
ᠴᠣᠯᠮᠣᠨ ᠲᠥᠯᠥᠭᠡᠯᠡᠭ᠌ᠴᠢ
《ᠦᠨᠳᠦᠰᠦᠨ ᠱᠠᠲᠤᠨ ᠤ᠋ ᠮᠠᠯᠴᠢᠨ ᠲᠥᠯᠥᠭᠡᠯᠡᠭ᠌ᠴᠢ ᠪᠣᠯᠤᠭ᠍ᠰᠠᠨ ᠤ᠋ ᠬᠤᠪᠢ ᠳ᠋ᠤ᠂ ᠶᠡᠷᠦᠩᠬᠡᠢ ᠱᠦᠵᠢ ᠰᠢ ᠵᠢᠨ ᠫᠢᠩ ᠤ᠋ᠨ ᠶᠠᠷᠢᠶᠠᠨ ᠳ᠋ᠤ ᠴᠢᠡᠭ ᠰᠡᠳᠬᠢᠯᠤᠨ ᠬᠦᠰᠡᠯ ᠨᠠᠢᠳᠠᠯᠭ᠎ᠠ ᠠᠭᠤᠯᠤᠭ᠍ᠳᠠᠵᠤ ᠪᠠᠢᠬᠤ ᠶ᠋ᠢ ᠪᠢ ᠭᠦᠨᠵᠡᠭᠡᠢ ᠣᠬᠠᠯᠠ》 ᠭᠡᠵᠦ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ ᠶ᠋ᠢ ᠲᠤᠬᠠᠢ ᠶ᠋ᠢᠨ ᠲᠠᠯᠠᠪᠠᠢ ᠳ᠋ᠤ ᠰᠣᠨᠣᠰᠤᠭᠰᠠᠨ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠤᠯᠠᠭᠠᠨᠴᠠᠪ ᠬᠤᠳᠠ ᠶ᠋ᠢᠨ ᠳᠥᠷᠪᠡᠳ ᠬᠣᠱᠢᠭᠤᠨ ᠤ᠋ ᠴᠠᠭᠠᠨᠪᠤᠯᠠᠭ ᠰᠤᠮᠤ ᠶ᠋ᠢᠨ ᠬᠡᠷᠡᠯᠳᠤᠶᠠᠭ᠎ᠠ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠴᠣᠯᠮᠣᠨ ᠲᠤᠢᠯ ᠶ᠋ᠢᠡᠷ ᠤᠷᠮᠠᠱᠢᠨ ᠵᠣᠷᠢᠭ᠍ᠵᠢᠨᠠ᠃
ᠭᠡᠷᠡᠯᠲᠤᠶᠠᠭ᠎ᠠ ᠭᠠᠴᠠᠭ᠎ᠠ ᠨᠢ ᠳᠥᠷᠪᠡᠳ ᠬᠣᠱᠢᠭᠤᠨ ᠤ᠋ ᠵᠠᠰᠠᠭ ᠤ᠋ᠨ ᠣᠷᠳᠣᠨ ᠤ᠋ ᠰᠠᠭᠤᠭ᠎ᠠ ᠭᠠᠵᠠᠷᠠᠴᠠ 35 ᠺᠢᠯᠣᠮᠧᠲ᠋ᠷ ᠵᠠᠢᠲᠠᠶ ᠪᠠᠢᠵᠤ᠂ ᠨᠡᠢᠲᠡᠯᠢᠭ ᠴᠤᠯ ᠮᠠᠯᠵᠢᠬᠤ ᠭᠠᠴᠠᠭ᠎ᠠ ᠪᠣᠯᠤᠨ᠎ᠠ᠃ 《ᠭᠠᠴᠠᠭᠠᠨ ᠤ᠋ ᠮᠠᠯᠴᠢᠳ ᠤ᠋ᠨ ᠬᠠᠭᠠᠰ ᠤᠷᠴᠢᠮ ᠨᠢ ᠮᠣᠩᠭᠣᠯ ᠦᠨᠳᠦᠰᠦᠲᠡᠨ᠂ ᠬᠠᠭᠠᠰ ᠤᠷᠴᠢᠮ ᠨᠢ ᠬᠢᠲᠠᠳ ᠦᠨᠳᠦᠰᠦᠲᠡᠨ ᠪᠠᠢᠵᠤ᠂ ᠣᠯᠠᠨ ᠶ᠋ᠢᠡᠷ ᠶ᠋ᠢᠡᠨ ᠡᠨᠡ ᠬᠦ᠌ ᠲᠠᠯ᠎ᠠ ᠨᠤᠲᠤᠭ ᠲᠦ᠍ ᠬᠠᠮᠲᠤ ᠪᠡᠷ ᠠᠮᠢᠳᠤᠷᠠᠵᠤ᠂ ᠦᠨᠳᠦᠰᠦᠲᠡᠨᠨᠦᠭᠦᠳ ᠪᠦᠯᠬᠦᠮᠳᠡᠯ ᠲᠠᠢ ᠡᠶ᠎ᠡ ᠵᠤᠬᠢᠴᠠᠩᠭᠤᠢ ᠪᠠᠢᠵᠤ᠂ ᠨᠢᠭᠡ ᠬᠡᠷ ᠤ᠋ᠨ ᠬᠥᠮᠦᠨ ᠮᠡᠳᠦ ᠳᠣᠲᠣᠨᠣ ᠪᠠᠢᠳᠠᠭ》 ᠭᠡᠵᠦ ᠨᠤᠲᠤᠭ ᠤᠰᠤ ᠪᠡᠨ ᠳᠤᠷᠠᠳᠭᠤ ᠶ᠋ᠢᠨ ᠵᠡᠷᠭᠡ ᠪᠡᠷ ᠴᠣᠯᠮᠣᠨ ᠦᠪᠡᠷ ᠤ᠋ᠨ ᠡᠷᠬᠡ ᠦᠭᠡᠢ ᠣᠮᠣᠭ᠍ᠰᠢᠨᠠ᠃
ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠠᠱᠢᠭ᠍ᠲᠠᠢ ᠠᠵᠢᠯ ᠯᠠ ᠶᠤᠮ ᠪᠣᠯ ᠢᠯᠡᠭᠦᠬᠡᠨ ᠬᠢᠬᠦ᠌ ᠬᠡᠷᠡᠭ᠌ᠲᠡᠢ ᠪᠥᠭᠡᠳ ᠭᠦᠨᠵᠡᠭᠡᠢ ᠬᠢᠵᠦ ᠨᠠᠷᠢᠯᠢᠭ ᠬᠢᠵᠦ ᠪᠣᠳᠠᠲᠠᠢ ᠬᠢᠬᠦ᠌ ᠬᠡᠷᠡᠭ᠌ᠲᠡᠢ ᠭᠡᠵᠦ ᠶᠡᠷᠦᠩᠬᠡᠢ ᠱᠦᠵᠢ ᠴᠢᠬᠤᠯᠠᠴᠢᠯᠠᠪᠠ᠃ ᠴᠤᠯᠮᠤᠨ ᠡᠭᠦᠨ ᠳ᠋ᠤ ᠮᠠᠰᠢ ᠭᠦᠨ ᠲᠥᠷᠥᠭ᠌ᠳᠡᠯ ᠲᠠᠢ᠃ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠤᠭᠴᠠᠯᠠᠨ᠂ ᠦᠨᠳᠦᠰᠦᠲᠡᠨ ᠤ᠋ ᠪᠦᠯᠬᠦᠮᠳᠡᠯ ᠢ᠋ ᠠᠬᠢᠭᠤᠯᠬᠤ ᠲᠠᠯ᠎ᠠ ᠶ᠋ᠢᠨ ᠠᠵᠢᠯ ᠢ᠋ ᠨᠠᠷᠢᠯᠢᠭ ᠬᠢᠵᠦ ᠪᠣᠳᠠᠲᠠᠢ ᠬᠢᠬᠦ ᠳ᠋ᠤ᠂ ᠠᠵᠤ ᠠᠬᠤᠢ ᠶ᠋ᠢ ᠬᠥᠭ᠌ᠵᠢᠭᠦᠯᠦᠨ ᠠᠷᠠᠳ ᠤ᠋ᠨ ᠠᠮᠢᠳᠤᠷᠠᠯ ᠢ᠋ ᠰᠠᠢᠵᠢᠷᠠᠭᠤᠯᠬᠤ ᠲᠠᠯ᠎ᠠ ᠪᠡᠷ ᠶᠡᠬᠡ ᠬᠦᠴᠦ ᠲᠠᠯᠪᠢᠨ᠂ ᠦᠨᠳᠦᠰᠦᠲᠡᠨᠨᠦᠭᠦᠳ ᠤ᠋ᠨ ᠬᠠᠮᠲᠤ ᠶ᠋ᠢᠨ ᠬᠥᠭ᠌ᠵᠢᠯᠲᠡ᠂ ᠬᠠᠮᠲᠤ ᠶ᠋ᠢᠨ ᠴᠢᠨᠡᠭᠡᠯᠢᠭ᠌ᠵᠢᠯ ᠢ᠋ ᠪᠡᠶᠡᠯᠡᠭᠦᠯᠵᠦ᠍᠂ ᠦᠨᠳᠦᠰᠦᠲᠡᠨᠨᠦᠭᠦᠳ ᠤ᠋ᠨ ᠤᠯᠠᠨ ᠲᠦᠮᠡᠨ ᠤ᠋ ᠬᠦᠷᠲᠡᠮᠵᠢ ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ ᠤ᠋ ᠲᠦᠷᠦᠭ᠌ᠳᠡᠯ ᠢ᠋ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠲᠡᠷᠡ ᠦᠵᠡᠵᠦ ᠪᠠᠢᠯ᠎ᠠ᠃
ᠴᠣᠯᠮᠣᠨ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠶ᠋ᠢᠨ ᠲᠤᠱᠢᠶᠠᠯ ᠢ᠋ ᠡᠭᠦᠷᠭᠡᠯᠡᠭ᠌ᠰᠡᠨ ᠤ᠋ ᠳᠠᠷᠠᠭ᠎ᠠ᠂ ᠭᠠᠴᠠᠭᠠᠨ ᠤ᠋ ᠪᠡᠨ ᠬᠥᠭ᠌ᠵᠢᠯᠲᠡ ᠶ᠋ᠢᠨ ᠪᠠᠢᠳᠠᠯ ᠳ᠋ᠤ ᠪᠥᠬᠥ᠌ ᠲᠠᠯ᠎ᠠ ᠪᠡᠷ ᠵᠠᠳᠠᠯᠤᠯᠳᠠ ᠬᠢᠵᠤ᠂ ᠰᠡᠳᠬᠢᠴᠠ ᠪᠡᠨ ᠥᠷᠭᠡᠳᠭᠡᠨ᠂ ᠤᠰᠤ ᠤᠮᠳᠠ᠂ ᠵᠠᠮ ᠬᠠᠷᠢᠯᠴᠠᠭ᠎ᠠ᠂ ᠰᠦᠯᠵᠢᠶ᠎ᠡ ᠵᠡᠷᠭᠡ ᠰᠠᠭᠤᠷᠢ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠳᠠ ᠶ᠋ᠢ ᠵᠠᠯᠭᠠᠭ᠎ᠠ ᠪᠡᠷ ᠬᠢᠵᠦ᠂ ᠲᠡᠵᠢᠭᠡᠨ ᠦᠷᠡᠵᠢᠭᠦᠯᠬᠦ᠌ ᠲᠤᠰᠭᠠᠶ ᠬᠣᠷᠱᠢᠶᠠ ᠪᠠᠢᠭᠤᠯᠤᠨ᠂ 200 ᠭᠠᠷᠤᠶ ᠮᠠᠯᠵᠢᠬᠤ ᠡᠷᠦᠬᠡᠶᠢ ᠳᠠᠢᠴᠢᠯᠠᠨ ᠪᠠᠮᠪᠠᠭᠠᠷ ᠰᠡᠭᠦᠯᠲᠦ ᠭᠣᠪᠢ ᠶ᠋ᠢᠨ ᠬᠣᠨᠢ ᠶ᠋ᠢ ᠲᠡᠵᠢᠭᠡᠨ ᠦᠷᠡᠵᠢᠭᠦᠯᠵᠦ᠍᠂ 80 ᠭᠠᠷᠤᠶ ᠮᠠᠯᠵᠢᠬᠤ ᠡᠷᠦᠬᠡ ᠪᠠᠰᠠ ᠭᠠᠵᠠᠷ ᠣᠷᠣᠨ ᠤ᠋ ᠪᠠᠢᠳᠠᠯᠳᠠᠭᠠᠨ ᠲᠣᠬᠢᠷᠠᠭᠤᠯᠤᠨ ᠵᠢᠭᠤᠯᠴᠢᠯᠠᠯ ᠤ᠋ᠨ ᠠᠵᠤ ᠦᠶ᠋ᠯᠡᠰ ᠢ᠋ ᠡᠷᠬᠢᠯᠡᠪᠡ ᠁ ᠥᠨᠥᠳᠦᠷ ᠤ᠋ᠨ ᠬᠡᠷᠡᠯᠲᠤᠶᠠᠭᠠ ᠭᠠᠴᠠᠭ᠎ᠠ ᠳ᠋ᠤ᠂ ᠦᠨᠳᠦᠰᠦᠲᠡᠨᠨᠦᠭᠦᠳ ᠤ᠋ᠨ ᠣᠯᠠᠨ ᠲᠦᠮᠡᠨ ᠭᠠᠷ ᠬᠣᠯᠪᠣᠨ ᠬᠠᠮᠲᠤ ᠪᠡᠷ ᠤᠷᠤᠭ᠍ᠰᠢᠯᠠᠵᠤ᠂ ᠪᠦᠯᠬᠦᠮᠳᠡᠨ ᠲᠡᠮᠡᠴᠡᠵᠦ᠍᠂ ᠠᠮᠢᠳᠤᠷᠠᠯᠨᠢ ᠶᠠᠪᠤᠬᠤ ᠲᠤᠲᠤᠮ ᠪᠠᠶᠠᠵᠢᠨ ᠴᠢᠨᠡᠭᠡᠯᠢᠭᠵᠢᠵᠤ ᠪᠠᠢᠨ᠎ᠠ ᠃
《ᠪᠢᠳᠡᠨ ᠤ᠋ ᠥᠨᠥᠳᠦᠷ ᠤ᠋ᠨ ᠵᠣᠯ ᠵᠢᠷᠭᠠᠯᠲᠤ ᠠᠮᠢᠳᠤᠷᠠᠯ ᠪᠤᠯ ᠦᠨᠳᠦᠰᠦᠲᠡᠨ ᠨᠦᠭᠦᠳ ᠤ᠋ᠨ ᠤᠯᠠᠨ ᠲᠦᠮᠡᠨ ᠤ᠋ ᠬᠠᠮᠲᠤ ᠪᠡᠷ ᠲᠡᠮᠡᠴᠡᠭ᠌ᠰᠡᠨ ᠤ᠋ ᠦᠷ᠎ᠡ ᠳ᠋ᠦᠩ ᠮᠥᠨ᠂ ᠢᠷᠡᠭᠡᠳᠦᠢ ᠳ᠋ᠤ ᠪᠢᠳᠡ ᠮᠥᠨ ᠬᠦ᠌ ᠦᠨᠳᠦᠰᠦᠲᠡᠨᠨᠦᠭᠦᠳ ᠤ᠋ᠨ ᠤᠯᠠᠨ ᠲᠦᠮᠡᠨ ᠤ᠋ ᠪᠦᠯᠬᠦᠮᠳᠡᠨ ᠲᠡᠮᠡᠴᠡᠬᠦ᠌ ᠶ᠋ᠢ ᠱᠠᠭᠠᠷᠳᠠᠨ᠎ᠠ᠃ ᠡᠨᠡ ᠤᠳᠠᠭ᠎ᠠ ᠶ᠋ᠢᠨ ᠬᠤᠷᠠᠯ ᠳ᠋ᠤ ᠣᠷᠣᠯᠴᠠᠬᠤ ᠳ᠋ᠠᠭᠠᠨ ᠪᠢ ᠮᠠᠯᠵᠢᠬᠤ ᠣᠷᠣᠨ ᠤ᠋ ᠰᠠᠭᠤᠷᠢ ᠲᠥᠬᠥᠭᠡᠷᠦᠮᠵᠢ ᠶ᠋ᠢᠨ ᠪᠦᠳᠦᠬᠡᠨ ᠪᠠᠢᠭᠤᠯᠤᠯᠲᠠ ᠶ᠋ᠢ ᠴᠢᠩᠭᠠᠳᠭᠠᠬᠤ ᠲᠤᠬᠠᠢ ᠰᠠᠨᠠᠯ ᠰᠠᠨᠠᠭᠤᠯᠭ᠎ᠠ ᠠᠪᠴᠢᠷᠠᠭᠰᠠᠨ ᠪᠠᠢᠨ᠎ᠠ᠂ ᠮᠠᠨ ᠤ᠋ ᠲᠠᠯ᠎ᠠ ᠨᠤᠲᠤᠭ ᠨᠡᠩ ᠦᠵᠡᠰᠭᠦᠯᠡᠩᠲᠦ ᠰᠠᠢᠬᠠᠨ ᠪᠤᠯᠵᠤ᠂ ᠮᠠᠯᠴᠢᠳ ᠨᠡᠩ ᠪᠠᠶᠠᠨ ᠴᠢᠨᠡᠭᠡᠯᠢᠭ ᠠᠮᠢᠳᠤᠷᠠᠵᠤ ᠂ ᠭᠠᠴᠠᠭ᠎ᠠ ᠨᠡᠩ ᠡᠶ᠎ᠡ ᠵᠣᠬᠢᠴᠠᠩᠭᠤᠢ ᠪᠤᠯᠬᠤ ᠶ᠋ᠢ ᠬᠦᠰᠡᠵᠦ᠍ ᠪᠠᠢᠨ᠎ᠠ》 ᠭᠡᠵᠦ᠍ ᠴᠤᠯᠮᠤᠨ ᠭᠡᠯᠡᠨ᠎ᠠ᠃
ᠭᠠᠴᠠᠭ᠎ᠠ ᠶ᠋ᠢᠨ ᠬᠢᠨ ᠪᠣᠳᠠᠲᠤ ᠪᠠᠢᠳᠠᠯ ᠲᠠᠢ ᠪᠡᠨ ᠤᠶᠠᠯᠳᠤᠭᠤᠯᠤᠨ᠂ ᠦᠨᠳᠦᠰᠦᠲᠡᠨ ᠤ᠋ ᠤᠨᠴᠠᠯᠢᠬ᠍ᠳᠤ ᠰᠣᠶᠣᠯ ᠵᠢᠭᠤᠯᠴᠢᠯᠠᠯ ᠤ᠋ᠨ ᠲᠥᠷᠥᠯ ᠵᠦᠶ᠋ᠯ ᠢ᠋ ᠶᠡᠬᠡ ᠪᠡᠷ ᠨᠡᠭᠡᠭᠡᠨ ᠬᠥᠭ᠌ᠵᠢᠭᠦᠯᠵᠦ᠍᠂ ᠨᠠᠩ ᠣᠯᠠᠨ ᠬᠥᠮᠦᠨ ᠢ᠋ ᠤᠷᠢᠨ ᠠᠪᠴᠢᠷᠠᠵᠤ᠂ ᠤᠷᠤᠨ ᠨᠤᠳᠤᠭ ᠤ᠋ᠨ ᠪᠠᠢᠭᠠᠯᠢ ᠪᠠ ᠰᠣᠶᠣᠯ ᠢᠷᠭᠡᠨᠱᠢᠯ ᠤ᠋ᠨ ᠦᠩᠭᠡ ᠦᠵᠡᠮᠵᠢ ᠶ᠋ᠢ ᠰᠣᠨᠢᠷᠬᠠᠭᠤᠯᠤᠨ᠂ ᠤᠷᠤᠨ ᠨᠤᠳᠤᠭ ᠤ᠋ᠨ ᠦᠨᠳᠦᠰᠦᠲᠡᠨ ᠤ᠋ ᠰᠣᠶᠣᠯ ᠢ᠋ ᠣᠢᠯᠠᠭᠠᠭᠤᠯᠵᠤ᠂ ᠦᠨᠳᠦᠰᠦᠲᠡᠨᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠤᠨ᠂ ᠦᠨᠳᠦᠰᠦᠲᠡᠨ ᠤ᠋ ᠪᠦᠯᠬᠦᠮᠳᠡᠯ ᠤ᠋ᠨ ᠰᠠᠢᠨ ᠰᠠᠢᠬᠠᠨ ᠪᠠᠢᠳᠠᠯ ᠢ᠋ ᠦᠷᠭᠦᠯᠵᠢᠯᠡᠨ ᠪᠡᠬᠢᠵᠢᠭᠦᠯᠦᠨ᠎ᠡ ᠭᠡᠵᠦ᠍ ᠴᠣᠯᠮᠣᠨ ᠲᠠᠷᠠᠭᠠᠴᠢᠵᠢᠨ ᠠᠵᠢᠯᠵᠢᠡᠨ ᠲᠤᠳᠤᠷᠠᠭᠤᠯᠤᠨ᠎ᠠ᠃