ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠰᠢᠵᠢᠮ ᠢ᠋ ᠴᠢᠩᠭ᠎ᠠ ᠠᠳᠭᠤᠬᠤ ᠭᠡᠷᠡᠭᠳᠠᠢ
2022-03-09 10:21:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠬᠤ ᠲᠤᠬᠠᠢ ᠳᠥᠷᠪᠡᠨᠲᠡ ᠥᠭᠦᠯᠡᠬᠦ᠌ ᠨᠢ

ᠲᠤᠰ ᠰᠣᠨᠢᠨ ᠤ᠋ ᠱᠢᠭᠦᠮᠵᠢᠯᠡᠭ᠌ᠴᠢ

《ᠦᠨᠳᠦᠰᠦᠲᠡᠨ᠎ᠦ ᠪᠦᠯᠬᠦᠮᠳᠡᠯ ᠪᠣᠯ ᠮᠠᠨ ᠤ᠋ ᠤᠯᠤᠰ ᠤ᠋ᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠪᠤᠯᠤᠨ᠎ᠠ》᠂ 《ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠰᠢᠵᠢᠮ ᠢ᠋ ᠴᠢᠩᠭ᠎ᠠ ᠠᠳᠭᠤᠬᠤ ᠬᠡᠷᠡᠭ᠌ᠲᠡᠢ》᠂《ᠦᠨᠳᠦᠰᠦᠲᠡᠨ᠎ᠦ ᠪᠦᠯᠬᠦᠮᠳᠡᠯ ᠲᠠᠪᠱᠢᠯᠳᠠ ᠵᠢᠨ ᠬᠥᠮᠦᠵᠢᠯ ᠢ᠋ ᠭᠦᠨᠵᠡᠭᠡᠢᠷᠡᠭᠦᠯᠬᠦ᠌ ᠬᠡᠷᠡᠭ᠌ᠲᠡᠢ》᠂ 《 ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠦᠵᠡᠯ ᠰᠠᠨᠠᠭᠠᠨ ᠤ᠋ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭ᠌ᠲᠡᠢ》᠁ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠶᠡᠷᠦᠩᠬᠡᠶ ᠱᠦᠵᠢ ᠰᠢ ᠵᠢᠨ ᠫᠢᠩ ᠦᠨᠳᠦᠰᠦᠲᠡᠨ᠎ᠦ ᠠᠵᠢᠯ ᠳ᠋ᠦ ᠳᠠᠬᠢᠨᠲᠠ ᠭᠦᠨ ᠲᠤᠳᠤᠨᠤ ᠬᠦᠰᠡᠯ ᠨᠠᠢᠳᠠᠯᠭ᠎ᠠ ᠲᠠᠯᠪᠢᠵᠤ᠂ ᠴᠢᠬᠤᠯᠠ ᠱᠠᠭᠠᠷᠳᠠᠯᠭ᠎ᠠ ᠳᠤᠷᠠᠳᠤᠬᠰᠠᠨ ᠨᠢ ᠶᠡᠷᠦᠩᠬᠡᠶ ᠱᠦᠵᠢ ᠎ᠵᠢᠨ ᠦᠨᠳᠦᠰᠦᠲᠡᠨ᠎ᠦ ᠠᠵᠢᠯ ᠢ᠋ ᠢᠮᠠᠭ᠍ᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠥᠷ ᠮᠣᠩᠭᠣᠯ ᠤ᠋ᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠢᠮᠠᠭ᠍ᠲᠠ ᠭᠦᠨ ᠵᠤᠵᠠᠭᠠᠨ ᠬᠠᠢᠷ᠎ᠠ ᠰᠡᠳᠭᠢᠯᠭᠡ᠎ᠲᠡᠶ᠂ ᠥᠪᠥᠷ ᠮᠣᠩᠭᠣᠯ ᠤ᠋ᠨ ᠡᠯ᠎ᠡ ᠲᠦᠷᠦᠯ᠎ᠤᠨ ᠠᠵᠢᠯ ᠦᠶ᠋ᠯᠡᠰ ᠲᠦ᠍ ᠢᠮᠠᠭ᠍ᠲᠠ ᠬᠦᠨᠳᠦ ᠨᠠᠢᠳᠠᠯᠭ᠎ᠠ ᠳᠠᠯᠪᠢᠵᠤ ᠪᠠᠢᠭ᠎ᠠ ᠵᠢ ᠭᠦᠢᠴᠡᠳ ᠢᠯᠡᠷᠡᠭᠦᠯᠦᠭᠰᠡᠨ ᠶᠤᠮ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠂ ᠨᠠᠮ ᠤ᠋ᠨ ᠦᠨᠳᠦᠰᠦᠲᠡᠨ᠎ᠦ ᠣᠷᠣᠨ ᠤ᠋ ᠥᠪᠡᠷᠲᠡᠭᠡᠨ ᠵᠠᠰᠠᠬᠤ ᠪᠠᠢᠭᠤᠯᠤᠯ ᠤ᠋ᠨ ᠡᠭᠦᠰᠦᠯᠲᠡ ᠵᠢᠨ ᠭᠠᠵᠠᠷ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ᠂ ᠣᠷᠳᠣ ᠬᠤᠭᠤᠴᠠᠭᠠᠨ ᠤ᠋ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠢ᠋ ᠬᠦᠷᠳᠡᠭᠰᠡᠭᠡᠷ ᠢᠷᠡᠭᠰᠡᠨ ᠶᠤᠮ᠃ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠨᠠᠮ ᠤ᠋ᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠥ᠌ ᠣᠷᠣᠨ ᠤ᠋ ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠥᠪᠥᠷ ᠮᠣᠩᠭᠣᠯ ᠤ᠋ᠨ ᠡᠯ᠎ᠡ ᠲᠦᠷᠦᠯ᠎ᠤᠨ ᠠᠵᠢᠯ ᠦᠶ᠋ᠯᠡᠰ ᠲᠡᠦᠬᠡᠲᠦ ᠴᠢᠨᠠᠷᠲᠠᠶ ᠠᠮᠵᠢᠯᠲᠠ ᠣᠯᠵᠤ᠂ ᠲᠡᠦᠬᠡᠲᠦ ᠴᠢᠨᠠᠷᠲᠠᠶ ᠬᠤᠪᠢᠷᠠᠯᠲᠠ ᠵᠢ ᠠᠪᠴᠢᠷᠠᠵᠤ᠂ ᠡᠬᠡ ᠤᠯᠤᠰ ᠤ᠋ᠨ ᠤᠮᠠᠷᠠᠲᠤ ᠬᠢᠯᠢ᠎ᠳᠦ ᠠᠵᠤ ᠠᠬᠤᠶ ᠬᠥᠭ᠌ᠵᠢᠭ᠌ᠰᠡᠨ᠂ ᠦᠨᠳᠦᠰᠦᠲᠡᠨ ᠨᠤᠭᠦᠳ ᠪᠦᠯᠬᠦᠮᠳᠡᠭ᠌ᠰᠡᠨ᠂ ᠰᠣᠶᠣᠯ ᠴᠡᠴᠡᠭ᠌ᠯᠡᠨ ᠬᠥᠭ᠌ᠵᠢᠭ᠌ᠰᠡᠨ᠂ ᠬᠢᠯᠢ ᠬᠢᠵᠠᠭᠠᠷ ᠠᠮᠤᠷ ᠲᠣᠭ᠍ᠲᠠᠭᠤᠨ᠂ ᠠᠮᠢ ᠠᠬᠤᠶ ᠪᠣᠯᠪᠠᠰᠤᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠵᠤᠯ ᠵᠢᠷᠭᠠᠯᠳᠤ ᠠᠮᠢᠳᠤᠷᠠᠯ ᠤ᠋ᠨ ᠦᠵᠡᠰᠭᠦᠯᠡᠩᠲᠦ ᠰᠠᠢᠬᠠᠨ ᠦᠵᠡᠮᠵᠢ ᠢᠯᠡᠷᠡᠪᠡ᠃ ᠦᠨᠳᠦᠰᠦᠲᠡᠨ᠎ᠨᠦᠭᠦᠳ ᠤ᠋ᠨ ᠳᠤᠮᠳᠠᠳᠤ ᠵᠢᠨ ᠦᠨᠳᠦᠰᠦᠲᠡᠨ᠎ᠦ ᠶᠡᠬᠡ ᠬᠡᠷ ᠪᠦᠯᠢ᠎ᠳᠦ᠎ᠠᠨᠠᠷ᠎ᠤ᠋ᠨ᠎ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠥᠪᠡᠷ᠎ᠦᠨ ᠠᠮᠢ ᠨᠠᠰᠤ᠎ᠪᠠᠨ ᠨᠠᠨᠳᠢᠩᠨᠠᠬᠤ ᠱᠢᠭ᠋᠎ᠢᠶᠡᠷ ᠦᠨᠳᠦᠰᠦᠲᠡᠨ᠎ᠦ ᠪᠦᠯᠬᠦᠮᠳᠡᠯ ᠢ᠋ ᠨᠠᠨᠳᠢᠩᠨᠠᠪᠠᠯ᠂ ᠥᠪᠥᠷ ᠮᠣᠩᠭᠣᠯ ᠤ᠋ᠨ ᠡᠯ᠎ᠡ ᠲᠦᠷᠦᠯ᠎ᠤᠨ ᠠᠵᠢᠯ ᠦᠶ᠋ᠯᠡᠰ ᠡᠳᠦᠷ᠎ᠡᠴᠡ ᠡᠳᠦᠷ ᠥᠭᠡᠳᠡᠯᠡᠵᠦ᠍᠂ ᠴᠡᠴᠡᠭ᠌ᠯᠡᠨ ᠬᠥᠭ᠌ᠵᠢᠵᠦ᠍᠂ ᠥᠪᠥᠷ ᠮᠣᠩᠭᠣᠯ ᠤ᠋ᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠠᠮᠤᠷ ᠲᠠᠢᠪᠤᠩ ᠠᠵᠤ ᠳᠦᠷᠦᠵᠦ᠍᠂ ᠬᠠᠮᠲᠤ᠎ᠪᠠᠷ ᠬᠥᠭ᠌ᠵᠢᠵᠦ᠍ ᠴᠢᠳᠠᠨ᠎ᠠ᠃

ᠦᠨᠳᠦᠰᠦ ᠭᠦᠨ ᠪᠣᠯ ᠨᠠᠪᠴᠢ ᠰᠠᠬᠤᠯᠢᠭ᠂ ᠦᠨᠳᠦᠰᠦ ᠪᠠᠲᠤ ᠪᠣᠯ ᠰᠠᠯᠠᠭ᠎ᠠ ᠢᠬᠴᠤ᠃ ᠱᠢᠨ᠎ᠡ ᠠᠶᠠᠨ ᠳ᠋ᠦ ᠡᠷᠡᠮᠡᠬᠡᠢᠯᠡᠨ ᠤᠷᠤᠭ᠍ᠰᠢᠯᠠᠬᠤ ᠳ᠋ᠦ᠂ ᠦᠨᠳᠦᠰᠦᠲᠡᠨ᠎ᠦ ᠠᠵᠢᠯ ᠢ᠋ ᠰᠠᠢᠲᠤᠷ ᠬᠢᠬᠦ᠌ ᠪᠣᠯ ᠥᠪᠥᠷ ᠮᠣᠩᠭᠣᠯ ᠤ᠋ᠨ ᠡᠩ ᠲᠡᠷᠢᠭᠦᠨ᠎ᠳᠦ ᠲᠤᠯᠭᠠᠷᠠᠬᠤ ᠴᠢᠬᠤᠯᠠ ᠶᠡᠬᠡ ᠤᠯᠤᠰ ᠲᠦᠷᠦ᠍ ᠵᠢᠨ ᠡᠭᠦᠷᠭᠡ ᠮᠥᠨ᠂ ᠪᠢᠳᠡᠨ᠎ᠦ ᠡᠷᠬᠡᠪᠰᠢ ᠢᠮᠠᠭ᠍ᠲᠠ ᠰᠡᠳᠭᠢᠯ᠎ᠳᠡᠭᠡᠨ ᠪᠤᠳᠤᠬᠤ 《ᠤᠯᠤᠰ ᠤ᠋ᠨ ᠶᠡᠬᠡ ᠶᠠᠪᠤᠳᠠᠯ》 ᠮᠥᠨ᠃ ᠪᠦᠬᠦ᠌ ᠣᠷᠣᠨ ᠳᠠᠶᠠᠭᠠᠷ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠎ᠵᠢ ᠪᠠᠲᠤ ᠴᠡᠭᠡᠵᠢᠯᠡᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠨᠠᠮ ᠤ᠋ᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍ ᠶ᠋ᠢᠨ ᠪᠤᠳᠤᠯᠭ᠎ᠠ ᠎ᠵᠢ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠤᠬᠠᠮᠰᠠᠷ᠎ᠠᠴᠠ᠎ᠪᠠᠨ ᠨᠠᠮ ᠪᠠ ᠤᠯᠤᠰ ᠤ᠋ᠨ ᠠᠵᠢᠯ ᠤ᠋ᠨ ᠶᠡᠬᠡ ᠲᠠᠯ᠎ᠠ᠂ ᠳᠤᠮᠳᠠᠳᠤ ᠶ᠋ᠢᠨ ᠦᠨᠳᠦᠰᠦᠲᠡᠨ᠎ᠦ ᠪᠦᠬᠦᠯᠢ ᠴᠣᠭ᠍ᠴᠠ ᠶ᠋ᠢᠨ ᠠᠱᠢᠭ ᠲᠤᠰᠠ ᠶ᠋ᠢᠨ ᠦᠨᠳᠦᠷᠴᠡ ᠡᠴᠡ ᠠᠰᠠᠭᠤᠳᠠᠯ ᠢ᠋ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠠᠵᠢᠯ ᠢ᠋ ᠠᠳᠭᠤᠵᠤ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠳᠤ ᠠᠱᠢᠭ᠍ᠲᠠᠢ ᠠᠵᠢᠯ ᠯᠠ ᠶᠤᠮ ᠪᠣᠯ ᠢᠯᠡᠭᠦᠬᠡᠨ ᠬᠢᠬᠦ᠌ ᠶ᠋ᠢᠨ ᠬᠠᠮᠲᠤ ᠭᠦᠨᠵᠡᠭᠡᠢ ᠨᠠᠷᠢᠯᠢᠭ ᠪᠣᠳᠠᠲᠠᠢ ᠬᠢᠬᠦ᠌ ᠬᠡᠷᠡᠭ᠌ᠲᠡᠢ; ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠳᠤ ᠠᠱᠢᠭ ᠦᠭᠡᠢ ᠶᠠᠪᠤᠳᠠᠯ ᠪᠣᠯ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠢ᠃ ᠨᠡᠩ ᠰᠠᠢᠲᠤᠷ ᠪᠦᠯᠬᠦᠮᠳᠡᠵᠦ᠍ ᠂ ᠨᠢᠭ᠍ᠲᠠᠷᠠᠨ ᠪᠦᠯᠬᠦᠮᠳᠡᠵᠦ᠍᠂ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ ᠨᠢᠭᠡᠲᠡᠢ ᠪᠡᠷ ᠡᠷᠴᠢ ᠵᠣᠷᠢᠭ᠎ᠵᠢᠡᠨ ᠬᠥᠪᠴᠢᠯᠡᠨ᠂ ᠱᠢᠨᠲᠠᠷᠠᠰᠢ ᠦᠭᠡᠢ ᠴᠢᠷᠮᠠᠢᠪᠠᠯ᠂ ᠰᠤᠯᠤᠡᠭᠭᠠᠷᠠᠨ ᠳᠡᠯᠭᠡᠷᠡᠭᠰᠡᠨ ᠦᠨᠳᠦᠰᠦᠲᠡᠨ᠎ᠦ ᠪᠦᠯᠬᠦᠮᠳᠡᠯ ᠤ᠋ᠨ ᠴᠡᠴᠡᠭ ᠡᠬᠡ ᠤᠯᠤᠰ᠎ᠲᠦ ᠨᠡᠡᠭ ᠶᠡᠬᠡ ᠦᠡᠭᠭᠡ ᠭᠢᠯᠪᠠᠭ᠎ᠠ ᠨᠡᠮᠡᠷᠢᠯᠡᠬᠦ᠌ ᠨᠢ ᠯᠠᠪᠲᠠᠢ ᠶᠤᠮ᠃

《ᠰᠠᠨᠠᠭ᠎ᠠ ᠰᠡᠳᠭᠢᠯᠭᠡ ᠥᠷᠭᠡᠨ ᠳᠡᠯᠭᠡᠷ ᠪᠥᠭᠡᠳ ᠨᠠᠷᠢᠨ ᠨᠢᠭ᠍ᠲᠠ ᠪᠠᠢᠬᠤ》 ᠪᠣᠯ ᠤᠴᠢᠷ ᠶᠠᠪᠤᠳᠠᠯ ᠪᠦᠲᠦᠭᠡᠬᠦ᠌ ᠠᠷᠭ᠎ᠠ ᠵᠠᠮ ᠮᠥᠨ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠳᠤ ᠨᠢᠳᠤᠨ᠎ᠳᠦ ᠦᠵᠡᠭ᠌ᠳᠡᠮ᠎ᠡ᠂ ᠭᠠᠷ᠎ᠲᠤ ᠪᠠᠷᠢᠭ᠍ᠳᠠᠮ᠎ᠠ ᠠᠵᠢᠯ ᠬᠢᠬᠦ᠌ ᠬᠡᠷᠡᠭ᠌ᠲᠡᠢ ᠪᠦᠭᠡᠳ ᠪᠠᠰᠠ ᠶᠡᠬᠡ ᠬᠡᠮᠵᠢᠶᠡᠨ᠎ᠦ 《ᠵᠦᠭᠡᠯᠡᠨ ᠪᠤᠷᠤᠭᠠᠨ ᠲᠦᠮᠡᠨ ᠪᠤᠳᠠᠰ ᠢ᠋ ᠤᠮᠳᠠᠯᠠᠬᠤ》 ᠶᠠᠪᠤᠳᠠᠯ ᠬᠢᠬᠦ᠌ ᠬᠡᠷᠡᠭ᠌ᠲᠡᠢ᠃ ᠦᠨᠳᠦᠰᠦᠲᠡᠨ᠎ᠦ ᠠᠵᠢᠯ ᠢ᠋ ᠪᠦᠬᠦ᠌ ᠲᠠᠯ᠎ᠠ ᠶ᠋ᠢᠨ ᠠᠵᠢᠯ ᠤ᠋ᠨ ᠲᠤᠪᠤᠢ᠌ᠮ᠎ᠠ ᠪᠠᠢᠷᠢᠨ᠎ᠳᠤ ᠲᠠᠯᠪᠢᠵᠤ᠂ ᠢᠳᠡᠪᠬᠢᠲᠡᠢ ᠪᠥᠭᠡᠳ ᠪᠣᠯᠭᠣᠮᠵᠢᠲᠠᠢ ᠪᠠᠢᠵᠤ᠂ ᠬᠡᠯᠪᠡᠢᠭᠦᠦ᠍᠎ᠵᠢ ᠵᠠᠯᠠᠷᠠᠭᠤᠯᠵᠤ ᠵᠥᠪ ᠴᠢᠭ᠌ᠯᠡᠯ ᠢ᠋ ᠦᠷᠭᠦᠯᠵᠢᠯᠡᠨ ᠭᠦᠨᠵᠡᠭᠡᠢ ᠠᠬᠢᠭᠤᠯᠵᠤ᠂ ᠤᠷᠢᠬᠠᠨ ᠰᠠᠯᠬᠢ ᠥᠭ᠌ᠭᠢᠶᠡᠮᠦᠷ ᠬᠤᠷ᠎ᠠ ᠮᠡᠲᠦ᠂ ᠦᠯᠦ᠍ ᠮᠡᠳᠡᠭ᠌ᠳᠡᠮ᠎ᠡ᠂ ᠪᠣᠳᠠᠲᠠᠢ ᠪᠥᠭᠡᠳ ᠭᠦᠨᠵᠡᠭᠡᠢ ᠦᠨᠳᠦᠰᠦᠲᠡᠨ᠎ᠦ ᠪᠦᠯᠬᠦᠮᠳᠡᠯ ᠲᠠᠪᠱᠢᠯᠳᠠ ᠶ᠋ᠢᠨ ᠬᠥᠮᠦᠵᠢᠯ ᠢ᠋ ᠥᠷᠨᠢᠭᠦᠯᠵᠦ᠍᠂  ᠦᠨᠡᠨ ᠬᠦ᠌ ᠪᠣᠳᠠᠲᠠᠢ ᠠᠳᠭᠤᠵᠤ᠂ ᠤᠯᠠᠨ ᠲᠦᠮᠡᠨ ᠲᠦᠷᠦᠭ᠌ᠳᠡᠯ᠎ᠲᠡᠶ᠂ ᠰᠤᠷᠭᠠᠨ ᠬᠥᠮᠦᠵᠢᠯ ᠪᠦᠲᠦᠮᠵᠢᠲᠡᠢ ᠪᠠᠢᠬᠤ ᠎ᠵᠢ ᠪᠡᠶᠡᠯᠡᠭᠦᠯᠬᠦ᠌ ᠬᠡᠷᠡᠭ᠌ᠲᠡᠢ᠃ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠱᠠᠭᠠᠷᠳᠠᠯᠭ᠎ᠠ᠎ᠵᠢ ᠪᠦᠬᠦ᠌ ᠣᠷᠣᠨ ᠤ᠋ ᠲᠡᠦᠬᠡ ᠰᠣᠶᠣᠯ ᠤ᠋ᠨ ᠤᠬᠠᠭᠤᠯᠭ᠎ᠠ ᠬᠥᠮᠦᠵᠢᠯ᠂ ᠤᠯᠠᠨ ᠨᠡᠢᠲᠡ ᠶ᠋ᠢᠨ ᠰᠣᠶᠣᠯ ᠤ᠋ᠨ ᠲᠥᠬᠥᠭᠡᠷᠦᠮᠵᠢ ᠶ᠋ᠢᠨ ᠪᠦᠳᠦᠭᠡᠨ ᠪᠠᠢᠭᠤᠯᠤᠯᠲᠠ᠂ ᠬᠤᠳᠠ ᠶ᠋ᠢᠨ ᠪᠡᠯᠭᠡ ᠲᠡᠮᠳᠡᠭ ᠤ᠋ᠨ ᠴᠢᠨᠠᠷᠲᠠᠢ ᠪᠠᠷᠢᠯᠭ᠎ᠠ ᠶ᠋ᠢᠨ ᠪᠦᠳᠦᠭᠡᠨ ᠪᠠᠢᠭᠤᠯᠤᠯᠲᠠ᠂ ᠵᠢᠭᠤᠯᠴᠢᠯᠠᠯ ᠤ᠋ᠨ ᠦᠵᠡᠮᠵᠢ ᠶ᠋ᠢᠨ ᠦᠵᠡᠭᠦᠯᠭᠡ ᠵᠡᠷᠭᠡ ᠬᠣᠯᠪᠣᠭ᠍ᠳᠠᠯ ᠪᠦᠬᠦᠢ ᠲᠠᠯ᠎ᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠳᠤᠮᠳᠠᠳᠤ ᠶ᠋ᠢᠨ ᠰᠣᠶᠣᠯ ᠪᠣᠯᠤᠨ ᠲᠤᠰ ᠦᠨᠳᠦᠰᠦᠲᠡᠨ᠎ᠦ ᠰᠣᠶᠣᠯ ᠤ᠋ᠨ ᠬᠠᠷᠢᠴᠠᠭ᠎ᠠ ᠎ᠵᠢ ᠵᠥᠪ ᠱᠢᠢᠳᠪᠦᠷᠢᠯᠡᠵᠦ᠍᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠤᠶᠤᠨ ᠰᠠᠨᠠᠭᠠᠨ ᠤ᠋ ᠭᠡᠷ ᠣᠷᠣᠨ ᠤ᠋ ᠪᠦᠳᠦᠭᠡᠨ ᠪᠠᠢᠭᠤᠯᠤᠯᠲᠠ ᠎ᠵᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠵᠤ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠦᠵᠡᠯ ᠤᠬᠠᠮᠰᠠᠷ ᠦᠵᠡᠯ ᠰᠠᠨᠠᠭ᠎ᠠ ᠰᠣᠶᠣᠯ ᠤ᠋ᠨ ᠰᠠᠭᠤᠷᠢ ᠎ᠵᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭ᠌ᠲᠡᠢ᠃

ᠬᠦᠴᠦᠨ ᠴᠢᠳᠠᠯ ᠪᠦᠯᠬᠦᠮᠳᠡᠯ᠎ᠡᠴᠡ ᠡᠭᠦᠰᠴᠦ᠍᠂ ᠡᠭᠦᠷᠭᠡ ᠬᠠᠷᠢᠭᠤᠴᠠᠯᠭ᠎ᠠ ᠪᠦᠯᠬᠦᠮᠳᠡᠯ ᠢ᠋ ᠤᠷᠢᠶᠠᠯᠠᠨ᠎ᠠ᠃ ᠥᠪᠥᠷ ᠮᠣᠩᠭᠣᠯ ᠤ᠋ᠨ ᠥᠨᠥᠳᠦᠷ ᠪᠣᠯ ᠦᠨᠳᠦᠰᠦᠲᠡᠨ᠎ᠨᠦᠭᠦᠳ ᠤ᠋ᠨ ᠤᠯᠠᠨ ᠲᠦᠮᠡᠨ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ ᠤ᠋ᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ ᠤ᠋ᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌ ᠎ᠵᠢ ᠱᠠᠭᠠᠷᠳᠠᠨ᠎ᠠ᠃ ᠬᠣᠶᠠᠳᠤᠭᠠᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠎ᠵᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠮᠣᠷᠳᠠᠬᠤ᠎ᠳᠤ᠂ ᠪᠢᠳᠡ ᠰᠢ ᠵᠢᠨ ᠫᠢᠩ ᠨᠥᠬᠥᠷ ᠎ᠵᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨ ᠤ᠋ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠵᠢᠷᠭᠠᠯ ᠵᠣᠪᠠᠯᠠᠩ ᠎ᠵᠢᠡᠨ ᠬᠠᠮᠲᠤᠳᠭᠠᠬᠤ᠂ ᠠᠯᠳᠠᠷ ᠭᠤᠲᠤᠮᠰᠢᠭ ᠎ᠵᠢᠡᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠶ᠋ᠢᠨ ᠴᠣᠭ᠍ᠴᠠ ᠶ᠋ᠢᠨ ᠣᠢᠯᠠᠭᠠᠭ᠍ᠳᠠᠬᠤᠨ ᠢ᠋ ᠪᠠᠲᠤ ᠪᠤᠢ ᠪᠣᠯᠭᠠᠵᠤ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠲᠠᠰᠤᠷᠠᠯᠲᠠ ᠦᠭᠡᠢ ᠪᠠᠲᠤ ᠴᠣᠭ᠍ᠴᠠᠯᠠᠵᠤ᠂ ᠬᠠᠲᠠᠭᠤ ᠪᠡᠷᠬᠡᠱᠢᠶᠡᠯ ᠢ᠋ ᠬᠠᠮᠲᠤ᠎ᠪᠠᠷ ᠲᠤᠭᠤᠯᠵᠦ᠍᠂ ᠭᠠᠷ ᠬᠣᠯᠪᠣᠨ ᠰᠡᠳᠭᠢᠯ ᠨᠢᠭᠡᠳᠴᠦ᠍᠂ ᠱᠢᠨ᠎ᠡ ᠠᠶᠠᠨ᠎ᠳᠠᠭᠠᠨ ᠠᠭᠤᠤ ᠶᠡᠬᠡ ᠡᠬᠡ ᠤᠯᠤᠰ᠎ᠵᠢᠡᠨ ᠬᠠᠮᠲᠤ᠎ᠪᠠᠷ ᠪᠦᠲᠦᠭᠡᠨ ᠪᠠᠢᠭᠤᠯᠵᠤ᠂ ᠰᠠᠢ᠌ᠨ ᠰᠠᠢᠬᠠᠨ ᠠᠮᠢᠳᠤᠷᠠᠯ ᠶ᠋ᠢᠡᠨ ᠬᠠᠮᠲᠤ᠎ᠪᠠᠷ ᠴᠣᠭ᠍ᠴᠠᠯᠠᠬᠤ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号