《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ ᠶ᠋ᠢ ᠱᠢᠰᠲ᠋ᠧᠮ᠎ᠲᠡᠶ ᠪᠡᠷ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠬᠦ ᠬᠡᠷᠡᠭᠳᠠᠢ᠂ ᠡᠨᠳᠡ〈ᠡᠯᠡᠰᠦ ᠮᠠᠨᠭᠬ᠎ᠠ〉 ᠭᠡᠬᠦ ᠦᠭᠡ᠎ᠶ᠋ᠢ ᠨᠡᠮᠡᠬᠦ᠌ ᠬᠡᠷᠡᠭ᠌ᠲᠡᠢ᠃》 2021 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠢᠩᠭᠢᠵᠦ᠍ ᠴᠢᠬᠤᠯᠠᠴᠢᠯᠠᠪᠠ᠃ ᠡᠨᠡ ᠵᠢᠯ ᠡᠨᠡᠬᠦ᠌ 《ᠡᠯᠡᠰᠦ ᠮᠠᠨᠭᠬ᠎ᠠ》 ᠭᠡᠰᠡᠨ ᠦᠭᠡ᠎ᠶ᠋ᠢ 《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ》 ᠲᠠᠢ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠢᠴᠢᠵᠦ᠍ ᠣᠷᠣᠭᠤᠯᠪᠠ᠃ ᠨᠢᠭᠡᠨ ᠥᠰᠥᠭ᠎ᠦᠨ ᠨᠡᠮᠡᠭᠳᠡᠯ ᠨᠢ ᠪᠣᠬᠢᠷᠲᠤᠯ ᠥᠬᠡᠶ ᠬᠥᠭ᠌ᠵᠢᠯᠲᠡ᠎ᠶ᠋ᠢᠨ ᠲᠤᠬᠠᠶ ᠲᠠᠨᠢᠯᠲᠠ ᠨᠠᠩ ᠭᠦᠨᠵᠡᠭᠡᠶ ᠪᠤᠯᠤᠭᠰᠠᠨ᠎ᠢ ᠢᠯᠡᠷᠡᠬᠦᠯᠵᠦ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠭᠤᠢᠪᠢᠰᠢ ᠥᠬᠡᠶ ᠠᠬᠢᠭᠤᠯᠬᠤ ᠡᠷᠡᠰ ᠵᠣᠷᠢᠭ᠎ᠢ ᠢᠯᠡᠷᠡᠭᠦᠯᠪᠡ᠃
ᠮᠠᠨ᠎ᠤ ᠤᠯᠤᠰ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠭᠣᠣᠯ ᠮᠥᠷᠡᠨ᠂ ᠤᠢ ᠱᠢᠭᠤᠢ᠂ ᠨᠤᠭᠤ ᠭᠠᠵᠠᠷ᠂ ᠨᠠᠭᠤᠷ ᠴᠥᠭᠥᠷᠥᠮ᠂ ᠨᠤᠲᠤᠭ ᠪᠡᠯᠴᠢᠭᠡᠷ᠂ ᠡᠯᠡᠰᠦ ᠮᠠᠩᠬ᠎ᠠ ᠵᠡᠷᠭᠡ ᠤᠯᠠᠨ ᠵᠦᠢᠯ᠎ᠦᠨ ᠪᠠᠢᠭᠠᠯᠢ᠎ᠶ᠋ᠢᠨ ᠬᠡᠯᠪᠡᠷᠢ ᠪᠠᠢᠳᠠᠯ᠎ᠲᠠᠶ᠂ ᠡᠨᠡ ᠪᠤᠯ ᠤᠷᠳᠤ ᠬᠤᠭᠤᠴᠠᠭᠠᠨ ᠤ ᠲᠤᠷᠰᠢ ᠪᠦᠷᠢᠯᠳᠦᠭᠰᠡᠨ ᠶᠡᠷᠦᠩᠬᠡᠢᠯᠡᠭ᠌ᠰᠡᠨ ᠴᠢᠨᠠᠷᠲᠠᠢ ᠠᠮᠢ ᠠᠬᠤᠢ᠎ᠶ᠋ᠢᠨ ᠱᠢᠰᠲ᠋ᠧᠮ ᠮᠥᠨ᠃ ᠦᠵᠦ᠍ ᠲᠥᠯᠥᠪᠯᠡᠭᠡ᠎ᠶ᠋ᠢ ᠰᠠᠢᠲᠤᠷ ᠬᠢᠵᠦ᠍᠂ ᠱᠢᠰᠲ᠋ᠧᠮᠲᠦ ᠰᠡᠳᠭᠢᠬᠦᠶ᠎ᠪᠡᠷ ᠠᠮᠢ ᠠᠬᠤᠶ᠎ᠶ᠋ᠢ ᠰᠡᠷᠭᠦᠭᠡᠬᠦ᠌᠂ ᠶᠡᠷᠦᠩᠬᠡᠢᠯᠡᠨ ᠵᠠᠰᠠᠬᠤ᠂ ᠪᠦᠬᠦᠯᠢ ᠴᠣᠭ᠍ᠴᠠ᠎ᠪᠠᠷ ᠬᠠᠮᠠᠭᠠᠯᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢ ᠠᠬᠤᠶ᠎ᠶ᠋ᠢᠨ ᠱᠢᠰᠲ᠋ᠧᠮ᠎ᠦᠨ ᠲᠣᠭ᠍ᠲᠠᠪᠤᠷᠢᠲᠤ ᠴᠢᠨᠠᠷ ᠪᠠ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠵᠦ᠍ ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ 《ᠥᠨᠳᠥᠷ ᠲᠦᠪᠱᠢᠨ》 ᠳ᠋ᠤ ᠬᠦᠷᠭᠡᠪᠡᠯ ᠵᠤᠬᠢᠨ᠎ᠠ᠃
《ᠲᠦᠮᠡᠨ ᠪᠣᠳᠠᠰ ᠡᠶ᠎ᠡ ᠵᠤᠬᠢᠴᠠᠩᠭᠤᠢ ᠪᠡᠷ ᠤᠷᠤᠰᠢᠨ ᠲᠤᠭᠳᠠᠨᠢᠵᠤ᠂ ᠦᠪᠡᠷ ᠦᠪᠡᠷᠵᠢᠨᠨ ᠰᠢᠮ᠎ᠠ ᠲᠡᠵᠢᠭᠡᠯ ᠬᠦᠷᠳᠡᠨ ᠦᠷᠡᠵᠢᠨ ᠲᠦᠯᠵᠢᠮᠤᠢ》᠃ ᠬᠥᠮᠦᠨ ᠪᠣᠯᠤᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠪᠠᠷᠢᠮᠲᠠᠯᠠᠬᠤ᠎ᠳᠤ᠂ ᠡᠷᠬᠡᠪᠰᠢ ᠪᠠᠢᠭᠠᠯᠢ᠎ᠶ᠋ᠢ ᠲᠡᠭᠡᠳᠤᠯᠡᠨ ᠬᠦᠨᠳᠦᠳᠭᠡᠬᠦ ᠰᠡᠳᠬᠢᠯ᠎ᠢ ᠡᠪᠤᠷᠯᠡᠵᠦ᠂ ᠪᠠᠢᠭᠠᠯᠢ᠎ᠲᠠᠶ ᠵᠣᠬᠢᠴᠠᠵᠤ᠂ ᠪᠠᠢᠭᠠᠯᠢ᠎ᠶ᠋ᠢ ᠬᠠᠮᠠᠭᠠᠯᠠᠬᠤ ᠬᠡᠷᠡᠭ᠌ᠲᠡᠢ᠃ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠣᠢᠵᠢᠭᠤᠯᠬᠤ᠎ᠳᠤ ᠳᠣᠭᠢᠷᠠᠮᠵᠢᠳᠠᠢ ᠪᠤᠯ ᠣᠢᠵᠢᠭᠤᠯᠵᠤ ᠂ ᠤᠰᠤᠯᠠᠬᠤ᠎ᠳᠤ ᠳᠣᠭᠢᠷᠠᠮᠵᠢᠳᠠᠢ ᠪᠤᠯ ᠤᠰᠤᠯᠠᠵᠤ᠂ ᠡᠪᠡᠰᠦ ᠳᠠᠷᠢᠬᠤ᠎ᠳᠤ ᠳᠣᠭᠢᠷᠠᠮᠵᠢᠳᠠᠢ ᠪᠤᠯ ᠡᠪᠡᠰᠦ ᠳᠠᠷᠢᠵᠤ ᠂ ᠨᠤᠭᠤ ᠭᠠᠵᠠᠷ ᠪᠤᠯᠭᠠᠬᠤ᠎ᠳᠦ ᠳᠣᠭᠢᠷᠠᠮᠵᠢᠳᠠᠢ ᠪᠤᠯ ᠨᠤᠭᠤ ᠭᠠᠵᠠᠷ ᠪᠤᠯᠭᠠᠵᠤ᠂ ᠠᠲᠠᠷᠱᠢᠭᠤᠯᠬᠤᠳᠤ ᠳᠣᠭᠢᠷᠠᠮᠵᠢᠳᠠᠢ ᠪᠤᠯ ᠠᠲᠠᠷᠱᠢᠭᠤᠯᠵᠤ᠂ ᠡᠯᠡᠰᠦ ᠮᠠᠩᠬ᠎ᠠ ᠪᠤᠯᠭᠠᠬᠤ᠎ᠳᠦ ᠳᠣᠭᠢᠷᠠᠮᠵᠢᠳᠠᠢ ᠪᠤᠯ ᠡᠯᠡᠰᠦ ᠮᠠᠩᠬ᠎ᠠ ᠪᠤᠯᠭᠠᠨ᠎ᠠ ᠁ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠤᠰᠤᠨ᠎ᠤ ᠬᠡᠮᠵᠢᠶ᠎ᠡ᠎ᠪᠡᠷ ᠨᠣᠭᠣᠭᠠᠷᠠᠭᠤᠯᠤᠯᠳᠠ ᠵᠢ ᠲᠣᠭ᠍ᠲᠠᠭᠠᠵᠤ᠂ ᠤᠰᠤᠨ᠎ᠤ ᠬᠡᠮᠵᠢᠢ᠎ᠡ᠎ᠪᠡᠷ ᠤᠢᠵᠢᠭᠤᠯᠤᠯᠳᠠ ᠵᠢ ᠲᠣᠭ᠍ᠲᠠᠭᠠᠵᠤ᠂ ᠤᠰᠤᠨ᠎ᠤ ᠬᠡᠮᠵᠢᠢ᠎ᠡ᠎ᠪᠡᠷ ᠬᠢᠬᠦ ᠬᠡᠷᠡᠭ᠌ᠲᠡᠢ᠃ ᠵᠥᠪ ᠠᠮᠢ ᠠᠬᠤᠢ᠎ᠶ᠋ᠢᠨ ᠦᠵᠡᠯᠲᠡ ᠪᠠ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠠᠭᠤᠯᠠ ᠤᠰᠤᠨ᠎ᠤ ᠠᠮᠢ ᠠᠬᠤᠢ᠎ᠶ᠋ᠢᠨ ᠤᠤᠭᠠᠯ ᠴᠢᠨᠠᠷ᠎ᠢ ᠪᠠᠲᠤᠯᠠᠬᠤ᠎ᠶ᠋ᠢ ᠨᠢᠭᠡ ᠵᠦᠢᠯ᠎ᠦᠨ ᠴᠢᠬᠤᠯᠠ ᠠᠵᠢᠯ ᠪᠣᠯᠭᠠᠬᠤ ᠬᠡᠷᠡᠭ᠌ᠲᠡᠢ᠃
ᠰᠠᠢᠨ ᠰᠠᠢᠬᠠᠨ ᠠᠮᠢ ᠠᠬᠤᠶ ᠣᠷᠴᠢᠨ ᠨᠥᠬᠥᠴᠡᠯ ᠪᠣᠯ ᠬᠠᠮᠤᠭ᠎ᠤᠨ ᠦᠨᠳᠦᠰᠦᠨ ᠣᠯᠠᠨ ᠨᠡᠢᠲᠡ᠎ᠶ᠋ᠢᠨ ᠦᠶ᠋ᠯᠡᠳᠬᠦᠨ ᠪᠠ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠮᠥᠨ᠃ ᠱᠢᠰᠲ᠋ᠧᠮ᠎ᠳᠤ ᠵᠠᠰᠠᠯᠲᠠ ᠴᠤ᠌ ᠲᠡᠷᠡ᠂ ᠱᠢᠨᠵᠢᠯᠡᠬᠦ᠌ ᠤᠬᠠᠭᠠᠨᠴᠢ᠎ᠪᠠᠷ ᠠᠬᠢᠭᠤᠯᠤᠭ᠍ᠰᠠᠨ ᠴᠤ᠌ ᠲᠡᠷᠡ᠂ ᠡᠴᠦᠰ᠎ᠤᠨ ᠡᠴᠦᠰ᠎ᠲᠡᠬᠡᠨ ᠠᠮᠢ ᠠᠬᠤᠢ᠎ᠶ᠋ᠢᠨ ᠬᠠᠮᠠᠭᠠᠯᠠᠯᠲᠠ᠂ ᠪᠣᠬᠢᠷᠲᠤᠯ ᠦᠭᠡᠢ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢᠨ ᠨᠢᠬᠡᠳᠦᠯᠢ ᠨᠡᠩ ᠰᠠᠢᠲᠤᠷ ᠪᠡᠶᠡᠯᠡᠭᠦᠯᠵᠦ᠍᠂ ᠮᠠᠨ᠎ᠤ ᠠᠮᠢᠳᠤᠷᠠᠵᠤ ᠪᠠᠢᠭ᠎ᠠ ᠭᠡᠷ ᠣᠷᠣᠨ᠎ᠢᠶᠠᠨ ᠨᠡᠩ ᠨᠣᠮᠢᠨ ᠨᠣᠭᠣᠭᠠᠨ ᠨᠡᠩ ᠦᠵᠡᠰᠭᠦᠯᠡᠩᠲᠦ ᠰᠠᠢᠬᠠᠨ ᠪᠣᠯᠭᠠᠬᠤ᠎ᠶ᠋ᠢᠨ ᠲᠥᠯᠥᠭᠡ ᠶᠤᠮ᠃
(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 7 ᠤ ᠴᠠᠬᠢᠯᠭᠠᠨ ᠮᠡᠳᠡᠭᠡ᠎ᠡᠴᠡ)