦᠲᠡᠨᠦ ᠬᠠᠮᠲᠤᠶ᠋ᠢᠨ ᠴᠣᠭ᠍ᠴᠠᠶ᠋ᠢᠨ ᠤᠬᠠᠮᠰᠠᠷᠢ ᠪᠠᠲᠤ ᠴᠣᠭ᠍ᠴᠠᠯᠠᠬᠤᠳᠤ ᠠᠱᠢᠭ ᠦᠭᠡᠢ ᠶᠠᠪᠤᠳᠠᠯ ᠪᠣᠯ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠢ᠃
— 2022 ᠤᠨᠤ 3 ᠰᠠᠷ᠎ᠠ ᠵᠢᠨ 5ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨᠤ ᠪᠦᠬᠦ ᠤᠯᠤᠰᠤᠨ ᠠᠷᠠᠳᠤᠨ ᠲᠦᠯᠦᠭᠡᠯᠡᠭᠴᠢᠳᠤᠨ ᠶᠡᠬᠡ ᠬᠤᠷᠠᠯᠤᠨ ᠳᠠᠪᠤᠳᠤᠭᠠᠷ ᠬᠤᠷᠠᠯᠤᠨ ᠦᠪᠦᠷ ᠮᠤᠨᠭᠭᠤᠯᠤᠨ ᠲᠦᠯᠦᠭᠡᠯᠡᠭᠴᠢᠳᠤᠨ ᠪᠦᠯᠬᠦᠮᠤᠨ ᠬᠢᠨᠠᠨ ᠵᠦᠪᠯᠡᠬᠦ ᠳ᠋ᠦ ᠤᠷᠤᠯᠴᠠᠬᠤ ᠳ᠋ᠠᠭᠠᠨ ᠴᠢᠬᠤᠯᠠᠴᠢᠯᠠᠪᠠ
ᠥᠪᠥᠷ ᠮᠣᠩᠭᠣᠯ ᠪᠣᠯ ᠬᠢᠯᠢ ᠬᠢᠵᠠᠭᠠᠷᠤᠨ ᠦᠨᠳᠦᠰᠦᠲᠡᠨᠦ ᠭᠠᠵᠠᠷ ᠣᠷᠣᠨ ᠮᠥᠨ᠂ ᠦᠨᠳᠦᠰᠦᠲᠡᠨᠦ ᠪᠦᠯᠬᠦᠮᠳᠡᠯ ᠪᠠ ᠬᠢᠯᠢ ᠬᠢᠵᠠᠭᠠᠷᠤᠨ ᠠᠮᠤᠷ ᠲᠣᠭ᠍ᠲᠠᠭᠤᠨᠢ ᠬᠠᠮᠠᠭᠠᠯᠠᠬᠤ ᠲᠠᠯᠠᠪᠠᠷ ᠴᠢᠬᠤᠯᠠ ᠶᠡᠬᠡ ᠬᠠᠷᠢᠭᠤᠴᠠᠯᠭ᠎ᠠ ᠡᠭᠦᠷᠭᠡᠯᠡᠵᠦ᠍ ᠪᠠᠢᠨ᠎ᠠ᠃ ᠪᠠᠭᠠᠡᠴᠡ ᠶᠡᠬᠡᠶ᠋ᠢ ᠮᠡᠳᠡᠵᠦ᠍᠂ ᠰᠠᠨᠠᠭᠠᠱᠢᠷᠠᠬᠤ ᠤᠬᠠᠮᠰᠠᠷᠢᠶᠠᠨ ᠴᠢᠩᠭᠠᠳᠭᠠᠵᠤ᠂ ᠪᠠᠢᠯᠳᠤᠬᠤ ᠪᠣᠳᠣᠯᠭᠠᠶ᠋ᠢᠨ ᠰᠡᠳᠭᠢᠬᠦᠶᠪᠡᠨ ᠳᠡᠭᠡᠭ᠌ᠰᠢᠯᠡᠭᠦᠯᠵᠦ᠍᠂ ᠦᠨᠳᠦᠰᠦᠲᠡᠨᠦ ᠠᠵᠢᠯᠤᠨ ᠬᠦᠷᠢᠶᠡᠨᠳᠡᠬᠢ ᠡᠯ᠎ᠡ ᠵᠦᠶ᠋ᠯᠦᠨ ᠠᠶᠤᠯ ᠲᠦᠭ᠌ᠰᠢᠭᠦᠷᠢ ᠬᠡᠮ ᠰᠣᠭᠣᠭᠢ ᠪᠦᠲᠦᠮᠵᠢᠲᠡᠶ ᠰᠡᠷᠭᠡᠢᠯᠡᠵᠦ᠍᠂ ᠡᠬᠡ ᠤᠯᠤᠰᠤᠨ ᠤᠮᠠᠷᠠᠲᠤᠶ᠋ᠢᠨ ᠠᠮᠤᠷ ᠲᠦᠪᠱᠢᠨ ᠲᠣᠭ᠍ᠲᠠᠭᠤᠨᠤ ᠬᠠᠯᠬᠠᠪᠴᠢᠶ᠋ᠢ ᠦᠨᠡᠨ ᠬᠦ᠌ ᠪᠡᠬᠢᠵᠢᠭᠦᠯᠬᠦ᠌ ᠬᠡᠷᠡᠭ᠌ᠲᠡᠶ᠃
— 2022 ᠤᠨᠤ 3 ᠰᠠᠷ᠎ᠠ ᠵᠢᠨ 5ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨᠤ ᠪᠦᠬᠦ ᠤᠯᠤᠰᠤᠨ ᠠᠷᠠᠳᠤᠨ ᠲᠦᠯᠦᠭᠡᠯᠡᠭᠴᠢᠳᠤᠨ ᠶᠡᠬᠡ ᠬᠤᠷᠠᠯᠤᠨ ᠳᠠᠪᠤᠳᠤᠭᠠᠷ ᠬᠤᠷᠠᠯᠤᠨ ᠦᠪᠦᠷ ᠮᠤᠨᠭᠭᠤᠯᠤᠨ ᠲᠦᠯᠦᠭᠡᠯᠡᠭᠴᠢᠳᠤᠨ ᠪᠦᠯᠬᠦᠮᠤᠨ ᠬᠢᠨᠠᠨ ᠵᠦᠪᠯᠡᠬᠦ ᠳ᠋ᠦ ᠤᠷᠤᠯᠴᠠᠬᠤ ᠳ᠋ᠠᠭᠠᠨ ᠴᠢᠬᠤᠯᠠᠴᠢᠯᠠᠪᠠ
ᠡᠷᠡᠮᠡᠬᠡᠢᠯᠡᠨ ᠵᠢᠳᠬᠦᠵᠦ᠍ ᠮᠠᠬᠠᠷᠠᠨ ᠲᠡᠮᠡᠴᠡᠨ᠎ᠡ
ᠪᠤᠭᠤᠮᠲᠠ ᠰᠢᠪᠲᠤᠯᠤᠬᠰᠠᠨ ᠥᠷ᠎ᠡ ᠪᠥᠲᠥᠬᠡᠯ ᠢ ᠥᠷᠬᠥᠯᠵᠢᠯᠠᠨ ᠥᠷᠬᠡᠳᠬᠡᠨ᠎ᠡ



ᠶᠠᠳᠠᠭᠤᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤᠶ᠋ᠢ ᠠᠷᠠᠳᠤᠨ ᠠᠮᠢᠳᠤᠷᠠᠯᠤᠨ ᠳᠡᠷᠢᠭᠦᠨ ᠴᠢᠬᠤᠯᠠ ᠢᠨᠵᠧᠨᠧᠷᠢᠩ ᠪᠣᠯᠭᠠᠵᠤ᠂ ᠬᠠᠷᠢᠭᠤᠴᠠᠯᠭᠠᠶ᠋ᠢ ᠪᠣᠳᠠᠲᠠᠢᠵᠢᠭᠤᠯᠤᠨ᠂ ᠭᠠᠪᠱᠢᠭᠠᠢᠯᠠᠨ ᠪᠠᠢᠯᠳᠤᠵᠤ᠂ ᠨᠠᠷᠢᠯᠢᠭ ᠣᠨᠣᠪᠴᠢᠲᠠᠶᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠂ ᠴᠢᠨᠡᠭᠡᠯᠢᠭ ᠨᠡᠢᠭᠡᠮᠢ ᠪᠦᠬᠦ᠌ ᠲᠠᠯᠠᠪᠠᠷ ᠪᠡᠶᠡᠯᠡᠭᠦᠯᠬᠦ᠌ ᠬᠠᠷᠠᠯᠲᠠᠶ᠋ᠢ ᠲᠣᠭ᠍ᠲᠠᠭ᠍ᠰᠠᠨ ᠬᠤᠭᠤᠴᠠᠭᠠᠨᠳᠤ ᠪᠡᠶᠡᠯᠡᠭᠦᠯᠪᠡ᠃ ᠣᠲᠣᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ ᠳᠤᠤᠷᠠᠬᠢ ᠮᠠᠯᠵᠢᠬᠤ ᠲᠠᠷᠢᠶᠠᠯᠠᠬᠤ ᠣᠷᠣᠨᠤ ᠶᠠᠳᠠᠭᠤ ᠬᠦᠴᠢᠷᠳᠡᠯᠲᠡᠶ ᠬᠥᠮᠦᠨ ᠠᠮᠠᠶ᠋ᠢ ᠪᠦᠬᠦᠨᠢ ᠶᠠᠳᠠᠭᠤᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠣᠱᠢᠭᠤ ᠱᠢᠶᠠᠨᠢ ᠪᠦᠬᠦᠨᠢ ᠶᠠᠳᠠᠭᠤᠠᠴᠠ ᠠᠩᠭᠢᠵᠢᠷᠠᠭᠤᠯᠵᠦ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠣᠨᠢ ᠪᠦᠬᠦᠨᠢ ᠶᠠᠳᠠᠭᠤᠠᠴᠠ ᠠᠩᠭᠢᠵᠢᠷᠠᠭᠤᠯᠵᠤ᠂ ᠣᠷᠣᠨ ᠪᠦᠰᠡᠶ᠋ᠢᠨ ᠴᠢᠨᠠᠷᠲᠠᠶ ᠪᠦᠬᠦᠯᠢ ᠴᠣᠭ᠍ᠴᠠᠶ᠋ᠢᠨ ᠶᠠᠳᠠᠭᠤ ᠬᠦᠴᠢᠷᠳᠡᠯᠢ ᠲᠡᠦᠬᠡᠲᠦ ᠴᠢᠨᠠᠷᠲᠠᠶᠪᠠᠷ ᠱᠢᠶ᠋ᠳᠪᠦᠷᠢᠯᠡᠵᠡᠢ᠃ ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥᠶ᠋ᠢ ᠬᠠᠮᠠᠭᠠᠯᠠᠬᠤ ᠳᠠᠢᠯᠠᠯᠳᠤᠭᠠᠨᠢ ᠡᠷᠡᠰ ᠰᠠᠢᠲᠤᠷ ᠬᠢᠵᠦ᠍᠂ ᠪᠣᠬᠢᠷᠲᠤᠯᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨᠤ ᠱᠠᠳᠤᠴᠢ ᠴᠢᠨᠠᠷᠲᠠᠢ ᠬᠠᠷᠠᠯᠲᠠ ᠡᠭᠦᠷᠭᠡᠶ᠋ᠢ ᠲᠡᠭᠦᠰ ᠠᠮᠵᠢᠯᠲᠠᠲᠠᠶ ᠪᠡᠶᠡᠯᠡᠭᠦᠯᠪᠡ᠃ ᠡᠯ᠎ᠡ ᠬᠦᠷᠢᠶᠡᠨᠦ ᠬᠦᠨᠳᠦ ᠶᠡᠬᠡ ᠠᠶᠤᠯ ᠲᠦᠭ᠌ᠰᠢᠭᠦᠷᠢᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠬᠤᠳᠠᠯ ᠬᠠᠭᠤᠷᠮᠠᠭᠢ ᠠᠷᠢᠯᠭᠠᠬᠤ᠂ ᠬᠥᠭᠡᠰᠦᠷᠡᠯᠢ ᠠᠷᠢᠯᠭᠠᠬᠤ᠂ ᠥᠷᠢ ᠥᠭ᠌ᠴᠡᠭᠡᠶ᠋ᠢ ᠠᠷᠢᠯᠭᠠᠬᠤᠶ᠋ᠢ ᠬᠦᠴᠦᠲᠡᠶ ᠠᠬᠢᠭᠤᠯᠵᠤ᠂ ᠥᠷᠢ ᠥᠭ᠌ᠴᠡᠭᠡ ᠶᠡᠬᠡᠲᠡᠶ ᠨᠡᠮᠡᠭ᠌ᠳᠡᠯᠢ ᠪᠠᠲᠤᠯᠠᠬᠤ ᠠᠷᠭ᠎ᠠ ᠬᠢᠳᠡᠯᠢ ᠡᠷᠡᠰ ᠵᠠᠯᠠᠷᠠᠭᠤᠯᠵᠤ᠂ ᠴᠢᠨᠠᠷ ᠰᠠᠢᠲᠠᠶ ᠬᠥᠭ᠌ᠵᠢᠯᠲᠡ ᠳ᠋ᠦ ᠬᠡᠮ ᠰᠣᠭᠣᠭᠢ ᠠᠷᠢᠯᠭᠠᠵᠤ᠂ ᠰᠠᠭᠤᠷᠢᠶ᠋ᠢ ᠪᠡᠬᠢᠵᠢᠭᠦᠯᠪᠡ᠃
ᠪᠤᠬᠢᠷᠲᠤᠯ ᠥᠬᠡᠢ ᠬᠥᠭᠵᠢᠯᠲᠡ ᠪᠡᠷ ᠪᠥᠬᠥ ᠲᠠᠯ᠎ᠠ ᠶᠢ ᠬᠥᠲᠥᠯᠥᠨ ᠲᠠᠭᠠᠭᠤᠯᠤᠨ᠎ᠠ

ᠬᠡᠯᠪᠡᠷᠢᠪᠡᠨ ᠬᠤᠪᠢᠷᠠᠭᠤᠯᠬᠤ᠂ ᠪᠦᠲᠦᠴᠡᠳᠤ ᠲᠣᠬᠢᠷᠠᠭᠤᠯᠤᠯᠳᠠ ᠬᠢᠬᠦ ᠵᠢ ᠲᠦᠷᠭᠡᠳᠭᠡᠵᠦ᠍᠂ ᠠᠮᠢ ᠠᠬᠤᠶ ᠵᠢ ᠤᠷᠢᠳ ᠵᠢᠨᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠵᠠᠮ ᠵᠢᠨᠷ ᠵᠠᠮᠨᠠᠭᠠᠳ ᠪᠣᠳᠠᠲᠠᠶ ᠦᠷ᠎ᠡ ᠪᠦᠲᠦᠮᠵᠢ ᠤᠯᠪᠠ᠃ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠲᠥᠯᠥᠪᠵᠢᠭᠦᠯᠭᠡ ᠲᠦᠷᠦ᠍ ᠵᠢᠨ ᠪᠤᠳᠤᠯᠭ᠎ᠠ ᠵᠢᠨ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠠᠮᠢ ᠠᠬᠤᠢ ᠵᠢ ᠤᠷᠢᠳ ᠵᠢᠨᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠤᠳᠤᠷᠢᠳᠤᠮᠵᠢ ᠵᠢ ᠪᠣᠳᠠᠲᠠᠢᠳᠤ ᠨᠠᠢᠳᠠᠪᠤᠷᠢᠵᠢᠭᠤᠯᠪᠠ᠃ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠢᠷᠡᠭᠦᠯᠪᠡ᠃ ᠮᠠᠯ ᠠᠵᠤ ᠠᠬᠤᠶ ᠲᠠᠷᠢᠶᠠᠯᠠᠩ ᠤ᠋ᠨ ᠣᠳᠣᠬᠢᠴᠢᠯᠠᠯᠲᠠ ᠵᠢᠨ ᠲᠦᠪᠰᠢᠨ ᠲᠠᠰᠤᠷᠠᠯᠲᠠ ᠤᠢ᠍ᠭᠡᠢ ᠳᠡᠭᠡᠭ᠌ᠰᠢᠯᠡᠵᠦ᠍᠂ ᠮᠠᠯ ᠤ᠋ᠨ ᠠᠱᠢᠭ ᠱᠢᠮᠡᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠦᠨ ᠤᠨᠳᠤᠤᠰᠢᠭᠤᠯᠬᠤ ᠨᠣᠷᠮ᠎ᠠ 65% ᠵᠢ ᠳᠠᠪᠠᠪᠠ᠃ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠢᠨᠷ ᠥᠪᠥᠷ ᠮᠣᠩᠭᠣᠯ ᠵᠢᠨᠨ ᠮᠠᠨᠳᠤᠭᠤᠯᠬᠤ》ᠠᠵᠢᠯᠯᠠᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠳᠠᠪᠱᠢᠯᠲᠠ ᠵᠢᠨ ᠬᠤᠪᠢ ᠨᠡᠮᠡᠷᠢᠦᠵᠡᠭᠦᠯᠬᠦ ᠨᠣᠷᠮ᠎ᠠ 55% ᠵᠢ ᠳᠠᠪᠠᠪᠠ᠃ ᠵᠠᠮ ᠬᠠᠷᠢᠯᠴᠠᠭ᠎ᠠ᠂ ᠤᠰᠤᠨ ᠠᠱᠢᠭ᠍ᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠨᠢᠭᠡ ᠪᠦᠯᠦᠭ ᠴᠢᠬᠤᠯᠠ ᠶᠡᠬᠡ ᠢᠨᠵᠧᠨᠧᠷᠢᠩ ᠢ᠋ ᠨᠤᠳᠤᠬᠰᠢᠭᠤᠯᠤᠨ ᠬᠡᠷᠡᠭ᠌ᠵᠢᠭᠦᠯᠵᠦ᠍᠂ ᠰᠠᠭᠤᠷᠢ ᠲᠥᠬᠥᠭᠡᠷᠦᠮᠵᠢ ᠵᠢᠨ ᠲᠤᠯᠭᠠᠭᠤᠷᠢᠯᠠᠬᠤ ᠪᠠᠲᠤᠯᠠᠭ᠎ᠠ ᠵᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠣᠷᠣᠨ ᠪᠦᠰᠡ ᠪᠠ ᠬᠤᠳᠠ ᠬᠥᠳᠡᠭᠡ ᠵᠢᠨ ᠵᠣᠬᠢᠴᠠᠩᠭᠤᠢ ᠬᠥᠭ᠌ᠵᠢᠯᠲᠡ ᠵᠢᠨ ᠲᠦᠪᠱᠢᠨ ᠢ᠋ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠪᠦᠬᠦ᠌ ᠲᠠᠯ᠎ᠠ ᠪᠠᠷ ᠬᠡᠷᠡᠭ᠌ᠵᠢᠭᠦᠯᠵᠦ᠍᠂ ᠪᠠᠢᠩᠭᠤ ᠰᠠᠭᠤᠭ᠎ᠠ ᠬᠥᠮᠦᠨ ᠠᠮᠠ ᠵᠢᠨ ᠬᠤᠳᠠ ᠪᠠᠯᠭᠠᠰᠤᠵᠢᠯᠳᠠ ᠵᠢᠨ ᠨᠤᠷᠮ᠎ᠠ 67% ᠵᠢ ᠳᠠᠪᠠᠪᠠ ᠃
ᠠᠮᠢ ᠠᠬᠤᠢ ᠵᠢᠨ ᠠᠮᠤᠷ ᠲᠥᠪᠰᠢᠨ ᠤ ᠬᠠᠯᠬᠠᠪᠴᠢ ᠪᠡᠷ ᠠᠭᠤᠯᠠ ᠤᠰᠤ ᠪᠡᠨ ᠬᠠᠮᠠᠭᠠᠯᠠᠨ᠎ᠠ

ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ ᠢ᠋ ᠭᠦᠨᠵᠡᠭᠡᠢ ᠦᠢᠯᠡᠳᠦᠯᠭᠡᠵᠢᠭᠦᠯᠵᠦ᠍᠂ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠪᠣᠯᠤᠨ ᠠᠵᠤ ᠠᠬᠤᠶ ᠵᠢᠨ ᠬᠥᠭ᠌ᠵᠢᠯᠲᠡ ᠵᠢᠨ ᠬᠠᠷᠢᠴᠠᠭ᠎ᠠ ᠵᠢ ᠵᠥᠪ ᠵᠢᠨᠷ ᠱᠢᠶ᠋ᠳᠪᠦᠷᠢᠯᠡᠵᠦ᠍᠂ ᠠᠮᠢ ᠠᠬᠤᠶ ᠣᠷᠴᠢᠨ ᠲᠣᠭᠣᠷᠢᠨ ᠢ᠋ ᠱᠢᠰᠲ᠋ᠧᠮᠲᠡᠶ ᠬᠠᠮᠠᠭᠠᠯᠠᠬᠤ ᠬᠠᠤᠯᠢ ᠲᠣᠭ᠍ᠲᠠᠭᠠᠯ ᠲᠦᠷᠢᠮᠦᠨ ᠱᠢᠰᠲ᠋ᠧᠮ ᠢ᠋ ᠢᠳᠡᠪᠬᠢᠲᠡᠶ ᠪᠠᠢᠭᠤᠯᠪᠠ᠃ 《ᠭᠤᠷᠪᠠᠨ ᠣᠷᠣᠨ ᠭᠤᠷᠪᠠᠨ ᠱᠤᠭᠤᠮ》 ᠢ᠋ ᠵᠠᠭᠠᠬᠯᠠᠨ ᠲᠣᠭ᠍ᠲᠠᠭᠠᠬᠤ ᠠᠵᠢᠯ ᠢ᠋ ᠪᠥᠬᠥ᠌ ᠲᠠᠯ᠎ᠠ ᠪᠠᠷ ᠪᠡᠶᠡᠯᠡᠭᠦᠯᠵᠦ᠍᠂ ᠪᠥᠬᠥ᠌ ᠣᠷᠣᠨ ᠤ᠋ ᠬᠠᠭᠠᠰ ᠡᠴᠡ ᠳᠡᠭᠡᠭ᠌ᠰᠢᠬᠢ ᠤᠯᠤᠰ ᠤ᠋ᠨ ᠨᠤᠳᠤᠭ ᠲᠡᠪᠢᠰᠭᠡᠷ ᠤ᠋ᠨ ᠲᠠᠯᠠᠪᠠᠶ ᠵᠢ ᠠᠮᠢ ᠠᠬᠤᠶ ᠵᠢᠨ ᠬᠠᠮᠠᠭᠠᠯᠠᠯᠲᠠ ᠵᠢᠨ ᠬᠤᠷᠢᠭ᠎ᠠ ᠱᠤᠭᠤᠮᠳᠤ ᠣᠷᠣᠭᠤᠯᠪᠠ᠃ ᠠᠮᠢ ᠠᠬᠤᠢ ᠵᠢ ᠬᠠᠮᠠᠭᠠᠯᠠᠵᠤ ᠵᠠᠰᠠᠨ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ ᠢ᠋ ᠭᠦᠨᠵᠡᠭᠡᠢ ᠠᠬᠢᠭᠤᠯᠵᠤ ᠂ ᠤᠢ ᠱᠢᠭᠤᠢ ᠵᠢᠨ ᠪᠦᠷᠬᠦᠴᠡ ᠵᠢᠨ ᠨᠤᠷᠮ᠎ᠠ ᠪᠠ ᠨᠤᠲᠤᠭ ᠪᠡᠯᠴᠢᠭᠡᠷᠦᠨ ᠶᠡᠷᠦᠩᠬᠡᠢᠯᠡᠭ᠌ᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠵᠢᠨ ᠬᠡᠮᠵᠢᠢ᠎ᠡ 《ᠬᠣᠣᠰ ᠳᠡᠭᠡᠭ᠌ᠰᠢᠯᠡᠯᠲᠡ》 ᠲᠠᠢ ᠪᠤᠯᠵᠤ᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠢ ᠵᠢᠨ ᠲᠠᠯᠠᠪᠠᠢ 《ᠬᠣᠣᠰ ᠪᠠᠭᠤᠷᠠᠯᠲᠠ》 ᠵᠢ ᠪᠡᠶᠡᠯᠡᠭᠦᠯᠪᠡ᠃ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠢ ᠯᠠᠪᠳᠠᠭᠤᠨ ᠪᠠᠲᠤᠲᠠᠶ ᠠᠬᠢᠭᠤᠯᠪᠠ᠃ ᠬᠦᠯᠦᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ ᠵᠢᠨ ᠶᠡᠷᠦᠩᠬᠡᠢᠯᠡᠭ᠌ᠰᠡᠨ ᠵᠠᠰᠠᠯᠲᠠ ᠢᠳᠡᠪᠬᠢᠲᠡᠢ ᠠᠬᠢᠴᠠ ᠲᠠᠢ ᠪᠤᠯᠵᠤ ᠂ ᠴᠠᠭᠠᠨᠨᠠᠭᠤᠷ ᠤ᠋ᠨ ᠵᠠᠰᠠᠯᠲᠠ ᠵᠢᠨ ᠠᠵᠢᠯ ᠢ᠋ ᠪᠦᠬᠦ᠌ ᠲᠠᠯ᠎ᠠ ᠪᠠᠷ ᠠᠬᠢᠭᠤᠯᠪᠠ᠃ ᠭᠣᠣᠯᠳᠠᠯᠭ᠎ᠠ ᠲᠠᠢ ᠠᠵᠢᠯ ᠲᠦᠷᠦᠯᠦᠨ ᠬᠦᠷᠢᠶᠡᠨᠳᠡᠬᠢ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ ᠵᠢ ᠡᠮᠬᠢ ᠵᠢᠷᠤᠮ ᠲᠠᠢ ᠠᠬᠢᠭᠤᠯᠪᠠ ᠃
ᠡᠷᠬᠢᠮ ᠲᠡᠬᠡᠲᠤ ᠢᠷᠠᠭᠤ ᠠᠯᠲᠠᠷ ᠵᠢᠨᠨ ᠥᠨᠢᠲᠡ ᠪᠠᠲᠠᠷᠠᠭᠤᠯᠤᠨ᠎ᠠ

ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠬᠴᠠᠯᠠᠬᠤ ᠡᠨᠡ ᠬᠦ᠌ ᠭᠣᠣᠯ ᠰᠢᠵᠢᠮᠲᠡᠢ ᠨᠢᠭᠲᠠ ᠤᠶᠠᠯᠳᠤᠭᠤᠯᠤᠨ ᠦᠨᠳᠦᠰᠦᠲᠡᠨ ᠤ᠋ ᠠᠵᠢᠯ ᠢ᠋ ᠰᠠᠢᠲᠤᠷ ᠬᠢᠵᠦ᠂ ᠨᠠᠮ ᠤ᠋ᠨ ᠦᠨᠳᠦᠰᠦᠲᠡᠨ ᠤ᠋ ᠠᠵᠢᠯᠳ᠋ᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭᠠᠳᠭᠠᠵᠤ᠂ ᠦᠨᠳᠦᠰᠦᠲᠡᠨ ᠤ᠋ ᠬᠦᠷᠢᠶᠡᠨᠳ᠋ᠡᠬᠢ ᠠᠶᠤᠯ ᠲᠦᠭᠰᠢᠭᠦᠷᠢ ᠵᠢᠨ ᠭᠡᠮ ᠰᠣᠭᠣᠭ ᠢ᠋ ᠬᠦᠴᠦᠯᠡᠨ ᠰᠡᠷᠭᠡᠢᠯᠡᠨ ᠠᠷᠢᠯᠭᠠᠪᠠ᠃ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠶᠡᠬᠡ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ ᠢ᠋ ᠳᠡᠯᠭᠡᠷᠡᠭᠦᠯᠵᠦ᠂ ᠬᠣᠲᠠ ᠵᠢᠨ ᠦᠭᠡ ᠬᠡᠯᠡ ᠦᠰᠦᠭ ᠪᠢᠴᠢᠭ ᠤ᠋ᠨ ᠳᠦᠷᠢᠮᠵᠢᠭᠦᠯᠦᠯᠲᠡ ᠵᠢ ᠦᠨᠡᠯᠡᠨ ᠵᠢᠱ᠌ᠢᠬᠦ ᠠᠵᠢᠯ ᠢ᠋ ᠶᠡᠷᠦᠩᠬᠡᠢ ᠳ᠋ᠦ᠍ᠨᠢ ᠪᠡᠶᠡᠯᠡᠭᠦᠯᠪᠡ᠃ ᠦᠨᠳᠦᠰᠦᠲᠡᠨ ᠤ᠋ ᠪᠦᠯᠬᠦᠮᠳᠡᠯ ᠲᠠᠪᠰᠢᠯᠲᠠ ᠵᠢ ᠡᠭᠦᠳᠦᠨ ᠪᠠᠢᠭᠤᠯᠬᠤ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭᠠᠨ ᠬᠡᠷᠡᠭᠵᠢᠭᠦᠯᠵᠦ᠂ ᠬᠢᠩᠭᠠᠨ ᠠᠢᠮᠠᠭ ᠪᠦᠬᠦ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠲᠠᠪᠰᠢᠯᠲᠠ ᠵᠢᠨ ᠵᠢᠱ᠌ᠢᠶ᠎ᠡ ᠦᠵᠡᠭᠦᠯᠬᠦ ᠠᠢᠮᠠᠭ ᠢ᠋ ᠳᠠᠬᠢᠨᠲᠠ ᠠᠮᠵᠢᠯᠲᠠ ᠲᠠᠢ ᠡᠬᠦᠳᠤᠨ ᠪᠠᠢᠭᠤᠯᠪᠠ᠃ ᠬᠢᠵᠢᠭ ᠤ᠋ᠨ ᠪᠠᠢᠳᠠᠯ ᠭᠡᠨᠡᠳᠲᠡ ᠡᠭᠦᠰᠴᠦ᠂ ᠴᠠᠰᠤ ᠵᠤᠳ ᠤ᠋ᠨ ᠭᠡᠨᠡᠳᠲᠡ ᠵᠢᠨ ᠳᠠᠭᠠᠷᠢᠯᠳᠠ ᠳ᠋ᠦ ᠦᠨᠳᠦᠰᠦᠲᠡᠨᠨᠦ᠍ᠭᠦᠳ ᠤ᠋ᠨ ᠠᠷᠠᠳ ᠲᠦᠮᠡᠨ ᠰᠡᠳᠭᠢᠯ ᠵᠢᠷᠦᠬᠡ ᠪᠠᠨ ᠬᠣᠯᠪᠣᠵᠤ᠂ ᠬᠠᠮᠲᠤ ᠵᠢᠨ ᠴᠣᠭᠴᠠ ᠵᠢᠨ ᠣᠢᠯᠠᠭᠠᠭᠳᠠᠬᠤᠨ ᠢ᠋ ᠲᠤᠭᠤᠰᠢᠯᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠢ᠋ ᠬᠠᠮᠠᠭᠠᠯᠠᠪᠠ᠃
ᠠᠷᠠᠳ ᠤᠯᠠᠨ ᠤ ᠠᠮᠢᠲᠤᠷᠠᠯ ᠢ ᠤᠯᠠᠮ ᠰᠠᠢᠨ ᠰᠠᠢᠬᠠᠨ ᠪᠤᠯᠭᠠᠨ᠎ᠠ

ᠠᠷᠠᠳ ᠲᠦᠮᠡᠨᠢᠶᠡᠷ ᠭᠣᠣᠯ ᠪᠣᠯᠭᠠᠬᠤ ᠬᠥᠭ᠌ᠵᠢᠯᠲᠡᠶ᠋ᠢᠨ ᠦᠵᠡᠯ ᠰᠠᠨᠠᠭᠠᠶ᠋ᠢ ᠪᠠᠲᠤ ᠪᠤᠢ ᠪᠣᠯᠭᠠᠵᠤ᠂ ᠪᠦᠬᠦ ᠰᠡᠳᠬᠢᠯ ᠪᠦᠬᠦ ᠬᠦᠴᠤᠨᠵᠢᠡᠷ ᠠᠷᠠᠳᠤᠨ ᠠᠮᠢᠳᠤᠷᠠᠯᠢ ᠪᠠᠲᠤᠯᠠᠨ ᠰᠠᠢᠵᠢᠷᠠᠭᠤᠯᠪᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯᠦᠨ ᠬᠢᠵᠢᠭᠦᠨ ᠪᠠᠢᠳᠠᠯᠢ ᠰᠡᠷᠭᠡᠢᠯᠡᠨ ᠡᠵᠡᠮᠳᠡᠬᠦ᠌ ᠠᠵᠢᠯᠢ ᠪᠦᠬᠦ᠌ ᠬᠦᠴᠦᠨᠢᠶᠡᠷᠢᠶᠡᠨ ᠰᠠᠢᠲᠤᠷ ᠠᠳᠭᠤᠵᠤ᠂ ᠠᠷᠠᠳ ᠤᠯᠠᠨᠤ ᠠᠮᠢ ᠨᠠᠰᠤᠨᠤ ᠠᠮᠤᠷ ᠲᠦᠪᠱᠢᠨ ᠪᠣᠯᠤᠨ ᠪᠡᠶ᠎ᠡ ᠮᠠᠬᠠᠪᠣᠳᠤᠨ ᠡᠷᠡᠭᠦᠯ ᠮᠡᠨᠳᠦ᠍ᠶ᠋ᠢ ᠬᠦᠴᠦᠲᠡᠢ ᠬᠠᠮᠠᠭᠠᠯᠠᠪᠠ᠃ ᠦᠨᠳᠦᠰᠦᠨ ᠣᠯᠠᠨ ᠨᠡᠢᠲᠡᠶ᠋ᠢᠨ ᠦᠢᠯᠡᠴᠢᠯᠡᠭᠡᠨᠦ ᠱᠢᠰᠲ᠋ᠧᠮᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠠᠵᠢᠯ ᠣᠯᠭᠣᠯᠲᠠᠶ᠋ᠢᠨ ᠪᠠᠢᠳᠠᠯᠢ ᠦᠷᠭᠦᠯᠵᠢᠯᠡᠨ ᠰᠠᠢᠵᠢᠷᠠᠭᠤᠯᠵᠤ᠂ ᠰᠠᠭᠤᠭᠠᠯᠢ ᠠᠷᠠᠳᠤᠨ ᠣᠷᠣᠯᠭᠠᠶ᠋ᠢ ᠲᠣᠭ᠍ᠲᠠᠭᠤᠨᠢᠶᠠᠷ ᠨᠡᠮᠡᠭ᠌ᠳᠡᠭᠦᠯᠵᠦ᠂ ᠡᠯ᠎ᠡ ᠱᠠᠲᠤᠨᠤ ᠡᠯ᠎ᠡ ᠲᠥᠷᠥᠯᠦᠨ ᠰᠤᠷᠭᠠᠨ ᠬᠥᠮᠦᠵᠢᠯᠢ ᠵᠣᠬᠢᠴᠠᠩᠭᠤᠶ ᠬᠥᠭ᠌ᠵᠢᠭᠦᠯᠵᠦ᠍᠂ ᠡᠷᠡᠭᠦᠯ ᠡᠩᠬᠡ ᠥᠪᠥᠷ ᠮᠣᠩᠭᠣᠯᠤᠨ ᠪᠠᠢᠭᠤᠯᠤᠯᠲᠠᠶ᠋ᠢ ᠪᠦᠬᠦ᠌ ᠲᠠᠯᠠᠪᠠᠷ ᠠᠬᠢᠭᠤᠯᠵᠤ᠂ ᠨᠡᠢᠭᠡᠮᠦᠨ ᠪᠠᠲᠤᠯᠠᠭᠠᠶ᠋ᠢᠨ ᠱᠢᠰᠲ᠋ᠧᠮ᠂ ᠨᠠᠰᠤᠵᠢᠯᠤᠨ ᠠᠰᠠᠷᠠᠮᠵᠢ ᠵᠢᠨ ᠦᠢᠯᠡᠴᠢᠯᠡᠭᠡᠨᠦ ᠱᠢᠰᠲ᠋ᠧᠮ ᠪᠣᠯᠤᠨ ᠣᠷᠣᠨ ᠰᠠᠭᠤᠴᠠᠶ᠋ᠢᠨ ᠪᠠᠲᠤᠯᠠᠭᠠᠶ᠋ᠢᠨ ᠱᠢᠰᠲ᠋ᠧᠮᠤᠨ ᠪᠠᠢᠭᠤᠯᠤᠯᠲᠠᠶ᠋ᠢ ᠲᠠᠰᠤᠷᠠᠯᠲᠠ ᠤᠢ᠍ᠭᠡᠢ ᠴᠢᠩᠭᠠᠳᠭᠠᠨ᠂ ᠣᠯᠠᠨ ᠲᠦᠮᠡᠨᠦ ᠨᠢᠭᠡ ᠪᠦᠯᠦᠭ ᠪᠠᠴᠢᠮᠳᠠᠵᠤ ᠲᠦᠪᠡᠭᠳᠡᠵᠦ ᠵᠤᠪᠠᠨᠢᠵᠦ ᠬᠦᠰᠡᠵᠦ᠍ ᠪᠠᠢᠭ᠎ᠠ ᠠᠰᠠᠭᠤᠳᠠᠯ ᠪᠣᠯᠤᠨ ᠲᠡᠦᠬᠡᠶ᠋ᠢᠨ ᠦᠯᠡᠳᠡᠭ᠌ᠳᠡᠯ ᠠᠰᠠᠭᠤᠳᠠᠯᠢ ᠪᠦᠲᠦᠮᠵᠢᠲᠡᠶ ᠱᠢᠶ᠋ᠳᠪᠦᠷᠢᠯᠡᠪᠡ᠃ ᠠᠮᠤᠭᠤᠯᠠᠩᠲᠤ ᠥᠪᠥᠷ ᠮᠣᠩᠭᠣᠯᠤᠨ ᠪᠥᠲᠥᠭᠡᠨ ᠪᠠᠢᠭᠤᠯᠤᠯᠲᠠᠶ᠋ᠢ ᠭᠦᠨᠵᠡᠭᠡᠢᠷᠡᠭᠦᠯᠵᠦ᠍᠂ ᠨᠢᠭᠡ ᠪᠦᠯᠦᠭ ᠣᠯᠠᠨ ᠲᠦᠮᠡᠨᠦ ᠵᠠᠬᠢᠳᠠᠯ ᠰᠤᠷᠪᠤᠯᠵᠢᠯᠠᠯᠤᠨ ᠳᠠᠷᠤᠭ᠍ᠳᠠᠮᠠᠯ ᠬᠡᠷᠡᠭᠢ ᠱᠢᠶ᠋ᠳᠪᠦᠷᠢᠯᠡᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨᠢ ᠠᠷᠢᠯᠭᠠᠬᠤ ᠲᠤᠰᠭᠠᠶ ᠲᠡᠮᠡᠴᠡᠯ ᠴᠢᠬᠤᠯᠠ ᠶᠡᠬᠡ ᠦᠷ᠎ᠡ ᠪᠦᠲᠦᠮᠵᠢ ᠣᠯᠤᠭ᠍ᠰᠠᠨᠤ ᠬᠠᠮᠳᠦ ᠪᠠᠢᠩᠭᠤᠵᠢᠭᠤᠯᠤᠨ ᠠᠬᠢᠭᠤᠯᠬᠤ ᠲᠡᠢᠰᠢ ᠱᠢᠯᠵᠢᠪᠡ ᠃
ᠤᠯᠤᠰ ᠲᠥᠷᠥ ᠵᠢᠨ ᠠᠮᠢ ᠠᠬᠤᠢ ᠶᠢ ᠰᠤᠷᠲᠠᠯ ᠴᠢᠬᠡᠴᠢ ᠤᠪᠤᠷ ᠲᠥᠪ ᠪᠤᠯᠭᠠᠨ᠎ᠠ

ᠪᠦᠬᠦ᠌ ᠲᠠᠯᠠᠪᠠᠷ ᠨᠠᠮᠢ ᠴᠢᠩᠭ᠎ᠠ ᠵᠠᠰᠠᠬᠤᠶ᠋ᠢ ᠭᠦᠨᠵᠡᠭᠡᠢ ᠠᠬᠢᠭᠤᠯᠵᠤ᠂ ᠤᠯᠤᠰ ᠲᠦᠷᠦ᠍ᠶ᠋ᠢᠨ ᠠᠮᠢ ᠠᠬᠤᠢᠶ᠋ᠢ ᠬᠦᠴᠦᠯᠡᠨ ᠴᠡᠪᠡᠷᠱᠢᠭᠦᠯᠦᠨ ᠰᠡᠷᠭᠦᠭᠡᠪᠡ᠃ ᠨᠠᠮᠤᠨ ᠤᠯᠤᠰ ᠲᠦᠷᠦ᠍ᠶ᠋ᠢᠨ ᠪᠠᠢᠭᠤᠯᠤᠯᠲᠠᠪᠠᠷ ᠶᠡᠷᠦᠩᠬᠡᠢᠯᠡᠨ ᠵᠢᠯᠤᠭᠤᠳᠤᠭᠤᠯᠵᠤ ᠨᠠᠮᠤᠨ ᠪᠠᠢᠭᠤᠯᠤᠯᠲᠠᠶ᠋ᠢ ᠪᠦᠬᠦ᠌ ᠲᠠᠯᠠᠪᠠᠷ ᠴᠢᠩᠭᠠᠳᠭᠠᠬᠤᠶ᠋ᠢ ᠪᠠᠷᠢᠮᠲᠠᠯᠠᠵᠤ᠂ ᠲᠥᠪᠦᠨ ᠲᠣᠭᠣᠷᠢᠨ ᠪᠠᠢᠴᠠᠭᠠᠬᠤ ᠪᠠ ᠡᠯ᠎ᠡ ᠲᠦᠷᠦᠯᠦᠨ ᠬᠢᠨᠠᠯᠲᠠ ᠲᠠᠯᠪᠢᠵᠤ ᠬᠢᠨᠠᠨ ᠱᠢᠯᠭᠠᠵᠤ ᠬᠠᠷᠢᠭᠤ ᠲᠤᠰᠭᠠᠬ᠍ᠰᠠᠨ ᠰᠠᠨᠠᠯᠢᠶᠠᠷ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤᠶ᠋ᠢ ᠰᠠᠢᠲᠤᠷ ᠠᠳᠭᠤᠬᠤᠪᠠᠷ ᠬᠥᠲᠥᠯᠦᠮᠵᠢ ᠪᠣᠯᠭᠠᠵᠤ ᠪᠦᠬᠦ᠌ ᠲᠠᠯᠠᠪᠠᠷ ᠨᠠᠮᠢ ᠴᠢᠩᠭ᠎ᠠ ᠵᠠᠰᠠᠬᠤ ᠡᠷᠴᠢᠮ ᠰᠤᠯᠠ ᠪᠠᠢᠬᠤ ᠠᠰᠠᠭᠤᠳᠠᠯᠢ ᠬᠦᠴᠦᠯᠡᠨ ᠱᠢᠢᠳᠪᠦᠷᠢᠯᠡᠵᠦ᠍᠂ ᠨᠠᠮᠢ ᠬᠠᠮᠢᠶᠠᠷᠴᠤ᠌ ᠨᠠᠮᠢ ᠵᠠᠰᠠᠬᠤ ᠠᠵᠢᠯ ᠲᠠᠰᠤᠷᠠᠯᠳᠡ ᠦᠭᠡᠢ ᠡᠷᠴᠢᠮᠵᠢᠨ ᠬᠠᠳᠠᠭᠤᠵᠢᠪᠠ᠃ ᠱᠢᠨ᠎ᠡ ᠴᠠᠭ ᠦᠶᠡᠶ᠋ᠢᠨ ᠨᠠᠮᠤᠨ ᠵᠣᠬᠢᠶᠠᠨ ᠪᠠᠢᠭᠤᠯᠤᠯᠲᠠᠶ᠋ᠢᠨ ᠱᠤᠭᠤᠮᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨᠤ ᠨᠠᠮᠤᠨ ᠵᠣᠬᠢᠶᠠᠨ ᠪᠠᠢᠭᠤᠯᠤᠯᠲᠠᠶ᠋ᠢ ᠦᠷᠭᠦᠯᠵᠢᠯᠡᠨ ᠴᠡᠭ᠌ᠴᠡᠯᠡᠵᠦ᠍᠂ ᠤᠯᠤᠰ ᠲᠦᠷᠦ᠍ᠶ᠋ᠢᠨ ᠪᠠᠷᠢᠮᠵᠢᠶᠠᠶ᠋ᠢ ᠲᠤᠪᠤᠢ᠌ᠯᠭᠠᠨ ᠺᠠᠳ᠋ᠷᠢ ᠴᠢᠩᠭ᠎ᠠ ᠰᠣᠩᠭᠣᠨ ᠬᠡᠷᠡᠭ᠌ᠯᠡᠵᠦ᠍᠂ ᠴᠢᠳᠠᠪᠤᠷᠢᠲᠠᠨᠤ ᠠᠵᠢᠯᠢ ᠴᠢᠩᠭᠠᠳᠭᠠᠨ ᠰᠠᠢᠵᠢᠷᠠᠭᠤᠯᠪᠠ᠃ ᠢᠯᠵᠠᠷᠠᠯᠢ ᠡᠰᠡᠷᠭᠦᠴᠡᠬᠦ᠌ ᠲᠡᠮᠡᠴᠡᠯᠢ ᠤᠷᠢᠳ ᠡᠮᠦᠨ᠎ᠡ ᠪᠠᠢᠭ᠎ᠠ ᠦᠭᠡᠢ ᠡᠷᠴᠢᠮ ᠲᠠᠢ ᠠᠬᠢᠭᠤᠯᠵᠤ᠂ ᠥᠪᠥᠷ ᠮᠣᠩᠭᠣᠯᠤᠨ ᠤᠯᠤᠰ ᠲᠥᠷᠥ᠎ᠶ᠋ᠢᠨ ᠠᠮᠢ ᠠᠬᠤᠶᠶ᠋ᠢ ᠪᠣᠬᠢᠷᠲᠤᠭᠤᠯᠤᠭ᠍ᠰᠠᠨ ᠬᠠᠮᠤᠭᠤᠨ ᠶᠡᠬᠡ ᠬᠤᠤᠷᠳᠦ ᠬᠠᠪᠤᠳᠠᠷᠢ ᠡᠷᠡᠰ ᠠᠷᠢᠯᠭᠠᠵᠤ᠂ ᠲᠠᠷᠬᠠᠭᠠᠭ᠍ᠰᠠᠨ ᠬᠤᠤᠷ ᠨᠥᠯᠥᠭᠡᠶ᠋ᠢ ᠡᠷᠡᠰ ᠠᠷᠢᠯᠭᠠᠵᠤ᠂ ᠱᠢᠰᠲ᠋ᠧᠮᠦᠨ ᠴᠢᠨᠠᠷᠲᠠᠢ ᠣᠷᠣᠨ ᠪᠦᠰᠡᠶ᠋ᠢᠨ ᠴᠢᠨᠠᠷᠲᠠᠢ ᠢᠯᠵᠠᠷᠠᠯᠤᠨ ᠠᠰᠠᠭᠤᠳᠠᠯᠢ ᠭᠦᠨᠵᠡᠭᠡᠢ ᠠᠭᠤᠳᠠᠯᠤᠨ ᠲᠤᠢᠯᠪᠤᠷᠢᠲᠠᠢ ᠪᠠᠢᠴᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯᠢ ᠱᠢᠯᠢᠳᠡᠭ᠌ᠵᠢᠭᠦᠯᠬᠦ᠂ ᠤᠯᠤᠰ ᠲᠥᠷᠥ᠎ᠶ᠋ᠢᠨ ᠠᠮᠢ ᠠᠬᠤᠶᠶ᠋ᠢ ᠴᠡᠪᠡᠷᠱᠢᠭᠦᠯᠬᠦ᠌ ᠪᠦᠬᠦᠯᠢ ᠴᠤᠭᠴᠠ ᠵᠢᠨ ᠪᠣᠭᠣᠮᠲᠠ ᠱᠢᠪᠲᠤᠯᠬᠤ ᠳᠠᠢᠯᠠᠯᠳᠤᠭᠠᠨᠢ ᠬᠦᠴᠦᠯᠡᠨ ᠰᠠᠢᠳᠤᠷ ᠬᠢᠵᠦ᠂ ᠢᠯᠵᠠᠷᠠᠬᠤᠡᠴᠡ ᠵᠢᠷᠦᠬᠡᠱᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠠᠵᠢᠯᠢ ᠨᠢᠭᠡ ᠴᠣᠭ᠍ᠴᠠᠵᠢᠭᠤᠯᠤᠨ ᠠᠬᠢᠭᠤᠯᠪᠠ ᠃