ᠬᠥᠩ ᠮᠢᠩ ᠵᠦ᠍ ᠲᠥᠯᠥᠭᠡᠯᠡᠭ᠌ᠴᠢ᠄ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭ᠌ᠯᠡᠨ ᠥᠪᠤᠷ ᠮᠤᠨᠭᠭᠤᠯ ᠎ᠤᠨ 《ᠬᠤᠤᠰ ᠨᠡᠭᠦᠷᠡᠰᠦᠲᠥ᠋ᠷᠥᠭ᠌ᠴᠢ》 ᠵᠢᠨ ᠠᠵᠢᠯ ᠢ᠋ ᠰᠠᠢᠲᠤᠷ ᠬᠢᠨ᠎ᠠ
2022-03-09 10:31:56
ᠵᠣᠬᠢᠶᠠᠭ᠍ᠴᠢ᠄
​ᠯᠢ ᠬᠠᠨ ᠶᠤᠸᠠᠨ ᠶᠦᠩ ᠬᠣᠩ
ᠣᠩᠱᠢᠭ᠍ᠰᠠᠨ ᠣᠳᠠᠭ᠎ᠠ᠄
★★★☆☆

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤ᠋ᠨ ᠡᠷᠬᠢᠯᠡᠭ᠌ᠴᠢ ᠬᠦᠩ ᠮᠢᠩ ᠵᠦ᠍ ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠵᠢ ᠨᠠᠷᠢᠨ ᠬᠢᠨᠠᠮᠠᠭᠠᠢ ᠰᠤᠷᠤᠯᠴᠠᠵᠦ᠍᠂ ᠣᠨᠴᠠᠭᠠᠢᠯᠠᠨ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠦ ᠬᠦᠷᠬᠦ᠌᠂ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠠᠵᠢᠯ ᠢ᠋ ᠠᠬᠢᠭᠤᠯᠬᠤ ᠱᠠᠭᠠᠷᠳᠠᠯᠭ᠎ᠠ ᠵᠢ ᠲᠠᠬᠢᠨ ᠳᠠᠪᠲᠠᠨ ᠰᠤᠳᠤᠯᠤᠨ ᠤᠩᠱᠢᠵᠤ ᠣᠢᠯᠠᠭᠠᠪᠠ᠃


QQ截图20220309103123.png


《〈ᠬᠤᠤᠰ ᠨᠡᠭᠦᠷᠡᠰᠦᠲᠥ᠋ᠷᠥᠭ᠌ᠴᠢ〉 ᠵᠢ ᠪᠡᠶᠡᠯᠡᠭᠦᠯᠬᠦ᠌ ᠪᠣᠯ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶᠠᠨ ᠤ᠋ ᠤᠯᠤᠰ᠎ᠤᠨ ᠳᠣᠲᠣᠭᠠᠳᠤ ᠭᠠᠳᠠᠭᠠᠳᠤ ᠵᠢᠨ ᠬᠣᠶᠠᠷ ᠶᠡᠬᠡ ᠲᠠᠯ᠎ᠠ ᠵᠢ ᠨᠢᠭᠡᠳᠦᠯᠲᠡᠶ ᠲᠥᠯᠥᠪᠯᠡᠵᠦ᠍ ᠭᠠᠷᠭᠠᠭ᠍ᠰᠠᠨ ᠴᠢᠬᠤᠯᠠ ᠶᠡᠬᠡ ᠪᠠᠢᠯᠳᠤᠬᠤ ᠪᠣᠳᠣᠯᠭ᠎ᠠ ᠵᠢᠨ ᠱᠢᠶ᠋ᠳᠪᠦᠷᠢᠲᠦ ᠪᠣᠳᠣᠯᠭ᠎ᠠ ᠮᠥᠨ᠂ ᠡᠬᠢ ᠪᠠᠶᠠᠯᠢᠭ ᠣᠷᠴᠢᠨ ᠠᠬᠤᠶ ᠵᠢᠨ ᠬᠢᠵᠠᠭᠠᠷᠯᠠᠯ᠎ᠤᠨ ᠲᠣᠪᠣᠢᠮ᠎ᠠ ᠠᠰᠠᠭᠤᠳᠠᠯ ᠢ᠋ ᠬᠦᠴᠦᠯᠡᠨ ᠱᠢᠶ᠋ᠳᠪᠦᠷᠢᠯᠡᠵᠦ᠍᠂ ᠳᠤᠮᠳᠠᠳᠤ ᠵᠢᠨ ᠦᠨᠳᠦᠰᠦᠲᠡᠨ᠎ᠦ ᠥᠨᠢᠳᠡ ᠵᠢᠨ ᠬᠥᠭ᠌ᠵᠢᠯᠲᠡ ᠵᠢ ᠪᠡᠶᠡᠯᠡᠭᠦᠯᠬᠦ᠌ ᠵᠢᠨ ᠵᠠᠢᠯᠠᠰᠢ ᠥᠬᠡᠶ ᠰᠣᠩᠭᠣᠯᠲᠠ ᠮᠥᠨ᠃ ᠪᠢᠳᠡ ᠶᠡᠷᠦᠩᠬᠡᠢ ᠱᠦᠵᠢ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 〈ᠬᠣᠣᠰ ᠨᠡᠭᠦᠷᠡᠰᠦᠲᠥ᠋ᠷᠥᠭ᠌ᠴᠢ〉 ᠵᠢᠨ ᠠᠵᠢᠯ ᠢ᠋ ᠦᠨᠡᠨ ᠬᠦ᠌ ᠰᠠᠢᠲᠤᠷ ᠬᠢᠵᠦ᠍᠂ ᠬᠥᠮᠦᠨ ᠬᠢᠭᠡᠳ ᠪᠠᠢᠭᠠᠯᠢ ᠵᠢᠨ ᠡᠶ᠎ᠡ ᠵᠣᠬᠢᠴᠠᠯ ᠲᠠᠢ ᠪᠡᠷ ᠬᠠᠮᠲᠤ ᠣᠷᠣᠱᠢᠬᠤ ᠣᠳᠣᠬᠢᠴᠢᠯᠠᠯᠲᠠ ᠵᠢ ᠪᠡᠶᠡᠯᠡᠭᠦᠯᠬᠦ ᠳ᠋ᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭ᠌ᠲᠡᠢ》 ᠭᠡᠵᠤ ᠲᠡᠷᠡ ᠲᠡᠮᠳᠡᠭ᠌ᠯᠡᠯ ᠎ᠤᠨ ᠳᠡᠪᠲᠡᠷ ᠳᠡᠭᠡᠷ᠎ᠡ ᠪᠠᠨ ᠥᠪᠡᠷ ᠤ᠋ᠨ ᠲᠥᠷᠥᠭ᠌ᠳᠡᠯ ᠵᠢᠠᠨ ᠪᠢᠴᠢᠭᠰᠡᠨ ᠪᠠᠢᠯ᠎ᠠ᠃

ᠬᠥᠩ ᠮᠢᠩ ᠵᠦ᠍᠂ ᠥᠪᠥᠷ ᠮᠣᠩᠭᠣᠯ 《ᠬᠤᠤᠰ ᠨᠡᠭᠦᠷᠡᠰᠦᠲᠥ᠋ᠷᠥᠭ᠌ᠴᠢ》 ᠵᠢᠨ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠭ᠍ᠰᠠᠭᠠᠷ ᠢᠷᠡᠭ᠌ᠰᠡᠨ ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠦ ᠬᠦᠷᠬᠦ᠌ ᠠᠵᠢᠯ᠎ᠤᠨ ᠬᠤᠪᠢᠶᠠᠷᠢᠯᠠᠯ᠎ᠤᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠦ ᠬᠦᠷᠬᠦ᠌ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ 〈1+ N + X〉 ᠲᠥᠷᠥ ᠵᠢᠨ ᠪᠣᠳᠣᠯᠭ᠎ᠠ ᠵᠢᠨ ᠱᠢᠰᠲ᠋ᠧᠮ ᠢ᠋ ᠨᠠᠢᠷᠠᠭᠤᠯᠤᠨ ᠵᠣᠬᠢᠶᠠᠬᠤ ᠠᠵᠢᠯ᠎ᠤᠨ ᠬᠡᠷᠡᠭ᠌ᠵᠢᠭᠦᠯᠬᠦ᠌ ᠲᠥᠰᠦᠯ》 ᠢ᠋ ᠲᠣᠭ᠍ᠲᠠᠭᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ 〈ᠱᠢᠨ᠎ᠡ ᠬᠥᠭ᠌ᠵᠢᠯᠲᠡ ᠵᠢᠨ ᠤᠢᠯᠠᠭᠠᠬᠳᠠᠬᠤᠨ ᠢ᠋ ᠪᠦᠷᠢᠨ ᠪᠦᠲᠦᠨ ᠣᠨᠣᠪᠴᠢᠲᠠᠶ ᠪᠡᠷ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠦ ᠬᠦᠷᠬᠦ᠌ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠠᠵᠢᠯ ᠢ᠋ ᠰᠠᠢᠲᠤᠷ ᠬᠢᠬᠦ᠌ ᠲᠤᠬᠠᠶ ᠰᠠᠨᠠᠯ 〉 ᠢ᠋ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠦ ᠬᠦᠷᠬᠦ᠌ ᠬᠡᠷᠡᠭᠵᠢᠬᠦᠯᠬᠦ ᠲᠦᠰᠦᠯ》 ᠢ᠋ ᠭᠠᠷᠭᠠᠵᠠᠢ ᠭᠡᠵᠤ ᠬᠡᠯᠡᠪᠡ᠃

ᠮᠠᠨ ᠤ᠋ ᠣᠷᠣᠨ ᠤ᠋ 《ᠬᠤᠤᠰ ᠨᠡᠭᠦᠷᠡᠰᠦᠲᠥ᠋ᠷᠥᠭ᠌ᠴᠢ》 ᠵᠢᠨ ᠠᠵᠢᠯ ᠢ᠋ ᠬᠡᠷᠬᠢᠨ ᠰᠠᠢᠲᠤᠷ ᠬᠢᠬᠦ᠌ ᠪᠣᠶ?  ᠬᠥᠩ ᠮᠢᠩ ᠵᠦ᠍᠂ ᠡᠷᠬᠡᠪᠰᠢ ᠬᠣᠶᠠᠷ ᠲᠠᠯ᠎ᠠ ᠪᠡᠷ ᠦᠷᠭᠦᠯᠵᠢᠯᠡᠨ ᠬᠦᠴᠦᠯᠡᠬᠦ᠌ ᠬᠡᠷᠡᠭ᠌ᠲᠡᠶ ᠭᠡᠪᠡ᠃ ᠨᠢᠭᠡ᠎ᠳᠦ᠂ ᠡᠷᠬᠡᠪᠰᠢ ᠲᠦᠷᠦ᠍ ᠵᠢᠨ ᠪᠤᠳᠤᠯᠭ᠎ᠠ ᠵᠢᠨ ᠱᠢᠰᠲ᠋ᠧᠮ ᠢ᠋ ᠲᠦᠷᠭᠡᠪᠴᠢᠯᠡᠨ ᠪᠠᠢᠭᠤᠯᠬᠤ ᠬᠡᠷᠡᠭ᠌ᠲᠡᠢ᠃ ᠡᠯ᠎ᠡ ᠠᠢᠮᠠᠭ ᠬᠣᠲᠠ ᠵᠢ ᠵᠢᠯᠣᠭᠣᠳᠴᠤ᠌ ᠪᠠᠢᠭᠠᠳ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠤᠷᠬᠢᠯ ᠬᠡᠮᠵᠢᠭᠳᠡᠯ ᠳ᠋ᠦ ᠬᠦᠷᠭᠡᠬᠦ᠌ ᠵᠢ ᠬᠡᠷᠡᠭ᠌ᠵᠢᠭᠦᠯᠬᠦ᠌ ᠲᠥᠰᠦᠯ ᠢ᠋ ᠱᠢᠨᠵᠢᠯᠡᠬᠦ᠌ ᠤᠬᠠᠭᠠᠨᠴᠢ ᠪᠡᠷ ᠲᠣᠭ᠍ᠲᠠᠭᠠᠯᠭᠠᠵᠤ᠂ ᠥᠪᠡᠷᠲᠡᠭᠡᠨ ᠵᠠᠰᠠᠬᠤ ᠣᠷᠣᠨ ᠤ᠋ ᠬᠡᠷᠡᠭ᠌ᠵᠢᠭᠦᠯᠬᠦ᠌ ᠲᠥᠰᠦᠯ᠎ᠯᠦᠭᠡ ᠨᠢᠭᠡᠳᠦᠯᠲᠡᠶ ᠪᠠᠢᠯᠭᠠᠵᠤ᠂ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ ᠲᠠᠢ᠂  ᠯᠠᠪᠳᠠᠭᠤᠨ ᠵᠢᠡᠷ ᠲᠦᠯᠬᠢᠨ ᠠᠬᠢᠭᠤᠯᠤᠨ᠎ᠠ; 《ᠬᠤᠤᠰ ᠨᠡᠭᠦᠷᠡᠰᠦᠲᠥ᠋ᠷᠥᠭ᠌ᠴᠢ》 ᠵᠢᠨ ᠲᠥᠷᠥ ᠵᠢᠨ ᠪᠣᠳᠣᠯᠭ᠎ᠠ ᠵᠢᠨ ᠱᠢᠰᠲ᠋ᠧᠮ ᠢ᠋ ᠪᠥᠬᠥ᠌ ᠲᠠᠯ᠎ᠠ ᠪᠡᠷ ᠱᠢᠯᠤᠭᠤᠳᠭᠠᠵᠤ᠂ ᠣᠲᠣ ᠵᠢᠨ ᠬᠡᠷᠡᠭ᠌ᠵᠢᠭᠦᠯᠵᠦ᠍ ᠪᠠᠢᠭ᠎ᠠ ᠲᠥᠷᠥ ᠵᠢᠨ ᠪᠣᠳᠣᠯᠭ᠎ᠠ᠎ᠳᠠᠬᠢ ᠳᠣᠭᠢᠷᠠᠬᠤ ᠥᠬᠡᠶ ᠠᠭᠤᠯᠭ᠎ᠠ ᠵᠢ ᠢᠯᠭᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭᠠᠳᠭᠠᠨ᠎ᠠ; 《ᠬᠤᠤᠰ ᠨᠡᠭᠦᠷᠡᠰᠦᠲᠥ᠋ᠷᠥᠭ᠌ᠴᠢ》  ᠵᠢᠨ ᠰᠡᠳᠦᠪ ᠤ᠋ᠨ ᠰᠤᠳᠤᠯᠭᠠᠨ ᠢ᠋ ᠴᠢᠩᠭᠠᠳᠭᠠᠵᠤ᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠢᠨᠠᠨ ᠪᠤᠳᠤᠯᠳᠠ ᠵᠢᠨ ᠪᠠᠷᠢᠮᠵᠢᠶ᠎ᠠ᠂ ᠨᠡᠭᠦᠷᠡᠰᠦᠲᠥ᠋ᠷᠥᠭ᠌ᠴᠢ ᠵᠢᠨ ᠵᠠᠬ᠎ᠠ ᠳᠡᠯᠭᠡᠭᠦᠷ ᠤ᠋ᠨ ᠲᠣᠭ᠍ᠲᠠᠴᠠ᠂ᠨᠡᠭᠦᠷᠡᠰᠦᠲᠥ᠋ᠷᠥᠭ᠌ᠴᠢ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠭᠣᠭ᠍ᠴᠣᠭ᠎ᠠ ᠵᠢᠨ ᠲᠣᠭᠣᠷᠢᠨ ᠳ᠋ᠦ ᠤᠷᠢᠳᠠᠴᠢ ᠴᠢᠨᠠᠷᠲᠠᠶ ᠰᠤᠳᠤᠯᠭᠠᠨ ᠥᠷᠨᠢᠭᠦᠯᠵᠦ᠍᠂  ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠲᠣᠭ᠍ᠲᠠᠭᠠᠬᠤ ᠳ᠋ᠦ ᠣᠨᠣᠪᠴᠢᠲᠠᠶ ᠦᠨᠳᠦᠰᠦᠯᠡᠯ ᠬᠠᠩᠭᠠᠨ᠎ᠠ᠃ ᠬᠣᠶᠠᠷ᠎ᠲᠤ᠂ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ ᠵᠢᠠᠨ ᠬᠤᠷᠠᠮᠳᠤᠭᠤᠯᠵᠦ ᠠᠵᠤ ᠦᠶ᠋ᠯᠡᠰ ᠤ᠋ᠨ ᠪᠦᠲᠦᠴᠡ᠎ᠳᠦ ᠭᠦᠨᠵᠡᠭᠡᠶ ᠲᠣᠬᠢᠷᠠᠭᠤᠯᠤᠯᠲᠠ ᠬᠢᠬᠦ᠌᠂ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠵᠢ ᠪᠥᠬᠥ᠌ ᠲᠠᠯ᠎ᠠ ᠪᠡᠷ ᠠᠬᠢᠭᠤᠯᠬᠤ᠂ ᠭᠤᠤᠯᠳᠠᠯᠭ᠎ᠠ ᠲᠠᠢ ᠠᠵᠢᠯ ᠲᠥᠷᠥᠯ ᠤ᠋ᠨ ᠬᠦᠷᠢᠶᠡᠨ᠎ᠳᠡᠬᠢ ᠪᠣᠬᠢᠷᠲᠤᠯ ᠢ᠋ ᠪᠠᠭᠠᠰᠭᠠᠵᠤ ᠨᠡᠭᠦᠷᠡᠰᠦᠲᠥ᠋ᠷᠥᠭ᠌ᠴᠢ ᠵᠢ ᠪᠠᠭᠠᠰᠭᠠᠬᠤ ᠵᠢ ᠠᠬᠢᠭᠤᠯᠬᠤ᠂ ᠵᠦᠶ ᠵᠣᠬᠢᠰᠲᠠᠶ ᠬᠢᠨᠠᠨ ᠱᠢᠯᠭᠠᠬᠤ ᠲᠣᠭ᠍ᠲᠠᠴᠠ ᠵᠢ ᠰᠦᠪᠡᠭ᠌ᠴᠢᠯᠡᠨ ᠪᠠᠢᠭᠤᠯᠬᠤ ᠵᠡᠷᠭᠡ ᠭᠤᠤᠯᠳᠠᠯᠭ᠎ᠠ ᠲᠠᠢ ᠡᠭᠦᠷᠭᠡ ᠪᠡᠷ ᠳᠠᠮᠵᠢᠭᠤᠯᠤᠨ᠂ ᠮᠠᠨ ᠤ᠋ ᠣᠷᠣᠨ ᠤ᠋ 《ᠬᠤᠤᠰ ᠨᠡᠭᠦᠷᠡᠰᠦᠲᠥ᠋ᠷᠥᠭ᠌ᠴᠢ》  ᠵᠢᠨ ᠠᠵᠢᠯ ᠢ᠋ ᠢᠳᠡᠪᠬᠢᠲᠡᠶ ᠪᠥᠭᠡᠳ ᠯᠠᠪᠳᠠᠭᠤᠨ ᠵᠢᠡᠷ ᠠᠬᠢᠭᠤᠯᠤᠨ᠎ᠠ᠃

《 2025 ᠤᠨ ᠪᠣᠯᠬᠤ ᠳ᠋ᠦ᠂ ᠪᠥᠬᠥ᠌ ᠣᠷᠣᠨ ᠳ᠋ᠦ ᠠᠵᠤ ᠦᠶ᠋ᠯᠡᠰ ᠬᠢᠭᠡᠳ ᠡᠨᠧᠷᠭᠢ ᠵᠢᠨ ᠪᠦᠲᠦᠴᠡ ᠵᠢ ᠢᠯᠡᠳᠲᠡ ᠱᠢᠯᠢᠳᠡᠭ᠌ᠵᠢᠭᠦᠯᠵᠦ᠍᠂  ᠨᠢᠭᠡᠴᠢ ᠭᠠᠵᠠᠷ ᠣᠷᠣᠨ ᠤ᠋ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ ᠤ᠋ᠨ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠲᠠ ᠵᠢ ᠪᠠᠭᠤᠷᠠᠭᠤᠯᠬᠤ ᠤᠯᠤᠰ᠎ᠤᠨ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠍᠂ ᠮᠠᠨ ᠤ᠋ ᠣᠷᠣᠨ ᠤ᠋ 〈 ᠬᠤᠤᠰ ᠨᠡᠭᠦᠷᠡᠰᠦᠲᠥ᠋ᠷᠥᠭ᠌ᠴᠢ〉 ᠵᠢ ᠪᠡᠶᠡᠯᠡᠭᠦᠯᠬᠦ᠌᠎ᠳᠦ ᠪᠠᠲᠤ ᠪᠠᠬᠢ ᠰᠠᠭᠤᠷᠢ ᠲᠠᠯᠪᠢᠵᠤ ᠥᠭ᠌ᠬᠦ ᠪᠡᠷ ᠲᠥᠯᠥᠪᠯᠡᠵᠦ᠍ ᠪᠣᠶ》 ᠭᠡᠵᠤ ᠬᠥᠩ ᠮᠢᠩ ᠵᠦ᠍ ᠬᠡᠯᠡᠪᠡ᠂ ᠲᠡᠷᠡ ᠪᠠᠰᠠ ᠥᠪᠥᠷ ᠮᠣᠩᠭᠣᠯ ᠶᠡᠷᠦᠩᠬᠡᠶ ᠱᠦᠵᠢ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠡᠭᠦᠷᠡᠰᠦᠲᠥ᠋ᠷᠥᠭ᠌ᠴᠢ ᠵᠢ ᠪᠠᠭᠠᠰᠭᠠᠬᠤ ᠵᠢᠨ ᠬᠠᠮᠲᠤ ᠡᠨᠧᠷᠭᠢ ᠵᠢᠨ ᠠᠮᠤᠷ ᠲᠦᠪᠱᠢᠨ᠂ ᠠᠵᠤ ᠦᠶ᠋ᠯᠡᠰ ᠤ᠋ᠨ ᠬᠡᠯᠬᠢᠶ᠎ᠡ ᠬᠠᠩᠭᠠᠯᠭ᠎ᠠ ᠵᠢᠨ ᠬᠡᠯᠬᠢᠶ᠎ᠡ ᠵᠢᠨ ᠠᠮᠤᠷ ᠲᠦᠪᠱᠢᠨ᠂ ᠠᠮᠤ ᠪᠤᠳᠠᠭᠠᠨ ᠤ᠋ ᠠᠮᠤᠷ ᠲᠦᠪᠱᠢᠨ ᠢ᠋ ᠦᠨᠡᠨ ᠬᠦ᠌ ᠪᠠᠲᠤᠯᠠᠵᠤ᠂ ᠣᠯᠠᠨ ᠲᠦᠮᠡᠨ᠎ᠦ ᠬᠡᠪ ᠤ᠋ᠨ ᠠᠮᠢᠳᠤᠷᠠᠯ ᠢ᠋ ᠪᠠᠲᠤᠯᠠᠨ᠎ᠠ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号