ᠦᠨᠳᠦᠰᠦᠲᠡᠨ᠎ᠨᠦ᠍ᠭᠦᠳ ᠤ᠋ᠨ ᠬᠥᠪᠡᠭᠦᠳ ᠥᠬᠢᠳ ᠠᠴᠢ ᠡᠨᠡᠷᠢᠯ᠎ᠳᠤᠨᠢ ᠲᠠᠯᠠᠷᠬᠠᠵᠤ ᠡᠷᠡᠮᠡᠭᠡᠢᠯᠡᠨ ᠤᠷᠤᠭᠰᠢᠯᠠᠨᠠᠮ
2022-03-09 09:19:20
ᠵᠣᠬᠢᠶᠠᠭ᠍ᠴᠢ᠄
ᠳ᠋ᠠᠢ ᠬᠤᠡᠭ ᠰᠦᠩ ᠱᠤᠸᠠᠩ ᠵᠸᠦ ᠱᠢᠦ ᠹᠠᠡᠭ ᠵᠠᠩ ᠺᠦᠢ ᠬᠠᠨ ᠱᠢᠤᠸᠠᠢ ᠷᠦ ᠹᠸᠡᠭ ᠱᠢᠤᠸᠠᠢ ᠢᠤᠢ ᠯᠢᠦ ᠬᠤᠡᠭ ᠵᠠᠩ ᠪᠠᠶᠠᠰᠭᠤᠯᠠᠡᠭ ᠫᠠᠨ ᠵᠢᠶᠠ ᠱᠢᠤᠸᠠᠢ ᠯᠠᠢ ᠱᠤᠸᠠᠢ ᠵᠧᠩ ᠯᠢ ᠼᠦᠨ ᠱᠢᠶᠠ ᠴᠧᠨ ᠴᠦᠨ ᠶᠠᠨ ​
ᠣᠩᠱᠢᠭ᠍ᠰᠠᠨ ᠣᠳᠠᠭ᠎ᠠ᠄
★★★☆☆

ᠰᠢ ᠵᠢᠨ ᠫᠢᠩ ᠨᠥᠬᠥᠷ ᠵᠢᠨᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠢ᠎ᠠ ᠢᠮᠠᠭᠲᠠ ᠥᠪᠥᠷ ᠮᠣᠩᠭᠣᠯ ᠤ᠋ᠨ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ ᠢ᠋ ᠭᠡᠬᠦᠳᠡᠭ ᠴᠡᠭᠡᠵᠢᠨ᠎ᠳᠡᠭᠡᠨ ᠬᠦᠨ᠎ᠠ ᠰᠠᠨᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ᠋ ᠡᠯ᠎ᠡ ᠲᠦᠷᠦᠯ ᠤ᠋ᠨ ᠠᠵᠢᠯ ᠦᠢᠯᠡᠰ ᠤ᠋ᠨ ᠬᠥᠭᠵᠢᠯᠲᠡ ᠵᠢ ᠳᠡᠭᠡᠳᠦ ᠬᠡᠮᠵᠢᠢ᠎ᠡ ᠪᠠᠷ ᠴᠢᠬᠤᠯᠠᠴᠢᠯᠠᠭᠰᠠᠭᠠᠷ ᠢᠷᠡᠵᠡᠢ᠃

2018 ᠣᠨ ᠤ᠋ 1 ᠰᠠᠷ᠎ᠠ ᠵᠢᠨ 30 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠴᠡ᠂ ᠲᠥᠪ ᠡᠴᠡ ᠨᠡᠷ᠎ᠡ ᠳᠤᠷᠠᠳᠤᠭᠰᠠᠨ ᠲᠥᠯᠥᠭᠡᠯᠡᠭᠴᠢ ᠵᠢᠨ ᠵᠢᠱ᠌ᠢᠭᠳᠡᠭᠴᠢ ᠰᠢ ᠵᠢᠨ ᠫᠢᠩ ᠨᠥᠬᠥᠷ ᠪᠦᠷᠢᠨ ᠪᠢᠯᠧᠲ ᠵᠢᠨᠷ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ ᠪᠡᠷ ᠰᠤᠩᠭᠤᠭᠳᠠᠵᠠᠢ ᠭᠡᠵᠤ ᠨᠠᠢᠳᠠᠯᠠᠪᠠ᠃ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠬᠤᠭᠤᠴᠠᠭᠠᠨ ᠳ᠋ᠦ᠍᠂ ᠶᠡᠷᠦᠨᠭᠬᠡᠢ ᠱᠦᠵᠢ ᠰᠢ ᠵᠢᠨ ᠫᠢᠨᠭ ᠤᠷᠢᠳ ᠬᠣᠵᠢᠳ ᠲᠠᠪᠤ ᠤᠳᠠᠭ᠎ᠠ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠎ᠳ᠋ᠦ᠍ ᠣᠷᠣᠯᠴᠠᠵᠤ᠂ ᠰᠢᠷᠢᠰ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ ᠠᠵᠢᠯ ᠢ᠋ ᠰᠠᠢᠲᠤᠷ ᠬᠢᠬᠦ ᠎ᠳ᠋ᠦ᠍ ᠤᠷᠤᠭᠱᠢᠯᠠᠬᠤ ᠴᠢᠭᠯᠡᠯ ᠢ᠋ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠨ᠂ ᠬᠦᠴᠦᠷᠬᠡᠭ ᠶᠡᠬᠡ ᠬᠥᠳᠡᠯᠭᠡᠬᠦ ᠬᠦᠴᠦᠨ ᠤᠯᠭᠤᠬᠰᠠᠨ ᠶᠤᠮ᠃


ᠨᠠᠢᠷᠠᠭᠤᠯᠤᠭᠴᠢ ᠵᠢᠨ ᠦᠭᠡ᠄

ᠤᠷᠢᠬᠠᠨ ᠬᠠᠪᠤᠷ ᠲᠠᠬᠢᠨᠳᠠ ᠰᠠᠭᠠᠳᠠᠯ᠎ᠠ᠃ ᠰᠢᠨ᠎ᠡ ᠴᠠᠭ ᠦᠶ᠎ᠡ ᠵᠢᠨ ᠡᠬᠡ ᠤᠯᠤᠰ ᠤ᠋ᠨ ᠤᠮᠠᠷᠠᠲᠤ ᠬᠢᠯᠢ᠎ᠳᠤ ᠠᠮᠢᠵᠢᠷᠠᠯ ᠤ᠋ᠨ ᠬᠦᠴᠦᠨ ᠪᠢᠯᠬᠠᠨ᠎ᠠ᠃

ᠶᠡᠷᠦᠩᠬᠡᠢ ᠱᠦᠵᠢ ᠰᠢ ᠵᠢᠨ ᠫᠢᠩ ᠪᠡᠶ᠎ᠡ ᠪᠠᠷ ᠵᠢᠨᠨ ᠥᠪᠥᠷ ᠮᠣᠩᠭᠣᠯ᠎ᠤᠨ ᠪᠠᠢᠳᠠᠯ᠎ᠳᠤ ᠲᠤᠬᠢᠷᠠᠭᠤᠯᠤᠨ ᠴᠢᠭᠯᠡᠯ᠎ᠢ ᠲᠤᠭᠳᠠᠭᠠᠵᠤ᠂ ᠵᠠᠯᠠᠭᠤᠷ᠎ᠢ ᠠᠳᠬᠤᠨ ᠠᠶᠠᠯᠠᠯ᠎ᠢ ᠵᠢᠯᠤᠭᠤᠳᠤᠨ᠎ᠠ᠂ ᠵᠣᠷᠢᠭ ᠲᠡᠭᠦᠯᠳᠡᠷ ᠨᠤᠲᠤᠭ᠎ᠤ᠋ᠨ ᠠᠬ᠎ᠠ ᠳᠡᠭᠦᠦ ᠨᠠᠷ ᠭᠠᠪᠰᠢᠭᠠᠢᠯᠠᠨ ᠠᠵᠢᠯᠯᠠᠵᠤ ᠨᠠᠡᠭ ᠪᠠᠶᠠᠨ ᠴᠢᠨᠡᠭᠡᠯᠢᠭ ᠠᠮᠢᠳᠤᠷᠠᠯ ᠢ᠋ ᠬᠦᠭᠡᠭᠡᠴᠡᠯᠳᠦᠨ᠂ ᠡᠯ᠎ᠡ ᠠᠵᠢᠯ ᠲᠥᠷᠥᠯ ᠤ᠋ᠨ ᠬᠥᠳᠡᠯᠮᠦᠷᠢᠴᠢᠳ ᠬᠠᠳᠠᠭᠤᠵᠢᠯᠳᠠᠢ ᠲᠡᠮᠡᠴᠡᠯ ᠵᠢᠨᠷ ᠵᠢᠨᠨ ᠰᠢᠨ᠎ᠡ ᠵᠢᠷᠤᠭ ᠲᠥᠰᠥᠪ ᠢ᠋ ᠵᠢᠷᠤᠭᠯᠠᠨ᠂ ᠬᠦᠰᠡᠯ᠎ᠵᠡᠭᠦᠳᠦ ᠪᠠᠨ ᠲᠡᠷᠭᠡᠯᠰᠢᠬᠦᠯᠬᠦ ᠪᠡᠷ ᠦᠷᠯᠦᠬᠡ ᠦᠳᠡᠰᠢ ᠵᠢ ᠲᠡᠮᠡᠴᠠᠨᠠᠮ ᠁

ᠥᠪᠥᠷ᠎ᠮᠣᠩᠭᠣᠯ᠎ᠤ᠋ᠨ᠎ᠦᠨᠳᠦᠰᠦᠲᠡᠨ᠎ᠨᠦ᠍ᠭᠦᠳ᠎ᠤ᠋ᠨ᠎ᠬᠥᠪᠡᠭᠦᠳ᠎ᠥᠬᠢᠳ ᠠᠨᠠᠷ ᠤ᠋ᠨ ᠦᠷ᠎ᠡ ᠰᠢᠭ ᠨᠢᠭᠲᠠᠷᠠᠨ ᠪᠦᠯᠬᠦᠮᠳᠡᠵᠤ᠂ ᠠᠭᠤᠤ ᠶᠡᠬᠡ ᠡᠬᠡ ᠤᠯᠤᠰ ᠵᠢᠠᠨ ᠬᠠᠮᠳᠤ ᠪᠡᠷ ᠪᠦᠲᠦᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ ᠢ᠋ ᠬᠠᠮᠳᠤ ᠪᠡᠷ ᠴᠤᠬᠴᠠᠯᠠᠵᠤ᠂ ᠨᠢᠭᠡᠨ ᠬᠤᠪᠢ ᠬᠢᠷᠢ ᠲᠡᠩᠴᠡᠭᠰᠡᠨ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠬᠰᠠᠨ ᠶᠤᠮ᠃


QQ截图20220309091847.png


QQ截图20220309091822.png


ᠬᠠᠷᠠᠭ᠎ᠠ ᠠᠯᠳᠠᠮ᠎ᠠ ᠨᠤᠮᠢᠨ ᠦᠩᠭᠡ ᠤᠮᠠᠷᠠᠳᠤ ᠬᠢᠯᠢ ᠵᠢ ᠴᠢᠮᠡᠨ᠎ᠡ

ᠥᠪᠥᠷ ᠮᠣᠩᠭᠣᠯ ᠤ᠋ᠨ ᠠᠮᠢ ᠠᠬᠤᠢ ᠵᠢᠨ ᠪᠠᠢᠳᠠᠯ ᠬᠢᠷᠢ ᠵᠡᠷᠭᠡ ᠪᠠᠢᠬᠤ ᠨᠢ ᠪᠦᠬᠦ ᠣᠷᠣᠨ ᠤ᠋ ᠦᠨᠳᠦᠰᠦᠲᠡᠨ᠎ᠨᠦ᠍ᠭᠦᠳ ᠤ᠋ᠨ ᠣᠯᠠᠨ ᠲᠦᠮᠡᠨ᠎ᠦ᠌ ᠣᠷᠣᠰᠢᠨ ᠲᠣᠭᠲᠠᠨᠢᠯ ᠪᠠ ᠬᠥᠭᠵᠢᠯᠳᠠ ᠲᠠᠢ ᠬᠣᠯᠪᠣᠭᠳᠠᠵᠤ ᠪᠠᠢᠬᠤ ᠪᠡᠷ ᠪᠠᠷᠠᠬᠤ ᠥᠬᠡᠢ᠂ ᠪᠠᠰᠠ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ ᠴᠢᠨᠠᠭᠰᠢᠯᠠᠪᠠᠯ ᠪᠦᠬᠦ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠲᠠᠢ ᠬᠣᠯᠪᠣᠭᠳᠠᠵᠤ ᠪᠠᠢᠳᠠᠭ᠃ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠦ᠌ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ ᠤ᠋ᠨ ᠺᠠᠳ᠋ᠷ ᠣᠯᠠᠨ ᠲᠦᠮᠡᠨ᠎ᠦ᠌ ᠭᠡᠬᠦᠳᠡᠭ ᠴᠡᠭᠡᠵᠢᠨ ᠎ᠳᠡᠭᠡᠨ ᠢᠮᠠᠬᠳᠠ ᠪᠠᠳᠤ ᠴᠡᠭᠡᠵᠢᠯᠠᠵᠤ ᠶᠠᠪᠤᠭ᠎ᠠ ᠲᠤᠮᠤ ᠶᠠᠪᠤᠳᠠᠯ ᠪᠣᠯᠬᠤ ᠶᠤᠮ᠃


QQ截图20220309091534.png


2018 ᠣᠨ ᠳ᠋ᠦ᠍᠂ ᠥᠪᠡᠷᠲᠡᠭᠡᠨ ᠵᠠᠰᠠᠬᠤ ᠣᠷᠣᠨ ᠬᠥᠬᠡ ᠣᠭᠲᠠᠷᠭᠤᠢ ᠵᠢ ᠬᠠᠮᠠᠭᠠᠯᠠᠬᠤ ᠳᠠᠢᠯᠠᠯᠳᠤᠭᠠᠨ ᠤ᠋ ᠢᠯᠠᠯᠲᠠ ᠵᠢ ᠣᠯᠬᠤ 3 ᠵᠢᠯ ᠤ᠋ᠨ ᠠᠵᠢᠯᠯᠠᠭᠠᠨ᠎ᠤ ᠲᠥᠯᠥᠪᠯᠡᠭᠡ ᠵᠢ ᠨᠡᠢᠲᠡᠯᠡᠵᠦ᠂ 2021 ᠣᠨ ᠪᠣᠯᠲᠠᠯ᠎ᠠ᠂ ᠮᠠᠨ ᠤ᠋ ᠣᠷᠣᠨ ᠨᠡᠢᠲᠡ 1969 ᠠᠵᠤ ᠠᠬᠤᠢᠯᠠᠯ᠎ᠢ ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠎ᠵᠢ ᠠᠮᠵᠢᠯᠳᠠ ᠳᠠᠢ ᠪᠡᠶᠡᠯᠡᠭᠦᠯᠵᠤ᠂ ᠪᠦᠬᠦ ᠣᠷᠣᠨ ᠤ᠋ ᠠᠭᠠᠷ ᠤ᠋ᠨ ᠴᠢᠨᠠᠷᠵᠢᠯ᠎ᠢ ᠰᠠᠢᠵᠢᠷᠠᠭᠤᠯᠬᠤ᠎ᠳᠤ ᠰᠠᠭᠤᠷᠢ ᠲᠠᠯᠪᠢᠵᠤ ᠦᠭᠪᠠ᠃

ᠤᠰᠤᠨ ᠤ᠋ ᠴᠢᠨᠠᠷ ᠤ᠋ᠨ ᠳᠡᠭᠡᠭᠰᠢᠯᠡᠯᠲᠡ ᠵᠢ ᠪᠡᠶᠡᠯᠡᠭᠦᠯᠵᠤ᠂ ᠭᠣᠣᠯᠳᠠᠯᠭ᠎ᠠ ᠲᠠᠢ ᠨᠠᠭᠤᠷ ᠴᠥᠭᠥᠷᠥᠮ ᠵᠢᠴᠢ ᠬᠠᠲᠤᠨ ᠭᠣᠣᠯ ᠤ᠋ᠨ ᠰᠠᠪᠠ ᠭᠠᠵᠠᠷ ᠤ᠋ᠨ ᠬᠠᠮᠠᠭᠠᠯᠠᠯᠲᠠ ᠵᠠᠰᠠᠯᠲᠠ ᠵᠢ ᠪᠦᠬᠦ ᠲᠠᠯ᠎ᠠ ᠪᠠᠷ ᠴᠢᠩᠭᠠᠳᠭᠠᠪᠠ᠃ 2021 ᠣᠨ ᠳ᠋ᠦ᠍᠂ ᠪᠦᠬᠦ ᠣᠷᠣᠨ ᠤ᠋ ᠪᠣᠬᠢᠷᠲᠤᠭᠰᠠᠨ ᠲᠠᠷᠢᠶᠠᠨ ᠭᠠᠵᠠᠷ ᠤ᠋ᠨ ᠠᠮᠤᠷ ᠲᠦᠪᠰᠢᠨ᠎ᠦ᠌ ᠠᠰᠢᠭᠯᠠᠯᠲᠠ ᠵᠢᠨ ᠨᠣᠷᠮ᠎ᠠ ᠪᠠ ᠪᠣᠬᠢᠷᠲᠤᠭᠰᠠᠨ ᠭᠠᠵᠠᠷ ᠤ᠋ᠨ ᠠᠮᠤᠷ ᠲᠦᠪᠰᠢᠨ᠎ᠦ᠌ ᠠᠰᠢᠭᠯᠠᠯᠲᠠ ᠵᠢᠨ ᠨᠣᠷᠮ᠎ᠠ ᠵᠢ ᠲᠤᠰ ᠲᠤᠰ 98% ᠪᠠ 90% ᠡᠴᠡ ᠳᠡᠭᠡᠭᠰᠢ ᠳ᠋ᠦ᠍ ᠬᠦᠷᠦᠭᠦᠯᠵᠦ᠂ ᠭᠣᠣᠯᠳᠠᠯᠭ᠎ᠠ ᠲᠠᠢ ᠬᠦᠨᠳᠦ ᠲᠡᠮᠦᠷᠯᠢᠭ ᠤ᠋ᠨ ᠪᠣᠬᠢᠷᠲᠤᠯ ᠪᠣᠳᠠᠰ ᠤ᠋ᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠨᠢ 2013 ᠣᠨ ᠤ᠋ ᠬᠢ ᠡᠴᠡ 12.1% ᠪᠠᠷ ᠪᠠᠭᠤᠷᠠᠵᠤ᠂ ᠴᠥᠮ ᠤᠯᠤᠰ ᠤ᠋ᠨ ᠰᠢᠯᠭᠠᠨ ᠬᠢᠨᠠᠬᠤ ᠱᠠᠭᠠᠷᠳᠠᠯᠭ᠎ᠠ ᠡᠴᠡ ᠦᠨᠳᠦᠷ ᠪᠤᠯᠪᠠ᠃

ᠣᠢ ᠰᠢᠭᠤᠢ ᠵᠢᠨ ᠳᠠᠷᠤᠭ᠎ᠠ ᠵᠢᠨ ᠳᠦᠷᠢᠮ ᠢ᠋ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠣᠷᠣᠨ ᠤ᠋ 50.46% ᠵᠢᠨ ᠤᠯᠤᠰ ᠤ᠋ᠨ ᠨᠤᠲᠤᠭ ᠳᠡᠪᠢᠰᠬᠡᠷ ᠤ᠋ᠨ ᠲᠠᠯᠠᠪᠠᠢ ᠵᠢ ᠠᠮᠢ ᠠᠬᠤᠢ ᠵᠢᠨ ᠬᠠᠮᠠᠭᠠᠯᠠᠯᠲᠠ ᠵᠢᠨ ᠤᠯᠠᠭᠠᠨ ᠱᠤᠭᠤᠮ ᠳ᠋ᠦ᠍ ᠣᠷᠣᠭᠤᠯᠵᠤ᠂ 《ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠦ᠌ ᠬᠠᠯᠬᠠᠪᠴᠢ ᠵᠢ ᠪᠠᠢᠭᠤᠯᠬᠤ ᠲᠥᠯᠥᠪᠵᠢᠭᠦᠯᠭᠡ (2020 — 2035 ᠣᠨ)》 ᠵᠢ ᠲᠣᠭᠲᠠᠭᠠᠨ ᠨᠡᠢᠲᠡᠯᠡᠵᠦ᠂ 《ᠨᠢᠭᠡ ᠱᠤᠭᠤᠮ ᠨᠢᠭᠡ ᠣᠷᠣᠨ ᠬᠣᠶᠠᠷ ᠪᠦᠰᠡ》 ᠵᠢᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠦ᠌ ᠬᠠᠯᠬᠠᠪᠴᠢ ᠵᠢ ᠪᠠᠢᠭᠤᠯᠬᠤ ᠶᠡᠷᠦᠩᠬᠡᠢ ᠪᠠᠢᠷᠢᠰᠢᠭᠤᠯᠤᠯᠲᠠ ᠵᠢ ᠲᠣᠭᠲᠠᠭᠠᠪᠠ ᠁

ᠲᠡᠭᠡᠭᠡᠳ 1.86 ᠲᠦᠮᠡᠨ ᠲᠡᠭᠰᠢ ᠳᠥᠷᠪᠡᠯᠵᠢᠨ ᠺᠢᠯᠤᠮᠸᠲᠷ ᠪᠦᠬᠦᠢ ᠬᠥᠪᠴᠢ ᠵᠢᠨ ᠡᠯᠡᠰᠦ᠎ᠵᠢᠨ 1/3 ᠡᠴᠡ ᠳᠡᠭᠡᠭᠰᠢᠬᠢ ᠨᠢ ᠨᠣᠭᠣᠭᠠᠨ ᠦᠡᠭᠭᠡ ᠪᠡᠷ ᠬᠤᠴᠢᠬᠳᠠᠯ᠎ᠠ; ᠬᠠᠶᠠᠭᠳᠠᠮᠠᠯ ᠠᠭᠤᠷᠬᠠᠢ ᠎ᠵᠢᠨ ᠲᠤᠭᠤᠷᠢᠭ ᠨᠢ ᠵᠢᠭᠤᠯᠴᠢᠯᠠᠭᠰᠠᠳ᠎ᠤᠨ ᠰᠡᠯᠡᠬᠦᠴᠡᠨ ᠲᠤᠭᠤᠷᠢᠬᠤ ᠲᠠᠪᠠᠳᠠᠢ ᠤᠷᠤᠨ ᠪᠤᠯᠤᠯ᠎ᠠ; ᠠᠭᠯᠠᠭ ᠠᠭᠤᠯᠠ ᠨᠤᠭᠤᠭᠠᠷᠠᠵᠤ᠂ ᠮᠣᠳᠣ ᠣᠭᠲᠣᠯᠤᠭᠴᠢ ᠨᠢ ᠰᠠᠬᠢᠨ ᠬᠠᠮᠠᠭᠠᠯᠠᠭᠴᠢ ᠪᠣᠯᠵᠤ᠂ ᠤᠢ ᠰᠢᠭᠤᠢ᠎ᠵᠢᠨ ᠡᠬᠢ ᠪᠠᠶᠠᠯᠢᠭ ᠨᠢ ᠤᠢ ᠰᠢᠭᠤᠢ᠎ᠵᠢᠨ ᠡᠳ᠋ ᠠᠭᠤᠷᠠᠰᠤᠨ ᠪᠤᠯᠤᠯ᠎ᠠ;  ᠥᠪᠡᠷᠲᠡᠭᠡᠨ ᠵᠠᠰᠠᠬᠤ ᠣᠷᠣᠨ ᠤ᠋ ᠶᠡᠷᠦᠩᠬᠡᠢ ᠲᠠᠯᠠᠪᠠᠢ ᠵᠢᠨ 8.89% ᠵᠢ ᠡᠵᠡᠯᠡᠵᠦ ᠪᠦᠬᠦᠢ 1.58 ᠳ᠋ᠦᠩᠰᠢᠭᠤᠷ ᠮᠦ᠍ ᠵᠢᠨ ᠲᠠᠯᠠᠪᠠᠢ ᠲᠠᠢ ᠨᠤᠭᠤ ᠭᠠᠵᠠᠷ ᠤ᠋ᠨ ᠬᠠᠮᠠᠭᠠᠯᠠᠯᠲᠠ ᠵᠢᠨ ᠣᠷᠣᠨ ᠨᠢ ᠬᠡᠭᠡᠷ᠎ᠡ ᠵᠢᠨ ᠠᠮᠢᠲᠠᠨ ᠤ᠋ ᠳ᠋ᠧᠪᠠᠵᠠᠨ ᠪᠣᠯᠤᠯ᠎ᠠ ᠁

《 ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠦ᠍ ᠂ ᠪᠦᠬᠦ ᠣᠷᠣᠨ ᠤ᠋ ᠣᠢ ᠰᠢᠭᠤᠢ ᠵᠢᠨ ᠪᠦᠲᠦᠭᠡᠨ ᠪᠠᠢᠭᠤᠯᠤᠯᠲᠠ᠂ ᠨᠤᠲᠤᠭ ᠪᠡᠯᠴᠢᠭᠡᠷ ᠤ᠋ᠨ ᠪᠦᠲᠦᠭᠡᠨ ᠪᠠᠢᠭᠤᠯᠤᠯᠲᠠ ᠪᠠ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠵᠠᠰᠠᠯᠲᠠ ᠵᠢᠨ ᠲᠠᠯᠠᠪᠠᠢ ᠴᠥᠮ ᠪᠦᠬᠦ ᠤᠯᠤᠰ ᠤ᠋ᠨ ᠲᠡᠷᠢᠭᠦᠨ ᠳ᠋ᠦ᠍ ᠵᠢᠬᠰᠠᠭᠠᠭᠳᠠᠵᠤ᠂ ᠣᠢ ᠰᠢᠭᠤᠢ ᠵᠢᠨ ᠪᠦᠷᠬᠦᠴᠡ ᠵᠢᠨ ᠨᠣᠷᠮ᠎ᠠ ᠪᠠ ᠨᠤᠲᠤᠭ ᠪᠡᠯᠴᠢᠭᠡᠷ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠲᠤᠰ ᠲᠤᠰ 23% ᠪᠠ 45% ᠳ᠋ᠦ᠍ ᠬᠦᠷᠴᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠤ᠋ᠨ ᠲᠠᠯᠠᠪᠠᠢ 《ᠬᠣᠣᠰ ᠪᠠᠭᠤᠷᠠᠯᠳᠠ》 ᠵᠢ ᠪᠡᠶᠡᠯᠡᠭᠦᠯᠪᠡ᠃

ᠬᠢᠯᠢ ᠬᠢᠵᠠᠭᠠᠷ ᠵᠢᠡᠨ ᠬᠦᠴᠦᠷᠭᠡᠭᠵᠢᠭᠦᠯᠬᠦ ᠬᠠᠷᠢᠭᠤᠴᠠᠯᠭ᠎ᠠ ᠵᠢ ᠡᠬᠦᠷᠬᠡᠯᠡᠨ᠎ᠠ

ᠥᠪᠥᠷ ᠮᠣᠩᠭᠣᠯ ᠪᠣᠯ ᠡᠬᠡ ᠤᠯᠤᠰ ᠤ᠋ᠨ ᠤᠮᠠᠷᠠᠲᠤ ᠬᠢᠯᠢ ᠳ᠋ᠦ᠍ ᠪᠠᠢᠷᠢᠰᠢᠨ᠂ 《ᠤᠮᠠᠷᠠᠲᠤ ᠵᠢᠨ ᠭᠤᠷᠪᠠᠨ ᠤᠷᠤᠨ》 ᠢ᠋ ᠰᠤᠨᠳᠠᠯᠠᠵᠤ᠂ ᠳᠣᠲᠣᠭᠠᠳᠤ ᠳ᠋ᠠᠭᠠᠨ ᠨᠠᠢ᠍ᠮᠠᠨ ᠮᠣᠵᠢ ᠲᠠᠢ ᠬᠣᠯᠪᠣᠭᠠᠯᠠᠵᠤ᠂ ᠭᠠᠳᠠᠭᠠᠳᠤ᠎ᠳᠠᠭᠠᠨ ᠣᠷᠣᠰ ᠮᠣᠩᠭᠣᠯ ᠤᠯᠤᠰ ᠲᠠᠢ ᠬᠥᠷᠰᠢᠯᠡᠵᠦ ᠪᠠᠢᠳᠠᠭ᠃ ᠥᠪᠥᠷ ᠮᠣᠩᠭᠣᠯ ᠪᠣᠯ ᠡᠬᠡ ᠤᠯᠤᠰ ᠤ᠋ᠨ 《ᠤᠮᠠᠷᠠᠲᠤ ᠶᠡᠭᠡ ᠬᠠᠭᠠᠯᠭ᠎ᠠ》᠂ ᠨᠡᠢᠰᠯᠡᠯ ᠤ᠋ᠨ 《ᠤᠨᠠᠭᠤᠯᠢ ᠭᠣᠣᠯ》 ᠪᠠᠢᠵᠤ᠂ ᠪᠦᠬᠦ ᠤᠯᠤᠰ ᠤ᠋ᠨ ᠠᠮᠤᠷ ᠲᠦᠪᠰᠢᠨ ᠲᠣᠭᠲᠠᠭᠤᠨ ᠤ᠋ ᠶᠡᠬᠡ ᠲᠠᠯ᠎ᠠ ᠳ᠋ᠠᠬᠢ ᠪᠠᠢᠯᠳᠤᠬᠤ ᠪᠣᠳᠣᠯᠭ᠎ᠠ ᠵᠢᠨ ᠪᠠᠢᠷᠢ ᠰᠠᠭᠤᠷᠢ ᠨᠢ ᠲᠤᠢᠯ ᠤ᠋ᠨ ᠴᠢᠬᠤᠯᠠ ᠪᠠᠢᠳᠠᠭ᠃ ᠡᠬᠡ ᠤᠯᠤᠰ ᠤ᠋ᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ ᠤ᠋ ᠬᠠᠯᠬᠠᠪᠴᠢ ᠵᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠢ᠎ᠠ ᠡᠴᠡ ᠥᠪᠥᠷ ᠮᠣᠩᠭᠣᠯ ᠳ᠋ᠦ᠍ ᠲᠣᠭᠲᠠᠭᠠᠭᠰᠠᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠪᠣᠯᠤᠨ ᠠᠵᠢᠯᠯᠠᠭᠠᠨ ᠤ᠋ ᠬᠥᠲᠥᠯᠪᠦᠷᠢ ᠪᠣᠯᠤᠨ᠎ᠠ᠂ ᠥᠪᠥᠷ ᠮᠣᠩᠭᠣᠯ ᠶᠡᠬᠡ ᠲᠠᠯ᠎ᠠ ᠵᠢ ᠡᠷᠬᠢᠮᠯᠡᠵᠦ᠂ ᠡᠬᠡ ᠤᠯᠤᠰ ᠤ᠋ᠨ ᠤᠮᠠᠷᠠᠲᠤ ᠵᠢᠨ ᠬᠢᠯᠢ ᠬᠢᠵᠠᠭᠠᠷ ᠢ᠋ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ ᠰᠠᠢᠲᠤᠷ ᠭᠦᠢᠴᠡᠳᠭᠡᠬᠦ ᠬᠡᠷᠡᠭᠲᠡᠢ᠃


QQ截图20220309091547.png


ᠠᠷᠠᠳ ᠲᠦᠮᠡᠨ᠎ᠦ᠌ ᠠᠰᠢᠭ ᠲᠤᠰᠠ ᠵᠢᠨ ᠲᠦᠯᠤᠭᠡ᠂ ᠥᠪᠥᠷ ᠮᠣᠩᠭᠣᠯ ᠡᠯ᠎ᠡ ᠵᠦᠢᠯ ᠤ᠋ᠨ ᠬᠠᠤᠯᠢ ᠡᠴᠡ ᠵᠥᠷᠢᠴᠡᠭᠰᠡᠨ ᠶᠠᠯᠠᠲᠤ ᠠᠵᠢᠯᠯᠠᠭ᠎ᠠ ᠳ᠋ᠦ᠍ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠢᠭᠡᠮ ᠤ᠋ᠨ ᠠᠮᠤᠷ ᠲᠦᠪᠰᠢᠨ᠎ᠦ᠌ ᠰᠡᠷᠭᠡᠢᠯᠡᠨ ᠡᠵᠡᠮᠳᠡᠬᠦ ᠰᠢᠰᠲ᠋ᠧᠮ ᠢ᠋ ᠬᠦᠴᠦᠯᠡᠨ ᠪᠠᠢᠭᠤᠯᠪᠠ᠃ 2021 ᠣᠨ ᠳ᠋ᠦ᠍ ᠂ ᠪᠦᠬᠦ ᠣᠷᠣᠨ ᠳ᠋ᠦ᠍ ᠨᠡᠢᠲᠡ 33092 ᠡᠷᠡᠭᠦᠦ ᠵᠢᠨ ᠬᠡᠷᠡᠭ ᠢ᠋ ᠢᠯᠡᠷᠡᠭᠦᠯᠵᠤ᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 28.4% ᠪᠠᠷ ᠳᠡᠭᠡᠭᠰᠢᠯᠡᠵᠡᠢ᠃ 2021 ᠣᠨ ᠳ᠋ᠦ᠍ ᠨᠡᠢᠲᠡ 140 ᠲᠦᠮᠡᠨ ᠡᠷᠦᠬᠡ ᠪᠡᠷ ᠬᠦᠨᠵᠡᠭᠡᠢᠷᠡᠵᠤ᠂ ᠵᠥᠷᠢᠴᠡᠯ ᠵᠢᠭᠤᠷᠠᠯᠳᠤᠭᠠᠨ ᠢ᠋ 7.8 ᠲᠦᠮᠡᠨ ᠤᠳᠠᠭ᠎ᠠ ᠪᠠᠢᠴᠠᠭᠠᠨ ᠰᠢᠢᠳᠪᠦᠷᠢᠯᠡᠪᠡ᠃

ᠰᠢᠨ᠎ᠡ ᠴᠠᠭ ᠦᠶ᠎ᠡ ᠵᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠭᠠᠨ ᠬᠢᠯᠢ ᠬᠢᠵᠠᠭᠠᠷ ᠢ᠋ ᠬᠦᠴᠦᠷᠬᠡᠭᠵᠢᠭᠦᠯᠵᠦ ᠰᠡᠷᠭᠡᠢᠯᠡᠯᠲᠡ ᠵᠢ ᠪᠡᠬᠢᠵᠢᠭᠦᠯᠬᠦ ᠰᠢᠨ᠎ᠡ ᠪᠠᠢᠳᠠᠯ ᠢ᠋ ᠲᠠᠰᠤᠷᠠᠯᠲᠠ ᠦᠭᠡᠢ ᠪᠤᠢ ᠪᠤᠯᠭᠠᠵᠤ᠂ 《ᠬᠥᠨᠳᠡᠯᠡᠨ ᠴᠢᠭᠯᠡᠯ ᠵᠢᠨᠷ ᠬᠢᠯᠢ ᠬᠢᠵᠠᠭᠠᠷ ᠣᠷᠣᠨ ᠳ᠋ᠦ᠍ ᠬᠦᠷᠳᠡᠯ᠎ᠡ᠂ ᠭᠤᠯᠳᠤ ᠴᠢᠭᠯᠡᠯ ᠵᠢᠨᠷ ᠡᠴᠦᠰ ᠲᠤᠨᠢ ᠲᠤᠯᠲᠠᠯ᠎ᠠ᠂ ᠴᠢᠮᠡᠭᠡ ᠮᠡᠳᠡᠭᠡ ᠨᠡᠪᠲᠡᠷᠡᠯᠴᠡᠬᠦ᠂ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ᠂ ᠬᠣᠯᠪᠣᠭᠠᠯᠠᠨ ᠰᠡᠷᠭᠡᠢᠯᠡᠵᠦ ᠬᠣᠯᠪᠣᠭᠠᠯᠠᠨ ᠵᠠᠰᠠᠬᠤ᠂ ᠬᠣᠯᠪᠣᠭᠠᠯᠠᠨ ᠡᠵᠡᠮᠳᠡᠵᠦ ᠬᠣᠯᠪᠣᠭᠠᠯᠠᠨ ᠬᠠᠮᠢᠶᠠᠷᠬᠤ》 ᠬᠦᠴᠦᠷᠬᠡᠭ ᠶᠡᠬᠡ ᠬᠠᠮᠲᠤᠷᠠᠯ ᠬᠦᠴᠦᠨ ᠢ᠋ ᠨᠢᠭᠲᠠᠷᠠᠭᠤᠯᠪᠠ᠃

ᠬᠢᠯᠢ ᠵᠢᠨ ᠵᠠᠭᠠᠭ ᠪᠤᠯᠤᠭᠰᠠᠨ ᠭᠣᠣᠯ ᠤ᠋ᠨ ᠡᠷᠭᠢ ᠳᠠᠭᠠᠤ ᠡᠴᠡ ᠨᠡᠯᠦᠭᠡᠷ ᠶᠡᠬᠡ ᠣᠢ ᠰᠢᠭᠤᠢ ᠬᠦᠷᠲᠡᠯ᠎ᠡ᠂ ᠥᠷᠭᠡᠨ ᠠᠭᠤᠳᠠᠮ ᠲᠠᠯ᠎ᠠ ᠨᠤᠲᠤᠭ ᠡᠴᠡ ᠡᠯᠡᠰᠦᠨ ᠴᠦᠯ ᠭᠣᠪᠢ ᠨᠤᠳᠤᠭ ᠬᠦᠷᠲᠡᠯ᠎ᠡ᠂  ᠪᠦᠭᠦᠳᠡ ᠨᠠᠢᠷᠠᠮᠳᠠᠬᠤ ᠤᠯᠤᠰ ᠤ᠋ᠨ ᠬᠠᠮᠠᠭᠠᠯᠠᠭᠴᠢ ᠨᠠᠷ ᠠᠮᠢ ᠨᠠᠰᠤ ᠪᠠ ᠦᠨᠡᠨᠴᠢ ᠰᠢᠳᠤᠷᠭᠤ ᠪᠠᠷ ᠵᠢᠨᠨ ᠡᠬᠡ ᠤᠯᠤᠰ ᠤ᠋ᠨ ᠤᠮᠠᠷᠠᠲᠤ ᠬᠢᠯᠢ ᠳ᠋ᠦ᠍ 《ᠪᠣᠯᠣᠳ ᠲᠡᠮᠦᠷ  ᠴᠠᠭᠠᠨ ᠬᠡᠷᠡᠮ》 ᠢ᠋ ᠪᠠᠳᠤ ᠴᠤᠭᠴᠠᠯᠠᠨ᠎ᠠ᠃ ᠦᠨᠳᠦᠰᠦᠲᠡᠨ᠎ᠨᠦ᠍ᠭᠦᠳ ᠤ᠋ᠨ ᠺᠠᠳ᠋ᠷ ᠣᠯᠠᠨ ᠲᠦᠮᠡᠨ ᠥᠪᠡᠷ ᠤ᠋ᠨ ᠠᠮᠢ ᠨᠠᠰᠤ ᠪᠠᠨ ᠨᠠᠨᠳᠢᠩᠨᠠᠬᠤ ᠲᠠᠢ ᠠᠳᠠᠯᠢ ᠪᠠᠷ ᠦᠨᠳᠦᠰᠦᠲᠡᠨ᠎ᠦ᠌ ᠪᠦᠯᠬᠦᠮᠳᠡᠯ ᠢ᠋ ᠨᠠᠨᠳᠢᠩᠨᠠᠵᠤ᠂ ᠬᠢᠯᠢ ᠬᠢᠵᠠᠭᠠᠷ ᠤ᠋ᠨ ᠠᠮᠤᠷ ᠲᠦᠪᠰᠢᠨ ᠲᠣᠭᠲᠠᠭᠤᠨ ᠎ᠢ ᠡᠷᠡᠰ ᠬᠠᠮᠠᠭᠠᠯᠠᠨ᠎ᠠ!

《ᠬᠤᠤᠰ ᠡᠨ᠋ᠸᠷᠭᠢ》 ᠵᠢᠨ ᠰᠠᠭᠤᠷᠢᠨ᠎ᠤ ᠬᠡᠮᠵᠢᠶ᠎ᠡ ᠴᠢᠨᠠᠷ᠎ᠢ ᠵᠡᠷᠬᠡ ᠪᠡᠷ ᠲᠡᠬᠡᠭᠰᠢᠯᠡᠬᠥᠯᠥᠨ᠎ᠡ

ᠡᠨᠧᠷᠬᠢ ᠵᠢᠨ ᠰᠤᠷᠪᠤᠯᠵᠢ ᠵᠢᠨ ᠦᠪᠡᠷᠮᠢᠴᠡ ᠳᠠᠪᠠᠭᠤᠯᠢᠭ ᠪᠣᠯ ᠥᠪᠥᠷ ᠮᠣᠩᠭᠣᠯ ᠤ᠋ᠨ ᠬᠠᠮᠤᠭ ᠤ᠋ᠨ ᠦᠵᠡᠰᠭᠦᠯᠡᠩᠲᠦ ᠰᠠᠢᠬᠠᠨ ᠨᠡᠷ᠎ᠡ ᠵᠢᠨ ᠬᠠᠭᠤᠳᠠᠰᠤ ᠪᠣᠯᠤᠨ᠎ᠠ ︕


QQ截图20220309092936.png


ᠨᠡᠭᠦᠷᠡᠰᠦᠨ᠎ᠦ᠌ ᠬᠠᠳᠠᠭᠠᠯᠠᠭᠳᠠᠴᠠ᠂ ᠨᠡᠭᠦᠷᠡᠰᠦᠨ᠎ᠦ᠌ ᠦᠢᠯᠡᠳᠪᠦᠷᠢᠯᠡᠬᠦ ᠴᠢᠳᠠᠪᠤᠷᠢ᠂ ᠨᠡᠭᠦᠷᠡᠰᠦ ᠵᠢ ᠭᠠᠳᠠᠭᠰᠢ ᠵᠥᠭᠡᠭᠡᠪᠦᠷᠢᠯᠡᠬᠦ ᠬᠡᠮᠵᠢᠢ᠎ᠡ ᠪᠦᠬᠦ ᠤᠯᠤᠰ ᠤ᠋ᠨ ᠳᠡᠷᠢᠭᠦᠨ ᠳ᠋ᠤ ᠵᠢᠬᠰᠠᠭᠠᠭᠳᠠᠪᠠ; ᠴᠠᠬᠢᠯᠭᠠᠨ ᠭᠠᠷᠭᠠᠬᠤ ᠬᠡᠮᠵᠢᠶ᠎ᠡ᠂ ᠭᠠᠳᠠᠭᠰᠢ ᠬᠦᠷᠭᠡᠬᠦ ᠴᠠᠬᠢᠯᠭᠠᠨ ᠤ᠋ ᠬᠡᠮᠵᠢᠶ᠎ᠡ᠂ ᠰᠠᠯᠬᠢᠨ ᠬᠦᠴᠦᠨ᠎ᠦ᠌ ᠴᠠᠬᠢᠯᠭᠠᠨ ᠤ᠋ ᠮᠠᠰᠢᠨ ᠴᠣᠭᠴᠠᠯᠠᠪᠤᠷᠢ ᠪᠦᠬᠦ ᠤᠯᠤᠰ ᠤ᠋ᠨ ᠲᠡᠷᠢᠭᠦᠨ ᠳ᠋ᠦ᠍ ᠵᠢᠬᠰᠠᠭᠠᠭᠳᠠᠪᠠ᠃ ᠪᠦᠬᠦ ᠤᠯᠤᠰ ᠤ᠋ᠨ 《6 ᠳᠡᠷᠢᠭᠦᠨ》 ᠨᠢ ᠥᠪᠥᠷ ᠮᠣᠩᠭᠣᠯ ᠤ᠋ᠨ ᠤᠯᠤᠰ ᠤ᠋ᠨ ᠡᠨᠧᠷᠭᠢ ᠵᠢᠨ ᠠᠮᠤᠷ ᠲᠦᠪᠰᠢᠨ ᠢ᠋ ᠪᠠᠲᠤᠯᠠᠬᠤ ᠪᠠᠢᠯᠳᠤᠬᠤ ᠪᠣᠳᠣᠯᠭ᠎ᠠ ᠵᠢᠨ ᠪᠠᠢᠷᠢ ᠰᠠᠭᠤᠷᠢ ᠳᠤᠩ ᠳᠣᠪᠣᠢᠮ᠎ᠠ ᠭᠡᠳᠡᠭ᠎ᠢ ᠭᠡᠷᠡᠴᠢᠯᠡᠨ᠎ᠠ᠃

ᠥᠪᠥᠷ ᠮᠣᠩᠭᠣᠯ ᠤᠯᠤᠰ ᠤ᠋ᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠤ᠋ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠵᠢ ᠪᠠᠲᠤ ᠡᠵᠡᠮᠰᠢᠵᠦ᠂ ᠰᠢᠰᠲ᠋ᠧᠮᠲᠦ ᠰᠡᠳᠭᠢᠬᠦᠢ ᠵᠢ ᠪᠠᠷᠢᠮᠲᠠᠯᠠᠨ᠂ 《ᠳᠥᠷᠪᠡᠨ ᠬᠤᠪᠢᠰᠭᠠᠯ᠂ ᠨᠢᠭᠡ ᠬᠠᠮᠲᠤᠷᠠᠯᠴᠠᠭ᠎ᠠ》ᠡᠨᠧᠷᠭᠢ ᠵᠢᠨ ᠠᠮᠤᠷ ᠲᠦᠪᠰᠢᠨ᠎ᠦ᠌ ᠰᠢᠨ᠎ᠡ ᠪᠠᠢᠯᠳᠤᠬᠤ ᠪᠣᠳᠣᠯᠭ᠎ᠠ ᠪᠠᠷ ᠬᠥᠲᠥᠯᠦᠨ ᠳᠠᠭᠠᠭᠤᠯᠵᠤ᠂ ᠨᠢᠭᠡ ᠬᠠᠷᠠᠯᠲᠠ ᠵᠢ ᠪᠡᠶᠡᠯᠡᠭᠦᠯᠵᠦ᠂ ᠭᠤᠷᠪᠠᠨ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠤᠨ᠂ ᠳᠥᠷᠪᠡᠨ ᠶᠡᠬᠡ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠵᠤ᠂ ᠠᠷᠪᠠᠨ ᠶᠡᠬᠡ ᠢᠨᠵᠧᠨᠧᠷᠢᠩ ᠢ᠋ ᠬᠡᠷᠡᠭᠵᠢᠭᠦᠯᠵᠦ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠡᠨᠡ ᠬᠦ᠌ ᠠᠵᠢᠯ ᠢ᠋ ᠪᠦᠬᠦ ᠬᠦᠴᠦᠨ ᠵᠢᠨᠷ ᠵᠢᠨᠨ ᠰᠠᠢᠲᠤᠷ ᠬᠢᠪᠠ᠃

5 ᠵᠢᠯ ᠤ᠋ᠨ ᠰᠠᠬᠢᠨ ᠪᠠᠷᠢᠮᠳᠠᠯᠠᠯ ᠪᠠ ᠴᠢᠷᠮᠠᠢᠯᠭ᠎ᠠ ᠪᠠᠷ᠂ ᠥᠪᠥᠷ ᠮᠣᠩᠭᠣᠯ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠳᠡᠭᠡᠳᠦ ᠳᠡᠰ ᠤ᠋ᠨ ᠬᠥᠭᠵᠢᠯᠲᠡ ᠵᠢᠨ ᠰᠠᠷᠠᠭᠤᠯ ᠳᠠᠷᠳᠠᠩ ᠵᠠᠮ ᠢ᠋ ᠨᠡᠭᠡᠭᠡᠪᠠ᠃

5 ᠵᠢᠯ ᠤ᠋ᠨ ᠴᠢᠷᠮᠠᠢᠯᠭ᠎ᠠ ᠪᠠᠷ᠂ ᠪᠦᠬᠦ ᠣᠷᠣᠨ ᠤ᠋ ᠨᠡᠭᠦᠷᠡᠰᠦᠨ ᠠᠭᠤᠷᠬᠠᠢ ᠵᠢᠨ ᠣᠳᠣᠬᠢᠴᠢᠯᠠᠭᠰᠠᠨ ᠨᠡᠭᠡᠭᠡᠨ ᠮᠠᠯᠲᠠᠬᠤ ᠲᠦᠪᠰᠢᠨ᠂ ᠮᠢᠩᠭᠠᠨ ᠲᠦᠮᠡᠨ ᠲᠤᠨ ᠤ᠋ ᠳᠡᠰ ᠤ᠋ᠨ ᠣᠳᠣᠬᠢᠴᠢᠯᠠᠭᠰᠠᠨ ᠨᠡᠭᠦᠷᠡᠰᠦᠨ ᠠᠭᠤᠷᠬᠠᠢ ᠵᠢᠨ ᠲᠣᠭ᠎ᠠ ᠬᠡᠮᠵᠢᠶ᠎ᠡ ᠴᠥᠮ ᠪᠦᠬᠦ ᠤᠯᠤᠰ ᠤ᠋ᠨ ᠡᠮᠦᠨ᠎ᠡ ᠡᠩᠨᠡᠭᠡᠨ ᠳ᠋ᠦ᠍ ᠵᠢᠬᠰᠠᠭᠠᠭᠳᠠᠵᠤ᠂ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠵᠢᠯ ᠤ᠋ᠨ ᠴᠠᠬᠢᠯᠭᠠᠨ ᠭᠠᠷᠭᠠᠬᠤ ᠬᠡᠮᠵᠢᠶ᠎ᠡ ᠪᠦᠬᠦ ᠤᠯᠤᠰ ᠲᠦ᠍ ᠳᠡᠷᠢᠭᠦᠯᠡᠪᠡ᠃

5 ᠵᠢᠯ ᠤ᠋ᠨ ᠴᠢᠷᠮᠠᠢᠯᠭ᠎ᠠ ᠪᠠᠷ᠂ ᠮᠠᠨ ᠤ᠋ ᠣᠷᠣᠨ ᠤᠯᠤᠰ ᠤ᠋ᠨ ᠳᠣᠲᠣᠭᠠᠳᠤ ᠵᠢᠨ ᠲᠥᠷᠥᠯ ᠵᠦᠢᠯ ᠵᠢᠨᠷ ᠬᠠᠮᠤᠭ ᠤ᠋ᠨ ᠪᠦᠷᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠲᠠᠬᠢᠨ ᠡᠭᠦᠰᠴᠦ ᠪᠤᠯᠬᠤ ᠡᠨᠧᠷᠭᠢ ᠵᠢᠨ ᠠᠵᠤ ᠦᠢᠯᠡᠰ ᠤ᠋ᠨ ᠰᠢᠰᠲ᠋ᠧᠮ ᠢ᠋ ᠪᠠᠢᠭᠤᠯᠪᠠ᠃

5 ᠵᠢᠯ ᠤ᠋ᠨ ᠴᠢᠷᠮᠠᠢᠯᠭ᠎ᠠ ᠪᠠᠷ᠂ ᠥᠪᠥᠷ ᠮᠣᠩᠭᠣᠯ ᠤ᠋ᠨ ᠠᠮᠢ ᠠᠬᠤᠢ ᠵᠢᠨ ᠭᠡᠷᠡᠯᠴᠢ ᠴᠡᠨᠡᠭ ᠤ᠋ᠨ ᠴᠠᠬᠢᠯᠭᠠᠨ ᠬᠦᠴᠦᠨ᠎ᠦ᠌ ᠮᠠᠰᠢᠨ ᠴᠣᠭᠴᠠᠯᠠᠪᠤᠷᠢ ᠵᠢᠨ ᠪᠠᠭᠲᠠᠭᠠᠮᠵᠢ 300 ᠭᠠᠷᠤᠢ ᠲᠦᠮᠡᠨ ᠺᠢᠯᠣᠸᠠᠲ᠎ᠲᠤ᠌ ᠬᠦᠷᠪᠠ᠃

5 ᠵᠢᠯ ᠤ᠋ᠨ ᠴᠢᠷᠮᠠᠢᠯᠭ᠎ᠠ ᠪᠠᠷ᠂ ᠮᠠᠨ ᠤ᠋ ᠣᠷᠣᠨ ᠨᠡᠭᠦᠷᠡᠰᠦᠨ ᠠᠭᠤᠷᠬᠠᠢ ᠵᠢᠨ ᠤᠶᠤᠨᠴᠢᠯᠠᠬᠰᠠᠨ ᠪᠦᠲᠦᠭᠡᠨ ᠪᠠᠢᠭᠤᠯᠤᠯᠲᠠ ᠵᠢ ᠪᠦᠬᠦ ᠲᠠᠯ᠎ᠠ ᠪᠠᠷ ᠡᠬᠢᠯᠡᠭᠦᠯᠪᠡ᠃

5 ᠵᠢᠯ ᠤ᠋ᠨ ᠴᠢᠷᠮᠠᠢᠯᠭ᠎ᠠ ᠪᠠᠷ᠂ ᠥᠪᠥᠷ ᠮᠣᠩᠭᠣᠯ ᠤ᠋ᠨ ᠪᠣᠬᠢᠷᠲᠤᠯ ᠦᠭᠡᠢ ᠠᠭᠤᠷᠬᠠᠢ ᠵᠢᠨ ᠦᠢᠯᠡᠳᠪᠦᠷᠢᠯᠡᠯ ᠤ᠋ᠨ ᠨᠡᠭᠦᠷᠡᠰᠦᠨ ᠠᠭᠤᠷᠬᠠᠢ ᠵᠢᠨ ᠡᠵᠡᠯᠡᠬᠦ ᠬᠠᠷᠢᠴᠠᠯ 40% ᠵᠢ ᠳᠠᠪᠠᠪᠠ᠃

5 ᠵᠢᠯ ᠤ᠋ᠨ ᠴᠢᠷᠮᠠᠢᠯᠭ᠎ᠠ ᠪᠠᠷ᠂ ᠪᠦᠬᠦ ᠣᠷᠣᠨ ᠤ᠋ ᠭᠡᠷᠡᠯᠴᠢ ᠴᠡᠨᠡᠭ ᠤ᠋ᠨ ᠠᠵᠤ ᠦᠢᠯᠡᠰ ᠵᠢᠨᠷ ᠰᠢᠨ᠎ᠡ ᠬᠡᠯᠪᠡᠷᠢ ᠵᠢᠨ ᠭᠡᠷᠡᠯᠴᠢ ᠴᠡᠨᠡᠭ ᠤ᠋ᠨ ᠮᠠᠰᠢᠨ ᠳᠤᠨᠤᠭᠯᠠᠯ ᠵᠡᠷᠭᠡ ᠢᠵᠢ ᠪᠦᠷᠢᠳᠦᠭᠰᠡᠨ ᠠᠵᠤ ᠦᠢᠯᠡᠰ ᠤ᠋ᠨ ᠪᠦᠯᠦᠭᠵᠢᠯ ᠤ᠋ᠨ ᠬᠥᠭᠵᠢᠯᠲᠡ ᠵᠢ ᠳᠠᠢᠴᠢᠯᠠᠵᠤ᠂ ᠥᠪᠥᠷ ᠮᠣᠩᠭᠣᠯ ᠪᠦᠬᠦ ᠪᠥᠮᠪᠥᠷᠴᠡᠭ ᠤ᠋ᠨ ᠬᠠᠮᠤᠭ ᠤ᠋ᠨ ᠲᠣᠮᠣ ᠲᠠᠯᠠᠰᠲᠤ ᠴᠠᠬᠢᠭᠤᠷ ᠦᠢᠯᠡᠳᠬᠦ ᠰᠠᠭᠤᠷᠢᠨ ᠪᠣᠯᠵᠠᠢ᠃

5 ᠵᠢᠯ ᠤ᠋ᠨ ᠴᠢᠷᠮᠠᠢᠯᠭ᠎ᠠ ᠪᠠᠷ᠂ ᠥᠪᠥᠷ ᠮᠣᠩᠭᠣᠯ ᠤ᠋ᠨ ᠵᠢᠯ ᠤ᠋ᠨ ᠴᠢᠯᠠᠭᠤᠨ ᠲᠣᠰᠣ ᠰᠢᠲᠠᠮᠠᠬᠠᠢ ᠬᠡᠢ ᠵᠢᠨ ᠭᠠᠷᠤᠯᠲᠠ ᠵᠢᠨ ᠲᠡᠩᠴᠡᠯ 3900 ᠲᠦᠮᠡᠨ ᠲᠤᠨ ᠪᠠᠷᠢᠮᠵᠢᠶᠠᠲᠤ ᠨᠡᠭᠦᠷᠡᠰᠦ ᠳ᠋ᠦ᠍ ᠬᠦᠷᠴᠦ᠂ ᠪᠦᠬᠦ ᠤᠯᠤᠰ ᠤ᠋ᠨ ᠡᠮᠦᠨ᠎ᠡ ᠡᠩᠨᠡᠭᠡᠨ ᠳ᠋ᠦ᠍ ᠵᠢᠬᠰᠠᠭᠠᠭᠳᠠᠪᠠ; ᠣᠷᠣᠨ ᠤ᠋ ᠳᠣᠲᠣᠷᠠᠬᠢ 1/3 ᠡᠴᠡ ᠳᠡᠭᠡᠭᠰᠢᠬᠢ ᠴᠠᠬᠢᠯᠭᠠᠨ ᠬᠦᠴᠦᠨ᠎ᠦ᠌ ᠮᠠᠰᠢᠨ ᠴᠣᠭᠴᠠᠯᠠᠪᠤᠷᠢ ᠨᠢ ᠰᠠᠯᠬᠢᠨ ᠬᠦᠴᠦᠨ᠎ᠦ᠌ ᠴᠠᠬᠢᠯᠭᠠᠨ᠂ ᠭᠡᠷᠡᠯ ᠤ᠋ᠨ ᠡᠨᠧᠷᠬᠢ ᠵᠢᠨ ᠴᠠᠬᠢᠯᠭᠠᠨ ᠵᠡᠷᠭᠡ ᠰᠢᠨ᠎ᠡ ᠡᠨᠧᠷᠭᠢ ᠡᠴᠡ ᠢᠷᠡᠯᠲᠡ ᠲᠠᠢ ᠪᠠᠢᠵᠤ᠂ ᠥᠪᠥᠷ ᠮᠣᠩᠭᠣᠯ ᠨᠢ ᠪᠦᠬᠦ ᠤᠯᠤᠰ ᠤ᠋ᠨ ᠬᠠᠮᠤᠭ ᠤ᠋ᠨ ᠶᠡᠬᠡ ᠰᠢᠨ᠎ᠡ ᠡᠨᠧᠷᠭᠢ ᠵᠢᠨ ᠰᠠᠭᠤᠷᠢᠨ ᠪᠣᠯᠵᠠᠢ᠃

ᠲᠤᠮᠲᠠᠲᠤ ᠤᠯᠤᠰ᠎ᠤᠨ 《ᠪᠤᠲᠠᠭᠠᠨ ᠠᠶᠠᠭᠠᠨ》 ᠎ᠳᠤ ᠥᠨᠥᠷ ᠠᠮᠲᠠ ᠨᠡᠮᠡᠷᠢᠯᠡᠨ᠎ᠡ

ᠥᠪᠥᠷ ᠮᠣᠩᠭᠣᠯ ᠪᠣᠯ ᠨᠡᠷ᠎ᠡ ᠨᠢᠳᠡᠷ ᠲᠡᠬᠡᠨ ᠨᠡᠢᠴᠡᠭ᠌ᠰᠡᠨ 《ᠠᠮᠤ ᠪᠤᠳᠠᠭᠠᠨ ᠤ᠋ ᠬᠥᠮᠥᠷᠭᠡ》᠂ 《ᠮᠢᠬᠠᠨ ᠤ᠋ ᠬᠥᠮᠥᠷᠭᠡ》᠂ 《ᠰᠦ ᠰᠠᠭᠠᠯᠢ᠎ᠵᠢᠨ ᠰᠠᠪᠠ》 ᠪᠤᠯᠬᠤ ᠶᠤᠮ᠃


QQ截图20220309092946.png


5 ᠵᠢᠯ ᠤ᠋ᠨ ᠲᠤᠷᠰᠢ᠂ ᠪᠦᠬᠦ ᠤᠷᠤᠨ ᠵᠢᠡᠷ ᠵᠢᠡᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌᠂ ᠪᠦᠲᠦᠴᠡ ᠳ᠋ᠤ ᠲᠣᠬᠢᠷᠠᠭᠤᠯᠤᠯᠳᠠ ᠬᠢᠬᠦ᠂  ᠳᠠᠪᠠᠭᠤᠯᠢᠭ ᠢ᠋ ᠬᠤᠪᠢᠷᠠᠭᠤᠯᠬᠤ ᠳ᠋ᠤ ᠠᠩᠬᠠᠷᠤᠯ ᠵᠢᠨᠨ ᠲᠥᠪᠯᠡᠷᠡᠭᠦᠯᠵᠦ᠍᠂ ᠮᠠᠯ ᠠᠵᠤ ᠠᠬᠤᠶ ᠲᠠᠷᠢᠶᠠᠯᠠᠩ ᠳ᠋ᠤ ᠬᠣᠯᠪᠣᠭ᠍ᠳᠠᠭ᠍ᠰᠠᠨ ᠲᠥᠷᠥᠯ ᠵᠦᠶ᠋ᠯ ᠤ᠋ᠳ ᠢ᠋ ᠲᠦᠷᠭᠡᠳᠭᠡᠨ ᠠᠬᠢᠭᠤᠯᠪᠠ᠃ ᠮᠠᠨ ᠤ᠋ ᠣᠷᠣᠨ ᠰᠦ᠎ᠶ᠋ᠢᠨ ᠦᠶ᠋ᠯᠡᠰ᠂ ᠮᠢᠬᠠᠨ ᠤ᠋ ᠦᠬᠡᠷ᠂ ᠮᠢᠬᠠᠨ ᠤ᠋ ᠬᠣᠨᠢ᠂ ᠲᠥᠮᠥᠰᠥ᠍ ᠪᠠ ᠢᠮᠠᠭᠠᠨ ᠨᠣᠤᠯᠤᠭᠤᠷ ᠵᠡᠷᠭᠡ 5 ᠲᠠᠷᠢᠶᠠᠯᠠᠩ ᠮᠠᠯ ᠠᠵᠤ ᠠᠬᠤᠶ᠎ᠶ᠋ᠢᠨ ᠪᠥᠬᠥ᠌ ᠠᠵᠤ ᠦᠶ᠋ᠯᠡᠰ ᠤ᠋ᠨ ᠬᠡᠯᠬᠢᠶ᠎ᠠ ᠵᠢᠨ ᠭᠤᠤᠯᠳᠠᠯᠭ᠎ᠠ᠎ᠲᠠᠶ ᠬᠡᠯᠬᠢᠶ᠎ᠠ ᠵᠢ ᠦᠷᠭᠦᠯᠵᠢᠯᠡᠨ ᠴᠢᠡᠭᠭᠠᠷᠠᠭᠤᠯᠵᠤ᠂ 15 ᠳᠠᠪᠠᠭᠤᠯᠢᠭ ᠣᠨᠴᠠᠯᠢᠠᠠᠳᠦ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠵᠤ ᠦᠶ᠋ᠯᠡᠰ ᠤ᠋ᠨ ᠪᠦᠰᠡ᠎ᠶ᠋ᠢᠨ ᠪᠥᠲᠥᠭᠡᠨ ᠪᠠᠢᠭᠤᠯᠤᠯᠲᠠ ᠵᠢ ᠯᠠᠪᠳᠠᠭᠤᠨ ᠵᠢᠨᠷ ᠠᠬᠢᠭᠤᠯᠪᠠ᠃

ᠶᠠᠰᠤ ᠴᠢᠨᠠᠷ ᠢ᠋ ᠮᠦᠷᠳᠡᠬᠦ ᠱᠢᠰᠲ᠋ᠧᠮ ᠪᠠᠢᠭᠤᠯᠵᠤ᠂  ᠪᠥᠬᠥ᠌ ᠣᠷᠣᠨ ᠤ᠋ ᠭᠤᠤᠯ ᠪᠣᠯᠬᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠡᠷᠦᠩᠬᠡᠶ ᠬᠢᠷᠢ ᠲᠡᠩᠴᠡᠭ᠌ᠰᠡᠨ ᠨᠣᠷᠮ᠎ᠠ 5 ᠵᠢᠯ ᠳᠠᠷᠠᠭᠠᠯᠠᠨ 96% ᠡᠴᠡ ᠳᠡᠭᠡᠭ᠌ᠰᠢ ᠪᠠᠢᠬᠤ ᠵᠢ ᠪᠠᠲᠤᠯᠠᠵᠤ᠂ ᠪᠥᠬᠥ᠌ ᠣᠷᠣᠨ ᠤ᠋ 《ᠬᠣᠶᠠᠷ ᠪᠦᠲᠦᠭᠡᠭ᠌ᠳᠡᠬᠦᠨ ᠨᠢᠭᠡ ᠪᠠᠷᠢᠮᠵᠢᠶ᠎ᠠ》 ᠢ᠋ᠢᠨ ᠪᠦᠲᠦᠭᠡᠭ᠌ᠳᠡᠬᠦᠨ ᠤ᠋ ᠶᠡᠷᠦᠩᠬᠡᠶ ᠬᠡᠮᠵᠢᠶ᠎ᠡ ᠵᠢ 500 ᠲᠦᠮᠡᠨ ᠲᠣᠨ ᠳ᠋ᠤ ᠬᠦᠷᠴᠤ᠂ ᠪᠣᠬᠢᠷᠲᠤᠯ ᠥᠬᠡᠶ ᠢᠳᠡᠭᠡᠨ ᠤ᠋ ᠪᠠᠷᠢᠮᠵᠢᠶᠠᠵᠢᠭᠤᠯᠤᠭ᠍ᠰᠠᠨ ᠰᠠᠭᠤᠷᠢᠨ᠎ᠤ ᠲᠠᠯᠠᠪᠠᠶ ᠪᠥᠬᠥ᠌ ᠤᠯᠤᠰ ᠤ᠋ᠨ ᠬᠣᠶᠠᠳᠤᠭᠠᠷ ᠲᠦ᠍ ᠣᠷᠣᠪᠠ᠃

《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠳ᠋ᠤ᠂ ᠮᠠᠨ ᠤ᠋ ᠣᠷᠣᠨ ᠤ᠋ ᠠᠮᠤ ᠪᠤᠳᠠᠭᠠᠨ ᠤ᠋ ᠤᠨᠠᠯᠲᠠ 565.4 ᠳ᠋ᠦᠩᠱᠢᠭᠤᠷ ᠵᠢᠩ ᠡᠴᠡ 732.8 ᠳ᠋ᠦᠩᠱᠢᠭᠤᠷ ᠵᠢᠩ ᠪᠣᠯᠤᠨ ᠨᠡᠮᠡᠭᠳᠡᠵᠤ᠂ 3 ᠵᠢᠯ ᠳᠠᠷᠠᠭᠠᠯᠠᠨ 700 ᠳ᠋ᠦᠩᠱᠢᠭᠤᠷ ᠵᠢᠩ ᠢ᠋ ᠳᠠᠪᠠᠪᠠ; ᠬᠣᠨᠢ᠂ ᠰᠦ᠂  ᠨᠣᠤᠯᠸ᠋ᠭᠤᠷ᠂  ᠡᠪᠡᠰᠦᠨ ᠤ᠋ ᠭᠠᠷᠤᠯᠲᠠ ᠵᠢᠯ ᠳᠠᠷᠠᠭᠠᠯᠠᠨ ᠮᠠᠩᠯᠠᠢᠯᠠᠵᠤ᠂  ᠦᠬᠡᠷ ᠤ᠋ᠨ ᠮᠢᠬᠠᠨ ᠤ᠋ ᠭᠠᠷᠤᠯᠲᠠ 2020 ᠣᠨ ᠳ᠋ᠤ ᠪᠥᠬᠥ᠌ ᠤᠯᠤᠰ ᠲᠦ᠍ ᠲᠡᠷᠢᠭᠦᠯᠡᠪᠡ; ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠠᠪᠱᠢᠯᠲᠠ᠎ᠶ᠋ᠢᠨ ᠬᠤᠪᠢ ᠨᠡᠮᠡᠷᠢ᠎ᠶ᠋ᠢᠨ ᠨᠣᠷᠮ᠎ᠠ 51.8% ᠪᠠᠢᠭ᠍ᠰᠠᠨ ᠡᠴᠡ 57% ᠪᠤᠯᠤᠨ ᠨᠡᠮᠡᠭ᠌ᠳᠡᠪᠡ; ᠲᠠᠷᠢᠮᠠᠯ ᠤ᠋ᠨ ᠵᠦᠢᠯ ᠲᠠᠷᠢᠵᠤ ᠬᠤᠷᠢᠶᠠᠬᠤ ᠶᠡᠷᠦᠩᠬᠡᠢᠯᠡᠭ᠌ᠰᠡᠨ ᠮᠠᠱᠢᠨᠴᠢᠯᠠᠯᠲᠠ᠎ᠶ᠋ᠢᠨ ᠲᠦᠪᠰᠢᠨ 81.3% ᠪᠠᠢᠭ᠍ᠰᠠᠨ ᠡᠴᠡ 86% ᠪᠤᠯᠤᠨ ᠳᠡᠭᠡᠭ᠌ᠰᠢᠯᠡᠪᠡ; ᠰᠠᠢᠨ ᠡᠭᠦᠯᠳᠡᠷ ᠤ᠋ᠨ ᠪᠦᠷᠬᠦᠴᠡ᠎ᠶ᠋ᠢᠨ ᠨᠣᠷᠮ᠎ᠠ 98% ᠡᠴᠡ ᠳᠡᠭᠡᠭ᠌ᠰᠢ ᠪᠤᠯᠤᠨ ᠲᠣᠭ᠍ᠲᠠᠪᠤᠷᠢᠵᠢᠪᠠ ᠁ ᠤᠯᠠᠨ ᠤ᠋ ᠠᠩᠬᠠᠷᠤᠯ ᠢ᠋ ᠲᠠᠲᠠᠭ᠍ᠰᠠᠨ ᠡᠳᠡᠭᠡᠷ ᠲᠣᠭ᠎ᠠ ᠪᠠᠷᠢᠮᠲᠠ ᠨᠢ ᠮᠠᠨ ᠤ᠋ ᠣᠷᠣᠨ ᠤ᠋ ᠮᠠᠯ ᠠᠵᠤ ᠠᠬᠤᠶ ᠲᠠᠷᠢᠶᠠᠯᠠᠩ ᠤ᠋ᠨ ᠬᠥᠭ᠌ᠵᠢᠯᠲᠡ᠎ᠶ᠋ᠢᠨ 5 ᠵᠢᠯ ᠤ᠋ᠨ ᠠᠮᠵᠢᠯᠲᠠ ᠪᠦᠲᠦᠮᠵᠢ ᠵᠢ ᠭᠡᠷᠡᠴᠢᠯᠡᠨ᠎ᠠ᠃

ᠨᠡᠭᠡᠭᠡᠯᠳᠡ ᠵᠢᠨ ᠡᠮᠤᠨ᠎ᠡ ᠡᠨᠭᠨᠡᠬᠡᠨ᠎ᠳᠤ ᠬᠤᠰᠢᠭᠤᠷᠠᠨ ᠲᠡᠯᠡᠬᠡᠢ᠎ᠳ᠋ᠡᠬᠢᠨ ᠲᠡᠢ ᠵᠤᠯᠭᠠᠯᠴᠠᠨ᠎ᠠ

ᠮᠠᠨ ᠤ᠋ ᠤᠷᠤᠨ᠎ᠢ ᠪᠦᠬᠦ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ ᠤ᠋ᠨ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠣᠶᠠᠷ ᠶᠡᠬᠡ ᠲᠠᠯ᠎ᠠ ᠵᠢ ᠨᠢᠭᠡᠳᠦᠯᠲᠡᠶ ᠲᠥᠯᠥᠪᠵᠢᠭᠦᠯᠬᠦ᠌ ᠦᠨᠳᠦᠷᠴᠡ ᠡᠴᠡ ᠥᠪᠥᠷ ᠮᠣᠩᠭᠣᠯ ᠳ᠋ᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠪᠤᠯᠬᠤ ᠪᠦᠭᠡᠳ ᠮᠠᠨ ᠤ᠋ ᠤᠷᠤᠨ ᠤ᠋ ᠨᠠᠩ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠵᠢ ᠠᠬᠢᠭᠤᠯᠬᠤ ᠵᠢᠨ ᠬᠠᠮᠲᠤ ᠥᠨᠳᠥᠷ ᠲᠦᠪᠱᠢᠨ ᠪᠥᠬᠥᠶ ᠨᠡᠭᠡᠭᠡᠯᠲᠡ ᠪᠡᠷ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠪᠣᠳᠠᠲᠤ ᠬᠡᠷᠡᠭ᠌ᠴᠡᠭᠡ ᠮᠥᠨ᠃


QQ截图20220309091649.png


5 ᠵᠢᠯ ᠤ᠋ᠨ ᠲᠤᠷᠰᠢ᠂ ᠮᠠᠨ ᠤ᠋ ᠤᠷᠤᠨ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠵᠢᠨ ᠬᠣᠩᠭᠢᠯ ᠤ᠋ᠨ ᠪᠥᠲᠥᠭᠡᠨ ᠪᠠᠢᠭᠤᠯᠤᠯᠲᠠ᠎ᠵᠢ᠎ᠢᠳᠡᠪᠬᠢᠲᠡᠶ᠎ᠠᠬᠢᠭᠤᠯᠵᠤ᠂᠎ᠣᠷᠣᠰ᠎ᠮᠣᠩᠭᠣᠯ᠎ᠯᠤᠭ᠎ᠠ ᠵᠢᠨ ᠬᠠᠮᠲᠤᠷᠠᠯᠴᠠᠭᠠᠨ ᠤ᠋ ᠲᠣᠭ᠍ᠲᠠᠴᠠ ᠵᠢ ᠲᠡᠭᠦᠯᠳᠡᠷᠵᠢᠭᠦᠯᠵᠦ᠍᠂ ᠣᠷᠣᠰ ᠤ᠋ᠨ ᠢᠷᠺᠦ᠋ᠼᠺ᠂ ᠺᠷᠠᠰᠨᠤᠶᠠᠷᠰᠺ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ᠎ᠯᠤᠭ᠎ᠠ ᠵᠠᠰᠠᠭ ᠤ᠋ᠨ ᠣᠷᠳᠣᠨ ᠤ᠋ ᠬᠣᠭᠣᠷᠣᠨᠳᠣᠬᠢ ᠲᠣᠭ᠍ᠲᠠᠮᠠᠯ ᠬᠤᠭᠤᠴᠠᠭ᠎ᠠ ᠲᠠᠢ ᠠᠭᠤᠯᠵᠠᠯᠲᠠ ᠪᠠ ᠰᠣᠯᠢᠯᠴᠠᠭ᠎ᠠ ᠬᠠᠮᠲᠤᠷᠠᠯᠴᠠᠭ᠎ᠠ ᠵᠢᠨ ᠲᠣᠭ᠍ᠲᠠᠴᠠ ᠪᠠᠢᠭᠤᠯᠵᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠲᠦᠷᠭᠡᠳᠭᠡᠨ ᠪᠠᠢᠭᠤᠯᠪᠠ; ᠪᠣᠭᠣᠮᠲᠠ ᠵᠢᠨ ᠠᠵᠤ ᠠᠬᠤᠶ ᠵᠢ ᠶᠡᠬᠡ ᠪᠡᠷ ᠬᠥᠭ᠌ᠵᠢᠭᠦᠯᠵᠦ᠍᠂ ᠪᠣᠭᠣᠮᠲᠠ ᠵᠢᠨ ᠰᠠᠭᠤᠷᠢ ᠲᠦᠬᠦᠭᠡᠷᠦᠮᠵᠢ ᠵᠢᠨ ᠪᠥᠲᠥᠭᠡᠨ ᠪᠠᠢᠭᠤᠯᠤᠯᠲᠠ ᠵᠢ ᠴᠢᠩᠭᠠᠳᠭᠠᠨ᠂ ᠪᠥᠬᠥ᠌ ᠣᠷᠣᠨ ᠤ᠋ 11 ᠵᠠᠰᠠᠮᠠᠯ ᠵᠠᠮ ᠤ᠋ᠨ ᠪᠣᠭᠣᠮᠲᠠ ᠵᠢᠨ ᠪᠠᠷᠠᠭ᠎ᠠ ᠲᠡᠭᠡᠭᠡᠪᠦᠷᠢᠯᠡᠬᠦ ᠤᠶᠤᠨᠲᠤ ᠪᠤᠭᠤᠮᠲᠠ ᠵᠢᠨ ᠪᠥᠲᠥᠭᠡᠨ ᠪᠠᠢᠭᠤᠯᠤᠯᠲᠠ ᠵᠢ ᠳᠠᠭᠤᠰᠬᠠᠵᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠶ᠋ᠢᠨ ᠪᠣᠭᠣᠮᠲᠠ ᠪᠠᠷ ᠥᠩᠭᠡᠷᠡᠬᠦ᠌ ᠳᠤᠮᠳᠠᠴᠢ ᠴᠠᠭ ᠢ᠋ 50 ᠰᠧᠺᠦ᠋ᠨ᠋ᠳ᠋ ᠪᠣᠯᠭᠠᠨ ᠪᠣᠭᠣᠨᠢᠰᠭᠠᠪᠠ; ᠭᠤᠤᠯᠳᠠᠯᠭ᠎ᠠ ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ ᠵᠢᠨ ᠣᠷᠣᠨ᠂ ᠬᠠᠮᠲᠤᠷᠠᠯᠴᠠᠭᠠᠨ ᠤ᠋ ᠬᠣᠱᠢᠭᠤᠴᠢ ᠣᠷᠣᠨ ᠪᠠ ᠬᠢᠯᠢ ᠠᠯᠤᠰᠯᠠᠭ᠍ᠰᠠᠨ ᠠᠵᠤ ᠠᠬᠤᠶ ᠵᠢᠨ ᠬᠠᠮᠲᠤᠷᠠᠯᠴᠠᠭᠠᠨ ᠤ᠋ ᠣᠷᠣᠨ ᠵᠡᠷᠭᠡ ᠭᠠᠳᠠᠭᠠᠳᠤ ᠨᠡᠭᠡᠭᠡᠯᠲᠡ ᠵᠢᠨ ᠲᠠᠪᠴᠠᠩ ᠤ᠋ᠨ ᠪᠠᠢᠭᠤᠯᠤᠯᠲᠠ ᠵᠢ ᠴᠢᠩᠭ᠎ᠠ ᠠᠳᠬᠤᠪᠠ᠃

《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ᠂ ᠪᠥᠬᠥ᠌ ᠣᠷᠣᠨ ᠤ᠋ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠰᠠᠨ ᠶᠡᠷᠦᠩᠬᠡᠶ ᠲᠣᠭ᠎ᠠ ᠵᠢᠯ ᠪᠦᠷᠢ ᠳᠤᠮᠳᠠᠴᠢ ᠪᠠᠷ 8.5% ᠪᠡᠷ ᠨᠡᠮᠡᠭ᠌ᠳᠡᠵᠦ᠍᠂ ᠦᠶ᠋ᠯᠡᠴᠢᠯᠡᠭᠡ᠎ᠪᠡᠷ ᠬᠢᠯᠢ᠎ᠪᠡᠷ ᠥᠩᠭᠡᠷᠡᠬᠦ᠌ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠪᠥᠬᠥ᠌ ᠤᠯᠤᠰ ᠤ᠋ᠨ 50% ᠤᠷᠴᠢᠮ ᠢ᠋ ᠡᠵᠡᠯᠡᠪᠡ᠃ ᠪᠦᠬᠦ ᠤᠷᠤᠨ ᠤ᠋ ᠠᠵᠤ ᠠᠬᠤᠢᠯᠠᠯ ᠤ᠋ᠨ《ᠨᠢᠭᠡ ᠪᠦᠰᠡ ᠨᠢᠭᠡ ᠵᠠᠮ》 ᠳᠠᠭᠠᠤ ᠤᠯᠤᠰ ᠲᠦ᠍ ᠪᠠᠯᠠ ᠣᠷᠣᠭᠤᠯᠤᠭ᠍ᠰᠠᠨ ᠲᠥᠷᠥᠯ ᠵᠦᠶ᠋ᠯ 230 ᠭᠠᠷᠤᠶ ᠪᠠᠢᠵᠤ᠂ ᠭᠠᠳᠠᠭᠠᠳᠤ ᠪᠠᠯᠠ ᠣᠷᠣᠭᠤᠯᠤᠯᠲᠠ ᠵᠢᠨ ᠬᠠᠮᠲᠤᠷᠠᠯᠴᠠᠭ᠎ᠠ ᠲᠠᠷᠢᠶᠠᠯᠠᠩ᠂ ᠣᠶ ᠱᠢᠭᠤᠶ ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠭᠤᠷᠬᠠᠶ ᠮᠠᠯᠲᠠᠬᠤ ᠦᠶ᠋ᠯᠡᠰ᠂ ᠦᠶ᠋ᠯᠡᠳᠬᠦ᠌ ᠦᠶ᠋ᠯᠡᠰ ᠵᠡᠷᠭᠡ ᠣᠯᠠᠨ ᠬᠦᠷᠢᠶ᠎ᠡ ᠵᠢ ᠬᠠᠮᠤᠷᠪᠠ; ᠭᠠᠳᠠᠭᠠᠳᠤ ᠵᠢᠨ ᠠᠷᠠᠯᠵᠢᠶᠠᠴᠢᠨ ᠤ᠋ ᠪᠡᠯᠡ ᠣᠷᠣᠭᠤᠯᠤᠭ᠍ᠰᠠᠨ ᠠᠵᠤ ᠠᠬᠤᠢᠯᠠᠯ1389 ᠳ᠋ᠦᠩᠱᠢᠭᠤᠷ ᠲᠥᠭᠥᠷᠢᠭ ᠤ᠋ᠨ ᠠᠱᠢᠭ ᠤᠯᠵᠠᠪᠤᠷᠢ ᠵᠢ ᠪᠡᠶᠡᠯᠡᠭᠦᠯᠵᠦ᠍᠂ 788 ᠳ᠋ᠦᠩᠱᠢᠭᠤᠷ ᠲᠥᠭᠥᠷᠢᠭ ᠤ᠋ᠨ ᠭᠠᠢᠯᠢ ᠲᠤᠱᠢᠶᠠᠵᠤ᠂ 42 ᠲᠦᠮᠡ ᠭᠠᠷᠤᠢ ᠬᠥᠮᠦᠨ ᠳ᠋ᠤ ᠠᠵᠢᠯ ᠣᠯᠭᠣᠵᠡᠢ᠃ ᠣᠳᠣᠬᠠᠨ ᠪᠣᠯᠲᠠᠯ᠎ᠠ᠂ ᠮᠠᠨ ᠤ᠋ ᠤᠷᠤᠨ ᠮᠣᠩᠭᠣᠯ᠂ ᠤᠷᠤᠰ᠂ ᠠᠦ᠋ᠰᠲᠷᠠᠯᠢᠶ᠎ᠠ ᠵᠡᠷᠭᠡ 183 ᠤᠯᠤᠰ᠂ ᠭᠠᠵᠠᠷ ᠣᠷᠣᠨ ᠲᠠᠢ ᠬᠠᠮᠲᠤᠷᠠᠯᠴᠠᠵᠤ ᠂ ᠬᠠᠮᠲᠤᠷᠠᠯᠴᠠᠭᠠᠨ ᠤ᠋ ᠶᠠᠰᠤ ᠴᠢᠨᠠᠷ ᠤᠯᠠᠮ ᠡᠴᠡ ᠤᠯᠠᠮ ᠰᠠᠢᠵᠢᠷᠠᠵᠤ᠂ ᠬᠥᠭ᠌ᠵᠢᠯᠲᠡ ᠵᠢᠨ ᠢᠷᠡᠭᠡᠳᠦᠢ ᠶᠠᠪᠤᠬᠤ ᠲᠤᠲᠤᠮ ᠰᠠᠢ᠌ᠨ ᠪᠤᠯᠤᠭᠰᠠᠨ ᠪᠠᠢᠨ᠎ᠠ᠃

ᠬᠦᠭᠵᠢᠯᠳᠡ ᠵᠢᠨ ᠰᠢᠨ᠎ᠠ ᠵᠠᠮ ᠭᠢᠵᠠᠭᠠᠷ ᠥᠭᠡᠢ ᠰᠠᠷᠠᠭᠤᠯᠵᠢᠨ᠎ᠠ

《ᠨᠢᠳᠦᠨ ᠴᠡᠴᠡᠭᠡᠢ᠎ᠪᠡᠨ ᠬᠠᠮᠠᠭᠠᠯᠠᠬᠤ᠎ᠲᠠᠶ ᠠᠳᠠᠯᠢ ᠪᠡᠷ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠵᠤ᠂  ᠠᠮᠢ ᠨᠠᠰᠤᠨ ᠳ᠋ᠠᠭᠠᠨ ᠬᠠᠨᠳᠤᠬᠤ᠎ᠲᠠᠶ ᠠᠳᠠᠯᠢ ᠪᠡᠷ ᠠᠮᠢ ᠠᠬᠤᠢ ᠣᠷᠴᠢᠨ ᠲᠣᠭᠣᠷᠢᠨ᠎ᠳᠤ ᠬᠠᠨᠳᠤᠵᠤ᠂ ᠶᠠᠭᠠᠬᠢᠭ᠍ᠰᠠᠨ ᠴᠤ᠌ ᠣᠷᠴᠢᠨ ᠲᠣᠭᠣᠷᠢᠨ ᠢ᠋ ᠦᠷᠡᠭ᠌ᠳᠡᠭᠦᠯᠵᠦ᠍ ᠪᠠᠢᠭᠠᠳ ᠨᠢᠭᠡ ᠴᠠᠭ᠎ᠤᠨ ᠠᠵᠤ ᠠᠬᠤᠢ ᠵᠢᠨ ᠨᠡᠮᠡᠭ᠌ᠳᠡᠯ ᠢ᠋ ᠰᠣᠯᠢᠬᠤ ᠦᠭᠡᠢ》᠃


QQ截图20220309093008.png


ᠥᠴᠦᠬᠡᠨ ᠴᠦ᠍ ᠲᠠᠲᠠᠭᠠᠯᠵᠠᠯ ᠥᠬᠡᠶ ᠡᠷᠡᠰ ᠵᠣᠷᠢᠭ᠂ ᠥᠴᠦᠬᠡᠨ ᠴᠦ᠍ ᠲᠠᠲᠠᠭᠠᠯᠵᠠᠯ ᠥᠬᠡᠶ᠎ᠰᠣᠩᠭᠣᠯᠲᠠ ᠬᠢᠵᠦ᠍᠂ ᠱᠢᠨ᠎ᠡ ᠴᠠᠭ ᠦᠶ᠎ᠡ ᠵᠢᠨ ᠥᠨᠥᠳᠦᠷ᠂ ᠥᠪᠥᠷ ᠮᠣᠩᠭᠣᠯ ᠨᠤᠮᠢᠨ ᠨᠣᠭᠣᠭᠠᠨ ᠠᠭᠤᠯᠠ ᠤᠰᠤᠨ᠎ᠤ ᠴᠢᠬᠤᠯᠠ ᠴᠢᠨᠠᠷ᠎ᠢ ᠣᠢᠯᠠᠭᠠᠵᠤ᠂ ᠠᠮᠢ ᠠᠬᠤᠶ ᠵᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠵᠠᠮ᠎ᠢᠶᠠᠷ ᠢᠳᠡᠷᠡᠭᠦᠨ ᠤᠷᠤᠭ᠍ᠰᠢᠯᠠᠨ᠎ᠠ᠃

《ᠬᠠᠭᠤᠴᠢᠨ》 ᠢ᠋ ᠡᠪᠳᠡᠵᠦ᠍᠂ ᠬᠣᠴᠣᠷᠤᠩᠭᠤᠢ ᠪᠠ ᠦᠯᠡᠭᠦᠤ ᠦᠢᠯᠡᠳᠪᠦᠷᠢᠯᠡᠬᠦ᠌ ᠴᠢᠳᠠᠪᠤᠷᠢ ᠶ᠋ᠢ ᠡᠷᠡᠰ ᠱᠢᠭ᠌ᠰᠢᠭ᠌ᠳᠡᠭᠦᠯᠵᠦ᠍᠂ ᠣᠷᠴᠢᠯ ᠠᠵᠤ ᠠᠬᠤᠢ ᠶ᠋ᠢ ᠬᠥᠭ᠌ᠵᠢᠭᠦᠯᠦᠨ᠎ᠡ; ᠠᠵᠤ ᠦᠢᠯᠡᠰ ᠤ᠋ᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ᠌ ᠵᠢ ᠲᠦᠷᠭᠡᠳᠭᠡᠵᠦ᠍᠂ ᠠᠵᠤ ᠦᠢᠯᠡᠰ ᠤ᠋ᠨ ᠬᠡᠯᠬᠢᠶ᠎ᠡ ᠵᠢ ᠤᠷᠲᠤᠳᠭᠠᠨ ᠦᠷᠳᠡᠭ ᠤ᠋ᠨ ᠬᠡᠯᠬᠢᠶ᠎ᠡ ᠵᠢ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ ᠳ᠋ᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠎ᠡ᠃

《ᠱᠢᠨ᠎ᠡ》 ᠵᠢ ᠪᠠᠢᠭᠤᠯᠵᠤ᠂ ᠪᠠᠢᠯᠳᠤᠬᠤ ᠪᠣᠳᠣᠯᠭ᠎ᠠ ᠵᠢᠨ ᠴᠢᠨᠠᠷᠲᠠᠶ ᠱᠢᠨ᠎ᠡ᠎ᠪᠡᠷ ᠪᠣᠶ ᠪᠣᠯᠤᠭ᠍ᠰᠠᠨ ᠠᠵᠤ ᠦᠶ᠋ᠯᠡᠰ᠂ ᠲᠡᠷᠢᠭᠦᠨ ᠤ᠋ ᠦᠶ᠋ᠯᠡᠳᠬᠦ᠌ ᠦᠶ᠋ᠯᠡᠰ ᠪᠠ ᠣᠲᠣ ᠦᠶ᠎ᠡ ᠵᠢᠨ ᠦᠶ᠋ᠯᠡᠴᠢᠯᠡᠭᠡᠨ ᠤ᠋ ᠦᠶ᠋ᠯᠡᠰ ᠢ᠋ ᠶᠡᠬᠡ ᠪᠡᠷ ᠬᠥᠭ᠌ᠵᠢᠭᠦᠯᠵᠦ᠍᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠡᠨᠧᠷᠭᠢ ᠠᠷᠪᠢᠯᠠᠨ ᠣᠷᠴᠢᠨ ᠲᠣᠭᠣᠷᠢᠨ ᠢ᠋ ᠬᠠᠮᠠᠭᠠᠯᠠᠬᠤ᠂ ᠳᠡᠭᠡᠳᠦ ᠲᠠᠰ᠎ᠤᠨ ᠮᠠᠰᠢᠨ ᠲᠤᠨᠤᠬᠯᠠᠯ᠂ ᠲᠣᠮᠣ ᠳ᠋ᠠᠢᠲ᠋ᠠ ᠵᠢᠨ ᠡᠭᠦᠯᠡᠨ ᠪᠤᠳᠤᠯᠲᠠ ᠵᠡᠷᠭᠡ ᠪᠠᠢᠯᠳᠤᠬᠤ ᠪᠣᠳᠣᠯᠭ᠎ᠠ ᠵᠢᠨ ᠴᠢᠨᠠᠷᠲᠠᠶ ᠱᠢᠨ᠎ᠡ᠎ᠪᠡᠷ ᠪᠣᠶ ᠪᠣᠯᠤᠭ᠍ᠰᠠᠨ ᠠᠵᠤ ᠦᠶ᠋ᠯᠡᠰ ᠢ᠋ ᠲᠦᠷᠭᠡᠳᠭᠡᠨ ᠪᠣᠢᠵᠢᠭᠤᠯᠵᠤ᠂ ᠠᠵᠤ ᠠᠬᠤᠶ ᠵᠢᠨ ᠨᠡᠮᠡᠭ᠌ᠳᠡᠯ ᠢ᠋ ᠲᠤᠯᠭᠠᠭᠤᠷᠢᠯᠠᠬᠤ ᠭᠤᠤᠯ ᠬᠥᠳᠡᠯᠭᠡᠬᠦ᠌ ᠬᠦᠴᠦᠨ ᠪᠣᠯᠭᠠᠨ᠎ᠠ᠃

ᠨᠡᠭᠦᠷᠡᠰᠦᠨ ᠤ᠋ ᠪᠤᠰᠤ ᠠᠵᠤ ᠦᠢᠯᠡᠰ ᠤ᠋ᠨ ᠨᠡᠮᠡᠭ᠌ᠳᠡᠯ ᠥᠷᠲᠡᠭ ᠤ᠋ᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ ᠳ᠋ᠦ᠎ᠡᠵᠡᠯᠡᠬᠦ᠌ ᠬᠤᠪᠢ ᠵᠢᠨ ᠵᠢᠩ 60% ᠵᠢ ᠳᠠᠪᠠᠵᠤ᠂ 《ᠨᠡᠭᠦᠷᠡᠰᠦ᠎ᠪᠡᠷ ᠭᠣᠣᠯ ᠪᠣᠯᠭᠠᠭ᠍ᠰᠠᠨ》ᠪᠠᠢᠳᠠᠯ ᠢᠯᠡᠷᠬᠡᠶ ᠬᠤᠪᠢᠷᠠᠯᠲᠠ᠎ᠲᠠᠶ ᠪᠣᠯᠪᠠ;

ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ ᠵᠢᠨ ᠳᠣᠲᠣᠷ᠎ᠠ᠂  ᠪᠠᠢᠯᠳᠤᠬᠤ ᠪᠣᠳᠣᠯᠭ᠎ᠠ ᠵᠢᠨ ᠴᠢᠨᠠᠷᠲᠠᠶ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ ᠤ᠋ᠨ ᠨᠡᠮᠡᠭ᠌ᠳᠡᠯ ᠥᠷᠲᠡᠭ ᠲᠦᠷᠦᠭᠦᠦ ᠵᠢᠯ᠎ᠦᠨ᠎ᠬᠢ᠎ᠡᠴᠡ 10.4% ᠪᠡᠷ ᠨᠡᠮᠡᠭ᠌ᠳᠡᠪᠡ᠃

ᠪᠥᠬᠥ᠌ ᠣᠷᠣᠨ᠎ᠳᠤ 102 ᠪᠣᠬᠢᠷᠲᠤᠯ ᠥᠬᠡᠶ ᠦᠶ᠋ᠯᠡᠳᠪᠦᠷᠢ᠂  4 ᠪᠣᠬᠢᠷᠲᠤᠯ ᠥᠬᠡᠶ ᠬᠠᠩᠭᠠᠯᠭ᠎ᠠ ᠵᠢᠨ ᠬᠡᠯᠬᠢᠶ᠎ᠡ᠂  15 ᠪᠣᠬᠢᠷᠲᠤᠯ ᠥᠬᠡᠶ ᠬᠦᠷᠢᠶᠡᠯᠡᠩ ᠲᠣᠭᠣᠷᠢᠭ ᠢ᠋ ᠡᠭᠦᠳᠦᠨ ᠪᠠᠢᠭᠤᠯᠵᠤ᠂ 23 ᠵᠦᠶ᠋ᠯ ᠤ᠋ᠨ ᠪᠣᠬᠢᠷᠲᠤᠯ ᠥᠬᠡᠶ ᠦᠶ᠋ᠯᠡᠳᠬᠦ᠌ ᠪᠠᠷᠢᠮᠵᠢᠶ᠎ᠠ ᠵᠢ ᠲᠣᠭ᠍ᠲᠠᠭᠠᠨ᠂  ᠪᠣᠬᠢᠷᠲᠤᠯ ᠥᠬᠡᠶ ᠦᠶ᠋ᠯᠡᠳᠬᠦ᠌ ᠱᠢᠰᠲ᠋ᠧᠮ ᠢ᠋ ᠢᠳᠡᠭ ᠢᠳᠡᠭ᠎ᠵᠢᠡᠷ ᠪᠦᠷᠢᠯᠳᠤᠬᠦᠯᠤᠨ᠎ᠠ ᠁

ᠦᠢᠯᠡᠳᠪᠦᠷᠢᠯᠡᠯ ᠬᠥᠭ᠌ᠵᠢᠭ᠌ᠰᠡᠨ᠂ ᠠᠮᠢᠳᠤᠷᠠᠯ ᠴᠢᠨᠡᠭᠡᠯᠢᠭ᠌ᠵᠢᠭ᠌ᠰᠡᠨ᠂ ᠠᠮᠢ ᠠᠬᠤᠢ ᠰᠠᠢᠵᠢᠷᠠᠭᠰᠠᠨ ᠡᠨᠡ ᠬᠦ᠌ ᠱᠢᠨ᠎ᠡ ᠵᠠᠮ ᠪᠣᠯ ᠠᠵᠤ ᠠᠬᠤᠢ᠂ ᠨᠡᠢᠭᠡᠮ᠂ ᠠᠮᠢ ᠠᠬᠤᠢ ᠵᠢᠨ ᠵᠣᠬᠢᠴᠠᠩᠭᠤᠢ ᠬᠥᠭ᠌ᠵᠢᠯᠲᠡ ᠵᠢ ᠪᠡᠶᠡᠯᠡᠭᠦᠯᠬᠦ᠌ ᠵᠠᠮ ᠮᠥᠨ᠂ ᠮᠦᠨ ᠴᠸ᠋ ᠵᠢᠷᠭᠠᠯ᠎ᠤᠨ ᠵᠠᠮ ᠮᠥᠨ ᠭᠡᠳᠡᠭ ᠢ᠋ ᠪᠣᠳᠠᠲᠤ ᠶᠠᠪᠤᠳᠠᠯ ᠭᠡᠷᠡᠴᠢᠯᠡᠨ᠎ᠠ᠃

ᠬᠦᠳᠡᠭᠡ ᠲᠤᠰᠬᠤᠨ ᠎ᠢ ᠬᠦᠭᠵᠢᠬᠥᠯᠥᠨ ᠮᠠᠨᠲᠤᠭᠤᠯᠬᠤ ᠤᠢᠯᠡᠰ ᠢᠲᠡ ᠬᠥᠴᠥᠲᠡᠢ ᠶᠠᠪᠤᠬᠲᠠᠨ᠎ᠠ

ᠥᠩᠭᠡᠷᠡᠭ᠌ᠰᠡᠨ 5 ᠵᠢᠯ ᠢ᠋ ᠡᠷᠭᠢᠴᠡᠭᠦᠯᠬᠦᠶ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠠᠷᠠᠳ ᠲᠦᠮᠡᠨ ᠵᠢᠡᠷ ᠭᠣᠣᠯ ᠪᠣᠯᠭᠠᠵᠤ᠂ ᠠᠷᠠᠳ ᠲᠦᠮᠡᠨ ᠳ᠋ᠦ ᠪᠤᠶᠠᠨ ᠵᠢᠷᠭᠠᠯ ᠡᠳ᠋ᠯᠡᠬᠦᠯᠬᠦ᠎ᠵᠢ ᠪᠠᠷᠢᠮᠳᠠᠯᠠᠪᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠵᠢ ᠴᠢᠬᠤᠯᠠ ᠶᠡᠬᠡ ᠤᠯᠤᠰ ᠲᠦᠷᠦ᠍ ᠵᠢᠨ ᠡᠭᠦᠷᠭᠡ ᠪᠠ ᠲᠡᠷᠢᠬᠥᠨ ᠴᠢᠬᠤᠯᠠ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠬᠤ ᠵᠢ ᠪᠠᠷᠢᠮᠲᠠᠯᠠᠵᠤ᠂ ᠬᠦᠴᠢᠷ ᠪᠡᠷᠬᠡᠱᠢᠶᠡᠯ ᠬᠠᠷᠰᠢ ᠰᠠᠭᠠᠳ ᠢ᠋ ᠠᠷᠢᠯᠭᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢᠵᠢᠭᠤᠯᠵᠤ᠂ ᠲᠤᠢᠯ᠎ᠤᠨ ᠶᠠᠳᠠᠭᠤ ᠬᠦᠴᠢᠷᠳᠡᠯ ᠤ᠋ᠨ ᠠᠰᠠᠭᠤᠳᠠᠯ ᠪᠠ ᠣᠷᠣᠨ ᠪᠦᠰᠡ ᠵᠢᠨ ᠴᠢᠨᠠᠷᠲᠠᠢ ᠪᠦᠬᠦᠯᠢ ᠴᠣᠭ᠍ᠴᠠ ᠵᠢᠨ ᠶᠠᠳᠠᠭᠤ ᠬᠦᠴᠢᠷᠳᠡᠯ ᠢ᠋ ᠲᠡᠦᠬᠡᠲᠦ ᠴᠢᠨᠠᠷᠲᠠᠢ ᠪᠡᠷ ᠱᠢᠢᠳᠪᠦᠷᠢᠯᠡᠵᠦ᠍᠂ ᠴᠢᠨᠡᠭᠡᠯᠢᠭ ᠨᠡᠢᠭᠡᠮ ᠢ᠋ ᠪᠦᠬᠦ᠌ ᠲᠠᠯ᠎ᠠ ᠪᠡᠷ ᠪᠡᠶᠡᠯᠡᠭᠦᠯᠬᠦ᠌ ᠬᠠᠷᠠᠯᠲᠠ ᠡᠭᠦᠷᠭᠡ ᠵᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠪᠡ᠃


QQ截图20220309091719.png


ᠪᠦᠬᠦ᠌ ᠣᠷᠣᠨ᠎ᠤ ᠤᠳᠤ ᠵᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠠᠴᠠ ᠳᠣᠣᠷ᠎ᠠ ᠪᠠᠢᠬᠰᠠᠨ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠦᠬᠦᠨ ᠢ᠋ ᠶᠠᠳᠠᠭᠤ᠎ᠠᠴᠠ ᠠᠩᠭᠢᠵᠢᠷᠠᠭᠤᠯᠵᠤ᠂  57 ᠶᠠᠳᠠᠭᠤ ᠬᠦᠴᠢᠷᠳᠡᠯᠲᠡᠢ ᠬᠣᠱᠢᠭᠤ ᠱᠢᠶᠠᠨ ᠢ᠋ ᠪᠦᠬᠦᠨ ᠢ᠋ ᠶᠠᠳᠠᠭᠤ᠎ᠠᠴᠠ ᠠᠩᠭᠢᠵᠢᠷᠠᠭᠤᠯᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ ᠢ᠋ ᠪᠦᠬᠦᠨ ᠢ᠋ ᠶᠠᠳᠠᠭᠤ᠎ᠠᠴᠠ ᠠᠩᠭᠢᠵᠢᠷᠠᠭᠤᠯᠵᠠᠢ᠃

5 ᠵᠢᠯ ᠤ᠋ᠨ ᠲᠤᠷᠰᠢ᠂  ᠲᠠᠪᠤᠨ ᠱᠠᠲᠤᠨ᠎ᠤ ᠱᠦᠵᠢ ᠶᠠᠳᠠᠭᠤ ᠵᠢ ᠲᠡᠳᠬᠦᠬᠦ᠌ ᠠᠵᠢᠯ ᠢ᠋ ᠠᠳᠭᠤᠵᠤ᠂ ᠲᠣᠰᠭᠣᠨ᠎ᠳᠤ ᠰᠠᠭᠤᠭ᠎ᠠ 8689 ᠠᠵᠢᠯᠯᠠᠬᠤ ᠠᠩᠬᠢ᠂ ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ᠎ᠤ 9776 ᠨᠢᠭᠡᠳᠦᠭᠡᠷ ᠱᠦᠵᠢ᠂ ᠲᠣᠰᠭᠣᠨ᠎ᠳᠤ ᠰᠠᠭᠤᠭ᠎ᠠ 8.5 ᠲᠦᠮᠡ ᠭᠠᠷᠤᠢ ᠺᠠᠳ᠋ᠷ  ᠬᠥᠳᠡᠭᠡ ᠲᠣᠰᠭᠣᠨ᠎ᠤ ᠺᠠᠳ᠋ᠷᠴᠤᠳ᠎ᠲᠠᠶ ᠬᠠᠮᠲᠤ᠂ ᠬᠡᠳᠦᠨ ᠵᠢᠯ ᠤ᠋ᠨ ᠲᠤᠷᠰᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠵᠢᠭ᠍ᠰᠠᠭᠠᠯ᠎ᠤᠨ ᠭᠠᠵᠠᠷ ᠲᠦ᠍ ᠡᠷᠡᠮᠡᠭᠡᠢᠯᠡᠨ ᠠᠵᠢᠯᠯᠠᠪᠠ᠃

ᠨᠢᠳᠤᠨᠤᠨ᠎ᠤ 11 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠤ 7.11 ᠲᠦᠮᠡᠨ ᠬᠥᠮᠦᠨ ᠢ᠋ ᠬᠢᠨᠠᠨ ᠬᠡᠮᠵᠢᠬᠦ᠌ ᠬᠡᠪᠴᠢᠶᠡᠨ ᠳ᠋ᠦ ᠣᠷᠣᠭᠤᠯᠪᠠ᠂ ᠡᠭᠦᠨ ᠳ᠋ᠦ 66.2% ᠎ᠨᠢ ᠨᠢᠭᠡᠨᠲᠡ ᠳᠠᠬᠢᠨ ᠶᠠᠳᠠᠭᠤᠷᠠᠬᠤ ᠲᠦᠭ᠌ᠰᠢᠭᠦᠷᠢ᠎ᠦᠭᠡᠢ ᠪᠤᠯᠵᠤ᠂ ᠬᠡᠪᠴᠢᠶᠡᠵᠢᠯ ᠤ᠋ᠨ ᠴᠢᠨᠠᠷᠲᠠᠶ ᠪᠡᠷ ᠳᠠᠬᠢᠨ ᠶᠠᠳᠠᠭᠤᠷᠠᠬᠤ ᠵᠢ ᠰᠡᠷᠭᠡᠢᠯᠡᠬᠦ᠌ ᠬᠣᠷᠢᠭ᠎ᠠ ᠱᠤᠭᠤᠮ ᠢ᠋ ᠪᠠᠲᠤ ᠰᠠᠬᠢᠪᠠ᠃

ᠬᠠᠮᠲᠤ ᠪᠡᠷ ᠴᠢᠨᠡᠭᠡᠯᠢᠭ᠌ᠵᠢᠬᠦ᠌ ᠠᠶᠠᠨ᠎ᠳᠤ ᠨᠢᠭᠡ ᠬᠥᠮᠦᠨ ᠢ᠋ ᠴᠦ᠍ ᠣᠷᠬᠢᠭ᠍ᠳᠠᠭᠤᠯᠬᠤ ᠦᠭᠡᠢ᠃ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠵᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠵᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ ᠶᠠᠳᠠᠭᠤ ᠎ᠠᠴᠠ ᠠᠩᠭᠢᠵᠢᠷᠠᠭ᠍ᠰᠠᠨ 39.8 ᠲᠦᠮᠡᠨ ᠬᠥᠮᠦᠨ ᠠᠮᠠ ᠵᠢ ᠨᠠᠭᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ᠂ ᠶᠠᠳᠠᠭᠤ᠎ᠠᠴᠠ ᠠᠩᠭᠢᠵᠢᠷᠠᠭ᠍ᠰᠠᠨ 1.6 ᠲᠦᠮᠡᠨ ᠬᠥᠮᠦᠨ ᠠᠮᠠ ᠵᠢ ᠣᠨᠴᠠ ᠬᠦᠴᠢᠷᠳᠡᠯᠲᠡᠶ ᠠᠪᠤᠷᠠᠨ ᠲᠤᠰᠠᠯᠠᠵᠤ ᠠᠰᠠᠷᠠᠨ ᠲᠡᠵᠢᠭᠡᠬᠦ᠌ ᠳ᠋ᠦ ᠣᠷᠣᠭᠤᠯᠬᠤ ᠵᠢᠨ ᠬᠠᠮᠲᠤ᠂ ᠣᠷᠣᠯᠭ᠎ᠠ ᠪᠠᠭᠠᠲᠠᠶ 260.3 ᠲᠦᠮᠡᠨ ᠬᠥᠮᠦᠨ ᠠᠮᠠ᠎ᠳᠤ ᠬᠥᠳᠡᠯᠦᠩᠭᠦᠶ ᠬᠢᠨᠠᠨ ᠬᠡᠮᠵᠢᠯᠲᠡ ᠬᠢᠵᠦ᠍᠂ ᠶᠠᠳᠠᠭᠤ᠎ᠠᠴᠠ ᠠᠩᠭᠢᠵᠢᠷᠠᠭ᠍ᠰᠠᠨ ᠴᠤ᠌ ᠪᠠᠲᠤᠯᠠᠭ᠎ᠠ᠎ᠠᠴᠠ ᠰᠠᠯᠬᠤ ᠥᠬᠡᠶ ᠪᠠᠢᠬᠤ ᠵᠢ ᠦᠨᠡᠨ ᠬᠦ᠌ ᠪᠡᠶᠡᠯᠡᠭᠦᠯᠪᠡ᠃

ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠡᠶ᠎ᠡ ᠵᠤᠬᠢᠴᠠᠯ ᠎ᠢ ᠬᠠᠮᠳᠤ ᠪᠠᠷ ᠡᠳ᠋ᠯᠡᠨ᠎ᠡ

ᠳᠤᠮᠳᠠᠳᠤ᠎ᠤᠯᠤᠰ᠎ᠤᠨ᠎ᠡᠪ ᠬᠠᠮᠳᠤ ᠨᠠᠮ᠎ᠤᠨ ᠤᠳᠤᠷᠢᠳᠤᠨ ᠪᠠᠢᠭᠤᠯᠤᠬᠰᠠᠨ ᠠᠨᠬᠬᠠᠳᠠᠬᠴᠢ ᠦᠨᠳᠦᠰᠦᠳᠡᠨ᠎ᠤ᠋ ᠦᠪᠡᠷᠳᠡᠭᠡᠨ ᠵᠠᠰᠠᠬᠤ ᠤᠷᠤᠨ ᠪᠤᠯᠤᠬᠰᠠᠨ ᠤ᠋ ᠬᠤᠪᠢ ᠳ᠋ᠦ᠂ ᠥᠪᠥᠷ ᠮᠣᠩᠭᠣᠯ ᠦᠨᠳᠦᠰᠦᠲᠡᠨ ᠤ᠋ ᠪᠦᠯᠬᠦᠮᠳᠡᠯ ᠢ᠋ ᠠᠬᠢᠭᠤᠯᠬᠤ ᠲᠠᠯ᠎ᠠ ᠪᠡᠷ ᠢᠷᠠᠭᠤ ᠠᠯᠳᠠᠷᠲᠤ ᠤᠯᠠᠮᠵᠢᠯᠠᠯ᠎ᠲᠠᠶ᠂ ᠣᠷᠳᠣ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠲᠠᠶ ᠶᠤᠮ᠃


QQ截图20220309091731.png


ᠥᠪᠥᠷ ᠮᠣᠩᠭᠣᠯ᠎ᠤᠨ ᠡᠨᠡ ᠬᠦ᠌ ᠬᠠᠯᠠᠭᠤᠨ ᠬᠥᠷᠥᠰᠥᠨ ᠳᠡᠭᠡᠷ᠎ᠡ᠂ ᠦᠨᠳᠦᠰᠦᠲᠡᠨ ᠤ᠋ ᠪᠦᠯᠬᠦᠮᠳᠡᠯ ᠤ᠋ᠨ ᠦᠯᠢᠭᠡᠷ ᠦᠶ᠎ᠡ ᠤᠯᠠᠷᠢᠨ ᠤᠯᠠᠮᠵᠢᠯᠠᠭ᠍ᠳᠠᠵᠤ᠂ ᠦᠨᠳᠦᠰᠦᠲᠡᠨ ᠤ᠋ ᠪᠦᠯᠬᠦᠮᠳᠡᠯ ᠤ᠋ᠨ ᠴᠡᠴᠡᠭ ᠭᠠᠵᠠᠷ ᠪᠣᠯᠭᠠᠨ᠎ᠳᠤ ᠳᠡᠯᠭᠡᠷᠡᠪᠡ᠃ 2400 ᠭᠠᠷᠤᠢ ᠲᠦᠮᠡᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠬᠠᠮᠲᠤ ᠪᠡᠷ ᠰᠠᠭᠤᠷᠢᠱᠢᠵᠤ ᠬᠠᠮᠲᠤ ᠪᠡᠷ ᠰᠤᠷᠤᠯᠴᠠᠨ ᠬᠠᠮᠲᠤ ᠪᠡᠷ ᠠᠵᠢᠯᠯᠠᠵᠤ ᠬᠠᠮᠲᠤ ᠪᠡᠷ ᠵᠢᠷᠭᠠᠵᠤ᠂ ᠰᠡᠳᠭᠢᠯ ᠵᠢᠷᠦᠬᠡ᠎ᠪᠡᠨ ᠬᠣᠯᠪᠣᠵᠤ᠂ ᠴᠢᠰᠤ ᠮᠢᠬᠠᠨ᠎ᠤ ᠪᠠᠷᠢᠯᠳᠤᠯᠭ᠎ᠠ᠎ᠲᠠᠶ ᠪᠠᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠦᠨᠳᠦᠰᠦᠲᠡᠨ ᠤ᠋ ᠪᠦᠯᠬᠦᠮᠳᠡᠯ᠎ᠤ᠋ᠨ ᠰᠦᠷᠯᠢᠭ ᠰᠠᠢᠬᠠᠨ ᠵᠢᠷᠤᠭ ᠢ᠋ ᠵᠢᠷᠤᠭ᠍ᠯᠠᠪᠠ᠃

ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ ᠤ᠋ ᠠᠵᠢᠯ᠎ᠤᠨ 〈ᠬᠥᠲᠥᠯᠪᠦᠷᠢ 〉 ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠨᠡ ᠬᠦ᠌ ᠭᠤᠤᠯ ᠱᠢᠵᠢᠮ ᠢ᠋ ᠪᠠᠲᠤ ᠡᠵᠡᠮᠳᠡᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠢ᠋ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠤᠬᠠᠭᠤᠯᠭ᠎ᠠ ᠬᠥᠮᠦᠵᠢᠯ ᠢ᠋ ᠴᠢᠩᠭᠠᠳᠭᠠᠪᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠠᠵᠢᠯ ᠢ᠋ ᠶᠡᠬᠡ᠎ᠪᠡᠷ ᠠᠬᠢᠭᠤᠯᠵᠤ᠂ ᠦᠨᠳᠦᠰᠦᠲᠡᠨ ᠤ᠋ ᠦᠭᠡ ᠬᠡᠯᠡ᠎ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ ᠢ᠋ ᠬᠡᠷᠡᠭ᠌ᠯᠡᠬᠦ᠌ ᠵᠢ ᠬᠡᠷᠡᠭ᠌ᠵᠢᠭᠦᠯᠵᠦ᠍᠂  ᠪᠦᠬᠦ᠌ ᠣᠷᠣᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠡᠯ᠎ᠡ ᠶᠡᠬᠡ ᠳᠡᠭᠡᠳᠦ ᠰᠤᠷᠭᠠᠭᠤᠯᠢ᠎ᠳᠤ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠯ᠎ᠡ ᠲᠦᠷᠦᠯ ᠤ᠋ᠨ ᠭᠣᠣᠯ ᠰᠡᠳᠦᠪᠲᠦ ᠬᠥᠮᠦᠵᠢᠯ ᠤ᠋ᠨ ᠠᠵᠢᠯᠯᠠᠭ᠎ᠠ ᠵᠢ ᠥᠷᠨᠢᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠥᠷᠭᠡᠨ ᠤᠯᠠᠨ ᠵᠠᠯᠠᠭᠤᠴᠤᠳ ᠪᠠᠭᠠᠴᠤᠳ ᠬᠡᠦᠬᠡᠳ ᠤ᠋ᠨ ᠰᠡᠳᠭᠢᠯ ᠳ᠋ᠦ ᠦᠨᠳᠦᠰᠦᠯᠡᠭᠦᠯᠦᠨ ᠰᠣᠶᠣᠭᠠᠯᠠᠭᠤᠯᠵᠤ᠂ ᠴᠡᠴᠡᠭ᠌ᠯᠡᠭᠦᠯᠦᠨ ᠵᠢᠮᠢᠰᠯᠡᠭᠦᠯᠦᠭᠰᠡᠨ ᠶᠤᠮ᠃

5 ᠵᠢᠯ ᠢ᠋ ᠡᠷᠭᠢᠴᠡᠭᠦᠯᠬᠦᠶ᠎ᠡ᠂ ᠭᠡᠷᠡᠯ ᠰᠠᠴᠤᠷᠠᠡᠭᠭᠤᠢ ᠢᠷᠠᠭᠤ ᠠᠯᠳᠠᠷ ᠬᠥᠮᠦᠰ ᠤ᠋ᠨ ᠰᠡᠳᠭᠢᠯ ᠢ᠋ ᠳᠣᠭ᠍ᠳᠣᠯᠤᠭᠤᠯᠤᠨ᠎ᠠ᠃

ᠪᠥᠬᠥ᠌ ᠤᠯᠤᠰ᠎ᠤᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ 56 ᠨᠢᠭᠡᠴᠢ᠂  ᠪᠥᠬᠥ᠌ ᠣᠷᠣᠨ᠎ᠤ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ 392 ᠨᠢᠭᠡᠴᠢ᠂ ᠪᠥᠬᠥ᠌ ᠤᠯᠤᠰ᠎ᠤᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ 215 ᠵᠢᠱ᠌ᠢᠶᠡᠴᠢ ᠬᠠᠮᠲᠤ᠂ ᠪᠥᠬᠥ᠌ ᠤᠯᠤᠰ᠎ᠤᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ 234 ᠵᠢᠱ᠌ᠢᠶᠡᠴᠢ ᠬᠤᠪᠢ ᠬᠥᠮᠦᠨ᠂ ᠪᠥᠬᠥ᠌ ᠣᠷᠣᠨ ᠳᠠᠶᠠᠭᠠᠷ ᠲᠦ᠍ ᠥᠯᠢᠭᠡᠷ ᠳᠠᠭᠤᠷᠢᠶᠠᠯ ᠪᠣᠯᠵᠣ᠂ ᠦᠨᠳᠦᠰᠦᠲᠡᠨ᠎ᠨᠦᠭᠦᠳ ᠤ᠋ᠨ ᠣᠯᠠᠨ ᠲᠦᠮᠡᠨ ᠳ᠋ᠦ ᠥᠯᠢᠭᠡᠷ ᠳᠠᠭᠤᠷᠢᠶᠠᠯ᠎ᠤᠨ ᠬᠦᠴᠦᠨ ᠣᠯᠭᠣᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠦᠨᠳᠦᠰᠦᠲᠡᠨ ᠤ᠋ ᠪᠦᠯᠬᠦᠮᠳᠡᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠪᠡ᠃

(ᠬᠡᠷᠡᠯ ᠵᠢᠷᠤᠬ᠎ᠤᠳ ᠎ᠢ ᠮᠥᠨᠭᠬᠡᠴᠢᠯᠡᠭᠤ ᠂ ᠮᠠ ᠵᠢᠶᠠᠨ ᠴᠢᠤᠸᠠᠨ ᠴᠢᠮᠡᠬᠡᠯᠡᠭᠴᠢ ᠲᠠᠯᠠᠢ ᠂ ᠬᠡᠷᠡᠯᠴᠤᠬᠲᠤ ᠰᠡᠬᠥᠲᠡᠷᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号