ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ ᠡᠨᠡᠷᠢᠯ᠎ᠳᠦ ᠲᠠᠯᠠᠷᠬᠠᠵᠤ ᠡᠷᠡᠮᠡᠬᠡᠢᠯᠡᠨ ᠤᠷᠤᠬᠰᠢᠯᠠᠵᠤ ᠱᠢᠨ᠎ᠡ ᠠᠶᠠᠨ᠎ᠳ᠋ᠤ ᠵᠣᠷᠢᠭ᠍ᠲᠠᠢ᠎ᠪᠠᠷ 《ᠬᠣᠶᠠᠷ ᠬᠠᠯᠬᠠᠪᠴᠢ》ᠵᠢᠨ ᠱᠢᠳᠤᠷᠭᠤ ᠬᠠᠮᠠᠭᠠᠯᠠᠭ᠍ᠴᠢ ᠪᠤᠯᠤᠨ᠎ᠠ — ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠳᠠᠷᠤᠭ᠎ᠠ ᠾᠧᠩ ᠱᠢᠶᠤᠤ ᠹᠠᠨ᠎ᠢ ᠰᠤᠷᠪᠤᠯᠵᠢᠯᠠᠬᠰᠠᠨ ᠨᠢ
2022-04-12 08:49:28
ᠵᠣᠬᠢᠶᠠᠭ᠍ᠴᠢ᠄
ᠴᠸᠨ ᠴᠦᠨ ᠶᠠᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠳᠠᠷᠤᠭ᠎ᠠ ᠾᠧᠩ ᠱᠢᠶᠤᠤ ᠹᠠᠨ᠎ᠢ ᠰᠤᠷᠪᠤᠯᠵᠢᠯᠠᠪᠠ᠃

《 ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠴᠢᠬᠤᠯᠠ ᠱᠠᠭᠠᠷᠳᠠᠯᠭ᠎ᠠ ᠳᠤᠷᠠᠳᠴᠤ᠌᠂ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠠᠬᠢ ᠳᠣᠲᠣᠨᠣ ᠬᠠᠯᠠᠮᠵᠢᠯᠠᠯ ᠪᠠ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ》᠃ ᠡᡁᠧᠩ ᠱᠢᠶᠤᠤ ᠹᠠᠨ᠂ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠨᠢᠭᠡ ᠴᠤᠬ᠍ᠴᠠ ᠪᠡᠷ ᠰᠤᠷᠤᠯᠴᠠᠵᠤ᠂ ᠪᠠᠲᠤ ᠢᠲᠡᠭᠡᠵᠦ᠍ ᠪᠠᠲᠤᠲᠠᠢ ᠦᠢᠯᠡᠳᠦᠯᠭᠡᠵᠢᠭᠦᠯᠵᠦ᠍᠂ ᠵᠣᠷᠢᠭ᠎ᠢᠶᠠᠨ ᠬᠤᠪᠢᠷᠠᠭᠤᠯᠬᠤ ᠦᠭᠡᠢ ᠪᠠᠢᠵᠤ᠂ ᠶᠡᠷᠦᠩᠬᠡᠢ ᠱᠦᠵᠢ᠎ᠶ᠋ᠢᠨ ᠵᠢᠭᠠᠭ᠍ᠰᠠᠨ ᠵᠥᠪ ᠴᠢᠭ᠌ᠯᠡᠯ᠎ᠢᠶᠡᠷ ᠲᠤᠮᠤ ᠠᠯᠬᠤᠮ᠎ᠢᠶᠠᠷ ᠤᠷᠤᠭ᠍ᠰᠢᠯᠠᠵᠤ᠂ ᠤᠯᠤᠰ ᠲᠦᠷᠦ᠍᠎ᠶ᠋ᠢ ᠲᠡᠷᠢᠭᠦᠨ᠎ᠳᠦ ᠲᠠᠯᠪᠢᠬᠤ᠂ ᠤᠯᠠᠨ ᠲᠦᠮᠡᠨ᠎ᠢ ᠲᠡᠷᠢᠭᠦᠨ᠎ᠳᠦ ᠲᠠᠯᠪᠢᠬᠤ᠂ ᠦᠨᠳᠦᠰᠦᠨ ᠱᠠᠳᠤ᠎ᠶ᠋ᠢ ᠲᠡᠷᠢᠭᠦᠨ᠎ᠳᠦ ᠲᠠᠯᠪᠢᠬᠤ᠂ ᠴᠠᠭ᠍ᠳᠠᠭ᠎ᠠ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ 《ᠬᠣᠶᠠᠷ ᠬᠠᠯᠬᠠᠪᠴᠢ》 ᠵᠢᠨ ᠦᠨᠡᠨᠴᠢ ᠱᠢᠳᠤᠷᠭᠤ ᠬᠠᠮᠠᠭᠠᠯᠠᠭ᠍ᠴᠢ ᠪᠣᠯᠬᠤ ᠤᠯᠤᠰ ᠲᠦᠷᠦ᠍᠎ᠶ᠋ᠢᠨ ᠡᠭᠦᠷᠭᠡᠯᠡᠯ᠂  ᠬᠠᠷᠢᠭᠤᠴᠠᠯᠭ᠎ᠠ ᠡᠭᠦᠷᠭᠡᠯᠡᠯ᠎ᠢᠶᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠳᠤ ᠠᠮᠤᠷ ᠲᠦᠪᠱᠢᠨ ᠲᠣᠭ᠍ᠲᠠᠭᠤᠨ ᠤᠯᠤᠰ ᠲᠦᠷᠦ᠍ ᠨᠡᠢᠭᠡᠮ᠎ᠦᠨ ᠣᠷᠴᠢᠨ ᠲᠣᠭᠣᠷᠢᠨ᠎ᠢ ᠡᠷᠡᠰ ᠪᠤᠢ ᠪᠤᠯᠭᠠᠨ᠎ᠠ ᠃

《ᠲᠠᠪᠤᠨ ᠵᠠᠢᠯᠠᠰᠢ ᠦᠬᠡᠢ ᠵᠠᠮᠨᠠᠬᠤ ᠵᠠᠮ》᠎ᠤ᠋ᠨ ᠱᠢᠨᠵᠢᠯᠡᠬᠦ᠌ ᠤᠬᠠᠭᠠᠨᠴᠢ ᠨᠤᠲᠠᠯᠠᠯᠲᠠ᠎ᠶ᠋ᠢ ᠭᠦᠨᠵᠡᠭᠡᠶ ᠣᠢᠯᠠᠭᠠᠵᠤ᠂ 《ᠬᠣᠶᠠᠷ᠎ᠢ ᠲᠤᠬᠳᠠᠭᠠᠬᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ 》᠎ᠶ᠋ᠢ ᠡᠷᠡᠰ ᠪᠡᠶᠡᠯᠡᠭᠦᠯᠦᠨ᠎ᠡ᠃ ᠶᠡᠷᠦᠩᠬᠡᠢ ᠱᠦᠵᠢ ᠠᠩᠬ᠎ᠠ ᠤᠳᠠᠭ᠎ᠠ 《ᠲᠠᠪᠤᠨ ᠵᠠᠢᠯᠠᠰᠢ ᠦᠬᠡᠢ ᠵᠠᠮᠨᠠᠬᠤ ᠵᠠᠮ》 ᠵᠢᠡᠷ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭ᠍ᠰᠢᠯᠠᠭ᠍ᠰᠠᠨ ᠥᠩᠭᠡᠷᠡᠯᠲᠡ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠴᠢᠬᠤᠯᠠ ᠲᠠᠨᠢᠯᠲᠠ ᠪᠣᠯ ᠪᠢᠳᠡᠨ᠎ᠦ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠵᠤ᠂ ᠭᠡᠷᠡᠯ ᠰᠠᠴᠤᠷᠠᠩᠭᠤᠢ ᠠᠮᠵᠢᠯᠲᠠ᠎ᠶ᠋ᠢ ᠳᠠᠬᠢᠨᠲᠠ ᠡᠭᠦᠳᠬᠦ᠌ ᠬᠦᠴᠦᠨ ᠪᠦᠬᠦᠢ ᠦᠵᠡᠯ ᠰᠠᠨᠠᠭᠠᠨ᠎ᠤ ᠵᠡᠪᠰᠡᠭ ᠮᠦᠨ᠃ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 《ᠲᠠᠪᠤᠨ ᠵᠠᠢᠯᠠᠰᠢ ᠦᠬᠡᠢ ᠵᠠᠮᠨᠠᠬᠤ ᠵᠠᠮ》᠎ᠤ᠋ᠨ ᠭᠤᠤᠯ ᠠᠭᠤᠯᠭ᠎ᠠ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠬᠤ ᠬᠡᠷᠡᠭ᠌ᠲᠡᠶ᠃ 《ᠶᠡᠬᠡ ᠬᠢᠨᠠᠯᠲᠠ》 ᠵᠢᠨ ᠪᠠᠢᠷᠢᠱᠢᠯ᠎ᠢ ᠪᠠᠢᠭᠤᠯᠤᠨ ᠲᠡᠭᠦᠯᠳᠡᠷᠵᠢᠭᠦᠯᠵᠦ᠍᠂ ᠨᠠᠷᠢᠨ ᠲᠠᠩᠰᠠ᠎ᠶ᠋ᠢᠨ ᠬᠡᠯᠪᠡᠷᠢ᠎ᠪᠡᠷ ᠤᠯᠤᠰ ᠲᠦᠷᠦ᠍᠎ᠶ᠋ᠢᠨ ᠲᠣᠭᠣᠷᠢᠨ ᠪᠠᠢᠴᠠᠭᠠᠵᠤ ᠱᠠᠯᠠᠪᠳᠠᠭᠤᠯᠤᠨ ᠪᠠᠢᠴᠠᠭᠠᠬᠤ ᠠᠵᠢᠯ᠎ᠢ ᠥᠷᠨᠢᠭᠦᠯᠵᠦ᠍᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ  ᠶᠣᠰᠣ  ᠲᠦᠷᠢᠮ᠎ᠢ ᠴᠢᠩᠳᠠᠯᠠᠵᠤ᠂ ᠲᠡᠷᠡ ᠬᠡᠪ ᠵᠢᠡᠷ ᠨᠢ ᠬᠡᠷᠡᠭᠵᠢᠬᠦᠯᠬᠦ ᠦᠭᠡᠢ᠂ ᠰᠣᠩᠭᠣᠯᠲᠠ ᠲᠠᠢ ᠬᠡᠷᠡᠭᠵᠢᠬᠦᠯᠬᠦ᠂ ᠬᠤᠪᠢᠷᠠᠭᠤᠯᠤᠨ ᠬᠡᠷᠡᠭᠵᠢᠬᠦᠯᠬᠦ ᠠᠯᠢᠪᠠ ᠠᠵᠢᠯᠯᠠᠭ᠎ᠠ᠎ᠶ᠋ᠢ ᠡᠷᠡᠰ ᠬᠣᠷᠢᠭ᠍ᠯᠠᠵᠤ᠂ ᠰᠦᠨ ᠯᠢ ᠵᠢᠶᠦ᠋ᠨ᠎ᠦ ᠤᠯᠤᠰ ᠲᠦᠷᠦ᠍᠎ᠶ᠋ᠢᠨ ᠪᠦᠯᠬᠦᠮ ᠵᠢᠴᠢ ᠹᠦ᠋ ᠵᠧᠩ ᠬᠤᠸᠠ᠂ ᠵᠤᠤ ᠯᠢ ᠫᠢᠩ᠂ ᠮᠠ ᠮᠢᠩ ᠵᠡᠷᠭᠡ ᠬᠥᠮᠦᠨ᠎ᠤ ᠬᠣᠣᠷ ᠨᠥᠯᠥᠭᠡ᠎ᠶ᠋ᠢ ᠲᠤᠢᠯᠪᠤᠷᠢᠲᠠᠢ ᠠᠷᠢᠯᠭᠠᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠢᠳᠠᠯ ᠳᠣᠣᠷ᠎ᠠ ᠴᠥᠮ ᠶᠡᠷᠦᠩᠬᠡᠢ ᠱᠦᠵᠢ ᠰᠢ ᠵᠢᠨ ᠫᠢᠩ᠎ᠦᠨ ᠵᠠᠷᠯᠢᠭ᠎ᠢ ᠡᠷᠡᠰ ᠰᠣᠨᠣᠰᠴᠤ᠌᠂ ᠨᠠᠮ᠎ᠤᠨ ᠲᠥᠪ ᠬᠣᠷᠢᠶᠠᠨ᠎ᠤ ᠵᠢᠯᠤᠭᠤᠳᠤᠯᠭ᠎ᠠ᠎ᠶ᠋ᠢ ᠲᠠᠭᠠᠬᠤ᠎ᠶ᠋ᠢ ᠪᠠᠲᠤᠯᠠᠬᠤ ᠬᠡᠷᠡᠭ᠌ᠲᠡᠢ᠃

ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠦᠨᠳᠦᠰᠦᠲᠡᠨ᠎ᠦ ᠠᠵᠢᠯ᠎ᠢ ᠲᠥᠯᠥᠪᠵᠢᠭᠦᠯᠦᠨ ᠠᠬᠢᠭᠤᠯᠤᠨ᠎ᠠ᠃ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠢᠮᠠᠭ᠍ᠲᠠ ᠤᠯᠤᠰ ᠲᠦᠷᠦ᠍᠂ ᠪᠦᠬᠦ᠌ ᠲᠠᠯ᠎ᠠ  ᠡᠴᠨ  ᠦᠨᠳᠦᠰᠦᠲᠡᠨ᠎ᠦ ᠠᠵᠢᠯ᠎ᠢ ᠲᠠᠨᠢᠨ ᠡᠵᠡᠮᠳᠡᠵᠦ᠍᠂ ᠨᠠᠮ᠎ᠤᠨ ᠦᠨᠳᠦᠰᠦᠲᠡᠨ᠎ᠦ ᠤᠨᠤᠯ ᠪᠣᠯᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠨ ᠭᠦᠨᠵᠡᠭᠡᠢ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠱᠠᠭᠠᠷᠳᠠᠯᠭ᠎ᠠ᠎ᠶ᠋ᠢ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂  ᠪᠦᠬᠦ᠌ ᠴᠠᠭ᠍ᠳᠠᠭ᠎ᠠ᠎ᠶ᠋ᠢᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠰᠡᠷᠭᠡᠭ ᠴᠢᠨᠠᠷ᠎ᠢ ᠪᠠᠲᠤᠯᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠢᠪᠴᠤᠤ ᠦᠨᠳᠦᠰᠦᠲᠡᠨ᠎ᠦ ᠦᠵᠡᠯ᠎ᠦᠨ ᠦᠵᠡᠯ ᠰᠠᠨᠠᠭ᠎ᠠ᠎ᠶ᠋ᠢᠨ ᠤᠯᠠᠮᠵᠢᠯᠠᠨ ᠳᠡᠯᠭᠡᠷᠡᠬᠦ᠌᠎ᠶ᠋ᠢ ᠴᠢᠩᠭ᠎ᠠ ᠰᠡᠷᠭᠡᠢᠯᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠠᠢᠭᠠᠳ ᠦᠵᠡᠯ ᠰᠠᠨᠠᠭᠠᠨ᠎ᠤ ᠪᠠᠢᠭᠤᠯᠤᠯᠲᠠ᠎ᠶ᠋ᠢᠨ ᠠᠰᠢᠬᠳᠠᠢ ᠪᠠᠢᠷᠢ ᠵᠢ ᠰᠠᠢᠲᠤᠷ ᠰᠠᠬᠢᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠢ ᠰᠠᠢᠲᠤᠷ ᠰᠠᠬᠢᠬᠤ ᠬᠡᠷᠡᠭ᠌ᠲᠡᠢ᠃ ᠬᠠᠤᠯᠢ ᠴᠠᠭᠠᠵᠠ᠎ᠶ᠋ᠢᠨ ᠬᠦᠷᠢᠶ᠎ᠡ᠂ ᠬᠠᠤᠯᠢᠵᠢᠯ ᠤ᠋ᠨ ᠵᠠᠮ ᠳᠡᠭᠡᠷ᠎ᠡ ᠦᠨᠳᠦᠰᠦᠲᠡᠨ᠎ᠦ ᠬᠦᠴᠦᠨ ᠵᠦᠢᠯ᠎ᠳᠦ ᠬᠣᠯᠪᠣᠭ᠍ᠳᠠᠭ᠍ᠰᠠᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢᠵᠢᠯᠳᠠ᠎ᠶ᠋ᠢ ᠢᠮᠠᠭ᠍ᠲᠠ ᠪᠠᠷᠢᠮᠲᠠᠯᠠᠬᠤ ᠬᠡᠷᠡᠭ᠌ᠲᠡᠢ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠬᠤ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ 《ᠬᠣᠶᠠᠷ ᠬᠠᠯᠬᠠᠪᠴᠢ》 ᠎ᠶ᠋ᠢ ᠪᠠᠲᠤ ᠴᠣᠭ᠍ᠴᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠡ᠃ ᠶᠡᠷᠦᠩᠬᠡᠶ ᠱᠦᠵᠢ ᠥᠪᠥᠷ ᠮᠣᠩᠭᠣᠯ᠎ᠤᠨ ᠲᠤᠬᠠᠶ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠳᠠᠬᠢᠨᠲᠠ ᠴᠢᠬᠤᠯᠠᠴᠢᠯᠠᠭ᠍ᠰᠠᠨ᠎ᠨᠢ ᠨᠠᠮ᠎ᠤᠨ ᠲᠥᠪ ᠬᠣᠷᠢᠶᠠᠨ᠎ᠤ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠳᠤ ᠲᠠᠯᠪᠢᠭ᠍ᠰᠠᠨ ᠣᠨᠴᠠᠭᠠᠶ ᠴᠢᠬᠤᠯᠠ ᠱᠠᠭᠠᠷᠳᠠᠯᠭ᠎ᠠ ᠪᠠ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠯᠡᠷᠡᠭᠦᠯᠵᠡᠶ᠃ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠶᠡᠷᠦᠩᠬᠡᠶ ᠱᠦᠵᠢ᠎ᠶ᠋ᠢᠨ ᠥᠪᠥᠷ ᠮᠣᠩᠭᠣᠯ᠎ᠤᠨ 《ᠬᠣᠶᠠᠷ ᠬᠠᠯᠬᠠᠪᠴᠢ 》᠂ 《ᠬᠣᠶᠠᠷ ᠰᠠᠭᠤᠷᠢᠨ 》᠂ 《ᠨᠢᠭᠡ  ᠪᠡᠬᠢᠯᠡᠯᠲᠡ》᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠢᠮᠠᠭ᠍ᠲᠠ ᠪᠠᠷᠢᠮᠵᠢᠶᠠᠯᠠᠨ ᠬᠠᠷᠭᠤᠭᠤᠯᠵᠤ ᠦᠵᠡᠬᠦ᠌ ᠬᠡᠷᠡᠭ᠌ᠲᠡᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ  ᠵᠠᠰᠠᠭ᠎ᠤᠨ ᠣᠷᠳᠣᠨ ᠪᠠ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠤᠷ᠎ᠢ ᠬᠠᠮᠠᠭᠠᠯᠠᠬᠤ᠎ᠪᠠᠷ ᠭᠤᠤᠯ ᠱᠢᠵᠢᠮ ᠪᠤᠯᠭᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠣᠷᠢᠭ᠎ᠠ ᠱᠤᠭᠤᠮ᠎ᠤᠨ ᠰᠡᠳᠭᠢᠬᠦᠶ᠎ᠶ᠋ᠢ ᠴᠢᠩᠭᠠᠳᠬᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠪᠦᠬᠦ᠌ ᠤᠯᠤᠰ᠎ᠤᠨ ᠬᠣᠶᠠᠷ ᠬᠤᠷᠠᠯ᠎ᠤᠨ ᠠᠮᠤᠷ᠎ᠢ ᠬᠠᠮᠠᠭᠠᠯᠠᠬᠰᠠᠨ ᠲᠤᠷᠱᠢᠯᠭ᠎ᠠ ᠬᠢᠳᠡᠯ ᠢ᠋  ᠬᠦᠨᠵᠡᠬᠡᠢ ᠳ᠋ᠦᠩᠨᠡᠵᠦ᠂ ᠤᠯᠤᠰ ᠲᠥᠷᠥ᠎ᠶ᠋ᠢᠨ ᠠᠮᠤᠷ ᠲᠦᠪᠱᠢᠨ᠎ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠨᠡᠪᠴᠢᠯᠲᠡ᠎ᠶ᠋ᠢ ᠡᠰᠡᠷᠭᠦᠴᠡᠬᠦ᠌ ᠨᠤᠷᠠᠭᠠᠬᠤ᠎ᠶ᠋ᠢ ᠡᠰᠡᠷᠭᠦᠴᠡᠬᠦ᠌ ᠬᠠᠭᠠᠴᠠᠭᠤᠯᠬᠤ᠎ᠶ᠋ᠢ ᠡᠰᠡᠷᠭᠦᠴᠡᠬᠦ᠌ ᠰᠦᠷᠳᠡᠭᠦᠯᠦᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠥᠷᠨᠢᠭᠦᠯᠵᠦ᠂ ᠡᠯ᠎ᠡ ᠲᠥᠷᠥᠯ᠎ᠦᠨ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠬᠤ  ᠬᠡᠷᠡᠭᠳᠡᠢ᠃

ᠢᠯᠵᠠᠷᠠᠯ᠎ᠢ ᠡᠰᠡᠷᠭᠦᠴᠡᠬᠦ᠌ ᠠᠵᠢᠯ ᠬᠡᠵᠢᠶᠡᠳᠡ ᠳᠠᠭᠤᠰᠤᠰᠢ ᠦᠭᠡᠢ ᠪᠠᠢᠬᠤ᠎ᠶ᠋ᠢ ᠭᠦᠨᠵᠡᠭᠡᠢ ᠣᠢᠯᠠᠭᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠶᠡᠷᠦᠩᠬᠡᠶ ᠱᠦᠵᠢ ᠪᠢᠳᠡᠨ᠎ᠢ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠪᠦᠬᠦ᠌ ᠣᠷᠣᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ ᠬᠠᠤᠯᠢ ᠴᠠᠭᠠᠵᠠ᠎ᠶ᠋ᠢᠨ ᠪᠠᠢᠭᠤᠯᠭ᠎ᠠ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠠᠢᠯᠳᠤᠬᠤ ᠪᠤᠳᠤᠯᠭ᠎ᠠ᠎ᠶ᠋ᠢᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠲᠡᠮᠦᠷ᠎ᠢ ᠳᠠᠪᠲᠠᠬᠤ᠎ᠳᠤ ᠡᠷᠬᠡᠪᠰᠢ ᠥᠪᠡᠷ᠎ᠢᠶᠡᠨ ᠬᠠᠳᠠᠭᠤ ᠪᠠᠢᠵᠤ᠂  ᠳᠤᠮᠳᠠᠳᠤ ᠤᠯᠤᠰ᠎ᠤᠨ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠠᠢᠵᠤ᠂ ᠵᠠᠩᠭᠢᠯᠠᠭ᠎ᠠ ᠨᠢ ᠨᠠᠮ ᠨᠢ ᠨᠠᠮ᠎ᠢᠶᠠᠨ ᠬᠠᠮᠢᠶᠠᠷᠬᠤ ᠳ᠋ᠤ ᠪᠠᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠠᠢᠨ᠎ᠠ ᠭᠡᠳᠡᠭ᠎ᠢ ᠭᠦᠨᠵᠡᠭᠡᠢ ᠲᠠᠨᠢᠬᠤ ᠬᠡᠷᠡᠭ᠌ᠲᠡᠢ᠃ ᠶᠡᠷᠦᠩᠬᠡᠢ ᠱᠦᠵᠢ᠎ᠶ᠋ᠢᠨ ᠮᠠᠷᠲᠠᠮᠠᠲᠠᠭᠠᠢ ᠪᠠᠢᠵᠤ ᠪᠣᠯᠬᠤ ᠦᠭᠡᠢ᠂ ᠲᠤᠰᠬᠠᠯ ᠤᠳᠠᠭᠠᠨ ᠪᠠᠢᠵᠤ ᠪᠣᠯᠬᠤ ᠦᠭᠡᠢ ᠭᠡᠰᠡᠨ ᠰᠡᠷᠡᠮᠵᠢᠯᠡᠭᠦᠯᠦᠯ ᠪᠠ 《ᠬᠣᠶᠠᠷ ᠤᠬ᠍ᠳᠤ ᠠᠭᠤᠴᠢᠯᠠᠬᠤ ᠦᠭᠡᠢ 》 ᠪᠠᠢᠬᠤ ᠴᠢᠬᠤᠯᠠ ᠱᠠᠭᠠᠷᠳᠠᠯᠭ᠎ᠠ᠎ᠶ᠋ᠢ ᠪᠠᠲᠤ ᠴᠡᠭᠡᠵᠢᠯᠡᠵᠦ᠍᠂ ᠴᠢᠩᠭ᠎ᠠ ᠭᠣᠣᠯ ᠬᠦᠭ ᠠᠶᠠᠰ᠎ᠢ ᠭᠤᠢᠪᠢᠰᠢ ᠦᠭᠡᠢ ᠪᠠᠷᠢᠮᠲᠠᠯᠠᠵᠤ᠂ ᠨᠠᠮ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ ᠴᠠᠭ᠍ᠳᠠᠭ᠎ᠠ᠎ᠶ᠋ᠢ ᠴᠢᠩᠭ᠎ᠠ ᠵᠠᠰᠠᠬᠤ ᠠᠵᠢᠯ ᠶᠠᠪᠤᠬᠤ ᠲᠤᠳᠤᠮ ᠴᠢᠩᠭ᠎ᠠ ᠪᠣᠯᠬᠤ ᠴᠢᠩᠭ᠎ᠠ ᠲᠤᠬᠢᠶ᠎ᠠ᠎ᠶ᠋ᠢ ᠦᠷᠭᠦᠯᠵᠢᠯᠡᠨ ᠳᠠᠮᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ ᠰᠠᠭᠤᠷᠢ ᠴᠢᠨᠠᠷᠲᠠᠢ ᠢᠨᠵᠧᠨᠧᠷᠢᠩ᠎ᠢ ᠪᠣᠳᠠᠲᠠᠢ ᠠᠳᠭᠤᠵᠤ᠂ 《ᠲᠦᠷᠪᠡᠵᠢᠯᠳᠡ》 ᠵᠢᠨ ᠠᠰᠠᠭᠤᠳᠠᠯ᠎ᠢ ᠶᠡᠬᠡ᠎ᠪᠡᠷ ᠴᠡᠭ᠌ᠴᠡᠯᠡᠨ ᠰᠠᠢᠵᠢᠷᠠᠭᠤᠯᠵᠤ᠂ ᠢᠯᠵᠠᠷᠠᠬᠤ ᠡᠴᠨ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠡᠷᠡᠮᠵᠢᠯᠡᠭᠦᠯᠦᠨ ᠱᠢᠢᠳᠭᠡᠬᠦ᠌᠂ ᠲᠦᠷᠢᠮ᠎ᠢᠶᠡᠷ ᠬᠢᠵᠠᠭᠠᠷᠯᠠᠬᠤ᠎ᠶ᠋ᠢ ᠪᠠᠷᠢᠮᠲᠠᠯᠠᠵᠤ᠂ ᠤᠬᠠᠮᠰᠠᠷ᠎ᠢᠶᠠᠨ ᠳᠡᠭᠡᠭ᠌ᠰᠢᠯᠡᠭᠦᠯᠬᠦ᠌᠎ᠶ᠋ᠢ ᠨᠢᠭᠡ ᠴᠤᠬ᠍ᠴᠠᠵᠢᠭᠤᠯᠤᠨ ᠬᠦᠴᠦᠯᠡᠵᠦ᠍᠂ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ᠂ ᠰᠡᠷᠡᠮᠵᠢᠯᠡᠭᠦᠯᠬᠦ᠌ ᠬᠥᠮᠦᠵᠢᠯ᠂ ᠲᠦᠷᠢᠮ ᠤ᠋ᠨ ᠪᠠᠢᠭᠤᠯᠤᠯᠳᠠ ᠵᠢ ᠯᠠᠪᠳᠠᠭᠤᠨ  ᠪᠠᠳᠤᠳᠠᠢ  ᠦᠷᠨᠢᠬᠦᠯᠬᠦ  ᠬᠡᠷᠡᠭᠳᠡᠢ᠃ 《ᠭᠤᠷᠪᠠᠨ ᠬᠠᠷᠢᠴᠠᠯᠠᠰᠢ ᠦᠭᠡᠢ 》᠂ 《ᠲᠦᠷᠪᠡᠵᠢᠯᠳᠡ》᠂ 《ᠳᠥᠷᠪᠡᠨ ᠲᠡᠮᠦᠷ ᠮᠡᠲᠦ》ᠪᠠᠷᠢᠮᠵᠢᠶ᠎ᠠ᠎ᠶ᠋ᠢ ᠲᠣᠭ᠍ᠲᠠᠭᠠᠵᠤ᠂ 《ᠨᠠᠶ᠋ᠮᠠᠨ ᠵᠦᠶ᠋ᠯ᠎ᠦᠨ ᠴᠢᠳᠠᠪᠤᠷᠢ》᠎ᠪᠠᠨ ᠴᠢᠩᠭᠠᠳᠭᠠᠬᠤ᠎ᠲᠠᠶ ᠨᠢᠭ᠍ᠲᠠ ᠤᠶᠠᠯᠳᠤᠭᠤᠯᠤᠨ᠂ 《ᠳᠣᠯᠣᠭᠠᠨ ᠴᠢᠳᠠᠪᠤᠷᠢ》᠎ᠪᠠᠨ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂ ᠲᠥᠪ᠎ᠦᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠬᠤ ᠪᠠ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ ᠰᠠᠨᠠᠯ᠎ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠷᠭᠡᠨ ᠣᠯᠠᠨ  ᠴᠠᠭ᠍ᠳᠠᠭ᠎ᠠ ᠲᠤᠰᠠᠯᠠᠬᠤ ᠴᠠᠭ᠍ᠳᠠᠭ᠎ᠠ᠎ᠶ᠋ᠢ ᠨᠠᠮ᠎ᠤᠨ ᠲᠡᠦᠬᠡ᠎ᠶ᠋ᠢ ᠰᠤᠷᠤᠯᠴᠠᠬᠤ᠂ ᠨᠠᠮ᠎ᠤᠨ ᠲᠡᠦᠬᠡ ᠵᠢ ᠬᠡᠷᠡᠭᠯᠡᠬᠦ ᠳᠤᠮᠳᠠ ᠦᠵᠡᠯ ᠰᠠᠨᠠᠭᠠᠨ᠎ᠤ ᠳᠠᠪᠲᠠᠯᠲᠠ᠂ ᠤᠯᠤᠰ ᠲᠥᠷᠥ᠎ᠶ᠋ᠢᠨ ᠳᠠᠪᠲᠠᠯᠲᠠ᠂ ᠦᠶ᠋ᠯᠡᠳᠦᠯᠭᠡ᠎ᠶ᠋ᠢᠨ ᠳᠠᠪᠲᠠᠯᠲᠠ᠂ ᠲᠤᠰᠭᠠᠶ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠭᠠᠬᠤ᠎ᠪᠠᠷ ᠬᠥᠮᠦᠵᠢᠭᠦᠯᠦᠨ ᠵᠢᠯᠣᠭᠣᠳᠴᠤ᠌᠂ ᠨᠠᠩ ᠢᠲᠡᠭᠡᠯ ᠲᠡᠭᠦᠯᠳᠡᠷ᠎ᠢᠶᠡᠷ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠡᠷᠡᠭ᠌ᠲᠡᠶ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号