ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠦᠷᠢᠮᠦᠰᠦᠨ ᠰᠠᠢᠲᠤᠷ ᠭᠦᠢᠴᠡᠳᠭᠡᠬᠦ ᠬᠡᠷᠡᠭᠳᠡᠢ
2022-03-08 09:50:34
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠬᠤ ᠲᠤᠬᠠᠢ ᠭᠤᠷᠪᠠᠨᠲᠠ ᠥᠭᠦᠯᠡᠬᠦ᠌ ᠨᠢ


ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠥᠪᠥᠷ ᠮᠣᠩᠭᠣᠯ 《ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠬᠦ᠌ ᠬᠡᠷᠡᠭ᠌ᠲᠡᠢ》 ᠭᠡᠵᠦ᠍ ᠴᠢᠩ ᠰᠡᠳᠭᠢᠯ᠎ᠡᠴᠡ᠎ᠪᠡᠨ ᠬᠦᠰᠡᠪᠡ᠃ ᠪᠦᠬᠦ᠌ ᠣᠷᠣᠨ ᠳᠠᠶᠠᠭᠠᠷ ᠵᠢᠡᠨ ᠤᠯᠤᠰ ᠲᠦᠷᠦ᠍ ᠵᠢᠨ ᠪᠠ ᠪᠦᠬᠦ᠌ ᠲᠠᠯ᠎ᠠ᠎ᠶ᠋ᠢᠨ ᠦᠨᠳᠦᠷᠴᠡ ᠡᠴᠡ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠢᠴᠡᠳᠭᠡᠬᠦ᠌ ᠬᠡᠷᠡᠭ᠌ᠲᠡᠢ᠃

ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠨ ᠲᠣᠭ᠍ᠲᠠᠨᠢᠬᠤ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠪᠢᠳᠡ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠶᠡᠬᠡ ᠲᠠᠯ᠎ᠠ᠎ᠶ᠋ᠢᠨ ᠦᠵᠡᠯᠲᠡ᠂ ᠠᠯᠤᠰ ᠬᠡᠲᠦ᠍᠎ᠶ᠋ᠢᠨ ᠦᠵᠡᠯᠲᠡ᠂ ᠪᠦᠬᠦᠯᠢ ᠴᠣᠭ᠍ᠴᠠ᠎ᠶ᠋ᠢᠨ ᠦᠵᠡᠯᠲᠡ᠎ᠶ᠋ᠢ ᠪᠠᠲᠤ ᠪᠣᠶ ᠪᠣᠯᠭᠠᠵᠤ᠂ ᠦᠨᠡᠨ ᠬᠦ᠌ ᠨᠢᠳᠦᠨ ᠴᠡᠴᠡᠭᠡᠶ᠎ᠪᠡᠨ ᠬᠠᠮᠠᠭᠠᠯᠠᠬᠤ᠎ᠲᠠᠶ ᠠᠳᠠᠯᠢ᠎ᠪᠠᠷ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠵᠤ᠂ ᠠᠮᠢ ᠨᠠᠰᠤᠨ᠎ᠳᠤ ᠬᠠᠨᠳᠤᠬᠤ᠎ᠲᠠᠶ ᠠᠳᠠᠯᠢ᠎ᠪᠠᠷ ᠠᠮᠢ ᠠᠬᠤᠶ ᠣᠷᠴᠢᠨ ᠲᠣᠭᠣᠷᠢᠨ᠎ᠳᠤ ᠬᠠᠨᠳᠤᠬᠤ ᠬᠡᠷᠡᠭ᠌ᠲᠡᠶ; ᠠᠮᠢ ᠠᠬᠤᠢ᠎ᠪᠠᠷ ᠠᠷᠠᠳ᠎ᠢ ᠢᠪᠡᠭᠡᠬᠦ᠂ ᠠᠮᠢ ᠠᠬᠤᠢ ᠪᠡᠷ ᠠᠷᠠᠳ᠎ᠲᠤ ᠠᠱᠢᠭ ᠬᠦᠷᠲᠡᠭᠡᠬᠦ᠌᠂ ᠠᠮᠢ ᠠᠬᠤᠢ᠎ᠪᠠᠷ ᠠᠷᠠᠳ᠎ᠲᠤ ᠦᠢᠯᠡᠴᠢᠯᠡᠬᠦ᠌ ᠶ᠋ᠢ ᠪᠠᠷᠢᠮᠲᠠᠯᠠᠵᠤ᠂ ᠪᠦᠬᠦ᠌ ᠣᠷᠣᠨ ᠪᠦᠰᠡ᠎ᠪᠦᠬᠦ ᠤᠷᠤᠨ ᠪᠠᠢᠷᠢ ᠪᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠦᠬᠦ᠌ ᠬᠦᠷᠢᠶ᠎ᠡ ᠪᠦᠬᠦ᠌ ᠶᠠᠪᠤᠴᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠤᠷᠳᠤ ᠴᠠᠭᠠᠨ ᠬᠡᠷᠡᠮ᠎ᠢ ᠪᠠᠲᠤ ᠴᠣᠭ᠍ᠴᠠᠯᠠᠬᠤ ᠬᠡᠷᠡᠭ᠌ᠲᠡᠢ᠃

ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠂ ᠠᠵᠤ ᠠᠬᠤᠢ᠎ᠶ᠋ᠢᠨ ᠶᠡᠬᠡ ᠣᠷᠴᠢᠯ᠎ᠢ ᠱᠢᠯᠤᠭᠤᠳᠭᠠᠬᠤ ᠲᠠᠯ᠎ᠠ᠎ᠪᠠᠷ ᠲᠤᠢᠯ᠎ᠤᠨ ᠴᠢᠬᠤᠯᠠ ᠪᠠᠢᠷᠢ ᠰᠠᠭᠤᠷᠢ᠎ᠲᠠᠶ ᠶᠤᠮ᠃ ᠪᠢᠳᠡ ᠳᠡᠯᠡᠬᠡᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠮᠡᠷᠭᠡᠵᠢᠯ᠎ᠦᠨ ᠬᠤᠪᠢᠰᠭᠠᠯ᠎ᠤᠨ ᠱᠢᠨ᠎ᠡ ᠬᠠᠨᠳᠤᠰᠢ᠎ᠶ᠋ᠢ ᠰᠠᠯᠤᠯ ᠦᠭᠡᠢ ᠳᠠᠭᠠᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠠᠵᠤ ᠠᠬᠤᠢ᠎ᠵᠢ ᠰᠠᠢᠲᠤᠷ ᠬᠦᠭᠵᠢᠬᠦᠯᠬᠦ ᠬᠡᠷᠡᠭ᠌ᠲᠡᠢ᠃ 《 ᠬᠤᠤᠰ ᠨᠡᠭᠦᠷᠡᠰᠦᠲᠥ᠋ᠷᠥᠭ᠌ᠴᠢ》 ᠎ᠶ᠋ᠢᠨ ᠠᠬᠤᠶ ᠪᠠᠢᠳᠠᠯ ᠳᠤᠤᠷ᠎ᠠ᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠤ᠋ ᠪᠣᠬᠢᠷᠲᠤᠯ ᠥᠬᠡᠶ᠎ᠪᠡᠷ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠬᠦᠴᠦᠯᠡᠨ ᠠᠬᠢᠭᠤᠯᠵᠤ᠂ ᠪᠥᠬᠥ᠌ ᠤᠯᠤᠰ᠎ᠲᠤ ᠱᠢᠨ᠎ᠡ ᠡᠨᠧᠷᠭᠢ᠎ᠪᠡᠷ ᠭᠤᠤᠯ ᠴᠣᠭ᠍ᠴᠠ ᠪᠣᠯᠭᠠᠭ᠍ᠰᠠᠨ ᠡᠨᠧᠷᠭᠢ᠎ᠶ᠋ᠢᠨ ᠬᠠᠩᠭᠠᠯᠭ᠎ᠠ᠎ᠶ᠋ᠢᠨ ᠱᠢᠰᠲ᠋ᠧᠮ ᠢ᠋ ᠤᠷᠢᠳ ᠢ᠋ᠢᠡᠷ ᠪᠠᠢᠭᠤᠯᠵᠤ᠂ ᠱᠢᠨ᠎ᠡ ᠡᠨᠧᠷᠭᠢ᠎ᠪᠡᠷ ᠭᠤᠤᠯ ᠴᠣᠭ᠍ᠴᠠ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠤᠷᠢᠳ ᠢ᠋ᠢᠡᠷ ᠪᠠᠢᠭᠤᠯᠵᠤ᠂ ᠴᠢᠯᠠᠭᠤᠵᠢᠮᠠᠯ ᠤ᠋ᠨ ᠡᠨᠧᠷᠭᠢ᠎ᠶ᠋ᠢᠨ ᠲᠣᠮᠣ ᠣᠷᠣᠨ ᠡᠴᠡ ᠴᠡᠪᠡᠷ ᠡᠨᠧᠷᠭᠢ᠎ᠶ᠋ᠢᠨ ᠲᠣᠮᠣ ᠣᠷᠣᠨ ᠳᠠᠢᠰᠢ ᠬᠤᠪᠢᠷᠠᠬᠤ᠎ᠶ᠋ᠢ ᠪᠡᠶᠡᠯᠡᠭᠦᠯᠬᠦ ᠬᠡᠷᠡᠭᠲᠡᠢ᠃

ᠥᠪᠥᠷ ᠮᠣᠩᠭᠣᠯ ᠪᠣᠯ ᠤᠯᠤᠰ᠎ᠤᠨ 13 ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ ᠪᠠ ᠠᠮᠤ ᠪᠤᠳᠠᠭ᠎ᠠ ᠵᠢ ᠬᠡᠪᠴᠢᠶᠡᠵᠢᠬᠦᠯᠦᠨ ᠱᠢᠯᠵᠢᠭᠦᠯᠬᠦ 8 ᠮᠤᠵᠢ ᠣᠷᠣᠨ᠎ᠤ ᠨᠢᠭᠡ ᠪᠣᠯᠤᠨ᠎ᠠ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ  ᠪᠣᠬᠢᠷᠲᠤᠯ ᠥᠬᠡᠶ ᠴᠢᠨᠠᠷ ᠰᠠᠢᠲᠠᠶ ᠥᠨᠳᠥᠷ ᠪᠦᠲᠦᠮᠵᠢᠲᠡᠶ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠪᠣᠯᠤᠨ᠎ᠠ᠃ ᠲᠠᠷᠢᠶᠠᠨ ᠭᠠᠵᠠᠷ ᠭᠡᠬᠦ᠌ ᠡᠨᠡ᠎ᠬᠦ᠌ ᠠᠮᠢᠨ ᠰᠤᠳᠠᠰᠤ᠎ᠶ᠋ᠢ ᠡᠷᠡᠰ ᠠᠳᠭᠤᠵᠤ᠂ ᠲᠠᠷᠢᠶᠠᠨ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ; ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠦᠷ᠎ᠡ᠎ᠶ᠋ᠢᠨ ᠢᠷᠡᠯᠲᠡ᠎ᠶ᠋ᠢᠨ 《ᠪᠣᠭᠣᠮᠢ》 ᠵᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ᠎ᠢ ᠥᠷᠨᠢᠭᠦᠯᠬᠦ ᠬᠡᠷᠡᠭᠲᠡᠢ; ᠲᠠᠷᠢᠶᠠᠯᠠᠩ ᠮᠠᠯ ᠠᠵᠤ ᠠᠬᠤᠢ᠎ᠶ᠋ᠢᠨ  ᠬᠡᠪᠴᠢᠶᠡᠵᠢᠬᠦᠯᠦᠨ ᠡᠵᠡᠩᠨᠡᠬᠦ ᠬᠥᠭ᠌ᠵᠢᠯᠲᠡ᠎ᠶ᠋ᠢ ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢᠨ ᠶᠠᠰᠤ ᠴᠢᠨᠠᠷ ᠪᠠ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ ᠬᠡᠷᠡᠭᠲᠡᠢ ᠃

ᠠᠩᠬᠠᠨ᠎ᠤ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠰᠠᠢᠲᠤᠷ ᠪᠠᠲᠤᠯᠠᠬᠤ ᠪᠣᠯ ᠪᠦᠬᠦ᠌ ᠤᠯᠤᠰ᠎ᠤᠨ ᠠᠵᠤ ᠠᠬᠤᠢ᠎ᠶ᠋ᠢᠨ ᠠᠮᠤᠷ ᠲᠦᠪᠱᠢᠨ ᠪᠠ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠬᠣᠯᠪᠣᠭ᠍ᠳᠠᠬᠤ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ ᠮᠥᠨ᠃ ᠠᠩᠬᠠᠨ᠎ᠤ ᠪᠦᠲᠦᠭᠡᠭᠲᠡᠭᠦᠨ᠎ᠦ ᠬᠠᠩᠭᠠᠯᠭ᠎ᠠ᠎ᠶ᠋ᠢᠨ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠤᠤᠷ᠎ᠠ᠂ ᠡᠬᠢ ᠪᠠᠶᠠᠯᠢᠭ᠎ᠢ ᠤᠯᠠᠷᠢᠭᠤᠯᠤᠨ ᠥᠷᠲᠡᠭ ᠨᠡᠮᠡᠭ᠌ᠳᠡᠭᠦᠯᠬᠦ᠌᠎ᠶ᠋ᠢᠨ ᠲᠣᠭᠣᠷᠢᠨ᠎ᠳᠤ ᠬᠦᠴᠦ᠍ ᠣᠷᠣᠭᠤᠯᠵᠤ᠂ ᠨᠠᠷᠢᠯᠢᠭ ᠡᠳ᠋ᠱᠢᠭᠦᠯᠦᠯᠳᠡ᠎ᠶ᠋ᠢ ᠶᠡᠬᠡ᠎ᠪᠡᠷ ᠬᠥᠭ᠌ᠵᠢᠭᠦᠯᠵᠦ᠂ ᠪᠦᠲᠦᠭᠡᠭᠲᠡᠭᠦᠨ᠎ᠦ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠠᠭᠤᠯᠤᠭ᠍ᠳᠠᠴᠠ ᠪᠠ ᠨᠡᠮᠡᠯᠲᠡ ᠥᠷᠲᠡᠭ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠦᠷᠳᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠬᠦ᠌᠎ᠪᠡᠷ ᠬᠦᠴᠦᠯᠡᠵᠦ᠍᠂ ᠡᠬᠢ ᠪᠠᠶᠠᠯᠢᠭ᠎ᠢ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠣᠨᠴᠠᠯᠢᠭ᠍ᠲᠤ ᠳᠠᠪᠠᠭᠤᠯᠢᠭ᠎ᠢᠶᠠᠨ ᠳᠣᠪᠣᠢᠯᠭᠠᠵᠤ ᠬᠡᠯᠬᠢᠶᠡᠵᠢᠯ᠎ᠢ ᠤᠷᠲᠤᠳᠭᠠᠵᠤ ᠬᠡᠯᠬᠢᠶᠡᠵᠢᠯ᠎ᠢ  ᠨᠥᠬᠥᠪᠥᠷᠢᠯᠡᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠤᠤᠷᠠᠳᠤ ᠤᠷᠤᠰᠭᠠᠯ᠎ᠤᠨ ᠠᠵᠤ ᠠᠬᠤᠢᠯᠠᠯ ᠂ ᠬᠠᠮᠵᠢᠯᠴᠠᠨ ᠢᠵᠢ ᠪᠥᠷᠢᠳᠦᠭᠦᠯᠬᠦ᠌ ᠠᠵᠤ ᠠᠬᠤᠢᠯᠠᠯ᠎ᠢ ᠣᠷᠣᠭᠤᠯᠤᠨ ᠠᠪᠴᠢᠷᠠᠬᠤ ᠪᠠ ᠪᠣᠢᠵᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠤᠶᠠᠨ ᠬᠠᠲᠠᠨ ᠴᠢᠨᠠᠷ᠎ᠢ ᠴᠢᠩᠭᠠᠳᠭᠠᠬᠤ ᠬᠡᠷᠡᠭ᠌ᠲᠡᠶ ᠃

ᠥᠪᠥᠷ ᠮᠣᠩᠭᠣᠯ ᠪᠣᠯ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠮᠥᠨ ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠲᠠᠯ᠎ᠠ᠎ᠪᠠᠷ ᠴᠢᠬᠤᠯᠠ ᠶᠡᠬᠡ ᠬᠠᠷᠢᠭᠤᠴᠠᠯᠭ᠎ᠠ ᠡᠭᠦᠷᠭᠡᠯᠡᠵᠦ᠍ ᠪᠠᠢᠳᠠᠭ ᠃ ᠪᠠᠭ᠎ᠠ ᠡᠴᠡ ᠶᠡᠬᠡ᠎ᠶ᠋ᠢ ᠮᠡᠳᠡᠵᠦ᠍᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶ᠋ᠢᠨ ᠰᠡᠳᠭᠢᠬᠦᠶ᠎ᠪᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ᠎ᠤᠨ ᠬᠦᠷᠢᠶᠡᠨ᠎ᠳᠡᠬᠢ ᠡᠯ᠎ᠡ ᠵᠦᠶ᠋ᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠵᠦ᠍᠂ ᠡᠯ᠎ᠡ ᠬᠦᠷᠢᠶᠡᠨ᠎ᠦ ᠤᠯᠤᠰ᠎ᠤᠨ ᠠᠮᠤᠷ ᠲᠦᠪᠱᠢᠨ᠎ᠦ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠠᠩ ᠠᠮᠤᠷ ᠲᠠᠢᠪᠤᠩ ᠠᠵᠤ ᠲᠦᠷᠦᠬᠦᠯᠵᠦ᠂ ᠨᠡᠢᠭᠡᠮ᠎ᠦᠨ ᠶᠡᠬᠡ ᠲᠠᠯ᠎ᠠ᠎ᠶ᠋ᠢ ᠨᠠᠩ ᠠᠮᠤᠷ ᠲᠣᠭ᠍ᠲᠠᠭᠤᠨ ᠡᠮᠬᠢ ᠵᠢᠷᠤᠮ᠎ᠲᠠᠶ  ᠪᠠᠢᠯᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠬᠦ᠌ ᠬᠡᠷᠡᠭ᠌ᠲᠡᠶ᠃

ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ ᠴᠠᠬ ᠪᠢᠳᠡᠨ᠎ᠢ ᠬᠦᠯᠢᠶᠡᠬᠦ᠌ ᠦᠭᠡᠢ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠥᠷᠯᠥᠭᠡ ᠦᠳᠡᠰᠢ᠎ᠶ᠋ᠢ ᠲᠡᠮᠡᠴᠡᠬᠦ᠌ ᠬᠡᠷᠡᠭ᠌ᠲᠡᠢ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠪᠠᠲᠤ ᠤᠷᠤᠭ᠍ᠰᠢᠯᠠᠵᠤ᠂ ᠰᠠᠨᠠᠭᠠᠴᠢᠯᠠᠭ᠎ᠠ ᠡᠴᠡ ᠪᠠᠨ ᠵᠢᠳᠬᠦᠯ ᠴᠢᠷᠮᠠᠢᠯᠭ᠎ᠠ ᠭᠠᠷᠭᠠᠵᠤ᠂ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠲᠡᠷᠡ ᠶᠣᠰᠣᠭᠠᠷ ᠨᠢ ᠰᠠᠢᠲᠤᠷ ᠭᠦᠢᠴᠡᠳᠭᠡᠵᠦ᠍᠂ ᠦᠷᠭᠦᠯᠵᠢᠯᠡᠨ ᠲᠡᠮᠡᠴᠡᠬᠦ᠌ ᠳᠤᠮᠳᠠ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠳᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号