ᠠᠷᠠᠳ ᠲᠥᠮᠡᠨ᠎ᠤ ᠤᠲᠤᠷᠢᠲᠤᠬᠴᠢ ᠤᠮᠠᠷᠠᠲᠤ ᠬᠢᠯᠢ ᠲᠠᠢ ᠰᠡᠳᠬᠢᠯ ᠵᠢᠷᠤᠬᠡ ᠪᠡᠨ ᠬᠤᠯᠪᠤᠨᠠᠮ
2022-03-08 08:52:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠠᠪᠤᠷ᠎ᠤᠨ ᠪᠤᠯᠵᠤᠭ᠎ᠠ —  ᠶᠡᠷᠦᠩᠬᠡᠢ ᠱᠦᠵᠢ᠎ᠶ᠋ᠢᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠦᠨ ᠪᠦᠯᠬᠦᠮ᠎ᠳᠡᠬᠢ ᠡᠨᠡ  ᠲᠠᠪᠤᠨ ᠵᠢᠯ  2018 — 2022


ᠰᠢ ᠵᠢᠨ ᠫᠢᠩ ᠨᠥᠬᠥᠷ ᠵᠢᠨᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠢ᠎ᠠ ᠢᠮᠠᠭᠲᠠ ᠥᠪᠥᠷ ᠮᠣᠩᠭᠣᠯ ᠤ᠋ᠨ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ ᠢ᠋ ᠭᠡᠬᠦᠳᠡᠭ ᠴᠡᠭᠡᠵᠢᠨ᠎ᠳᠡᠭᠡᠨ ᠬᠦᠨ᠎ᠠ ᠰᠠᠨᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ᠋ ᠡᠯ᠎ᠡ ᠲᠦᠷᠦᠯ ᠤ᠋ᠨ ᠠᠵᠢᠯ ᠦᠢᠯᠡᠰ ᠤ᠋ᠨ ᠬᠥᠭᠵᠢᠯᠲᠡ ᠵᠢ ᠳᠡᠭᠡᠳᠦ ᠬᠡᠮᠵᠢᠢ᠎ᠡ ᠪᠠᠷ ᠴᠢᠬᠤᠯᠠᠴᠢᠯᠠᠭᠰᠠᠭᠠᠷ ᠢᠷᠡᠵᠡᠢ᠃

2018 ᠣᠨ ᠤ᠋ 1 ᠰᠠᠷ᠎ᠠ ᠵᠢᠨ 30 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠴᠡ᠂ ᠲᠥᠪ ᠡᠴᠡ ᠨᠡᠷ᠎ᠡ ᠳᠤᠷᠠᠳᠤᠭᠰᠠᠨ ᠲᠥᠯᠥᠭᠡᠯᠡᠭᠴᠢ ᠵᠢᠨ ᠵᠢᠱ᠌ᠢᠭᠳᠡᠭᠴᠢ ᠰᠢ ᠵᠢᠨ ᠫᠢᠩ ᠨᠥᠬᠥᠷ ᠪᠦᠷᠢᠨ ᠪᠢᠯᠧᠲ ᠵᠢᠨᠷ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ ᠪᠡᠷ ᠰᠤᠩᠭᠤᠭᠳᠠᠵᠠᠢ ᠭᠡᠵᠤ ᠨᠠᠢᠳᠠᠯᠠᠪᠠ᠃ ᠠᠷᠪᠠᠨ ᠭᠤᠷᠪᠠᠳᠤᠭᠠᠷ ᠬᠤᠭᠤᠴᠠᠭᠠᠨ  ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠬᠤᠭᠤᠴᠠᠭᠠᠨ ᠳ᠋ᠦ᠍᠂ ᠶᠡᠷᠦᠨᠭᠬᠡᠢ ᠱᠦᠵᠢ ᠰᠢ ᠵᠢᠨ ᠫᠢᠨᠭ ᠤᠷᠢᠳ ᠬᠣᠵᠢᠳ ᠲᠠᠪᠤ ᠤᠳᠠᠭ᠎ᠠ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠎ᠳ᠋ᠦ᠍ ᠣᠷᠣᠯᠴᠠᠵᠤ᠂ ᠰᠢᠷᠢᠰ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ ᠠᠵᠢᠯ ᠢ᠋ ᠰᠠᠢᠲᠤᠷ ᠬᠢᠬᠦ᠎ᠳ᠋ᠦ᠍ ᠤᠷᠤᠭᠱᠢᠯᠠᠬᠤ ᠴᠢᠭᠯᠡᠯ ᠢ᠋ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠨ᠂ ᠬᠦᠴᠦᠷᠬᠡᠭ ᠶᠡᠬᠡ ᠬᠥᠳᠡᠯᠭᠡᠬᠦ ᠬᠦᠴᠦᠨ ᠤᠯᠭᠤᠭᠰᠠᠨ ᠪᠢᠯᠡ᠃

ᠨᠠᠢᠷᠠᠭᠤᠯᠤᠭ᠍ᠴᠢ᠎ᠶ᠋ᠢᠨ ᠦᠭᠡ

ᠳᠠᠯᠠᠢ ᠮᠡᠲᠦ ᠭᠦᠨ ᠰᠡᠳᠭᠢᠯᠭᠡ᠂ ᠠᠭᠤᠯᠠ ᠮᠡᠲᠦ ᠬᠦᠨᠳᠦ ᠨᠠᠢᠳᠠᠯᠭ᠎ᠠ᠃  ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠢ ᠰᠡᠳᠬᠢᠯ ᠵᠢᠷᠦᠭᠡᠨ᠎ᠳᠡᠭᠡᠨ ᠬᠠᠯᠠᠮᠵᠢᠯᠠᠵᠦ ᠪᠠᠢᠳᠠᠭ᠃ ᠲᠠᠪᠤ ᠤᠳᠠᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠠᠷᠠᠳ ᠲᠦᠮᠡᠨ᠎ᠦ ᠤᠳᠤᠷᠢᠳᠤᠭ᠍ᠴᠢ᠎ᠶ᠋ᠢᠨ ᠬᠦᠰᠡᠯ ᠨᠠᠢᠳᠠᠯᠭ᠎ᠠ ᠤᠷᠢᠬᠠᠨ ᠰᠠᠯᠬᠢ ᠥᠭ᠌ᠭᠢᠶᠡᠮᠦᠷ ᠬᠤᠷ᠎ᠠ ᠮᠡᠲᠦ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠢ ᠤᠮᠳᠠᠯᠠᠨ᠎ᠠ᠃

ᠭᠦᠨ ᠵᠤᠵᠠᠭᠠᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠨ᠎ᠠ᠃ ᠥᠪᠥᠷ ᠮᠣᠩᠭᠣᠯ ᠳᠡᠭᠡᠳᠦ ᠳᠤᠤᠷᠠᠳᠦ ᠱᠠᠲᠤ᠎ᠪᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠱᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠲᠠᠰᠤᠷᠠᠯᠲᠠ ᠥᠬᠡᠶ ᠠᠬᠢᠭᠤᠯᠤᠨ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠬᠦ᠎ᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠠᠮᠢ ᠠᠬᠤᠶ᠎ᠵᠢ ᠱᠢᠰᠲ᠋ᠧᠮ ᠲᠠᠢ᠎ᠪᠡᠷ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠪᠠ᠃ ᠡᠷᠡᠮᠡᠬᠡᠢᠯᠡᠨ ᠤᠷᠤᠭ᠍ᠰᠢᠯᠠᠭ᠍ᠰᠠᠨ ᠤᠯᠠ ᠮᠥᠷ᠎ᠢ ᠡᠷᠭᠢᠴᠡᠭᠦᠯᠬᠦᠶ᠎ᠡ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠱᠢᠨ᠎ᠡ ᠳᠦᠷᠰᠦ ᠪᠠᠢᠳᠠᠯ ᠢᠯᠡᠷᠡᠵᠦ᠍᠂ ᠡᠷᠡᠮᠡᠬᠡᠢᠯᠡᠨ ᠤᠷᠤᠭ᠍ᠰᠢᠯᠠᠵᠤ ᠱᠢᠨ᠎ᠡ ᠠᠶᠠᠨ᠎ᠢᠶᠠᠨ ᠡᠬᠢᠯᠡᠭᠦᠯᠦᠯ᠎ᠡ᠃

ᠲᠤᠲᠤᠨᠤ  ᠬᠠᠯᠠᠮᠵᠢᠯᠠᠯ

ᠥᠪᠥᠷ ᠮᠣᠩᠭᠣᠯ ᠪᠣᠯ ᠮᠠᠨ ᠎ᠤ ᠤᠯᠤᠰ᠎ᠤᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠢ᠋ ᠬᠠᠮᠤᠭ ᠎ᠤᠨ ᠡᠷᠲᠡ ᠪᠠᠢᠭᠤᠯᠤᠭᠰᠠᠨ᠂ ᠨᠠᠮ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠠᠮᠤᠭ᠎ᠤᠨ ᠡᠷᠲᠡ ᠬᠡᠷᠡᠭ᠌ᠵᠢᠭᠦᠯᠦᠭ᠌ᠰᠡᠨ ᠭᠠᠵᠠᠷ ᠣᠷᠣᠨ ᠪᠠᠢᠵᠦ᠂ ᠡᠬᠡ ᠤᠯᠤᠰ᠎ᠤᠨ ᠤᠮᠠᠷᠠᠲᠤ ᠬᠢᠯᠢ ᠎ᠳᠦ ᠪᠠᠢᠷᠢᠯᠠᠨ ᠪᠠᠢᠯᠳᠤᠬᠤ ᠪᠣᠳᠣᠯᠭ᠎ᠠ ᠎ᠶ᠋ᠢᠨ ᠪᠠᠢᠷᠢ ᠰᠠᠭᠤᠷᠢ ᠪᠠᠷ ᠲᠤᠢᠯ᠎ᠤᠨ ᠴᠢᠬᠤᠯᠠ ᠪᠤᠯᠬᠤ ᠶᠤᠮ᠃ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ ᠎ᠤ ᠠᠵᠢᠯ ᠎ᠢ ᠰᠠᠢᠲᠤᠷ ᠬᠢᠬᠦ ᠨᠢ ᠪᠦᠬᠦ᠌ ᠤᠯᠤᠰ᠂ ᠳᠡᠯᠡᠬᠡᠢ ᠨᠡᠢᠳᠡ ᠎ᠳᠤ ᠴᠸ᠋ ᠢᠳᠡᠪᠬᠢ ᠠᠴᠢ ᠬᠣᠯᠪᠣᠭ᠍ᠳᠠᠯ ᠲᠠᠶ ᠶᠤᠮ᠃

— 2018 ᠣᠨ ᠎ᠤ 3 ᠰᠠᠷ᠎ᠠ ᠎ᠶ᠋ᠢᠨ 5 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠠᠩᠬᠠᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠭᠤᠤᠯᠳᠠᠯᠭ᠎ᠠ᠎ᠪᠠᠨ ᠠᠵᠤ ᠦᠶ᠋ᠯᠡᠰ᠎ᠦᠨ ᠪᠦᠲᠦᠴᠡ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦᠯᠬᠦ ᠎ᠶ᠋ᠢ ᠠᠬᠢᠭᠤᠯᠬᠤ ᠳᠡᠭᠡᠷ᠎ᠡ ᠲᠠᠯᠪᠢᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠪᠣᠳᠠᠲᠠᠢᠵᠢᠭᠤᠯᠤᠨ ᠬᠦᠴᠦᠷᠬᠡᠭ᠌ᠵᠢᠭᠦᠯᠵᠦ᠍ ᠱᠢᠯᠢᠳᠡᠭ᠌ᠵᠢᠭᠦᠯᠬᠦ᠌ ᠬᠡᠷᠡᠭ᠌ᠲᠡᠶ᠃ ᠳᠠᠪᠠᠭᠤᠯᠢᠭ᠎ᠲᠠᠭᠠᠨ ᠰᠠᠭᠤᠷᠢᠯᠠᠨ᠂ ᠲᠠᠯᠳᠠ ᠬᠦᠴᠦᠨ᠎ᠢᠶᠡᠨ ᠠᠭᠤᠳᠠᠯᠵᠤ᠂ ᠰᠠᠢ᠌ᠨ ᠳᠠᠢ ᠲᠠᠯ᠎ᠠ ᠎ᠪᠠᠨ ᠪᠠᠳᠠᠷᠠᠭᠤᠯᠤᠨ ᠳᠤᠳᠠᠭᠤᠳᠠᠯ ᠳᠠᠢ ᠲᠠᠯ᠎ᠠ᠎ᠪᠠᠨ ᠨᠥᠬᠥᠪᠥᠷᠢᠯᠡᠵᠦ᠍᠂ ᠤᠯᠠᠮᠵᠢᠯᠠᠯᠲᠤ ᠠᠵᠤ ᠦᠢᠯᠡᠰ ᠤᠯᠠᠨ ᠱᠢᠨ᠎ᠡ ᠎ᠪᠡᠷ ᠮᠠᠨᠳᠤᠬᠰᠠᠨ ᠠᠵᠤ ᠦᠢᠯᠡᠰ ᠴᠥᠭᠡᠨ᠂ ᠲᠤᠤᠷᠠᠳᠤ ᠲᠡᠰ᠎ᠤᠨ ᠠᠵᠤ ᠦᠢᠯᠡᠰ ᠤᠯᠠᠨ ᠳᠡᠭᠡᠳᠦ ᠲᠡᠰ᠎ᠤᠨ ᠠᠵᠤ ᠦᠢᠯᠡᠰ ᠴᠥᠭᠡᠨ᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ ᠤᠯᠠᠨ ᠥᠨᠳᠥᠷ ᠳᠠᠭᠠᠯᠳᠠ ᠦᠷᠳᠡᠭ ᠪᠦᠬᠦᠢ ᠠᠵᠤ ᠦᠢᠯᠡᠰ ᠴᠥᠭᠡᠨ᠂ ᠬᠥᠳᠡᠯᠮᠦᠷᠢ ᠬᠦᠴᠦ ᠲᠦᠪᠯᠡᠷᠡᠭᠰᠡᠨ ᠬᠡᠯᠪᠡᠷᠢ ᠎ᠶ᠋ᠢᠨ ᠠᠵᠤ ᠦᠢᠯᠡᠰ ᠤᠯᠠᠨ ᠪᠡᠯᠡ ᠬᠦᠷᠦᠨᠭ᠌ᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠲᠦᠪᠯᠡᠷᠡᠭᠰᠡᠨ ᠬᠡᠯᠪᠡᠷᠢ᠎ᠶ᠋ᠢᠨ ᠠᠵᠤ ᠦᠢᠯᠡᠰ ᠴᠥᠭᠡᠨ ᠪᠠᠢᠬᠤ ᠪᠠᠢᠳᠠᠯ᠎ᠢ ᠴᠢᠷᠮᠠᠢᠨ ᠬᠤᠪᠢᠷᠠᠭᠤᠯᠵᠤ᠂ ᠤᠯᠠᠨ ᠡᠱᠢᠵᠢᠨ ᠬᠥᠭ᠌ᠵᠢᠵᠦ ᠤᠯᠠᠨ ᠲᠤᠢᠯ᠎ᠢᠶᠠᠷ ᠲᠤᠯᠭᠠᠭᠤᠷᠢᠯᠠᠭᠤᠯᠤᠭ᠍ᠰᠠᠨ ᠤᠳᠤ ᠦᠶ᠎ᠡ᠎ᠶ᠋ᠢᠨ ᠠᠵᠤ ᠦᠢᠯᠡᠰ᠎ᠦᠨ ᠱᠢᠨ᠎ᠡ ᠱᠢᠰᠲ᠋ᠧᠮ ᠎ᠢ ᠪᠠᠢᠭᠤᠯᠵᠤ᠂ ᠳᠠᠪᠠᠭᠤᠯᠢᠭ ᠨᠢ ᠲᠤᠪᠤᠢ᠌ᠮ᠎ᠠ᠂ ᠪᠦᠲᠦᠴᠡ ᠨᠢ ᠵᠦᠢ ᠵᠣᠬᠢᠰᠲᠠᠢ᠂ ᠱᠢᠨ᠎ᠡ ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠭ᠍ᠰᠠᠨ᠂ ᠣᠷᠣᠨ ᠪᠦᠰᠡ ᠵᠣᠬᠢᠴᠠᠩᠭᠤᠢ᠂ ᠬᠤᠳᠠ ᠬᠥᠳᠡᠭᠡ ᠵᠢ ᠨᠢᠭᠡ ᠴᠤᠬ᠍ᠴᠠᠵᠢᠭᠤᠯᠤᠬ᠍ᠰᠠᠨ ᠬᠥᠭ᠌ᠵᠢᠯᠲᠡ ᠎ᠶ᠋ᠢᠨ ᠱᠢᠨ᠎ᠡ ᠪᠠᠢᠷᠢᠱᠢᠯ ᠎ᠢ ᠪᠦᠷᠢᠯᠳᠦᠭᠦᠯᠬᠦ ᠬᠡᠷᠡᠭ᠌ᠲᠡᠢ ᠃

— 2018 ᠣᠨ ᠎ᠤ 3 ᠰᠠᠷ᠎ᠠ ᠎ᠶ᠋ᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠩᠬᠠᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠱᠢᠨ᠎ᠡ ᠠᠵᠤ ᠦᠢᠯᠡᠰ᠂ ᠱᠢᠨ᠎ᠡ ᠬᠥᠳᠡᠯᠭᠡᠭ᠌ᠦ ᠡᠨᠧᠷᠭᠢ᠂ ᠱᠢᠨ᠎ᠡ ᠨᠡᠮᠡᠭ᠌ᠳᠡᠯ᠎ᠦᠨ ᠲᠤᠢᠯ᠎ᠢ ᠶᠡᠬᠡ ᠎ᠪᠡᠷ ᠪᠣᠢᠵᠢᠭᠤᠯᠤᠨ᠂ ᠤᠳᠤ ᠦᠶ᠎ᠡ᠎ᠶ᠋ᠢᠨ ᠲᠣᠨᠣᠭ᠍ᠯᠠᠯ ᠦᠢᠯᠡᠳᠬᠦ᠌ ᠦᠢᠯᠡᠰ᠎ᠢ ᠬᠥᠭ᠌ᠵᠢᠭᠦᠯᠵᠦ᠂ ᠬᠥᠭ᠌ᠵᠢᠯᠲᠡ᠎ᠶ᠋ᠢᠨ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠡᠯᠧᠺᠲ᠋ᠷᠣᠨ ᠮᠡᠳᠡᠭᠡ ᠵᠠᠩᠭᠢ᠂ ᠡᠨᠧᠷᠭᠢ ᠠᠷᠪᠢᠯᠠᠵᠤ ᠣᠷᠴᠢᠨ ᠠᠬᠤᠢ ᠎ᠶ᠋ᠢ ᠬᠠᠮᠠᠭᠠᠯᠠᠬᠤ ᠵᠡᠷᠭᠡ ᠱᠢᠨ᠎ᠡ ᠎ᠪᠡᠷ ᠮᠠᠨᠳᠤᠬᠰᠠᠨ ᠠᠵᠤ ᠦᠢᠯᠡᠰ᠂ ᠤᠳᠤ ᠦᠶ᠎ᠡ ᠎ᠶ᠋ᠢᠨ ᠦᠢᠯᠡᠴᠢᠯᠡᠭᠡᠨ᠎ᠦ ᠦᠢᠯᠡᠰ᠎ᠢ ᠬᠥᠭ᠌ᠵᠢᠭᠦᠯᠵᠤ᠂ ᠴᠡᠷᠢᠭ᠎ᠦᠨ ᠬᠡᠷᠡᠭ᠌ᠯᠡᠭᠡ ᠪᠠ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠬᠤ ᠠᠵᠤ ᠦᠢᠯᠡᠰ᠎ᠢ ᠬᠥᠭ᠌ᠵᠢᠭᠦᠯᠦᠨ᠂ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ ᠎ᠢ ᠨᠥᠬᠥᠪᠥᠷᠢᠯᠡᠵᠦ᠂ ᠤᠯᠤᠰ᠎ᠠᠴᠠ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠡᠬᠢ ᠪᠠᠶᠠᠯᠢᠭ᠎ᠤᠨ ᠡᠯᠧᠮᠧᠨ᠋ᠲ᠎ᠦᠨ ᠲᠤᠬᠢᠷᠠᠭᠤᠯᠤᠯᠳᠠ ᠪᠠ ᠦᠢᠯᠡᠳᠪᠦᠷᠢᠯᠡᠯ᠎ᠦᠨ ᠬᠦᠴᠦᠨ᠎ᠦ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠤ᠂ ᠲᠥᠪᠯᠡᠷᠡᠭ᠌ᠰᠡᠨ ᠡᠷᠴᠢᠮᠵᠢᠭ᠌ᠰᠡᠨ ᠬᠥᠭ᠌ᠵᠢᠯᠲᠡ᠎ᠶ᠋ᠢᠨ ᠵᠠᠮ ᠎ᠢᠶᠠᠷ ᠵᠠᠮᠨᠠᠵᠤ᠂ ᠥᠷᠢᠰᠦᠯᠳᠦᠬᠦ᠌ ᠬᠦᠴᠦᠨ ᠵᠢᠡᠷ ᠴᠢᠩᠭ᠎ᠠ ᠨᠡᠮᠡᠭ᠌ᠳᠡᠯ ᠎ᠦᠨ ᠲᠤᠢᠯ ᠎ᠢ ᠪᠦᠷᠢᠯᠳᠦᠭᠦᠯᠬᠦ ᠬᠡᠷᠡᠭᠲᠠᠢ᠃

— 2018 ᠣᠨ ᠎ᠤ 3 ᠰᠠᠷ᠎ᠠ ᠎ᠶ᠋ᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠩᠬᠠᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ ᠎ᠦᠨ ᠪᠦᠯᠬᠦᠮ ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠎ᠢ ᠰᠠᠢᠲᠤᠷ ᠬᠢᠬᠦ᠌ ᠎ᠳᠦ ᠵᠠᠩᠭᠢᠯᠠᠭ᠎ᠠ ᠨᠢ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠎ᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠎ᠢ ᠰᠠᠢᠲᠤᠷ ᠬᠢᠬᠦ᠌ ᠎ᠳᠦ ᠪᠤᠢ᠂ ᠵᠠᠩᠭᠢᠯᠠᠭ᠎ᠠ ᠨᠢ ᠶᠠᠳᠠᠭᠤ ᠬᠦᠴᠢᠷᠳᠡᠯᠲᠡᠢ ᠬᠥᠮᠦᠨ ᠠᠮᠠ ᠲᠥᠪᠯᠡᠷᠡᠭ᠌ᠰᠡᠨ ᠱᠢᠶᠠᠩ(ᠰᠤᠮᠤ)ᠲᠣᠰᠭᠣᠨ(ᠭᠠᠴᠠᠭ᠎ᠠ) ᠎ᠢ᠋ ᠶᠠᠳᠠᠭᠤ ᠡᠴᠡ ᠠᠩᠬᠢᠵᠢᠷᠠᠭᠤᠯᠬᠤ᠎ᠳᠤ ᠪᠤᠢ᠃ ᠨᠠᠩ ᠡᠷᠴᠢᠮᠳᠡᠢ ᠠᠷᠭ᠎ᠠ ᠬᠡᠮᠵᠢᠶ᠎ᠡ ᠠᠪᠴᠤ᠌᠂ ᠨᠠᠩ ᠨᠠᠷᠢᠯᠢᠭ ᠠᠵᠢᠯᠯᠠᠠ᠂ ᠶᠠᠳᠠᠭᠤ ᠬᠦᠴᠢᠷᠳᠡᠯᠲᠡᠶ ᠬᠥᠮᠦᠨ ᠠᠮᠠ ᠲᠥᠪᠯᠡᠷᠡᠭ᠌ᠰᠡᠨ ᠱᠢᠶᠠᠩ(ᠰᠤᠮᠤ) ᠲᠣᠰᠭᠣᠨ(ᠭᠠᠴᠠᠭ᠎ᠠ) ᠎ᠳ᠋ᠤ ᠠᠩᠬᠠᠷᠤᠯ᠎ᠢᠶᠠᠨ ᠲᠥᠪᠯᠡᠷᠡᠭᠦᠯᠦᠨ ᠠᠵᠤ ᠦᠶ᠋ᠯᠡᠰ᠎ᠦᠨ ᠬᠥᠭ᠌ᠵᠢᠯᠲᠡ᠂ ᠬᠦᠳᠡᠯᠮᠦᠷᠢᠯᠡᠭᠦᠯᠵᠦ ᠠᠵᠢᠯ ᠤᠯᠭᠤᠬᠤ᠂ ᠰᠠᠭᠤᠷᠢ ᠲᠥᠬᠥᠭᠡᠷᠦᠮᠵᠢ᠂ ᠣᠯᠠᠨ ᠨᠡᠢᠲᠡ ᠎ᠶ᠋ᠢᠨ ᠦᠶ᠋ᠯᠡᠴᠢᠯᠡᠭᠡ᠂ ᠡᠮ ᠡᠮᠨᠡᠯᠭᠡ ᠵᠢᠨ ᠪᠠᠲᠤᠯᠠᠪᠤᠷᠢ ᠵᠡᠷᠭᠡ ᠠᠰᠠᠭᠤᠳᠠᠯ ᠎ᠢ ᠭᠤᠤᠯᠳᠠᠯᠭ᠎ᠠ᠎ᠲᠠᠶ ᠰᠠᠢᠲᠤᠷ ᠱᠢᠶ᠋ᠳᠪᠦᠷᠢᠯᠡᠬᠦ᠌ ᠬᠡᠷᠡᠭ᠌ᠲᠡᠶ ᠬᠡᠪᠠ᠃

— 2018 ᠣᠨ ᠎ᠤ 3 ᠰᠠᠷ᠎ᠠ ᠎ᠶ᠋ᠢᠨ 5 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠨᠭᠬᠠᠲᠤᠭᠠᠷ  ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠳ᠋ᠠᠭᠠᠨ ᠴᠢᠬᠤᠯᠠᠴᠢᠯᠠᠪᠠ

ᠬᠣᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠷᠢᠮᠲᠠᠯᠠᠨ᠂ ᠤᠯᠤᠰ᠎ᠤᠨ ᠨᠤᠳᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ ᠎ᠪᠡᠷ ᠦᠨᠳᠦᠰᠦᠯᠡᠯ ᠪᠣᠯᠭᠠᠵᠤ᠂ ᠬᠣᠲᠠ ᠪᠠᠯᠭᠠᠰᠤ᠂ ᠲᠠᠷᠢᠶᠠᠯᠠᠩ᠂ ᠠᠮᠢ ᠠᠬᠤᠶ ᠎ᠶ᠋ᠢᠨ ᠣᠷᠣᠨ ᠵᠠᠶ ᠪᠠ ᠠᠮᠢ ᠠᠬᠤᠶ ᠎ᠶ᠋ᠢᠨ ᠬᠠᠮᠠᠭᠠᠯᠠᠯᠲᠠ ᠎ᠶ᠋ᠢᠨ ᠤᠯᠠᠭᠠᠨ ᠱᠤᠭᠤᠮ᠂ ᠡᠭᠦᠷᠢᠳᠡ ᠎ᠶ᠋ᠢᠨ ᠦᠨᠳᠦᠰᠦᠨ ᠲᠠᠷᠢᠶᠠᠨ ᠭᠠᠵᠠᠷ ᠎ᠤᠨ ᠬᠠᠮᠠᠭᠠᠯᠠᠯᠲᠠ ᠎ᠶ᠋ᠢᠨ ᠤᠯᠠᠭᠠᠨ ᠱᠤᠭᠤᠮ᠂ ᠬᠣᠲᠠ ᠪᠠᠯᠭᠠᠰᠤ ᠎ᠶ᠋ᠢ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ ᠎ᠢᠶᠠᠷ ᠠᠵᠤ ᠠᠬᠤᠶ ᠎ᠶ᠋ᠢᠨ ᠪᠦᠲᠦᠴᠡ᠎ᠳᠤ ᠲᠣᠬᠢᠷᠠᠭᠤᠯᠤᠯᠳᠠ ᠬᠢᠬᠦ᠂ ᠠᠵᠤ ᠦᠶ᠋ᠯᠡᠰ ᠎ᠦᠨ ᠬᠥᠭ᠌ᠵᠢᠯᠲᠡ ᠎ᠶ᠋ᠢ ᠲᠥᠯᠥᠪᠵᠢᠭᠦᠯᠬᠦ᠌᠂ ᠬᠣᠲᠠ ᠪᠠᠯᠭᠠᠰᠤᠵᠢᠯᠲᠠ ᠎ᠶ᠋ᠢ ᠠᠬᠢᠭᠤᠯᠬᠤ ᠵᠢᠨ ᠳᠠᠪᠠᠵᠤ ᠪᠣᠯᠤᠰᠢ ᠥᠬᠡᠶ ᠤᠯᠠᠭᠠᠨ ᠱᠤᠭᠤᠮ ᠪᠣᠯᠭᠠᠵᠤ᠂ ᠲᠣᠰ ᠭᠠᠵᠠᠷ ᠣᠷᠣᠨ ᠎ᠤ ᠡᠬᠢ ᠪᠠᠶᠠᠯᠢᠭ ᠎ᠤᠨ ᠣᠨᠴᠠᠯᠢᠭ᠎ᠲᠦ ᠰᠠᠭᠤᠷᠢᠯᠠᠵᠦ ᠲᠣᠰ ᠭᠠᠵᠠᠷ ᠣᠷᠣᠨ ᠎ᠤ ᠳᠠᠪᠠᠭᠤᠯᠢᠭ  ᠪᠠ ᠣᠨᠴᠠᠯᠢᠭ ᠎ᠢ ᠢᠯᠡᠷᠡᠭᠦᠯᠬᠦ᠌ ᠬᠡᠷᠡᠭ᠌ᠲᠡᠶ᠃

  — 2019 ᠣᠨ ᠎ᠤ 3 ᠰᠠᠷ᠎ᠠ ᠎ᠶ᠋ᠢᠨ 5  ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠬᠣᠶᠠᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠥᠪᠥᠷ ᠮᠣᠩᠭᠣᠯ ᠎ᠤᠨ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠎ᠶ᠋ᠢᠨ ᠨᠠᠭᠤᠷ ᠎ᠤᠨ ᠠᠮᠢ ᠠᠬᠤᠶ ᠎ᠶ᠋ᠢ ᠶᠡᠷᠦᠩᠬᠡᠢᠯᠡᠨ ᠵᠠᠰᠠᠬᠤ ᠠᠵᠢᠯ ᠎ᠢ ᠰᠠᠢᠲᠤᠷ ᠠᠳᠭᠤᠵᠤ᠂ ᠡᠪᠡᠳᠴᠢᠨ᠎ᠳᠦᠨᠢ ᠳᠤᠬᠢᠷᠠᠭᠤᠯᠤᠨ ᠡᠮ ᠬᠡᠷᠡᠭᠯᠡᠵᠦ᠂ ᠨᠠᠢᠳᠠᠪᠤᠷᠢᠵᠢᠭᠤᠯᠤᠯᠲᠠ᠎ᠶ᠋ᠢ ᠦᠨᠡᠨ ᠬᠦ᠌ ᠰᠠᠢᠲᠤᠷ ᠠᠳᠭᠤᠬᠤ ᠬᠡᠷᠡᠭ᠌ᠲᠡᠶ ᠃

—  2019 ᠣᠨ ᠎ᠤ 3 ᠰᠠᠷ᠎ᠠ ᠎ᠶ᠋ᠢᠨ 5  ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠬᠤᠶᠠᠲᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠢᠳᠡᠪᠬᠢᠲᠡᠢ ᠮᠦᠷᠳᠡᠭᠡᠨ ᠰᠠᠨᠠᠭᠠᠴᠢᠯᠠᠭ᠎ᠠ ᠎ᠠᠴᠠ ᠎ᠪᠠᠨ ᠠᠵᠢᠯᠯᠠᠵᠦ᠂ ᠣᠳᠣᠬᠠᠨ᠎ᠳᠤ ᠰᠠᠭᠤᠷᠢᠯᠠᠬᠤ ᠪᠡᠷ ᠪᠠᠷᠠᠬᠤ ᠦᠭᠡᠢ ᠠᠯᠤᠰ ᠬᠡᠳᠦ ᠵᠢ ᠪᠤᠳᠤᠯᠬᠢᠯᠠᠨ᠂ ᠴᠢᠬᠤᠯᠠ ᠶᠡᠬᠡ ᠲᠥᠷᠥᠯ ᠵᠦᠢᠯ ᠎ᠦᠨ ᠪᠦᠲᠦᠭᠡᠨ ᠪᠠᠢᠭᠤᠯᠤᠯᠲᠠ ᠎ᠶ᠋ᠢ ᠠᠬᠢᠭᠤᠯᠬᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠥᠭ᠌ᠵᠢᠯᠲᠡ᠎ᠶ᠋ᠢ ᠳᠡᠮᠵᠢᠬᠦ᠂ᠠᠵᠤ ᠦᠢᠯᠡᠰ᠎ᠦᠨ ᠪᠦᠲᠦᠴᠡ᠎ᠶ᠋ᠢᠨ ᠲᠣᠬᠢᠷᠠᠭᠤᠯᠤᠯᠲᠠ ᠎ᠶ᠋ᠢ ᠲᠦᠷᠭᠡᠳᠭᠡᠬᠦ᠂ ᠦᠨᠳᠦᠰᠦᠨ ᠱᠠᠲᠤᠨ ᠎ᠤ ᠵᠠᠰᠠᠯᠲᠠ ᠎ᠶ᠋ᠢᠨ ᠴᠢᠳᠠᠪᠤᠷᠢ ᠎ᠶ᠋ᠢ ᠳᠡᠭᠡᠭ᠌ᠰᠢᠯᠡᠭᠦᠯᠬᠦ᠌ ᠵᠡᠷᠭᠡ ᠲᠠᠯ᠎ᠠ ᠎ᠪᠠᠷ ᠲᠤᠰᠠ ᠨᠡᠮᠡᠷᠢ ᠳᠠᠢ ᠠᠷᠭ᠎ᠠ ᠬᠡᠮᠵᠢᠶ᠎ᠡ ᠭᠠᠷᠭᠠᠵᠦ᠂ ᠤᠨᠴᠠᠭᠠᠢᠯᠠᠨ ᠳᠤᠮᠳᠠ ᠤᠷᠳᠤ ᠬᠤᠭᠤᠴᠠᠭᠠᠨ ᠎ᠤ ᠪᠠᠢᠯᠳᠤᠬᠤ ᠪᠤᠳᠤᠯᠭ᠎ᠠ ᠎ᠶ᠋ᠢᠨ ᠡᠭᠦᠷᠭᠡ  ᠪᠠ ᠪᠠᠢᠯᠳᠤᠬᠤ ᠪᠤᠳᠤᠯᠭ᠎ᠠ᠎ᠶ᠋ᠢᠨ ᠪᠠᠢᠷᠢᠰᠢᠭᠤᠯᠤᠯᠲᠠ᠎ᠶ᠋ᠢ ᠰᠤᠳᠤᠯᠤᠨ ᠲᠥᠯᠥᠪᠯᠡᠵᠤ᠂ ᠴᠢᠨᠠᠷ ᠰᠠᠢᠲᠠᠶ ᠬᠥᠭ᠌ᠵᠢᠯᠲᠡ᠂ ᠥᠨᠳᠥᠷ ᠪᠦᠲᠦᠮᠵᠢᠲᠡᠶ ᠵᠠᠰᠠᠯᠳᠠ ᠵᠢ ᠬᠦᠲᠤᠯᠤᠨ ᠲᠠᠭᠠᠭᠤᠯᠬᠤ ᠴᠢᠨᠠᠷᠲᠠᠶ ᠴᠢᠬᠤᠯᠠ ᠶᠡᠬᠡ ᠲᠥᠯᠥᠪᠵᠢᠭᠦᠯᠭᠡ᠂ ᠴᠢᠬᠤᠯᠠ ᠶᠡᠬᠡ ᠥᠭᠡᠷᠡᠴᠢᠯᠡᠯᠲᠡ᠂ ᠴᠢᠬᠤᠯᠠ ᠶᠡᠬᠡ ᠲᠦᠷᠦ᠍ ᠎ᠶ᠋ᠢᠨ ᠪᠤᠳᠦᠯᠭ᠎ᠠ᠎ᠶ᠋ᠢ ᠬᠠᠨᠳᠤᠯᠭᠠᠲᠤ ᠴᠢᠨᠠᠷᠲᠠᠶ ᠎ᠪᠠᠷ ᠪᠠᠢᠷᠢᠯᠠᠭᠤᠯᠤᠨ᠂ ᠬᠢᠮᠤᠷᠠᠯ᠎ᠢ ᠠᠷᠭᠠᠴᠠᠭᠠᠬᠤ ᠳᠤᠮᠳᠠ ᠠᠵᠢᠯ ᠎ᠤᠨ ᠰᠠᠨᠠᠭᠠᠴᠢᠯᠠᠭᠠᠲᠤ ᠡᠷᠬᠡ ᠎ᠶ᠋ᠢ ᠠᠳᠬᠤᠨ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠳᠠᠢᠨ᠎ᠢ ᠰᠠᠢᠲᠤᠷ ᠬᠢᠬᠦ ᠬᠡᠷᠡᠭᠲᠠᠢ᠃

— 2020 ᠣᠨ ᠎ᠤ 5 ᠰᠠᠷ᠎ᠠ ᠎ᠶ᠋ᠢᠨ 22  ᠤ᠋ᠨ ᠡᠳᠦᠷ ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠳ᠋ᠠᠭᠠᠨ ᠴᠢᠬᠤᠯᠠᠴᠢᠯᠠᠪᠠ

ᠠᠮᠢ ᠠᠬᠤᠶ ᠎ᠶ᠋ᠢᠨ ᠪᠣᠯᠪᠠᠰᠤᠨ ᠎ᠤ ᠪᠠᠢᠭᠤᠯᠤᠯᠲᠠ ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ ᠎ᠶ᠋ᠢᠨ ᠲᠣᠭ᠍ᠲᠠᠯ ᠬᠦᠴᠦᠨ ᠵᠢᠡᠨ ᠪᠠᠲᠤᠯᠠᠵᠤ᠂ ᠠᠮᠢ ᠠᠬᠤᠶ ᠎ᠶ᠋ᠢ ᠤᠷᠢᠳ ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ ᠤᠳᠤᠷᠢᠳᠤᠮᠵᠢ᠎ᠶ᠋ᠢ ᠪᠠᠲᠤ ᠪᠣᠶ ᠪᠣᠯᠭᠠᠵᠤ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠡᠬᠡ ᠤᠯᠤᠰ ᠎ᠤᠨ ᠤᠮᠠᠷᠠᠲᠤ ᠎ᠶ᠋ᠢᠨ ᠡᠨᠡ ᠬᠦ᠌ ᠲᠦᠮᠡᠨ ᠭᠠᠵᠠᠷ ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ ᠎ᠢ ᠨᠠᠩ ᠪᠠᠲᠤ ᠪᠠᠬᠢ ᠴᠣᠭ᠍ᠴᠠᠯᠠᠬᠤ ᠬᠡᠷᠡᠭ᠌ᠲᠡᠶ᠃

—  2020 ᠣᠨ ᠎ᠤ 5 ᠰᠠᠷ᠎ᠠ ᠎ᠶ᠋ᠢᠨ 22  ᠤ᠋ᠨ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠥᠪᠥᠷ ᠮᠣᠩᠭᠣᠯ ᠭᠠᠵᠠᠷ ᠨᠤᠳᠤᠭ ᠠᠭᠤᠳᠠᠮ ᠬᠥᠮᠦᠨ ᠴᠥᠭᠡᠨ᠂ ᠮᠠᠯᠴᠢᠨ ᠲᠠᠷᠢᠶᠠᠴᠢᠳ ᠨᠡᠯᠢᠶᠡᠳ ᠲᠠᠷᠠᠬᠠᠶ ᠪᠤᠲᠠᠷᠬᠠᠶ ᠰᠠᠭᠤᠷᠢᠰᠢᠨ ᠠᠮᠢᠳᠤᠷᠠᠵᠦ᠂ ᠠᠮᠢ ᠠᠬᠤᠶ ᠣᠷᠴᠢᠨ ᠲᠣᠭᠣᠷᠢᠨ ᠬᠡᠪᠡᠷᠡᠭ ᠪᠠᠢᠵᠤ᠂ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠦᠷ᠎ᠡ ᠪᠦᠲᠦᠭᠡᠯ ᠵᠢᠡᠨ  ᠪᠡᠬᠢᠵᠢᠭᠦᠯᠦᠨ ᠥᠷᠭᠡᠳᠭᠡᠬᠦ᠌᠂ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠲᠠᠯ᠎ᠠ᠎ᠪᠠᠷ ᠬᠦᠴᠢᠷᠳᠡᠯ ᠶᠡᠬᠡ ᠥᠷᠢᠰᠥᠯᠳᠦᠭᠡᠨ ᠣᠯᠠᠨ ᠪᠠᠢᠨ᠎ᠡ᠂ ᠬᠡᠪᠴᠢᠶᠡᠵᠢᠯ ᠎ᠦᠨ ᠴᠢᠨᠠᠷᠲᠠᠶ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠣᠷᠢᠭ᠎ᠠ ᠱᠤᠭᠤᠮ ᠎ᠢ ᠪᠠᠳᠤ ᠰᠠᠬᠢᠬᠤ ᠬᠡᠷᠡᠭᠲᠠᠢ᠃ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ᠎ᠢ ᠬᠥᠭ᠌ᠵᠢᠭᠦᠯᠵᠦ᠍᠂ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ᠎ᠶ᠋ᠢ ᠬᠥᠭ᠌ᠵᠢᠭᠦᠯᠵᠦ᠍᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠲᠡ᠂ ᠨᠡᠷᠡᠲᠦ ᠲᠡᠮᠳᠡᠭ᠌ᠵᠢᠯᠲᠡ᠎ᠶ᠋ᠢ ᠠᠬᠢᠭᠤᠯᠬᠤ᠎ᠶ᠋ᠢᠨ ᠬᠠᠮᠲᠤ ᠰᠣᠶᠣᠯ ᠵᠢᠭᠤᠯᠴᠢᠯᠠᠯ᠂ ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠬᠦ᠌ ᠎ᠲᠡᠶ ᠤᠶᠠᠯᠳᠤᠭᠤᠯᠵᠤ᠂ ᠮᠠᠯᠴᠢᠨ ᠲᠠᠷᠢᠶᠠᠴᠢᠨ ᠎ᠤ ᠣᠷᠣᠯᠭ᠎ᠠ ᠎ᠶ᠋ᠢ ᠨᠡᠮᠡᠭ᠌ᠳᠡᠭᠦᠯᠬᠦ᠌ ᠬᠡᠷᠡᠭ᠌ᠲᠡᠢ᠃

— 2021 ᠣᠨ ᠎ᠤ 3 ᠰᠠᠷ᠎ᠠ ᠎ᠶ᠋ᠢᠨ 5  ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠳᠥᠷᠪᠡᠳᠦᠭᠡᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠎ᠶ᠋ᠢ ᠱᠢᠰᠲ᠋ᠧᠮ ᠎ᠲᠡᠶ ᠪᠡᠷ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ ᠎ᠢ ᠰᠠᠢᠲᠤᠷ ᠬᠡᠷᠡᠭ᠌ᠵᠢᠭᠦᠯᠤᠨ᠂ ᠠᠮᠢ ᠠᠬᠤᠶ ᠎ᠶ᠋ᠢᠨ ᠱᠢᠰᠲ᠋ᠧᠮ ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠠᠮᠢ ᠠᠬᠤᠶ ᠎ᠶ᠋ᠢᠨ ᠱᠢᠰᠲ᠋ᠧᠮ ᠎ᠦᠨ ᠲᠣᠭ᠍ᠲᠠᠪᠤᠷᠢᠲᠤ ᠴᠢᠨᠠᠷ ᠪᠠ ᠳᠠᠭᠠᠭᠠᠮᠠᠭᠠᠢ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃

— 2021 ᠣᠨ ᠎ᠤ 3 ᠰᠠᠷ᠎ᠠ ᠎ᠶ᠋ᠢᠨ 5  ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠳᠥᠷᠪᠡᠳᠦᠭᠡᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠢ ᠪᠦᠬᠦ᠌ ᠲᠠᠯ᠎ᠠ ᠎ᠪᠠᠷ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠢ᠃ ᠦᠨᠳᠦᠰᠦᠲᠡᠨ᠎ᠨᠦᠭᠦᠳ ᠎ᠦᠨ ᠺᠠᠳ᠋ᠷ ᠤᠯᠠᠨ ᠲᠦᠮᠡᠨ᠎ᠦ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ᠎ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠬᠥᠮᠦᠵᠢᠯ᠎ᠡᠴᠡ ᠭᠠᠷᠳᠠᠨ ᠠᠳᠭᠤᠵᠤ᠂ ᠥᠷᠭᠡᠨ ᠤᠯᠠᠨ ᠺᠠᠳ᠋ᠷ ᠤᠯᠠᠨ ᠲᠦᠮᠡᠨ ᠎ᠢ ᠬᠦᠳᠦᠯᠦᠨ ᠳᠠᠭᠠᠭᠤᠯᠵᠦ ᠪᠠᠢᠭᠠᠳ ᠨᠠᠮ ᠎ᠤᠨ ᠦᠨᠳᠦᠰᠦᠲᠡᠨ ᠎ᠦ ᠲᠦᠷᠦ᠍᠎ᠶ᠋ᠢᠨ ᠪᠤᠳᠤᠯᠭ᠎ᠠ ᠎ᠶ᠋ᠢ ᠪᠦᠬᠦ᠌ ᠲᠠᠯ᠎ᠠ ᠎ᠪᠠᠷ ᠤᠢ᠍ᠢᠯᠠᠭᠠᠵᠤ᠂ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ ᠎ᠤ ᠦᠵᠡᠯᠲᠡ ᠎ᠶ᠋ᠢ ᠪᠤᠢ ᠪᠣᠯᠭᠠᠨ᠂ ᠡᠯ᠎ᠡ ᠵᠦᠢᠯ᠎ᠦᠨ ᠪᠤᠷᠤᠭᠤ ᠦᠵᠡᠯ ᠰᠠᠨᠠᠭ᠎ᠠ ᠦᠵᠡᠯᠲᠡ ᠎ᠶ᠋ᠢ ᠲᠤᠭ ᠳᠡᠮᠳᠡᠭ ᠲᠣᠳᠣᠷᠬᠠᠢ ᠎ᠪᠠᠷ ᠡᠰᠡᠷᠭᠦᠴᠡᠵᠦ᠍᠂ 《ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠢᠶᠠᠨ ᠪᠦᠳᠦᠭᠡᠨ ᠪᠠᠢᠭᠤᠯᠵᠤ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠬᠠᠮᠲᠤ ᠎ᠪᠠᠷ ᠲᠡᠷᠭᠡᠯᠱᠢᠭᠦᠯᠬᠦ᠌》 ᠬᠠᠮᠲᠤᠷᠠᠯ ᠬᠦᠴᠦᠨ ᠎ᠢ ᠨᠢᠭ᠍ᠲᠠᠷᠠᠭᠤᠯᠬᠤ ᠬᠡᠷᠡᠭ᠌ᠲᠡᠢ᠃

— 2021 ᠣᠨ ᠎ᠤ 3 ᠰᠠᠷ᠎ᠠ ᠎ᠶ᠋ᠢᠨ 5 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠲᠦᠷᠪᠡᠳᠦᠭᠡᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ ᠎ᠦᠨ ᠪᠦᠯᠬᠦᠮ ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ ᠴᠢᠬᠤᠯᠠᠴᠢᠯᠠᠪᠠ

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠱᠠᠭᠠᠷᠳᠠᠯᠭ᠎ᠠ᠎ᠶ᠋ᠢ ᠪᠦᠬᠦ᠌ ᠣᠷᠣᠨ᠎ᠤ ᠲᠡᠦᠬᠡ ᠰᠣᠶᠣᠯ᠎ᠤᠨ ᠤᠬᠠᠭᠤᠯᠭ᠎ᠠ ᠬᠥᠮᠦᠵᠢᠯ᠂ ᠤᠯᠠᠨ ᠨᠡᠢᠲᠡ᠎ᠶ᠋ᠢᠨ ᠰᠣᠶᠣᠯ᠎ᠤᠨ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠬᠤᠳᠠ᠎ᠶ᠋ᠢᠨ ᠪᠡᠯᠭᠡ ᠲᠡᠮᠳᠡᠭ᠎ᠦᠨ ᠴᠢᠨᠠᠷᠲᠠᠢ ᠪᠠᠷᠢᠯᠭ᠎ᠠ᠎ᠶ᠋ᠢᠨ ᠪᠦᠳᠦᠭᠡᠨ ᠪᠠᠢᠭᠤᠯᠤᠯᠲᠠ᠂ ᠵᠢᠭᠤᠯᠴᠢᠯᠠᠯ᠎ᠤᠨ ᠦᠵᠡᠮᠵᠢ᠎ᠲᠡᠯᠭᠡᠨ ᠦᠵᠡᠭᠦᠯᠭᠡ ᠵᠡᠷᠭᠡ ᠬᠣᠯᠪᠣᠭ᠍ᠳᠠᠯ ᠪᠦᠬᠦᠢ ᠲᠠᠯ᠎ᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠰᠣᠶᠣᠯ ᠪᠣᠯᠤᠨ ᠲᠤᠰ ᠦᠨᠳᠦᠰᠦᠲᠡᠨ᠎ᠦ ᠰᠣᠶᠣᠯ᠎ᠤᠨ ᠬᠠᠷᠢᠴᠠᠭ᠎ᠠ᠎ᠶ᠋ᠢ ᠵᠥᠪ ᠱᠢᠢᠳᠪᠦᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠦᠵᠡᠯ ᠰᠠᠨᠠᠭ᠎ᠠ ᠰᠣᠶᠣᠯ᠎ᠤᠨ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ᠃

— 2022 ᠤᠨ ᠤ᠋ 3 ᠰᠠᠷ᠎ᠠ ᠵᠢᠨ 5 ᠤ᠋ ᠡᠳᠦᠷ᠂  ᠶᠡᠷᠦᠩᠭᠡᠢ ᠱᠦᠵᠢ ᠰᠢ ᠵᠢᠨ ᠫᠢᠡᠭ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠸ᠋ ᠤᠷᠤᠯᠴᠠᠬᠤ ᠳ᠋ᠠᠭᠠᠨ ᠴᠢᠬᠤᠯᠠᠴᠢᠯᠠᠪᠠ

ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯ᠎ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠨᠡᠭᠦᠷᠡᠰᠦ ᠡᠯᠪᠡᠭ᠂ ᠴᠢᠯᠠᠭᠤᠨ ᠲᠤᠰᠤ ᠴᠥᠭᠡᠨ᠂ ᠱᠢᠲᠠᠮᠠᠬᠠᠢ ᠬᠡᠢ ᠪᠠᠭ᠎ᠠ ᠪᠠᠢᠬᠤ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠵᠦ᠂ ᠤᠯᠤᠰ᠎ᠤᠨ《ᠬᠣᠣᠰ ᠨᠡᠭᠦᠷᠡᠰᠦᠲᠥ᠋ᠷᠥᠭ᠌ᠴᠢ》᠎ᠶ᠋ᠢᠨ ᠠᠵᠢᠯ᠎ᠤᠨ ᠲᠥᠯᠥᠪᠵᠢᠭᠦᠯᠭᠡ᠎ᠶ᠋ᠢᠨ ᠪᠠᠢᠷᠢᠯᠠᠭᠤᠯᠤᠯᠲᠠ ᠶᠣᠰᠣᠭᠠᠷ᠂ ᠱᠢᠰᠲ᠋ᠧᠮ᠎ᠦᠨ ᠦᠵᠡᠯᠲᠡ᠎ᠪᠡᠨ ᠴᠢᠩᠭᠠᠳᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠠᠷᠢᠮᠲᠠᠯᠠᠵᠤ᠂ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢᠨ ᠬᠡᠮᠵᠢᠶ᠎ᠡ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢᠨ ᠬᠡᠮᠵᠢᠶ᠎ᠡ ᠵᠢ ᠪᠠᠭᠤᠷᠠᠭᠤᠯᠬᠤ᠎ᠶ᠋ᠢᠨ ᠬᠠᠮᠲᠤ ᠡᠨᠧᠷᠭᠢ᠎ᠶ᠋ᠢᠨ ᠠᠮᠤᠷ ᠲᠦᠪᠱᠢᠨ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠵᠤ᠂ ᠤᠯᠠᠨ ᠲᠦᠮᠡᠨ᠎ᠦ ᠬᠡᠪ᠎ᠦᠨ ᠠᠮᠢᠳᠤᠷᠠᠯ᠎ᠢ ᠪᠠᠲᠤᠯᠠᠵᠦ᠂ ᠪᠣᠳᠠᠲᠠᠢ᠎ᠡᠴᠡ ᠰᠠᠯᠵᠤ᠂ ᠠᠮᠵᠢᠯᠲᠠ ᠤᠯᠬᠤ᠎ᠪᠠᠷ ᠶᠠᠭᠠᠷᠠᠵᠤ ᠪᠣᠯᠬᠤ ᠦᠭᠡᠢ᠃

— 2022 ᠤᠨ ᠤ᠋ 3 ᠰᠠᠷ᠎ᠠ ᠵᠢᠨ 5 ᠤ᠋ ᠡᠳᠦᠷ᠂ ᠶᠡᠷᠦᠩᠭᠡᠢ ᠱᠦᠵᠢ ᠰᠢ ᠵᠢᠨ ᠫᠢᠡᠭ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠸ᠋ ᠤᠷᠤᠯᠴᠠᠬᠤ ᠳ᠋ᠠᠭᠠᠨ ᠴᠢᠬᠤᠯᠠᠴᠢᠯᠠᠪᠠ


ᠤᠷᠢᠬᠠᠨ ᠬᠠᠪᠤᠷ ᠤᠮᠠᠷᠠᠲᠤ ᠬᠢᠯᠢ᠎ᠳᠦ ᠰᠠᠭᠠᠲᠠᠯ᠎ᠠ 


《 ᠬᠡᠦᠬᠡᠳ᠎ᠦᠨ ᠢᠷᠡᠭᠡᠳᠦᠢ ᠯᠠᠪᠲᠠᠢ ᠨᠡᠩ  ᠬᠡᠬᠡᠨ ᠰᠠᠷᠠᠭᠤᠯ ᠪᠣᠯᠬᠤ ᠶᠤᠮ! 》

ᠡᠨᠡ ᠬᠣᠶᠠᠷ ᠡᠳᠦᠷ᠂ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭᠠᠭᠤᠯᠢ ᠰᠤᠷᠭᠠᠭᠤᠯᠢ ᠡᠬᠢᠯᠡᠬᠦ᠌ ᠤᠯᠠᠷᠢᠯ᠎ᠢᠶᠠᠨ ᠤᠭ᠍ᠲᠤᠨ ᠠᠪᠤᠯ᠎ᠠ᠃ ᠪᠤᠭᠤᠲᠤ ᠬᠤᠳᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠰᠤᠷᠤᠬ᠍ᠴᠢ᠎ᠶ᠋ᠢᠨ ᠭᠡᠷ᠎ᠦᠨ ᠠᠬᠠᠮᠠᠳ ᠲᠤᠶᠠᠭ᠎ᠠ ᠰᠤᠷᠪᠤᠯᠵᠢᠯᠠᠭ᠍ᠴᠢ ᠎ᠳᠤ ᠂ ᠬᠡᠦᠬᠡᠳ ᠪᠠᠭ᠎ᠠ ᠰᠤᠷᠭᠠᠭᠤᠯᠢ ᠎ᠶ᠋ᠢᠨ ᠭᠤᠷᠪᠠᠳᠤᠭᠠᠷ ᠣᠨ ᠪᠠᠢᠬᠤ᠎ᠳᠤ ᠳᠠᠷᠤᠢ  ᠬᠢᠲᠠᠳ ᠬᠡᠯᠡᠨ᠎ᠦ ᠵᠣᠬᠢᠶᠠᠨ ᠪᠢᠴᠢᠯᠭᠡ ᠎ᠶ᠋ᠢᠨ ᠳᠤᠷ᠎ᠠ ᠰᠣᠨᠢᠷᠬᠠᠯ ᠎ᠤᠨ ᠠᠩᠭᠢ ᠎ᠳᠤ ᠨᠡᠷ᠎ᠡ ᠮᠡᠳᠡᠭᠦᠯᠵᠦ᠍᠂ ᠤᠯᠤᠰ ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠭ᠌ᠰᠡᠨ᠎ᠡᠴᠡ ᠨᠠᠭᠠᠰᠢ᠂ ᠬᠡᠦᠬᠡᠳ ᠳᠤᠷ᠎ᠠ ᠰᠣᠨᠢᠷᠬᠠᠯ ᠎ᠤᠨ ᠠᠩᠭᠢ᠎ᠳᠤ ᠣᠴᠢᠬᠤ ᠴᠢᠬᠤᠯᠠ ᠦᠭᠡᠢ ᠪᠣᠯᠵᠠᠢ᠂ ᠤᠴᠢᠷ ᠨᠢ ᠰᠤᠷᠭᠠᠭᠤᠯᠢ᠎ᠳᠤ ᠪᠠᠢᠪᠠᠯ ᠳᠠᠷᠤᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠵᠤ ᠴᠢᠳᠠᠨ᠎ᠠ ᠭᠡᠵᠦ᠍ ᠬᠡᠯᠡᠪᠡ᠃ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠪᠠᠯ᠂ ᠬᠣᠢᠱᠢᠳᠠ ᠰᠤᠷᠭᠠᠭᠤᠯᠢ ᠳᠡᠪᠱᠢᠬᠦ᠌᠂ ᠠᠵᠢᠯ ᠤᠯᠬᠤ ᠠᠷᠭ᠎ᠠ ᠵᠠᠮ ᠨᠡᠩ ᠥᠷᠭᠡᠨ ᠪᠤᠯᠵᠤ᠂ ᠬᠡᠦᠬᠡᠳ᠎ᠦᠨ ᠢᠷᠡᠬᠡᠲᠥᠢ ᠯᠠᠪᠲᠠᠢ ᠨᠡᠩ  ᠬᠡᠬᠡᠨ  ᠰᠠᠷᠠᠭᠤᠯ   ᠪᠣᠯᠬᠤ ᠶᠤᠮ!》 ᠭᠡᠵᠦ᠍ ᠲᠤᠶᠠᠭ᠎ᠠ ᠢᠲᠡᠭᠡᠯ ᠲᠡᠭᠦᠯᠳᠡᠷ ᠬᠡᠯᠡᠨ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ ᠎ᠦᠨ ᠲᠢᠩᠬᠢᠮ ᠵᠡᠷᠭᠡ ᠲᠦᠷᠪᠡᠨ ᠰᠠᠯᠠᠭ᠎ᠠ ᠮᠥᠴᠢᠷ ᠬᠠᠮᠲᠤᠷᠠᠨ 《ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ᠎ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ ᠎ᠤᠨ ᠪᠠᠭ᠍ᠰᠢ ᠎ᠶ᠋ᠢᠨ ᠡᠩᠨᠡᠭᠡᠨ ᠎ᠦ ᠪᠠᠢᠭᠤᠯᠤᠯᠲᠠ ᠎ᠶ᠋ᠢ ᠴᠢᠩᠭᠠᠳᠭᠠᠬᠤ ᠲᠤᠬᠠᠢ ᠠᠯᠢ ᠤᠯᠠᠨ ᠠᠷᠭ᠎ᠠ ᠬᠡᠮᠵᠢᠢ᠎ᠡ》 ᠎ᠢ᠋ᠢ ᠳᠠᠷᠤᠮᠠᠯᠯᠠᠨ ᠲᠠᠷᠬᠠᠭᠠᠵᠤ᠂ ᠪᠠᠭ᠍ᠰᠢ ᠎ᠶ᠋ᠢᠨ ᠡᠩᠨᠡᠭᠡᠨ ᠎ᠦ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌᠂ ᠴᠢᠨᠠᠷ ᠰᠠᠢᠲᠠᠢ ᠪᠠᠭ᠍ᠰᠢ᠎ᠶ᠋ᠢᠨ ᠡᠩᠨᠡᠭᠡ᠎ᠶ᠋ᠢ ᠨᠥᠭᠡᠴᠡᠯᠡᠬᠦ᠌ ᠵᠡᠷᠭᠡ 4 ᠲᠠᠯ᠎ᠠ ᠎ᠪᠠᠷ 13 ᠵᠤᠷᠪᠤᠰ ᠪᠣᠳᠠᠲᠠᠢ ᠠᠷᠭ᠎ᠠ ᠬᠡᠮᠵᠢᠢ᠎ᠡ ᠳᠤᠷᠠᠳᠴᠠᠢ᠃ ᠡᠭᠦᠨ ᠎ᠦ ᠬᠠᠮᠲᠤ᠂ ᠰᠤᠷᠭᠠᠨ ᠬᠥᠮᠦᠵᠢᠯ ᠎ᠦᠨ ᠶᠠᠮᠤᠨ ᠎ᠤ ᠳᠡᠮᠵᠢᠯᠭᠡ ᠎ᠶ᠋ᠢ ᠢᠳᠡᠪᠬᠢᠳᠡᠢ ᠴᠢᠷᠮᠠᠢᠨ ᠣᠯᠵᠤ᠂ ᠣᠷᠣᠨ ᠎ᠤ ᠳᠣᠲᠣᠷ᠎ᠠ ᠭᠠᠳᠠᠨᠠᠬᠢ ᠵᠢᠨ 20 ᠪᠠᠭ᠍ᠰᠢ ᠎ᠶ᠋ᠢᠨ ᠲᠥᠷᠥᠯ ᠎ᠦᠨ ᠲᠤᠰᠭᠠᠶ ᠮᠡᠷᠭᠡᠵᠢᠯ᠎ᠦᠨ ᠰᠤᠷᠭᠠᠭᠤᠯᠢ ᠎ᠶ᠋ᠢ ᠵᠣᠬᠢᠶᠠᠨ ᠪᠠᠢᠭᠤᠯᠤᠨ 12 ᠠᠢᠮᠠᠭ ᠬᠣᠲᠠ᠎ᠲᠠᠶ ᠬᠡᠰᠡᠭ ᠬᠤᠪᠢᠶᠠᠨ ᠳᠠᠭᠠᠭᠠᠴᠢᠯᠠᠨ ᠬᠣᠯᠪᠣᠭᠠᠯᠠᠵᠤ᠂ ᠱᠢᠰᠲ᠋ᠧᠮ᠎ᠲᠡᠶ᠂ ᠨᠠᠷᠢᠨ ᠨᠢᠮᠪᠠᠶ᠂ ᠲᠠᠰᠤᠯᠳᠠᠭᠤᠯᠤᠯ ᠦᠭᠡᠶ ᠪᠣᠯᠪᠠᠰᠤᠷᠠᠯ ᠥᠷᠨᠢᠭᠦᠯᠵᠦ᠂ ᠰᠠᠭᠤᠷᠢ ᠎ᠪᠠᠷ ᠨᠡᠯᠢᠶᠡᠳ ᠠᠨᠠᠢ ᠬᠡᠰᠡᠭ ᠭᠤᠷᠪᠠᠨ ᠲᠥᠷᠥᠯ ᠎ᠦᠨ ᠬᠢᠴᠢᠶᠡᠯ ᠤ᠋ᠨ ᠪᠠᠭ᠍ᠰᠢ ᠴᠤ᠌ ᠵᠢᠭᠠᠨ ᠰᠤᠷᠭᠠᠬᠤ ᠠᠵᠢᠯ ᠎ᠵᠢᠡᠨ ᠪᠦᠷᠢᠮᠦᠰᠦᠨ ᠡᠭᠦᠷᠭᠡᠯᠡᠵᠦ᠍ ᠳᠡᠢᠯᠬᠦ᠌ ᠪᠣᠯᠭᠠᠪᠠ᠃ 

ᠱᠢᠯᠢᠩᠬᠣᠲᠠ ᠎ᠶ᠋ᠢᠨ ᠳᠠᠪᠱᠢᠯᠲᠤ ᠨᠡᠢᠭᠡᠮ ᠲᠣᠭᠣᠷᠢᠭ ᠪᠣᠯ ᠮᠣᠩᠭᠣᠯ ᠦᠨᠳᠦᠰᠦᠲᠡᠨ᠂ ᠬᠢᠲᠠᠳ ᠦᠨᠳᠦᠰᠦᠲᠡᠨ᠂ ᠬᠣᠲᠣᠩ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ 9 ᠦᠨᠳᠦᠰᠦᠲᠡᠨ ᠎ᠢᠶᠡᠷ ᠪᠦᠷᠢᠯᠳᠦᠭ᠌ᠰᠡᠨ ᠣᠯᠠᠨ ᠦᠨᠳᠦᠰᠦᠲᠡᠨ ᠲᠠᠢ ᠨᠡᠢᠭᠡᠮ ᠲᠣᠭᠣᠷᠢᠭ ᠶᠤᠮ᠂ ᠵᠢᠯ ᠪᠦᠷᠢ ᠶᠠᠪᠤᠬᠳᠠᠬᠤ ᠤᠯᠠᠮᠵᠢᠯᠠᠯᠲᠤ ᠨᠠᠭᠠᠳᠤᠮ᠂ ᠬᠠᠮᠲᠤ ᠎ᠶ᠋ᠢᠨ ᠭᠠᠯ ᠲᠠᠬᠢᠯᠭ᠎ᠠ ᠎ᠶ᠋ᠢᠨ ᠶᠣᠰᠣᠯᠠᠯ ᠵᠡᠷᠭᠡ ᠦᠨᠳᠦᠰᠦᠲᠡᠨ ᠎ᠦ ᠣᠨᠴᠠᠯᠢᠭ ᠪᠥᠬᠥᠶ  ᠤᠯᠠᠮᠵᠢᠯᠠᠯᠲᠤ ᠠᠵᠢᠯᠯᠠᠭ᠎ᠠ ᠎ᠳᠤ ᠨᠡᠢᠭᠡᠮ ᠲᠣᠭᠣᠷᠢᠭ ᠎ᠤᠨ ᠪᠦᠬᠦ ᠰᠠᠭᠤᠭᠠᠯᠢ ᠠᠷᠠᠳ ᠴᠥᠮ ᠢᠳᠡᠪᠬᠢᠲᠡᠶ ᠤᠷᠤᠯᠴᠠᠵᠤ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃

ᠣᠢᠷ᠎ᠠ ᠎ᠶ᠋ᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠤᠬᠠᠮᠰᠠᠷ ᠎ᠠᠴᠠ᠎ᠪᠠᠨ ᠡᠭᠦᠷᠭᠡᠯᠡᠨ ᠰᠠᠢᠲᠤᠷ ᠭᠦᠶ᠋ᠴᠡᠳᠭᠡᠵᠦ᠍ ᠂ ᠦᠨᠳᠦᠰᠦᠲᠡᠨ᠎ᠦ ᠪᠦᠯᠬᠦᠮᠳᠡᠯ ᠎ᠦᠨ ᠶᠡᠬᠡ ᠲᠠᠯ᠎ᠠ  ᠶ᠋ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠵᠦ᠍ ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠢᠶᠠᠨ ᠪᠥᠲᠥᠭᠡᠨ ᠪᠠᠢᠭᠤᠯᠵᠤ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠬᠠᠮᠲᠤ ᠎ᠪᠠᠷ ᠲᠡᠷᠭᠡᠯᠱᠢᠭᠦᠯᠬᠦ᠌》 ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃


QQ截图20220308091356.png


ᠡᠬᠡ  ᠤᠯᠤᠰ ᠤ᠋ᠨ ᠢᠷᠡᠭᠡᠳᠦᠢ ᠵᠢ ᠬᠦᠮᠦᠵᠢᠬᠦᠯᠦᠨ᠎ᠠ᠃ 

ᠰᠤᠷᠪᠤᠯᠵᠢᠯᠠᠬᠴᠢ  ᠸᠠᠡᠭ ᠯᠸᠢ  ᠰᠡᠬᠦᠳᠡᠷᠯᠡᠪᠡ


ᠨᠡᠭᠦᠷᠡᠰᠦᠨ ᠤ᠋ ᠦᠨᠡᠰᠦ ᠎ᠶ᠋ᠢ 《ᠬᠤᠭ ᠦᠭᠡᠢ ᠠᠰᠢᠭᠯᠠᠳᠠᠭ》 ᠭᠠᠢᠬᠠᠮᠱᠢᠭ᠍ᠲᠤ ᠠᠵᠤ ᠦᠶ᠋ᠯᠡᠳᠪᠦᠷᠢ ᠎ᠶ᠋ᠢᠨ ᠬᠦᠷᠢᠶᠡᠯᠡᠩ

ᠴᠠᠭᠠᠨ ᠰᠠᠷ᠎ᠠ ᠥᠩᠭᠡᠷᠡᠮᠡᠭ᠌ᠴᠡ᠂ ᠣᠷᠳᠣᠰ᠎ᠤᠨ ᠳ᠋ᠠ ᠯᠦ᠍ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠬᠥᠷ ᠬᠥᠭ᠌ᠵᠢᠶᠡᠨ᠎ᠲᠡᠶ ᠪᠣᠯᠪᠠ᠃《ᠬᠦᠷᠢᠶᠡᠯᠡᠩ ᠲᠣᠭᠣᠷᠢᠭ ᠎ᠢ ᠬᠣᠶᠠᠷ ᠶᠡᠬᠡ ᠬᠡᠰᠡᠭ ᠬᠤᠪᠢᠶᠠᠵᠤ ᠂ ᠨᠢᠭᠡ ᠎ᠨᠢ ᠨᠡᠭᠦᠷᠡᠰᠦ ᠎ᠪᠡᠷ ᠮᠧᠲ᠋ᠢᠯ ᠠᠯᠺᠣᠣᠯ ᠬᠢᠬᠦ᠌᠂ ᠨᠡᠭᠦᠷᠡᠰᠦ ᠎ᠪᠡᠷ ᠲᠣᠰᠣ ᠬᠢᠬᠦ᠌ ᠵᠡᠷᠭᠡ ᠎ᠪᠡᠷ ᠭᠤᠤᠯ ᠪᠣᠯᠭᠠᠭ᠍ᠰᠠᠨ ᠣᠲᠣ ᠦᠶ᠎ᠡ ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ ᠎ᠶ᠋ᠢᠨ ᠰᠠᠭᠤᠷᠢᠨ᠂ ᠨᠥᠭᠥᠭᠡ᠎ᠨᠢ ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ ᠎ᠦ ᠦᠨᠡᠰᠦ ᠵᠢᠴᠢ ᠬᠥᠩᠭᠡᠨᠴᠠᠭᠠᠨ᠎ᠢ ᠨᠠᠷᠢᠯᠢᠭ ᠡᠳ᠋ᠱᠢᠭᠦᠯᠬᠦ᠌ ᠵᠡᠷᠭᠡ᠎ᠪᠡᠷ ᠭᠤᠤᠯ ᠪᠣᠯᠭᠠᠭ᠍ᠰᠠᠨ ᠡᠬᠢ ᠪᠠᠶᠠᠯᠢᠭ᠎ᠤ᠋ᠨ ᠤᠷᠴᠢᠯ ᠠᠱᠢᠭ᠍ᠯᠠᠯᠳᠠ ᠵᠢᠨ ᠠᠵᠤ ᠦᠶ᠋ᠯᠡᠰ᠎ᠦᠨ ᠰᠠᠭᠤᠷᠢᠨ ᠪᠣᠯᠤᠨ᠎ᠠ》 ᠭᠡᠵᠦ᠍ ᠳᠤᠰ ᠬᠦᠷᠢᠶᠡᠯᠡᠩ ᠲᠣᠭᠣᠷᠢᠭ ᠎ᠤᠨ ᠬᠠᠷᠢᠭᠤᠴᠠᠯᠭᠠᠲᠠᠨ ᠲᠠᠨᠢᠯᠴᠠᠭᠤᠯᠤᠨ᠎ᠠ᠃

《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠡᠬᠢᠯᠡᠯᠲᠡ᠎ᠶ᠋ᠢᠨ ᠵᠢᠯ ᠎ᠳᠦ᠂ ᠡᠨᠳᠡᠬᠢ ᠨᠢ ᠨᠢᠭᠡᠨᠲᠡ 89 ᠠᠵᠤ ᠠᠬᠤᠢᠯᠠᠯ ᠲᠠᠢ ᠤᠯᠤᠰ ᠎ᠤᠨ ᠲᠠᠰ ᠎ᠤᠨ ᠣᠲᠣ ᠦᠶ᠎ᠡ ᠎ᠶ᠋ᠢᠨ ᠨᠡᠭᠦᠷᠡᠰᠦ ᠬᠢᠮᠢ ᠎ᠶ᠋ᠢᠨ ᠠᠵᠤ ᠦᠶ᠋ᠯᠡᠳᠪᠦᠷᠢ ᠎ᠶ᠋ᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠣᠷᠣᠨ ᠪᠣᠯᠵᠣ᠂ ᠬᠥᠬᠡᠬᠣᠲᠠ ᠪᠤᠭᠤᠲᠤ ᠣᠷᠳᠣᠰ ᠲᠡᠮᠡᠭᠡᠲᠦ᠍ ᠎ᠶ᠋ᠢᠨ ᠠᠵᠤ ᠠᠬᠤᠶ᠎ᠶ᠋ᠢᠨ ᠴᠠᠭᠠᠷᠢᠭ ᠎ᠲᠤ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠬᠦᠷᠢᠶᠡᠯᠡᠩ ᠲᠣᠭᠣᠷᠢᠭ ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ ᠎ᠶ᠋ᠢᠨ ᠠᠵᠤ ᠦᠶ᠋ᠯᠡᠳᠪᠦᠷᠢ ᠵᠢᠴᠢ ᠳᠤᠤᠷᠠᠳᠤ ᠤᠷᠤᠰᠭᠠᠯ᠎ᠤᠨ ᠬᠠᠶᠠᠭ᠍ᠳᠠᠮᠠᠯ ᠪᠣᠳᠠᠰ ᠎ᠢ ᠶᠡᠷᠦᠩᠬᠡᠢᠯᠡᠨ ᠠᠱᠢᠭ᠍ᠯᠠᠬᠤ ᠬᠦᠷᠢᠶᠡᠨ ᠤ᠋ 130 ᠭᠠᠷᠤᠶ ᠵᠦᠶ᠋ᠯ ᠎ᠦᠨ ᠮᠡᠷᠭᠡᠵᠢᠯ ᠵᠢᠴᠢ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ ᠎ᠢ ᠨᠡᠮᠡᠭ᠌ᠳᠡᠭᠦᠯᠬᠦ᠌ ᠠᠷᠭ᠎ᠠ ᠬᠡᠮᠵᠢᠶ᠎ᠡ ᠎ᠶ᠋ᠢ ᠦᠶ᠋ᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠬᠡᠷᠡᠭ᠌ᠯᠡᠪᠡ᠃ ᠨᠡᠭᠦᠷᠡᠰᠦ ᠬᠢᠮᠢ ᠎ᠶ᠋ᠢᠨ ᠠᠵᠤ ᠦᠢᠯᠡᠳᠪᠦᠷᠢ ᠎ᠡᠴᠡ ᠪᠤᠢ ᠪᠣᠯᠤᠭ᠍ᠰᠠᠨ ᠨᠤᠨᠲᠠᠭ ᠨᠡᠭᠦᠷᠡᠰᠦᠨ ᠤ᠋ ᠦᠨᠡᠰᠦ᠂ ᠨᠡᠭᠦᠷᠡᠰᠦᠨ ᠴᠢᠯᠠᠭᠤ ᠵᠡᠷᠭᠡ ᠪᠣᠬᠢᠷᠲᠤᠯ ᠪᠣᠳᠠᠰ᠎ᠢ ᠥᠨᠳᠥᠷ ᠪᠦᠲᠦᠮᠵᠢᠲᠡᠢ ᠎ᠪᠡᠷ 《ᠬᠤᠭ ᠦᠭᠡᠢ ᠠᠰᠢᠭᠯᠠᠳᠠᠭ》᠂ ᠠᠵᠤ ᠦᠢᠯᠡᠰ᠎ᠦᠨ ᠳᠡᠭᠡᠳᠦ ᠲᠡᠰᠵᠢᠯᠳᠡ᠂ ᠪᠣᠬᠢᠷᠲᠤᠯ ᠦᠬᠡᠢ ᠬᠥᠭ᠌ᠵᠢᠯᠲᠡ᠎ᠶ᠋ᠢ ᠪᠡᠶᠡᠯᠡᠭᠦᠯᠪᠡ᠃

ᠣᠢᠷ᠎ᠠ᠎ᠶ᠋ᠢᠨ ᠵᠢᠯ ᠳ᠋ᠸ᠋᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠵᠤ ᠠᠬᠤᠶ ᠎ᠶ᠋ᠢᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠲᠠᠯ᠎ᠠ ᠪᠠᠷ ᠭᠤᠤᠯᠳᠠᠯᠭ᠎ᠠ᠎ᠪᠠᠨ ᠠᠵᠤ ᠦᠶ᠋ᠯᠡᠰ᠎ᠦᠨ ᠪᠦᠲᠦᠴᠡ ᠎ᠶ᠋ᠢᠨ ᠬᠡᠯᠪᠡᠷᠢ ᠎ᠪᠡᠨ ᠬᠤᠪᠢᠷᠠᠭᠤᠯᠤᠨ ᠲᠠᠰ ᠳᠡᠪᠱᠢᠭᠦ ᠎ᠶ᠋ᠢ ᠠᠬᠢᠭᠤᠯᠬᠤ ᠳᠡᠭᠡᠷ᠎ᠡ ᠲᠠᠯᠪᠢᠵᠤ᠂ 《ᠱᠢᠨᠵᠢᠯᠡᠬᠦ᠌ ᠤᠬᠠᠭᠠᠨ ᠲᠧᠭ᠌ᠨᠢᠭ᠎ᠮᠡᠷᠭᠡᠵᠢᠯ᠎ᠢᠶᠡᠷ᠎ᠥᠪᠥᠷ ᠮᠣᠩᠭᠣᠯ ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠎ᠢ ᠰᠠᠭᠠᠷᠮᠠᠭ᠍ᠵᠢᠭᠤᠯᠬᠤ ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠪᠥᠬᠥ᠌ ᠣᠷᠣᠨ《ᠬᠣᠶᠠᠷ ᠰᠠᠭᠤᠷᠢᠨ》 ᠤ᠋ ᠪᠥᠲᠥᠭᠡᠨ ᠪᠠᠢᠭᠤᠯᠤᠯᠲᠠ ᠎ᠪᠠᠷ ᠭᠤᠤᠯᠳᠠᠯᠭ᠎ᠠ ᠪᠣᠯᠭᠠᠵᠤ᠂ ᠠᠵᠤ ᠦᠶ᠋ᠯᠡᠰ᠎ᠦᠨ ᠬᠡᠯᠪᠡᠷᠢ ᠎ᠪᠡᠨ ᠬᠤᠪᠢᠷᠠᠭᠤᠯᠤᠨ ᠲᠠᠰ ᠲᠡᠪᠰᠢᠬᠥᠯᠬᠥ ᠎ᠶ᠋ᠢ ᠬᠦᠴᠦᠯᠡᠨ ᠠᠬᠢᠭᠤᠯᠵᠤ᠂ ᠣᠯᠠᠨ ᠡᠱᠢᠵᠢᠨ ᠬᠥᠭ᠌ᠵᠢᠭ᠌ᠰᠡᠨ᠂ ᠣᠯᠠᠨ ᠲᠤᠢᠯ ᠎ᠢᠶᠠᠷ ᠲᠤᠯᠭᠠᠭᠤᠷᠢᠯᠠᠭ᠍ᠰᠠᠨ ᠣᠲᠣ ᠦᠶ᠎ᠡ ᠎ᠶ᠋ᠢᠨ ᠠᠵᠤ ᠦᠶ᠋ᠯᠡᠰ ᠎ᠦᠨ ᠱᠢᠰᠲ᠋ᠧᠮᠵᠢ ᠎ᠶ᠋ᠢ ᠲᠦᠷᠭᠡᠳᠭᠡᠨ ᠪᠠᠢᠭᠤᠯᠪᠠ᠃


QQ截图20220308091638.png


ᠬᠦᠬᠡᠬᠤᠳᠠ ᠵᠢᠨ ᠢᠤᠢᠴᠢᠤᠸᠠᠨ ᠲᠤᠭᠤᠷᠢᠭ ᠤ᠋ᠨ ᠲᠤᠮᠤ ᠳ᠋ᠠᠢᠲᠨ ᠵᠢᠨ ᠬᠡᠷᠡᠭᠯᠡᠭᠡᠨ ᠤ᠋ ᠠᠵᠤ ᠦᠢᠯᠡᠰ ᠤ᠋ᠨ ᠰᠠᠭᠤᠷᠢᠨ᠃   ᠰᠤᠷᠪᠤᠯᠵᠢᠯᠠᠬᠴᠢ   ᠸᠠᠡᠭ ᠰᠢᠶᠤᠤ ᠪᠦᠸᠸ   ᠰᠡᠬᠦᠳᠡᠷᠯᠡᠪᠡ


《ᠡᠨᠡ ᠬᠣᠶᠠᠷ ᠵᠢᠯ ᠮᠠᠨ ᠎ᠤ ᠬᠢᠨ᠎ᠦ ᠣᠷᠣᠯᠭ᠎ᠠ ᠪᠦᠷ 20 ᠲᠦᠮᠡᠡ ᠲᠦᠭᠦᠷᠢᠭ᠎ᠢ ᠳᠠᠪᠠᠪᠠ 》

《ᠡᠨᠡ ᠬᠡᠳᠦᠨ ᠵᠢᠯ ᠎ᠳᠦ᠂ ᠡᠯᠡᠰᠦᠨ ᠴᠥᠯ ᠎ᠳᠦ ᠢᠷᠡᠵᠦ᠍ ᠨᠠᠭᠠᠳᠭᠤ ᠬᠥᠮᠦᠨ ᠶᠠᠪᠤᠬᠤ ᠲᠤᠲᠤᠮ ᠣᠯᠠᠱᠢᠷᠠᠵᠤ᠂ ᠭᠠᠴᠠᠭᠠᠨ ᠎ᠤ ᠮᠠᠰᠢ ᠣᠯᠠᠨ ᠬᠥᠮᠦᠨ ᠴᠥᠮ 〈ᠵᠢᠭᠤᠯᠴᠢᠯᠠᠯ ᠎ᠤᠨ ᠬᠣᠭᠣᠯᠠ〉 ᠢᠳᠡᠬᠦ ᠪᠤᠯᠵᠠᠢ᠃ ᠡᠨᠡ ᠬᠣᠶᠠᠷ ᠵᠢᠯ ᠮᠠᠨ ᠎ᠤ ᠭᠡᠷ ᠎ᠦᠨ ᠣᠷᠣᠯᠭ᠎ᠠ ᠪᠦᠷ 20 ᠲᠦᠮᠡ ᠎ᠶ᠋ᠢ ᠳᠠᠪᠠᠵᠤ᠂ ᠨᠢᠭᠡ ᠯᠡ ᠳᠣᠣᠷ᠎ᠠ ᠶᠠᠳᠠᠭᠤ ᠎ᠠᠴᠠ ᠠᠩᠭᠢᠵᠢᠷᠠᠪᠠ!》 ᠠᠯᠠᠱᠠ ᠠᠢᠮᠠᠭ ᠎ᠤᠨ ᠪᠠᠶᠠᠨᠬᠣᠲᠠ ᠪᠠᠯᠭᠠᠰᠤᠨ ᠎ᠤ ᠲᠡᠮᠡᠭᠡᠲᠦ ᠭᠠᠴᠠᠭ᠎ᠠ ᠵᠢᠨ ᠶᠠᠳᠠᠭᠤ ᠎ᠠᠴᠠ ᠠᠩᠭᠢᠵᠢᠷᠠᠭ᠍ᠰᠠᠨ ᠡᠷᠦᠬᠡ ᠪᠤᠯᠤᠳᠪᠠᠭᠠᠲᠤᠷ ᠤ᠋ᠨ《ᠮᠠᠯᠴᠢᠨ ᠠᠢᠯ ᠎ᠤᠨ ᠵᠢᠭᠤᠯᠴᠢᠯᠠᠯ》ᠬᠤᠭᠤᠯᠠᠨ ᠭᠡᠷ ᠵᠢᠡᠨ ᠡᠯᠡᠰᠦ ᠳᠤᠭᠤᠯᠤᠭ᠍ᠰᠠᠨ ᠵᠠᠰᠠᠮᠠᠯ ᠵᠠᠮ᠎ᠤᠨ ᠬᠠᠵᠠᠭᠤ ᠎ᠳᠤ ᠨᠡᠭᠡᠭᠡᠪᠡ᠃ ᠴᠡᠪᠡᠷ ᠲᠡᠭ᠌ᠰᠢ ᠥᠷᠥᠭᠡ᠂ ᠠᠮᠲᠠᠲᠠᠶ ᠬᠣᠭᠣᠯᠠ ᠪᠤᠳᠠᠭ᠎ᠠ ᠨᠢ ᠲᠡᠭᠦᠨ ᠎ᠢ ᠥᠪᠡᠷ ᠵᠢᠡᠨ ᠲᠡᠷᠭᠡ ᠵᠢᠯᠣᠭᠣᠳᠴᠤ᠌ ᠵᠢᠭᠤᠯᠴᠢᠯᠠᠬᠤ᠂ ᠶᠠᠪᠠᠭᠠᠨ ᠎ᠢᠶᠠᠷ ᠵᠢᠭᠤᠯᠴᠢᠯᠠᠬᠤ ᠠᠶᠠᠨᠴᠢᠳ ᠎ᠤᠨ ᠳᠤᠮᠳᠠ ᠤᠯᠠᠮ ᠎ᠠᠴᠠ ᠤᠯᠠᠮ ᠨᠡᠷ᠎ᠡ ᠎ᠲᠡᠶ ᠪᠣᠯᠭᠠᠪᠠ᠃

ᠴᠠᠭᠠᠨ ᠰᠠᠷ᠎ᠠ ᠪᠠᠷᠠᠭᠠᠳᠤᠢ ᠎ᠪᠠᠷ᠂ ᠲᠦᠩᠯᠢᠶᠣᠤ ᠬᠤᠳᠠ ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠎ᠤ ᠳᠠᠯᠵᠢ ᠪᠠᠯᠭᠠᠰᠤᠨ ᠎ᠤ ᠤᠷᠪᠤᠭ ᠭᠠᠴᠠᠭᠠᠨ᠎ᠤ ᠸᠠᠩ ᠭᠦᠸᠧ ᠫᠢᠩ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠦᠨ ᠬᠦᠷᠢᠶᠡᠯᠡᠩ ᠎ᠳᠦ ᠶᠠᠭᠠᠷᠠᠨ᠎ᠠ᠃《ᠮᠠᠨ ᠎ᠤ ᠭᠡᠷ ᠎ᠦᠨ ᠦᠬᠡᠷ ᠎ᠵᠢᠡᠨ ᠪᠦᠷ ᠠᠵᠤ ᠦᠢᠯᠡᠰ ᠎ᠦᠨ ᠬᠦᠷᠢᠶᠡᠯᠡᠩ ᠎ᠳᠦ ᠲᠡᠵᠢᠭᠡᠵᠦ᠍ ᠪᠠᠢᠨ᠎ᠠ᠂ ᠦᠨᠡᠬᠡᠷ ᠰᠠᠨᠠᠭ᠎ᠠ ᠠᠮᠤᠷ! ᠪᠢ ᠪᠠᠰᠠ ᠠᠵᠤ ᠦᠢᠯᠡᠰ᠎ᠦᠨ ᠬᠦᠷᠢᠶᠡᠯᠡᠩ ᠎ᠳᠦ ᠠᠵᠢᠯᠯᠠᠵᠤ ᠂ ᠨᠢᠭᠡ ᠵᠢᠯ ᠎ᠦᠨ ᠴᠠᠯᠢᠩ 4 ᠲᠦᠮᠡᠡ ᠲᠦᠭᠦᠷᠢᠭ ᠢᠯᠡᠭᠦᠦ ᠰᠢᠦ》ᠭᠡᠵᠦ ᠶᠠᠳᠠᠭᠤ ᠎ᠠᠴᠠ ᠠᠩᠭᠢᠵᠢᠷᠠᠭ᠍ᠰᠠᠨ ᠸᠠᠩ ᠭᠦᠸᠧ ᠫᠢᠩ ᠮᠢᠬᠠᠨ ᠎ᠤ ᠦᠬᠡᠷ ᠵᠢᠡᠨ ᠵᠢᠭᠠᠵᠤ ᠪᠠᠶᠠᠷᠲᠠᠢᠬᠠᠨ ᠬᠡᠯᠡᠨ᠎ᠡ᠃ ᠸᠠᠩ ᠭᠦᠸᠧ ᠫᠢᠩ᠎ᠤᠨ ᠶᠠᠷᠢᠵᠤ ᠪᠠᠢᠭ᠎ᠠ ᠶᠠᠳᠠᠭᠤ ᠎ᠶ᠋ᠢ ᠲᠡᠳᠬᠦᠬᠦ᠌ ᠠᠵᠤ ᠦᠢᠯᠡᠰ ᠎ᠦᠨ ᠬᠦᠷᠢᠶᠡᠯᠡᠩ ᠪᠣᠯ ᠲᠠᠯᠵᠢ ᠪᠠᠯᠭᠠᠰᠤ ᠎ᠶ᠋ᠢᠨ 2019 ᠣᠨ ᠎ᠳᠤ ᠡᠳ᠋ ᠎ᠦᠨ ᠵᠠᠰᠠᠭ ᠎ᠤᠨ ᠶᠠᠳᠠᠭᠤ ᠎ᠶ᠋ᠢ ᠲᠡᠳᠬᠦᠬᠦ᠌ 500 ᠲᠦᠮᠡᠨ ᠲᠥᠭᠥᠷᠢᠭ ᠎ᠦᠨ ᠲᠤᠰᠭᠠᠢ ᠪᠡᠯᠡ ᠮᠥᠩᠭᠥ᠌ ᠣᠷᠣᠭᠤᠯᠵᠤ ᠪᠠᠢᠭᠤᠯᠤᠭ᠍ᠰᠠᠨ ᠤᠯᠠᠭᠠᠨ ᠦᠬᠡᠷ ᠎ᠲᠡᠵᠢᠭᠡᠨ ᠠᠷᠠᠴᠢᠯᠠᠬᠤ  ᠶᠠᠳᠠᠭᠤ ᠎ᠶ᠋ᠢ ᠲᠡᠳᠬᠦᠬᠦ᠌ ᠠᠵᠤ ᠦᠢᠯᠡᠰ ᠎ᠦᠨ ᠬᠦᠷᠢᠶᠡᠯᠡᠩ ᠪᠣᠯᠤᠨ᠎ᠠ᠃ 

ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠤᠮᠳᠠ᠂ ᠪᠥᠬᠥ᠌ ᠣᠷᠣᠨ ᠎ᠤ ᠡᠯ᠎ᠡ ᠭᠠᠵᠠᠷ ᠎ᠤᠨ᠎ᠬᠢᠨ ᠠᠵᠤ ᠦᠶ᠋ᠯᠡᠰ ᠎ᠢᠶᠡᠷ ᠶᠠᠳᠠᠭᠤ ᠎ᠶ᠋ᠢ ᠲᠡᠳᠬᠦᠬᠦ᠌ ᠎ᠶ᠋ᠢ ᠴᠢᠬᠤᠯᠠ ᠎ᠠᠴᠠ ᠴᠢᠬᠤᠯᠠ ᠵᠦᠶ᠋ᠯ ᠪᠣᠯᠭᠠᠵᠤ᠂ ᠠᠵᠤ ᠦᠶ᠋ᠯᠡᠰ ᠎ᠢ ᠲᠣᠰᠭᠣᠨ ᠎ᠳᠤ ᠣᠷᠣᠭᠤᠯᠬᠤ᠂ ᠡᠷᠦᠬᠡ ᠎ᠳᠦ ᠬᠦᠷᠲᠡᠯ᠎ᠡ ᠲᠡᠳᠬᠦᠬᠦ᠌ ᠎ᠶ᠋ᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠎ᠶ᠋ᠢ ᠠᠵᠤ ᠦᠶ᠋ᠯᠡᠰ ᠎ᠢᠶᠡᠷ ᠲᠡᠳᠬᠦᠬᠦ᠌ ᠎ᠪᠡᠷ ᠳᠡᠮᠵᠢᠨ ᠶᠠᠳᠠᠭᠤ ᠎ᠠᠴᠠ ᠠᠩᠭᠢᠵᠢᠷᠠᠭᠤᠯᠬᠤ ᠎ᠶ᠋ᠢ ᠪᠡᠶᠡᠯᠡᠭᠦᠯᠪᠡ᠃

ᠢᠳᠡᠵᠦ᠍ ᠡᠮᠦᠰᠭᠦ᠎ᠳᠡᠭᠡᠨ ᠵᠥᠪ ᠪᠣᠯᠬᠤ ᠠᠰᠠᠭᠤᠳᠠᠯ ᠎ᠢ ᠱᠢᠢᠳᠪᠦᠷᠢᠯᠡᠬᠦ᠌ ᠎ᠡᠴᠡ ᠶᠠᠳᠠᠭᠤ ᠬᠦᠴᠢᠷᠳᠡᠯ ᠎ᠦᠨ ᠡᠴᠦᠰ᠎ᠦᠨ ᠪᠡᠬᠢᠯᠡᠯᠲᠡ ᠎ᠶ᠋ᠢ ᠱᠢᠪᠲᠤᠯᠬᠤ ᠬᠦᠷᠲᠡᠯ᠎ᠡ᠂ ᠥᠪᠥᠷ ᠮᠣᠩᠭᠣᠯ ᠮᠣᠩᠭᠣᠯ ᠮᠤᠷᠢᠨ ᠎ᠤ ᠵᠣᠷᠢᠭ ᠰᠠᠨᠠᠭ᠎ᠠ ᠎ᠪᠠᠷ ᠵᠢᠯᠤᠭᠤᠳᠤᠯᠭ᠎ᠠ ᠪᠣᠯᠭᠠᠵᠤ᠂ ᠪᠦᠬᠦ᠌ ᠣᠷᠣᠨ ᠎ᠤ 57 ᠶᠠᠳᠠᠭᠤ ᠬᠦᠴᠢᠷᠳᠡᠯᠲᠡᠢ ᠬᠣᠱᠢᠭᠤ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠤᠬᠰᠠᠨ ᠪᠠᠢᠨ᠎ᠠ᠃


QQ截图20220308092131.png


 ᠲᠦᠪᠡᠳ ᠬᠠᠰᠢ ᠵᠢᠨ ᠲᠤᠷᠰᠢᠯᠳᠠ ᠬᠢᠨ᠎ᠡ᠃ 

ᠰᠤᠷᠪᠤᠯᠵᠢᠯᠠᠬᠴᠢ    ᠮᠠ ᠵᠢᠶᠠᠨ  ᠴᠢᠤᠸᠠᠨ ᠰᠡᠬᠦᠳᠡᠷᠯᠡᠪᠡ


ᠤᠯᠠᠭᠠᠨᠰᠤᠬᠠᠢ ᠎ᠶ᠋ᠢᠨ ᠱᠢᠪᠠᠭᠤᠳ 《 ᠱᠢᠨ᠎ᠡ ᠠᠮᠢᠳᠤᠷᠠᠯ》 ᠎ᠢ  ᠮᠠᠭ᠍ᠲᠠᠨ ᠵᠢᠷᠭᠢᠨ᠎ᠡ


ᠬᠠᠪᠤᠷ ᠎ᠤᠨ ᠡᠬᠢᠨ ᠎ᠦ ᠤᠯᠠᠭᠠᠨᠰᠤᠬᠠᠢ ᠨᠠᠭᠤᠷ ᠲᠣᠯᠢ ᠮᠡᠲᠤ ᠲᠤᠩᠭᠠᠯᠠᠬᠰᠢᠵᠤ᠂ ᠠᠩᠭᠢᠷ᠂ ᠬᠠᠯᠵᠠᠨ ᠬᠠᠷᠠᠭᠤᠨ᠎ᠠ᠂ ᠲᠤᠮᠤ ᠬᠠᠯᠳᠠᠷ ᠨᠤᠭᠤᠰᠤ ᠨᠢ ᠬᠤᠯᠤᠰᠤᠨ ᠳᠤᠮᠳᠠ ᠱᠤᠩᠪᠠᠬᠤ ᠪᠤᠶᠤ ᠬᠦᠬᠡ ᠣᠭ᠍ᠲᠠᠷᠭᠤᠶ ᠎ᠳᠤ ᠬᠠᠯᠢᠨ ᠲᠡᠬᠦᠯᠢᠨ᠎ᠠ᠃ 

ᠣᠢᠷ᠎ᠠ᠎ᠶ᠋ᠢᠨ ᠵᠢᠯ ᠳ᠋ᠤ᠂ ᠤᠯᠠᠭᠠᠨᠰᠤᠬᠠᠢ ᠵᠢ ᠶᠡᠷᠦᠩᠬᠡᠢᠯᠡᠨ ᠵᠠᠰᠠᠬᠤ ᠎ᠶ᠋ᠢᠨ ᠲᠣᠭᠣᠷᠢᠨ ᠎ᠳᠤ᠂ ᠪᠠᠶᠠᠨᠨᠠᠭᠤᠷ ᠬᠣᠲᠠ ᠤᠷᠢᠳ ᠬᠣᠵᠢᠳ ᠤᠰᠤ ᠎ᠶ᠋ᠢ ᠬᠢᠵᠠᠭᠠᠷᠯᠠᠨ ᠬᠣᠷᠣᠭ᠍ᠳᠠᠯ ᠎ᠢ ᠪᠠᠭᠠᠰᠭᠠᠬᠤ᠂ ᠪᠦᠷᠬᠦᠪᠴᠢ ᠎ᠶ᠋ᠢ ᠬᠢᠵᠠᠭᠠᠷᠯᠠᠨ ᠦᠷ᠎ᠡ ᠠᠱᠢᠭ ᠎ᠢ ᠳᠡᠭᠡᠭ᠌ᠰᠢᠯᠡᠭᠦᠯᠬᠦ᠌᠂ ᠡᠰᠢ ᠰᠦᠷᠡᠯ᠎ᠢ ᠶᠡᠷᠦᠩᠬᠡᠢᠯᠡᠨ ᠠᠱᠢᠭ᠍ᠯᠠᠬᠤ ᠵᠡᠷᠭᠡ ᠭᠤᠤᠯᠳᠠᠯᠭ᠎ᠠ᠎ᠲᠠᠶ ᠢᠨᠵᠧᠨᠧᠷᠢᠩ᠎ᠢ ᠬᠡᠷᠡᠭ᠌ᠵᠢᠭᠦᠯᠦᠭᠰᠡᠨ ᠡᠴᠨ ᠤᠯᠠᠭᠠᠨᠰᠤᠬᠠᠢ᠎ᠪᠠᠷ ᠥᠩᠭᠡᠷᠡᠭ᠌ᠰᠡᠨ ᠪᠠ ᠤᠯᠠᠭᠠᠨᠰᠤᠬᠠᠢ᠎ᠳᠦ ᠦᠷᠡᠵᠢᠭ᠌ᠰᠡᠨ ᠱᠢᠪᠠᠭᠤᠨ᠎ᠤ ᠲᠥᠷᠥᠯ ᠨᠢᠭᠡᠨᠲᠡ 260 ᠭᠠᠷᠤᠶ ᠵᠦᠶ᠋ᠯ ᠪᠣᠯᠵᠣ᠂ ᠪᠥᠬᠥ᠌ ᠲᠣᠭ᠎ᠠ ᠨᠢ 600 ᠲᠦᠮᠡ ᠎ᠶ᠋ᠢ ᠳᠠᠪᠠᠵᠠᠶ᠃

ᠮᠠᠨ᠎ᠤ ᠤᠯᠤᠰ᠎ᠤᠨ ᠤᠮᠠᠷᠠᠲᠤ ᠎ᠶ᠋ᠢᠨ ᠲᠠᠯᠠᠪᠠᠶ ᠎ᠪᠠᠷ ᠬᠠᠮᠤᠭ᠎ᠤᠨ ᠶᠡᠬᠡ ᠠᠮᠢ ᠠᠬᠤᠶ᠎ᠶ᠋ᠢᠨ ᠴᠢᠳᠠᠮᠵᠢᠳᠤ ᠣᠷᠣᠨ ᠪᠣᠯᠤᠭ᠍ᠰᠠᠨ᠎ᠤ ᠬᠤᠪᠢ᠎ᠳᠤ᠂ ᠵᠡᠭᠦᠨ᠎ᠡᠴᠡ ᠪᠠᠷᠠᠭᠤᠨᠰᠢ ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠵᠡᠷᠭᠡ ᠨᠠᠭᠤᠷ ᠴᠥᠭᠥᠷᠥᠮ ᠲᠠᠷᠬᠠᠵᠤ᠂ ᠠᠭᠤᠷ ᠠᠮᠢᠰᠭᠤᠯ ᠎ᠢ ᠵᠣᠬᠢᠴᠠᠭᠤᠯᠬᠤ᠂ ᠠᠮᠢ ᠠᠬᠤᠶ᠎ᠶ᠋ᠢᠨ ᠲᠡᠩᠴᠡᠭᠦᠷᠢ ᠎ᠶ᠋ᠢ ᠪᠠᠲᠤᠯᠠᠬᠤ ᠵᠡᠷᠭᠡ ᠲᠠᠯ᠎ᠠ᠎ᠪᠠᠷ ᠣᠷᠣᠯᠠᠭᠤᠯᠵᠤ ᠪᠣᠯᠤᠰᠢ ᠥᠬᠡᠶ ᠦᠢᠯᠡᠳᠦᠯ ᠦᠵᠡᠭᠦᠯᠵᠦ᠍ ᠪᠠᠢᠨ᠎ᠠ᠃

《ᠬᠦᠯᠦᠨ ᠨᠠᠭᠤᠷ ᠤᠯᠠᠭᠠᠨᠰᠤᠬᠠᠢ ᠳᠠᠭ᠎ᠠ ᠵᠢᠨ ᠨᠠᠭᠤᠷ》᠎ᠤᠨ ᠵᠠᠰᠠᠯᠲᠠ ᠪᠣᠯ ᠥᠪᠥᠷ ᠮᠣᠩᠭᠣᠯ ᠎ᠤᠨ ᠮᠠᠨ ᠎ᠤ ᠤᠯᠤᠰ ᠎ᠤᠨ ᠤᠮᠠᠷᠠᠲᠤ ᠎ᠶ᠋ᠢᠨ ᠴᠢᠬᠤᠯᠠ ᠠᠮᠢ ᠠᠬᠤᠢ ᠎ᠶ᠋ᠢᠨ ᠠᠮᠤᠷ ᠲᠦᠪᠱᠢᠨ᠎ᠦ ᠬᠠᠯᠬᠠᠪᠴᠢ ᠎ᠶ᠋ᠢ ᠪᠠᠲᠤ ᠴᠣᠭ᠍ᠴᠠᠯᠠᠭᠰᠠᠨ᠎ᠤ ᠬᠤᠷᠢᠶᠠᠩᠭᠤᠢ ᠳᠦᠷᠰᠦ ᠪᠣᠯᠤᠨ᠎ᠠ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠬᠦᠰᠡᠯ ᠨᠠᠢᠳᠠᠯᠭ᠎ᠠ ᠎ᠶ᠋ᠢ ᠪᠠᠲᠤ ᠴᠡᠭᠡᠵᠢᠯᠡᠵᠦ᠍᠂ ᠡᠬᠢ ᠪᠠᠶᠠᠯᠢᠭ ᠣᠷᠴᠢᠨ ᠲᠣᠭᠣᠷᠢᠨ᠎ᠤ ᠳᠠᠭᠠᠭᠠᠴᠠ ᠎ᠳᠤ ᠰᠠᠭᠤᠷᠢᠯᠠᠨ᠂ ᠡᠯ᠎ᠡ ᠭᠠᠵᠠᠷ ᠣᠷᠣᠨ ᠎ᠤ ᠬᠠᠷᠢᠴᠠᠭᠤᠯᠤᠭ᠍ᠰᠠᠨ ᠳᠠᠪᠠᠭᠤᠯᠢᠭ ᠎ᠢ ᠪᠠᠳᠠᠷᠠᠭᠤᠯᠵᠤ᠂ ᠠᠮᠢ ᠠᠬᠤᠢ ᠎ᠶ᠋ᠢᠨ ᠪᠣᠯᠪᠠᠰᠤᠨ ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠎ᠢᠶᠡᠨ ᠪᠠᠲᠤᠯᠠᠨ᠂ ᠠᠮᠢ ᠠᠬᠤᠢ ᠎ᠶ᠋ᠢ ᠤᠷᠢᠳ ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢ ᠰᠦᠪᠡᠭ᠌ᠴᠢᠯᠡᠵᠦ᠍᠂ ᠥᠪᠥᠷ ᠮᠣᠩᠭᠣᠯ᠎ᠤᠨ ᠨᠣᠮᠢᠨ ᠨᠣᠭᠣᠭᠠᠨ᠂ ᠴᠡᠩᠬᠡᠷ ᠬᠦᠬᠡ᠂ ᠠᠷᠢᠭᠤᠨ ᠴᠡᠪᠡᠷ ᠎ᠢ ᠦᠨᠡᠨ ᠬᠦ᠌ ᠰᠠᠢᠲᠤᠷ ᠰᠠᠬᠢᠨ ᠬᠠᠮᠠᠭᠠᠯᠠᠪᠠ᠃



QQ截图20220308092433.png


ᠤᠯᠠᠭᠠᠨᠰᠤᠬᠠᠢ ᠵᠢᠨ ᠬᠤᠨ ᠭᠠᠯᠠᠭᠤ᠃

ᠭᠤᠤ ᠰᠢᠶᠤᠤ ᠯᠦᠡᠭ  ᠰᠡᠬᠦᠳᠡᠷᠯᠡᠪᠡ


ᠲᠡᠯᠡᠬᠡᠢ᠎ᠳᠤ ᠲᠥᠷᠥᠬᠥᠯᠡᠭᠰᠡᠨ ᠲᠤᠮᠤ ᠲᠥᠷᠥᠯ ᠵᠦᠶ᠋ᠯ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠰᠦᠷ ᠵᠢᠪᠬᠤᠭ᠎ᠠ᠎ᠶ᠋ᠢ  ᠭᠠᠢᠬᠠᠭᠤᠯᠪᠠ

ᠴᠠᠭᠠᠨ ᠰᠠᠷ᠎ᠠ᠎ᠶᠢᠨ ᠠᠮᠠᠷᠠᠯᠳᠠ ᠦᠩᠭᠡᠷᠡᠮᠡᠭᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠢ ᠬᠤᠷᠠᠯᠳᠤᠭᠤᠯᠪᠠ᠃ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠬᠤᠷᠠᠯ᠂ ᠪᠥᠬᠥ᠌ ᠣᠷᠣᠨ᠎ᠤ ᠬᠤᠳᠠᠯᠳᠤᠭᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ᠎ᠤᠨ ᠲᠤᠰᠭᠠᠶ ᠰᠡᠳᠦᠪᠲᠦ ᠬᠤᠷᠠᠯ ᠪᠠᠰᠠ ᠵᠠᠯᠭᠠᠭ᠎ᠠ ᠪᠠᠷ ᠬᠤᠷᠠᠯᠳᠤᠪᠠ᠃ 2 ᠰᠠᠷ᠎ᠠ᠎ᠶ᠋ᠢᠨ 24᠎ᠤ᠋ ᠡᠳᠦᠷ᠂ ᠦᠬᠠᠶ ᠬᠣᠲᠠ 2022 ᠣᠨ᠎ᠤ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠲᠥᠪᠯᠡᠷᠡᠭᠦᠯᠦᠨ ᠠᠵᠢᠯ ᠡᠬᠢᠯᠡᠭᠦᠯᠬᠦ᠌ ᠠᠵᠢᠯᠯᠠᠭ᠎ᠠ ᠥᠷᠨᠢᠭᠦᠯᠪᠡ᠃ 2 ᠰᠠᠷ᠎ᠠ᠎ᠶ᠋ᠢᠨ ᠳᠠᠷᠠᠭ᠎ᠠ᠂ ᠢᠯᠢ᠎ᠶ᠋ᠢᠨ ᠵᠢᠯ᠎ᠳᠦ 6 ᠲᠦᠮᠡᠨ ᠲᠣᠨ ᠦᠶ᠋ᠯᠡᠳᠪᠦᠷᠢᠯᠡᠬᠦ᠌ ᠳᠡᠭᠡᠳᠦ ᠲᠠᠰ᠎ᠤᠨ ᠨᠢᠯᠬ᠎ᠠ ᠬᠡᠦᠬᠡᠳ᠎ᠦᠨ ᠰᠦᠨ ᠲᠠᠯᠬ᠎ᠠ᠎ᠶ᠋ᠢᠨ ᠲᠥᠷᠥᠯ ᠵᠦᠶ᠋ᠯ ᠪᠠ ᠪᠥᠬᠥ᠌ ᠳᠡᠯᠡᠬᠡᠶ᠎ᠶ᠋ᠢᠨ ᠬᠠᠮᠤᠭ᠎ᠤᠨ ᠲᠤᠮᠤ ᠳᠡᠭᠡᠳᠦ ᠲᠠᠰ᠎ᠤᠨ ᠱᠢᠩᠭᠡᠨ ᠪᠡᠶᠡᠳᠦ ᠰᠦ᠎ᠶᠢᠨ ᠲᠥᠷᠥᠯ ᠵᠦᠶ᠋ᠯ ᠡᠨᠳᠡ ᠠᠱᠢᠭ᠍ᠯᠠᠯᠲᠠ᠎ᠳᠤ ᠣᠷᠣᠨ᠎ᠠ᠃ ᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠪᠣᠯ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠪᠡᠯᠡ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠬᠤ ᠬᠦᠴᠦᠲᠡᠢ ᠲᠤᠯᠭᠠᠭᠤᠷᠢᠯᠠᠯ ᠮᠥᠨ᠂ ᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠬᠤ ᠪᠣᠯ ᠳᠠᠷᠤᠢ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢ ᠠᠳᠭᠤᠭ᠍ᠰᠠᠨ ᠶᠠᠪᠤᠳᠠᠯ ᠪᠣᠯᠤᠨ᠎ᠠ᠃ 

ᠣᠢᠷ᠎ᠠ᠎ᠶ᠋ᠢᠨ ᠵᠢᠯ᠎ᠳᠤ᠂ ᠥᠪᠥᠷ ᠮᠣᠩᠭᠣᠯ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ 《ᠲᠦᠷᠭᠡᠨ ᠤᠷᠤᠭ᠍ᠰᠢᠯᠠᠬᠤ ᠳᠠᠷᠤᠪᠴᠢ》 ᠎ᠶ᠋ᠢ ᠳᠠᠷᠤᠵᠤ᠂ ᠠᠵᠤ ᠠᠬᠤᠶ᠎ᠶ᠋ᠢᠨ ᠦᠨᠳᠦᠰᠦᠨ ᠪᠠᠢᠳᠠᠯ᠎ᠢ ᠪᠠᠲᠤ ᠲᠣᠭ᠍ᠲᠠᠪᠤᠷᠢᠵᠢᠭᠤᠯᠵᠤ᠂ ᠲᠤᠰᠭᠠᠶ ᠰᠡᠳᠦᠪ᠎ᠢᠶᠡᠷ ᠪᠠᠢᠷᠢᠯᠠᠭᠤᠯᠵᠤ᠂ ᠲᠤᠰᠭᠠᠶ ᠠᠩᠭᠢ᠎ᠪᠠᠷ ᠠᠬᠢᠭᠤᠯᠵᠤ᠂ ᠲᠤᠰᠭᠠᠶ ᠱᠠᠯᠠᠪᠳᠠᠭᠤᠯᠤᠨ ᠪᠠᠢᠴᠠᠭᠠᠯᠲᠠ ᠬᠢᠵᠦ᠍ ᠁ ᠤᠯᠠᠨ ᠵᠦᠶ᠋ᠯ᠎ᠦᠨ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠨᠢ ᠪᠣᠳᠠᠲᠠᠢ ᠦᠷ᠎ᠡ ᠪᠦᠲᠦᠮᠵᠢ ᠤᠯᠪᠠ᠃ 2021 ᠣᠨ᠎ᠳᠤ ᠂ ᠪᠥᠬᠥ᠌ ᠣᠷᠣᠨ᠎ᠳᠤ 3074 ᠴᠢᠬᠤᠯᠠ ᠶᠡᠬᠡ ᠲᠥᠷᠥᠯ ᠵᠦᠶ᠋ᠯ᠎ᠢ ᠬᠡᠷᠡᠭ᠌ᠵᠢᠭᠦᠯᠵᠦ᠍᠂ 4658 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ᠃ ᠨᠢᠭᠡ ᠪᠦᠯᠦᠭ ᠠᠵᠤ ᠦᠶ᠋ᠯᠡᠳᠪᠦᠷᠢ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠢ ᠠᠬᠢᠭᠤᠯᠵᠤ᠂ᠥᠪᠥᠷ ᠮᠣᠩᠭᠣᠯ᠎ᠤᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠠᠯᠬᠤᠴᠠ᠎ᠶ᠋ᠢ ᠲᠦᠷᠭᠡᠳᠭᠡᠪᠡ᠃


QQ截图20220308092630.png


ᠢᠯᠢ ᠵᠢᠨ ᠦᠢᠯᠡᠳᠪᠦᠷᠢᠯᠡᠯ ᠎ᠤᠨ ᠳᠠᠰᠤᠭ᠃  

ᠰᠤᠷᠪᠤᠯᠵᠢᠯᠠᠬᠴᠢ ᠮᠠ ᠵᠢᠶᠠᠨ ᠴᠢᠤᠸᠠᠨ ᠰᠡᠬᠦᠳᠡᠷᠯᠡᠪᠡ


ᠤᠯᠠᠭᠠᠨᠪᠤᠬ᠎ᠠ᠎ᠳᠦ ᠨᠤᠲᠤᠭᠰᠢᠭᠰᠠᠨ ᠵᠠᠩ ᠶᠣᠣ ᠴᠢᠩ ᠮᠠᠨᠭᠨᠠᠢ ᠲᠡᠨᠢᠢᠨ ᠪᠠᠶᠠᠰᠤᠨ᠎ᠠ

ᠤᠯᠠᠭᠠᠨᠪᠤᠬ᠎ᠠ᠎ᠶᠢᠨ ᠡᠯᠡᠰᠦᠨ᠎ᠦ ᠥᠷᠥᠴᠡᠨ᠎ᠳᠦ᠂ ᠨᠡᠯᠦᠢᠮ᠎ᠡ ᠱᠢᠷ᠎ᠠ ᠡᠯᠡᠰᠦᠨ ᠳᠡᠭᠡᠷ᠎ᠡ ᠨᠡᠷᠡᠨ᠎ᠦ ᠡᠨᠧᠷᠭᠢ᠎ᠶ᠋ᠢᠨ ᠬᠡᠷᠡᠯᠴᠢ ᠴᠡᠨᠡᠭ᠎ᠦᠨ ᠬᠠᠪᠲᠠᠰᠤ ᠡᠩᠨᠡᠷᠡᠨ ᠬᠠᠷᠠᠭ᠍ᠳᠠᠨ᠎ᠠ᠃ ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠬᠡᠳᠦᠨ ᠵᠢᠯ᠎ᠦᠨ ᠪᠥᠲᠥᠭᠡᠨ ᠪᠠᠢᠭᠤᠯᠤᠯᠲᠠ᠎ᠪᠠᠷ ᠳᠡᠮᠵᠢᠨ᠂ ᠡᠨᠳᠡᠬᠢ ᠡᠯᠡᠰᠦᠨ ᠴᠥᠯ᠎ᠨᠢ《ᠨᠣᠭᠣᠭᠠᠨ ᠬᠦᠷᠮ᠎ᠡ ᠭᠡᠳᠦᠷᠦᠭᠰᠡᠨ》 ᠮᠥᠷᠲᠡᠭᠡᠨ ᠪᠠᠰᠠ 《ᠡᠷᠳᠡᠨᠢ᠎ᠶᠢᠨ ᠰᠠᠩ》 ᠪᠤᠯᠤᠭᠰᠠᠨ ᠪᠢᠯᠡ᠃

《ᠪᠢ ᠤᠤᠯ ᠨᠢ ᠭᠠᠵᠠᠷ ᠱᠢᠷᠣᠢ᠎ᠪᠠᠨ ᠠᠯᠳᠠᠭ᠍ᠰᠠᠨ ᠲᠠᠷᠢᠶᠠᠴᠢᠨ ᠪᠠᠢᠵᠠᠢ᠂ ᠤᠳᠤ ᠭᠡᠷᠡᠯᠴᠢ ᠴᠡᠨᠡᠭ᠎ᠦᠨ ᠬᠠᠪᠲᠠᠰᠤ ᠪᠡᠷ ᠨᠤᠲᠤᠭ ᠪᠡᠯᠴᠢᠭᠡᠷ᠎ᠢ ᠬᠠᠮᠠᠭᠠᠯᠠᠬᠤ ᠠᠵᠢᠯ᠎ᠢ ᠬᠢᠵᠦ᠂ ᠡᠬᠡᠨᠡᠷ᠎ᠲᠡᠶ᠎ᠪᠡᠨ ᠰᠠᠷ᠎ᠠ᠎ᠳᠦ 5000 ᠲᠥᠭᠥᠷᠢᠭ᠎ᠦᠨ ᠣᠷᠣᠯᠭ᠎ᠠ᠎ᠲᠠᠶ ᠪᠣᠯᠵᠠᠢ》 ᠭᠡᠵᠦ ᠵᠠᠩ ᠶᠣᠣ ᠴᠢᠩ ᠮᠠᠰᠢ ᠪᠠᠶᠠᠷᠳᠠᠢᠬᠠᠨ ᠶᠠᠷᠢᠨ᠎ᠠ᠃ ᠪᠠᠶᠠᠨᠨᠠᠭᠤᠷ ᠬᠤᠳᠠ ᠤᠯᠠᠭᠠᠨᠪᠤᠬ᠎ᠠ᠎ᠶ᠋ᠢᠨ ᠡᠯᠡᠰᠦᠷᠬᠡᠭ ᠣᠷᠣᠨ᠎ᠤ ᠠᠰᠢᠭᠯᠠᠯᠲᠠ᠎ᠶᠢᠨ ᠣᠳᠣᠬᠢ ᠪᠠᠢᠳᠠᠯ᠎ᠢ ᠦᠨᠳᠦᠰᠦᠯᠡᠨ᠂ ᠡᠯᠡᠰᠦᠷᠬᠡᠭ ᠣᠷᠣᠨ᠎ᠢ ᠱᠢᠯᠢᠳᠡᠭ᠌ᠵᠢᠭᠦᠯᠦᠨ ᠨᠡᠭᠡᠭᠡᠨ ᠬᠥᠭ᠌ᠵᠢᠭᠦᠯᠬᠦ᠌ ᠣᠷᠣᠨ᠂ ᠨᠡᠭᠡᠭᠡᠨ ᠬᠥᠭ᠌ᠵᠢᠭᠦᠯᠬᠦ᠌ ᠎ᠵᠢ ᠬᠢᠵᠠᠭᠠᠷᠯᠠᠬᠤ ᠣᠷᠣᠨ ᠪᠣᠯᠤᠨ ᠨᠡᠭᠡᠭᠡᠨ ᠬᠥᠭ᠌ᠵᠢᠭᠦᠯᠬᠦ᠌ ᠵᠢ ᠴᠠᠭᠠᠵᠠᠯᠠᠬᠤ ᠣᠷᠣᠨ ᠭᠡᠵᠦ᠍ ᠬᠤᠪᠢᠶᠠᠪᠠ᠃ ᠡᠭᠦᠨ᠎ᠳᠦ ᠱᠢᠯᠢᠳᠡᠭ᠌ᠵᠢᠭᠦᠯᠦᠨ ᠨᠡᠭᠡᠭᠡᠨ ᠬᠥᠭ᠌ᠵᠢᠭᠦᠯᠬᠦ᠌ ᠣᠷᠣᠨ᠎ᠤ ᠲᠠᠯᠠᠪᠠᠶ ᠨᠢ 164 ᠲᠦᠮᠡᠨ ᠮᠥ᠍ ᠪᠠᠢᠵᠤ᠂ ᠣᠳᠣᠬᠠᠨ᠎ᠳᠤ ᠣᠷᠣᠭᠤᠯᠤᠨ ᠠᠪᠴᠢᠷᠠᠭ᠍ᠰᠠᠨ ᠡᠯᠡᠰᠦ᠎ᠶ᠋ᠢ ᠵᠠᠰᠠᠬᠤ ᠠᠵᠤ ᠠᠬᠤᠢᠯᠠᠯ ᠨᠢ ᠭᠤᠤᠯᠳᠠᠭᠤ ᠲᠣᠰ ᠣᠷᠣᠨ ᠪᠦᠰᠡ᠎ᠳᠦ ᠲᠥᠪᠯᠡᠷᠡᠵᠦ᠍ ᠪᠠᠢᠨ᠎ᠠ᠃ 

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠨᠤᠲᠤᠭ ᠪᠡᠯᠴᠢᠭᠡᠷ᠂ ᠣᠶ ᠱᠢᠭᠤᠶ᠎ᠶ᠋ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠡᠭᠦᠷᠭᠡ᠎ᠪᠡᠨ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠴᠦᠯᠯᠡᠷᠭᠡᠭᠵᠢᠭᠰᠡᠨ ᠪᠠ ᠡᠯᠡᠰᠦᠷᠬᠡᠭ᠌ᠵᠢᠭᠰᠡᠨ ᠭᠠᠵᠠᠷ᠎ᠢ ᠵᠠᠰᠠᠬᠤ᠎ᠶ᠋ᠢ ᠦᠷᠭᠦᠯᠵᠢᠯᠡᠨ ᠠᠬᠢᠭᠤᠯᠵᠤ᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠪᠣᠬᠢᠷᠲᠤᠯ ᠥᠬᠡᠶ ᠰᠠᠭᠤᠷᠢ᠎ᠶ᠋ᠢ ᠲᠠᠯᠪᠢᠵᠤ ᠥᠭ᠌ᠴᠡᠶ᠃


QQ截图20220308092718.png


ᠡᠯᠡᠰᠤᠨ ᠲᠤᠳᠤᠷᠭ᠎ᠠ ᠵᠢᠨ ᠴᠢᠬᠢ ᠰᠠᠭᠤᠯᠭᠠᠨ᠎ᠠ᠃

ᠰᠤᠷᠪᠤᠯᠵᠢᠯᠠᠬᠴᠢ ᠮᠦᠩᠭᠡᠴᠢᠯᠠᠭᠤ  ᠰᠡᠬᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号