
ᠪᠥᠬᠥ᠌ ᠤᠯᠤᠰ ᠤ᠋ᠨ ᠬᠣᠶᠠᠷ ᠬᠤᠷᠠᠯ ᠳᠡᠭᠡᠷ᠎ᠡ᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠬᠡᠷᠡᠭ᠌ᠲᠡᠶ ᠭᠡᠵᠦ᠍ ᠳᠤᠷᠠᠳᠤᠭ᠍ᠰᠠᠨᠨᠢ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠶ᠋ᠢ ᠠᠩᠬᠠᠷᠤᠭ᠍ᠰᠠᠭᠠᠷ ᠢᠷᠡᠭ᠌ᠰᠡᠨ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠪᠠᠯᠠ ᠣᠷᠣᠭᠤᠯᠤᠯᠲᠠ ᠵᠢᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢᠨ ᠳᠡᠳ᠋ ᠶᠡᠷᠦᠩᠬᠡᠶ ᠳᠠᠭᠠᠭᠠᠮᠠᠯ ᠵᠠᠩ ᠯᠢ ᠸᠧᠨ ᠢ᠋ ᠲᠤᠢᠯ ᠵᠢᠡᠷ ᠤᠷᠮᠠᠱᠢᠭᠤᠯᠪᠠ᠃ ᠲᠤᠰ ᠤᠳᠠᠭ᠎ᠠ ᠵᠢᠨ ᠬᠤᠷᠠᠯ ᠳ᠋ᠤ ᠣᠷᠣᠯᠴᠠᠬᠤᠳᠠᠭᠠᠨ᠂ ᠲᠡᠷᠡ ᠥᠪᠥᠷ ᠮᠣᠩᠭᠣᠯ ᠳ᠋ᠤ ᠬᠠᠳᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠪᠤᠳᠤᠯᠲᠠ ᠵᠢᠨ ᠲᠦᠪ ᠢ᠋ ᠪᠠᠢᠭᠤᠯᠬᠤ ᠲᠤᠬᠠᠢ ᠰᠠᠨᠠᠯ ᠳᠤᠷᠠᠳᠤᠯᠭ᠎ᠠ ᠳᠤᠷᠠᠳᠪᠠ᠃
— ᠬᠠᠲᠤᠨ ᠭᠤᠤᠯ ᠤ᠋ᠨ ᠳᠤᠮᠳᠠᠳᠤ ᠳᠡᠭᠡᠳᠦ ᠤᠷᠤᠰᠭᠠᠯ ᠤ᠋ᠨ ᠠᠮᠢ ᠠᠬᠤᠶ ᠵᠢᠨ ᠱᠢᠰᠲ᠋ᠧᠮ ᠬᠡᠪᠡᠷᠡᠭ ᠪᠠᠢᠵᠤ᠂ ᠰᠠᠯᠬᠢ ᠶ᠋ᠢ ᠰᠡᠷᠭᠡᠢᠯᠡᠵᠦ᠍ ᠡᠯᠡᠰᠦ ᠶ᠋ᠢ ᠲᠣᠭ᠍ᠲᠠᠪᠤᠷᠢᠵᠢᠭᠤᠯᠬᠤ᠂ ᠠᠮᠢ ᠠᠬᠤᠶ ᠣᠷᠴᠢᠨ ᠲᠣᠭᠣᠷᠢᠨ ᠢ᠋ ᠬᠠᠮᠠᠭᠠᠯᠠᠬᠤ ᠪᠠ ᠪᠣᠬᠢᠷᠲᠤᠯ ᠥᠬᠡᠶ ᠬᠥᠭ᠌ᠵᠢᠭᠦᠯᠬᠦ᠌ ᠴᠢᠬᠤᠯᠠ ᠡᠭᠦᠷᠭᠡ ᠶ᠋ᠢ ᠡᠭᠦᠷᠭᠡᠯᠡᠵᠦ᠍ ᠪᠠᠢᠨ᠎ᠠ᠂ ᠬᠠᠷᠢᠨ ᠣᠲᠣ ᠵᠢᠨ ᠪᠠᠢᠭ᠎ᠠ ᠮᠤᠵᠢ᠂ ᠬᠣᠲᠠᠪᠠᠷ ᠤᠳᠤᠷᠢᠳᠤᠮᠵᠢ ᠪᠣᠯᠭᠠᠭ᠍ᠰᠠᠨ ᠠᠮᠢ ᠠᠬᠤᠶ ᠣᠷᠴᠢᠨ ᠲᠣᠭᠣᠷᠢᠨ ᠢ᠋ ᠬᠢᠨᠠᠨ ᠬᠡᠮᠵᠢᠵᠦ᠍ ᠬᠢᠨᠠᠨ ᠬᠠᠮᠢᠶᠠᠷᠬᠤ ᠲᠠᠷᠠᠬᠠᠶ ᠪᠤᠲᠠᠷᠬᠠᠶ ᠴᠢᠳᠠᠪᠤᠷᠢ ᠵᠢᠨ ᠪᠠᠢᠭᠤᠯᠤᠯᠲᠠ ᠵᠢᠨ ᠵᠠᠭ᠍ᠪᠤᠷᠨᠢ ᠤᠯᠤᠰ ᠤ᠋ᠨ ᠬᠠᠲᠤᠨ ᠭᠤᠤᠯ ᠤ᠋ᠨ ᠶᠡᠬᠡ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠢᠨ ᠴᠢᠬᠤᠯᠠ ᠶᠡᠬᠡ ᠤᠯᠤᠰ ᠤ᠋ᠨ ᠪᠠᠢᠯᠳᠤᠬᠤ ᠪᠣᠳᠣᠯᠭ᠎ᠠ ᠶ᠋ᠢ ᠪᠦᠲᠦᠮᠵᠢᠲᠡᠶ ᠵᠣᠯᠭᠠᠭᠤᠯᠬᠤ ᠳ᠋ᠤ ᠬᠦᠴᠢᠷᠲᠡᠶ ᠪᠠᠢᠨ᠎ᠠ᠃ ᠡᠢᠮᠦ᠍ᠡᠴᠡ ᠣᠶᠤᠨᠴᠢᠯᠠᠭ᠍ᠰᠠᠨ ᠠᠷᠭ᠎ᠠ ᠪᠠᠷᠢᠯ ᠵᠢᠡᠷ ᠳᠠᠮᠵᠢᠭᠤᠯᠤᠨ᠂ ᠲᠣᠭᠠᠴᠢᠯᠠᠯᠲᠠᠪᠠᠷ ᠬᠡᠯᠪᠡᠷᠢᠪᠡᠨ ᠬᠤᠪᠢᠷᠠᠭᠤᠯᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠢᠨ ᠰᠠᠭᠤᠷᠢ ᠴᠢᠳᠠᠪᠤᠷᠢ ᠶ᠋ᠢ ᠳᠡᠭᠡᠭ᠌ᠰᠢᠯᠡᠭᠦᠯᠬᠦ᠌ᠨᠢ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠳ᠋ᠤ ᠴᠢᠬᠤᠯᠠ ᠶᠡᠬᠡ ᠠᠴᠢ ᠬᠣᠯᠪᠣᠭ᠍ᠳᠠᠯᠲᠠᠶ ᠪᠥᠭᠡᠳ ᠠᠯᠤᠰ ᠬᠡᠲᠦ᠍ ᠵᠢᠨ ᠨᠥᠯᠥᠭᠡᠲᠡᠶ ᠶᠤᠮ ᠭᠡᠵᠤ ᠵᠠᠩ ᠯᠢ ᠸᠸᠨ ᠬᠡᠯᠡᠪᠡ᠃
ᠵᠠᠩ ᠯᠢ ᠸᠸᠨ ᠡᠮᠦᠨᠡᠬᠢ ᠬᠤᠭᠤᠴᠠᠭᠠᠨ ᠤ᠋ ᠪᠠᠢᠴᠠᠭᠠᠨ ᠰᠤᠳᠤᠯᠤᠯᠲᠠᠳᠠᠭᠠᠨ᠂ ᠣᠳᠣᠬᠠᠨ ᠳ᠋ᠤ ᠬᠠᠳᠤᠨ ᠭᠣᠣᠯ ᠤ᠋ᠨ ᠰᠠᠪᠠ ᠭᠠᠵᠠᠷ᠎ᠲᠤ ᠨᠢᠭᠡᠳᠦᠯᠲᠡᠢ ᠪᠤᠳᠤᠯᠲᠠ ᠵᠢᠨ ᠲᠥᠪ ᠪᠠᠢᠬᠤ ᠦᠭᠡᠢ᠂ ᠠᠮᠢ ᠠᠬᠤᠢ ᠣᠷᠴᠢᠨ ᠲᠣᠭᠣᠷᠢᠨ ᠤ᠋ ᠲᠣᠭ᠎ᠠ ᠪᠠᠷᠢᠮᠲᠠ ᠶ᠋ᠢ ᠴᠤᠭ᠍ᠯᠠᠭᠤᠯᠬᠤ᠂ ᠬᠢᠨᠠᠨ ᠬᠡᠮᠵᠢᠬᠦ᠌᠂ ᠬᠠᠳᠠᠭᠠᠯᠠᠬᠤ᠂ ᠬᠠᠮᠲᠤᠪᠠᠷ ᠡᠳ᠋ᠯᠡᠬᠦ᠌ ᠵᠡᠷᠭᠡ ᠪᠠᠷᠢᠮᠵᠢᠶ᠎ᠠ ᠵᠢᠷᠤᠮᠵᠢᠯ ᠬᠠᠷᠠᠬᠠᠨ ᠲᠡᠭᠦᠯᠳᠡᠷᠵᠢᠭᠡᠳᠦᠢ ᠪᠠᠢᠨ᠎ᠠ᠃ ᠬᠠᠲᠤᠨ ᠭᠤᠤᠯ ᠤ᠋ᠨ ᠰᠠᠪᠠ ᠭᠠᠵᠠᠷ ᠤ᠋ᠨ ᠬᠠᠮᠢᠶᠠᠷᠤᠯᠲᠠ ᠵᠢᠨ ᠤᠶᠤᠨᠴᠢᠯᠠᠯᠲᠠ ᠵᠢᠨ ᠬᠢᠷᠢ ᠲᠦᠪᠱᠢᠨ ᠨᠡᠯᠢᠶᠡᠳ ᠳᠤᠤᠷ᠎ᠠ ᠪᠠᠢᠵᠤ᠂ ᠣᠲᠣ ᠵᠢᠨ ᠪᠠᠢᠭ᠎ᠠ ᠲᠣᠭ᠎ᠠ ᠪᠠᠷᠢᠮᠲᠠ ᠳ᠋ᠤ 《ᠲᠣᠭ᠎ᠠ ᠪᠠᠷᠢᠮᠲᠠ ᠵᠢᠨ ᠥᠨᠥᠴᠢᠨ ᠠᠷᠠᠯ》 ᠣᠷᠣᠱᠢᠵᠤ᠂ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ᠌ ᠪᠠ ᠰᠣᠯᠢᠯᠴᠠᠬᠤ᠂ ᠲᠤᠬᠠᠢᠯᠠᠭ᠍ᠰᠠᠨ ᠠᠵᠢᠯ ᠤ᠋ᠨ ᠬᠠᠮᠵᠢᠯᠴᠠᠭ᠎ᠠ ᠬᠦᠷᠦᠯᠴᠡᠬᠦ᠌ ᠥᠬᠡᠶ ᠪᠠᠢᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠲᠣᠭᠠᠴᠢᠯᠠᠯᠲᠠ ᠵᠢᠨ ᠪᠥᠬᠥ᠌ ᠪᠠᠢᠳᠠᠯ ᠢ᠋ ᠪᠦᠷᠢᠯᠳᠦᠭᠦᠯᠦᠭ᠌ᠰᠡᠨ ᠥᠬᠡᠶ ᠪᠣᠯᠬᠣᠷ ᠬᠠᠲᠤᠨ ᠭᠤᠤᠯ ᠤ᠋ᠨ ᠰᠠᠪᠠ ᠭᠠᠵᠠᠷ ᠢ᠋ ᠨᠢᠭᠡᠳᠦᠯᠲᠡᠶ ᠲᠥᠯᠥᠪᠯᠡᠨ ᠵᠠᠰᠠᠬᠤ ᠳ᠋ᠤ ᠠᠱᠢᠭ ᠥᠬᠡᠶ ᠪᠠᠢᠨ᠎ᠠ᠃ ᠬᠠᠲᠤᠨ ᠭᠤᠤᠯ ᠳᠠᠭᠠᠤ ᠵᠢᠨ ᠮᠤᠵᠢ ᠣᠷᠣᠨ ᠤ᠋ ᠨᠢᠭᠡ ᠪᠣᠯᠤᠭ᠍ᠰᠠᠨ ᠥᠪᠥᠷ ᠮᠣᠩᠭᠣᠯᠨᠢ ᠬᠠᠲᠤᠨ ᠭᠤᠤᠯ ᠤ᠋ᠨ ᠰᠠᠪᠠ ᠭᠠᠵᠠᠷ ᠤ᠋ᠨ ᠳᠤᠮᠳᠠ ᠤᠷᠤᠰᠭᠠᠯ ᠳ᠋ᠤ ᠪᠠᠢᠷᠢᠯᠠᠵᠤ᠂ ᠣᠳᠣᠬᠠᠨ ᠳ᠋ᠤ ᠨᠢᠭᠡᠨᠲᠡ ᠤᠯᠠᠭᠠᠨᠴᠠᠪ᠂ ᠬᠥᠬᠡᠬᠣᠲᠠ ᠬᠣᠶᠠᠷ ᠶᠡᠬᠡ ᠪᠤᠳᠤᠯᠲᠠ ᠵᠢᠨ ᠴᠤᠭ᠍ᠯᠠᠷᠠᠯ ᠢ᠋ ᠠᠩᠬ᠎ᠠ ᠠᠯᠬᠤᠮ ᠪᠦᠷᠢᠯᠳᠦᠭᠦᠯᠵᠦ᠍᠂ ᠤᠯᠤᠰ ᠤ᠋ᠨ《ᠵᠡᠭᠦᠨᠳᠡᠬᠢ ᠵᠢᠨ ᠲᠤᠭ᠎ᠠ ᠪᠠᠷᠢᠮᠲᠠ ᠪᠠᠷᠠᠭᠤᠨᠲᠠᠬᠢ ᠵᠢᠨ ᠪᠤᠳᠤᠯᠲᠠ》ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠳᠤᠤᠷ᠎ᠠ᠂ ᠤᠯᠤᠰ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠨᠢᠭᠡᠨᠲᠡ ᠥᠪᠥᠷ ᠮᠣᠩᠭᠣᠯ ᠳ᠋ᠤ ᠪᠥᠬᠥ᠌ ᠤᠯᠤᠰ ᠤ᠋ᠨ ᠨᠢᠭᠡ ᠴᠣᠭ᠍ᠴᠠᠵᠢᠭ᠍ᠰᠠᠨ ᠪᠤᠳᠤᠯᠲᠠ ᠵᠢᠨ ᠰᠦᠯᠵᠢᠶᠡᠨ ᠤ᠋ ᠤᠯᠤᠰ ᠤ᠋ᠨ ᠬᠦᠶ᠋ᠰᠦ ᠵᠢᠨ ᠠᠭᠤᠯᠵᠠᠷ ᠢ᠋ ᠡᠬᠢᠯᠡᠵᠤ ᠪᠥᠲᠥᠭᠡᠨ ᠪᠠᠢᠭᠤᠯᠬᠤ ᠪᠡᠷ ᠪᠤᠯᠪᠠ᠃
ᠥᠪᠥᠷ ᠮᠣᠩᠭᠣᠯ ᠤ᠋ᠨ ᠠᠭᠤᠷ ᠠᠮᠢᠰᠭᠤᠯ᠂ ᠡᠨᠧᠷᠭᠢ᠂ ᠣᠷᠴᠢᠨ ᠲᠣᠭᠣᠷᠢᠨ᠂ ᠣᠷᠣᠨ ᠪᠠᠢᠷᠢ᠂ ᠬᠠᠲᠠᠭᠤ ᠲᠤᠨᠤᠭ ᠤ᠋ᠨ ᠨᠥᠬᠥᠴᠡᠯ ᠪᠠ ᠲᠥᠷᠥ ᠵᠢᠨ ᠪᠣᠳᠣᠯᠭ᠎ᠠ ᠵᠡᠷᠭᠡ ᠲᠠᠯ᠎ᠠ ᠵᠢᠨ ᠳᠠᠪᠠᠭᠤᠯᠢᠭᠲᠤ ᠰᠠᠭᠤᠷᠢᠯᠠᠨ᠂ ᠵᠠᠩ ᠯᠢ ᠸᠸᠨ᠂ ᠥᠪᠥᠷ ᠮᠣᠩᠭᠣᠯ ᠳ᠋ᠤ ᠬᠠᠲᠤᠨ ᠭᠤᠤᠯ ᠤ᠋ᠨ ᠶᠢᠰᠦᠨ ᠮᠤᠵᠢ ᠳᠠᠭᠠᠤ ᠵᠢᠨ ᠨᠢᠭᠡᠳᠦᠯᠲᠡᠶ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠣᠷᠴᠢᠨ ᠲᠣᠭᠣᠷᠢᠨᠳᠠᠬᠢ ᠤᠯᠤᠰ ᠤ᠋ᠨ ᠪᠤᠳᠤᠯᠲᠠ ᠵᠢᠨ ᠴᠢᠳᠠᠪᠤᠷᠢ ᠵᠢᠨ ᠲᠥᠪ ᠢ᠋ ᠪᠥᠲᠥᠭᠡᠨ ᠪᠠᠢᠭᠤᠯᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠪᠤᠳᠤᠯᠲᠠ ᠵᠢᠨ ᠴᠢᠳᠠᠪᠤᠷᠢ ᠵᠢᠨ ᠠᠷᠠᠯᠵᠢᠶᠠᠨ ᠤ᠋ ᠲᠠᠪᠴᠠᠩ᠂ ᠣᠶᠤᠨᠴᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠲᠠᠪᠴᠠᠩ ᠪᠠ ᠨᠡᠭᠦᠷᠡᠰᠦᠲᠥ᠋ᠷᠥᠭ᠌ᠴᠢ ᠵᠢᠨ ᠦᠷ᠎ᠡ ᠠᠱᠢᠭ ᠢ᠋ ᠦᠨᠡᠯᠡᠬᠦ᠌ ᠲᠠᠪᠴᠠᠩ ᠢ᠋ ᠭᠤᠤᠯᠳᠠᠯᠭᠠᠲᠠᠶ ᠪᠠᠢᠭᠤᠯᠵᠤ᠂ ᠵᠠᠬ᠎ᠠ ᠳᠡᠯᠭᠡᠭᠦᠷᠴᠢᠯᠡᠬᠦ᠌ ᠠᠷᠭ᠎ᠠ ᠪᠠᠷᠢᠯ ᠵᠢᠡᠷ ᠳᠠᠮᠵᠢᠭᠤᠯᠤᠨ᠂ ᠤᠯᠤᠰ ᠤ᠋ᠨ ᠥᠮᠴᠢᠯᠡᠯᠲᠦ ᠬᠥᠲᠥᠴᠢ ᠠᠵᠤ ᠠᠬᠤᠢᠯᠠᠯ ᠤ᠋ᠨ ᠬᠥᠷᠥᠩᠭᠡ᠂ ᠲᠤᠰᠭᠠᠶ ᠮᠡᠷᠭᠡᠵᠢᠯ ᠤ᠋ᠨ ᠴᠢᠳᠠᠪᠤᠷᠢᠲᠠᠨ᠂ ᠬᠤᠳᠠᠯᠳᠤᠭᠠᠨ ᠤ᠋ ᠵᠠᠭ᠍ᠪᠤᠷ ᠤ᠋ᠨ ᠲᠠᠯᠠᠪᠠᠷᠬᠢ ᠳᠠᠪᠠᠭᠤᠯᠢᠭ ᠢ᠋ ᠪᠠᠳᠠᠷᠠᠭᠤᠯᠵᠤ᠂ ᠰᠠᠪᠠ ᠭᠠᠵᠠᠷ ᠤ᠋ᠨ ᠠᠮᠢ ᠠᠬᠤᠶ ᠵᠢᠨ ᠣᠷᠴᠢᠨ ᠲᠣᠭᠣᠷᠢᠨ ᠤ᠋ ᠬᠢᠨᠠᠯᠲᠠ ᠬᠠᠮᠢᠶᠠᠷᠤᠯᠲᠠ ᠵᠢᠨ ᠲᠤᠭᠠᠴᠢᠯᠠᠭᠰᠠᠨ ᠬᠡᠯᠪᠡᠷᠢ ᠵᠢᠨ ᠬᠤᠪᠢᠷᠠᠯᠲᠠ ᠶ᠋ᠢ ᠪᠡᠶᠡᠯᠡᠭᠦᠯᠤᠨ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠬᠡᠷᠡᠭ᠌ᠲᠡᠶ ᠭᠡᠵᠤ ᠰᠠᠨᠠᠭᠤᠯᠪᠠ᠃