ᠤᠢ᠍ᠢᠷᠠ
ᠳ᠋ᠦ᠂ ᠥᠪᠡᠷᠲᠡᠭᠡᠨ ᠵᠠᠰᠠᠬᠤ ᠣᠷᠣᠨ ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠰᠲ᠋ᠧᠮ ᠦᠨ
ᠥᠷᠭᠡᠨ ᠤᠯᠠᠨ ᠺᠠᠳ᠋ᠷ ᠠᠵᠢᠯᠳᠠᠳ ᠶᠡᠷᠦᠩᠬᠡᠢ ᠱᠦᠵᠢ ᠰᠢ ᠵᠢᠨ ᠫᠢᠩ ᠦᠨ ᠠᠷᠪᠠᠨ ᠭᠤᠷᠪᠠᠳᠤᠭᠠᠷ ᠬᠤᠭᠤᠴᠠᠭᠠᠨ
ᠤ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠲᠠᠪᠤᠳᠤᠭᠠᠷ ᠬᠤᠷᠠᠯ ᠤᠨ
ᠥᠪᠥᠷ ᠮᠣᠩᠭᠣᠯᠤᠨ ᠲᠥᠯᠥᠭᠡᠯᠡᠭ᠌ᠴᠢᠳᠦᠨ ᠪᠦᠯᠬᠦᠮᠦᠨ ᠬᠢᠨᠠᠨ ᠵᠥᠪᠯᠡᠬᠦ᠌ ᠳᠦ ᠣᠷᠣᠯᠴᠠᠬᠤ ᠦᠶᠡᠶ᠋ᠢᠨ
ᠴᠢᠬᠤᠯᠠ ᠶᠠᠷᠢᠶᠠᠨᠤ ᠵᠣᠷᠢᠭ ᠰᠠᠨᠠᠭᠠᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠪᠠ᠃ ᠶᠡᠷᠦᠩᠬᠡᠶ
ᠱᠦᠵᠢᠶ᠋ᠢᠨ ᠶᠠᠷᠢᠶᠠᠨᠤ ᠵᠣᠷᠢᠭ ᠰᠠᠨᠠᠭᠠᠶ᠋ᠢ
ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠣᠢᠷᠠᠳᠤ ᠥᠪᠡᠷᠲᠡᠭᠡᠨ ᠵᠠᠰᠠᠬᠤ ᠣᠷᠣᠨ ᠤ ᠱᠢᠨᠵᠢᠯᠡᠬᠦ᠌ ᠤᠬᠠᠭᠠᠨ ᠲᠧᠭᠨᠢᠭ
ᠮᠡᠷᠭᠡᠵᠢᠯ ᠦᠨ ᠲᠢᠩᠬᠢᠮ ᠦᠨ ᠨᠠᠮ ᠤᠨ ᠤᠳᠤᠷᠢᠳᠭᠤ ᠳᠤᠭᠤᠢᠯᠠᠩ ᠤᠨ ᠱᠦᠵᠢ ᠹᠸᠩ ᠵᠢᠶᠠ ᠵᠢᠤᠢ ᠵᠢ ᠰᠤᠷᠪᠤᠯᠵᠢᠯᠠᠪᠠ᠃
ᠹᠸᠩ
ᠵᠢᠶᠠ ᠵᠢᠤᠢ᠂ ᠶᠡᠷᠦᠩᠬᠡᠢ ᠱᠦᠵᠢ ᠰᠢ ᠵᠢᠨ ᠫᠢᠩ ᠦᠨ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ
ᠶᠡᠬᠡ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠬᠦ᠌ ᠳᠦ ᠣᠷᠣᠯᠴᠠᠬᠤ
ᠦᠶ᠎ᠡ ᠶ᠋ᠢᠨ ᠴᠢᠬᠤᠯᠠ ᠶᠠᠷᠢᠶ᠎ᠠ ᠨᠢ ᠤᠳᠭ᠎ᠠ ᠰᠠᠨᠠᠭ᠎ᠠ ᠠᠯᠤᠰ ᠬᠡᠳᠦ ᠵᠢᠨ ᠪᠠᠢᠵᠦ᠂ ᠦᠵᠡᠯ ᠰᠠᠨᠠᠭ᠎ᠠ ᠭᠦᠨ
ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠨ᠎ᠠ᠃ ᠶᠡᠷᠦᠩᠬᠡᠶ ᠱᠦᠵᠢ ᠣᠳᠣᠬᠠᠨ ᠪᠠ ᠬᠣᠢᠱᠢᠳᠠ ᠶ᠋ᠢᠨ ᠬᠡᠰᠡᠭ ᠬᠤᠭᠤᠴᠠᠭᠠᠨ ᠤ ᠥᠪᠥᠷ ᠮᠣᠩᠭᠣᠯ
ᠤᠨ ᠠᠵᠢᠯᠢ ᠰᠠᠢᠲᠤᠷ ᠬᠢᠬᠦ᠌ ᠲᠤᠬᠠᠶ ᠴᠢᠬᠤᠯᠠ ᠱᠠᠭᠠᠷᠳᠠᠯᠭ᠎ᠠ ᠳᠤᠷᠠᠳᠴᠤ᠌᠂ ᠪᠢᠳᠡᠨ ᠦ ᠱᠢᠨ᠎ᠡ ᠴᠠᠭ ᠦᠶ᠎ᠡ
ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠦᠶ᠋ᠯᠡᠰ ᠦᠨ ᠬᠥᠭ᠌ᠵᠢᠯᠲᠡ ᠶ᠋ᠢ ᠠᠬᠢᠭᠤᠯᠬᠤ
ᠳᠤ ᠤᠷᠤᠭ᠍ᠰᠢᠯᠠᠬᠤ ᠴᠢᠭ᠌ᠯᠡᠯ ᠢ ᠲᠣᠳᠣᠷᠬᠠᠶ ᠵᠢᠭᠠᠵᠤ᠂ ᠴᠢᠬᠤᠯᠠ ᠵᠢᠷᠤᠮᠯᠠᠯ ᠬᠠᠩᠭᠠᠵᠤ᠂ ᠬᠦᠴᠦᠷᠬᠡᠭ ᠶᠡᠬᠡ
ᠬᠥᠳᠡᠯᠭᠡᠬᠦ᠌ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ ᠦᠨ ᠱᠢᠰᠲ᠋ᠧᠮ ᠦᠨ ᠬᠢᠨ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶᠠᠨ ᠤ ᠵᠣᠷᠢᠭ
ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠶ᠋ᠢ ᠣᠳᠣᠬᠠᠨ ᠪᠠ ᠬᠣᠢᠱᠢᠳᠠ ᠶ᠋ᠢᠨ ᠨᠢᠭᠡ ᠬᠤᠭᠤᠴᠠᠭᠠᠨ
ᠤ ᠴᠢᠬᠤᠯᠠ ᠶᠡᠬᠡ ᠤᠯᠤᠰ ᠲᠦᠷᠦ᠍ ᠶ᠋ᠢᠨ ᠡᠭᠦᠷᠭᠡ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠴᠢᠩᠭ᠎ᠠ
ᠠᠳᠭᠤᠵᠤ ᠪᠣᠳᠠᠲᠠᠢ ᠠᠳᠭᠤᠵᠤ ᠦᠷ᠎ᠡ ᠪᠦᠲᠦᠮᠵᠢ ᠭᠠᠷᠭᠠᠨ᠎ᠠ ᠭᠡᠵᠦ ᠢᠯᠡᠷᠬᠡᠢᠯᠡᠪᠡ᠃
ᠨᠢᠭᠡ
ᠳᠦ᠂ ᠤᠯᠤᠰ ᠲᠦᠷᠦ᠍ ᠶ᠋ᠢᠨ ᠲᠤᠭᠲᠠᠯ ᠬᠦᠴᠦᠨ ᠢᠶᠡᠨ ᠴᠢᠩᠭᠠᠳᠭᠠᠵᠤ᠂ ᠨᠠᠮ ᠤᠨ ᠱᠢᠨᠵᠢᠯᠡᠬᠦ᠌ ᠤᠬᠠᠭᠠᠨ ᠲᠧᠭᠨᠢᠭ
ᠮᠡᠷᠭᠡᠵᠢᠯ ᠦᠨ ᠠᠵᠢᠯ ᠳᠠᠬᠢ ᠪᠦᠬᠦ᠌ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠨ ᠴᠢᠩᠭᠠᠳᠭᠠᠨ᠎ᠠ᠃ ᠳᠤᠮᠳᠠᠳᠤ ᠤᠯᠤᠰ ᠤᠨ ᠤᠴᠢᠷ
ᠶᠠᠪᠤᠳᠠᠯ ᠢ ᠰᠠᠢᠲᠤᠷ ᠬᠢᠬᠦ᠌ ᠶ᠋ᠢᠨ ᠵᠠᠩᠭᠢᠯᠠᠭ᠎ᠠ ᠨᠢ ᠨᠠᠮ ᠳᠤ ᠪᠠᠢᠨ᠎ᠠ ᠭᠡᠳᠡᠭ ᠢ ᠪᠢᠳᠡ ᠭᠦᠢᠴᠡᠳ ᠲᠠᠨᠢᠵᠤ ᠤᠯᠪᠠ᠃ ᠥᠪᠡᠷᠲᠡᠭᠡᠨ ᠵᠠᠰᠠᠬᠤ ᠣᠷᠣᠨ
ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠰᠲ᠋ᠧᠮ ᠤᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠦᠶ᠋ᠯᠡᠰ
ᠲᠡᠬᠢ ᠨᠠᠮ ᠤᠨ ᠪᠥᠬᠥ᠌ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠵᠤ᠂ ᠶᠡᠬᠡ ᠬᠠᠨᠳᠤᠰᠢᠶ᠋ᠢ ᠠᠵᠢᠬᠯᠠᠵᠤ᠂
ᠪᠦᠬᠦ᠌ ᠲᠠᠯᠠᠶ᠋ᠢ ᠪᠣᠳᠣᠯᠬᠢᠯᠠᠨ᠂ ᠦᠨᠳᠦᠰᠦᠶ᠋ᠢ ᠨᠢ
ᠠᠳᠭᠤᠵᠤ᠂ 《ᠲᠠᠪᠤᠨ ᠵᠠᠢᠯᠠᠰᠢ ᠦᠭᠡᠢ
ᠵᠠᠮᠨᠠᠬᠤ ᠵᠠᠮ》 ᠤ᠋ᠨ ᠴᠢᠬᠤᠯᠠ ᠲᠠᠨᠢᠯᠲᠠᠶ᠋ᠢ ᠭᠦᠨᠵᠡᠭᠡᠶ ᠡᠵᠡᠮᠱᠢᠵᠦ 《ᠬᠣᠶᠠᠷᠢ ᠲᠣᠭ᠍ᠲᠠᠭᠠᠭᠰᠠᠨ》ᠢ᠋ ᠦᠨᠡᠨᠴᠢ ᠱᠢᠳᠤᠷᠭᠤᠪᠠᠷ ᠬᠦᠷᠢᠶᠡᠯᠡᠵᠦ᠂ 《ᠬᠣᠶᠠᠷᠢ ᠬᠠᠮᠠᠭᠠᠯᠠᠬᠤ》 ᠵᠢ ᠡᠷᠡᠰ ᠪᠡᠶᠡᠯᠡᠭᠦᠯᠬᠦ
ᠬᠡᠷᠡᠭᠳᠡᠢ᠃ ᠢᠮᠠᠭ᠍ᠲᠠ 《ᠤᠯᠤᠰᠤᠨ ᠶᠡᠬᠡ ᠲᠠᠯ᠎ᠠ》ᠵᠢᠨ ᠦᠨᠳᠦᠷᠴᠡ ᠡᠴᠡ᠂《ᠬᠣᠶᠠᠷ ᠬᠠᠯᠬᠠᠪᠴᠢ᠂
ᠬᠣᠶᠠᠷ ᠰᠠᠭᠤᠷᠢᠨ᠂ ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ
ᠵᠢᠨ ᠲᠤᠭᠤᠷᠢᠨ ᠳ᠋ᠤ᠂ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ
ᠤ ᠵᠢᠯᠣᠭᠣᠳᠣᠯᠭ᠎ᠠ ᠳᠤᠤᠷ᠎ᠠ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠭᠡᠬᠦ᠌ ᠶ᠋ᠢ ᠪᠠᠷᠢᠮᠲᠠᠯᠠᠵᠤ᠂
ᠭᠦᠨᠵᠡᠭᠡᠶ ᠰᠤᠷᠤᠯᠴᠠᠨ ᠨᠠᠷᠢᠨ ᠤᠬᠠᠵᠤ ᠪᠠᠲᠤᠲᠠᠶ ᠬᠢᠵᠦ᠂ ᠶᠡᠷᠦᠩᠬᠡᠢ ᠱᠦᠵᠢ ᠰᠢ ᠵᠢᠨ ᠫᠢᠩ ᠦᠨ ᠲᠤᠰ ᠤᠳᠠᠭ᠎ᠠ
ᠶ᠋ᠢᠨ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠳᠡᠭᠡᠷᠡᠬᠢ ᠶᠠᠷᠢᠶᠠᠨ ᠤ ᠵᠣᠷᠢᠭ
ᠰᠠᠨᠠᠭ᠎ᠠ ᠶ᠋ᠢ ᠶᠡᠷᠦᠩᠬᠡᠢ ᠱᠦᠵᠢ ᠶ᠋ᠢᠨ ᠥᠪᠥᠷ ᠮᠣᠩᠭᠣᠯ ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ
ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠲᠠᠶ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ
ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ
ᠲᠤᠭᠤᠱᠢᠯᠠᠭᠤᠯᠬᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭ᠌ᠴᠢᠳ
ᠦᠨ ᠶᠡᠬᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ
ᠤ ᠬᠣᠶᠠᠳᠤᠭᠠᠷ ᠪᠥᠬᠥᠳᠡ ᠬᠤᠷᠠᠯᠠᠴᠠ ᠲᠣᠭ᠍ᠲᠠᠭᠠᠭ᠍ᠰᠠᠨ ᠭᠤᠤᠯᠳᠠᠯᠭᠠᠲᠠᠶ ᠡᠭᠦᠷᠭᠡ ᠯᠤᠭᠡ ᠤᠶᠠᠯᠳᠤᠭᠤᠯᠵᠤ᠂
ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠦᠨᠡᠨ ᠬᠦ᠌ ᠪᠠᠲᠤ ᠴᠤᠭᠴᠠᠯᠠᠵᠤ᠂
ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠪᠠ
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠬᠥᠭ᠌ᠵᠢᠯᠲᠡ ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ
ᠠᠳᠬᠤᠵᠤ᠂ ᠨᠡᠭᠦᠷᠡᠰᠦᠲᠥ᠋ᠷᠥᠭ᠌ᠴᠢ ᠶ᠋ᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭ᠌ᠴᠢ
ᠵᠢ ᠰᠠᠭᠠᠷᠮᠠᠭ᠍ᠵᠢᠭᠤᠯᠬᠤ ᠠᠵᠢᠯ ᠢ ᠢᠳᠡᠪᠬᠢᠲᠡᠢ ᠰᠠᠢᠲᠤᠷ ᠬᠢᠬᠦ ᠳ᠋ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ
ᠤ᠋ᠨ ᠬᠦᠴᠦᠨᠢ ᠨᠡᠮᠡᠷᠢᠯᠡᠵᠦ ᠂ ᠥᠪᠡᠷᠲᠡᠭᠡᠨ ᠵᠠᠰᠠᠬᠤ ᠣᠷᠣᠨ ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ
ᠦᠨ ᠦᠶ᠋ᠯᠡᠰ ᠦᠨ ᠢᠮᠠᠭ᠍ᠲᠠ ᠵᠥᠪ ᠵᠠᠮ ᠢᠶᠠᠷ ᠲᠠᠰᠤᠷᠠᠯᠲᠠ ᠥᠬᠡᠶ ᠤᠷᠤᠭ᠍ᠰᠢᠯᠠᠬᠤ ᠶ᠋ᠢ ᠦᠨᠡᠨ ᠬᠦ᠌ ᠪᠠᠲᠤᠯᠠᠨ᠎ᠠ᠃
ᠬᠣᠶᠠᠷᠲᠤ᠂ ᠥᠷᠯᠥᠭᠡ ᠦᠳᠡᠰᠢᠶ᠋ᠢ ᠲᠡᠮᠡᠴᠡᠬᠦ᠌ ᠲᠤᠯᠭᠠᠮ ᠰᠡᠳᠭᠢᠯᠭᠡ ᠪᠠ ᠬᠠᠷᠢᠭᠤᠴᠠᠯᠭᠠᠲᠤ ᠰᠡᠳᠭᠢᠯᠭᠡ ᠪᠡᠷ ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ
ᠳᠠᠢᠯᠠᠯᠳᠤᠭᠠᠨ ᠢ ᠡᠷᠡᠰ ᠰᠠᠢᠲᠤᠷ ᠬᠢᠨ᠎ᠡ᠃ 2021 ᠤᠨ ᠳ᠋ᠤ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠣᠷᠣᠨ ᠳᠠᠶᠠᠭᠠᠷ ᠤᠨ
ᠬᠠᠮᠲᠤ ᠶ᠋ᠢᠨ ᠴᠢᠷᠮᠠᠢᠯᠭ᠎ᠠ ᠪᠠᠷ᠂ ᠪᠥᠬᠥ᠌ ᠣᠷᠣᠨ ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ
ᠱᠢᠨ᠎ᠡ ᠶ᠋ᠢ ᠡᠭᠦᠳᠬᠦ᠌ ᠠᠵᠢᠯ ᠶᠡᠷᠦᠩᠬᠡᠶ ᠱᠦᠵᠢ ᠰᠢ ᠵᠢᠨ ᠫᠢᠩ ᠦᠨ ᠥᠪᠥᠷ ᠮᠣᠩᠭᠣᠯ ᠤᠨ ᠲᠤᠬᠠᠶ ᠴᠢᠬᠤᠯᠠ
ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂《ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ ᠢᠶᠡᠷ ᠥᠪᠥᠷ ᠮᠣᠩᠭᠣᠯ ᠢᠶᠠᠨ ᠮᠠᠨᠳᠤᠭᠤᠯᠬᠤ》 ᠠᠵᠢᠯᠯᠠᠭ᠎ᠠ ᠶ᠋ᠢ
ᠭᠦᠨᠵᠡᠭᠡᠶ ᠠᠬᠢᠭᠤᠯᠬᠤ ᠲᠠᠯ᠎ᠠ ᠪᠠᠷ ᠲᠣᠪᠣᠢᠮ᠎ᠠ ᠦᠷ᠎ᠡ ᠪᠦᠲᠦᠮᠵᠢ ᠤᠯᠪᠠ᠃《ᠥᠪᠥᠷ ᠮᠣᠩᠭᠣᠯ〈ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ ᠢᠶᠡᠷ ᠥᠪᠥᠷ ᠮᠣᠩᠭᠣᠯᠢᠶᠠᠨ ᠮᠠᠨᠳᠤᠭᠤᠯᠬᠤ〉 ᠠᠵᠢᠯᠯᠠᠭ᠎ᠠ ᠶ᠋ᠢ
ᠬᠡᠷᠡᠭ᠌ᠵᠢᠭᠦᠯᠵᠦ᠍᠂ ᠣᠷᠣᠨ ᠪᠦᠰᠡ ᠶ᠋ᠢᠨ ᠱᠢᠨ᠎ᠡ ᠶ᠋ᠢ ᠡᠭᠦᠳᠬᠦ᠌ ᠠᠮᠢᠵᠢᠷᠠᠯ ᠤᠨ ᠬᠦᠴᠦᠨ ᠢ ᠬᠥᠭ᠌ᠵᠢᠭᠡᠪᠡ》ᠭᠡᠵᠦ᠍ ᠲᠥᠷᠥ ᠶ᠋ᠢᠨ
ᠶᠠᠪᠤᠳᠠᠯ ᠤᠨ ᠬᠣᠷᠢᠶᠠᠨ ᠤ ᠨᠠᠶ᠋ᠮᠠᠳᠤᠭᠠᠷ ᠤᠳᠠᠭ᠎ᠠ ᠶ᠋ᠢᠨ ᠶᠡᠬᠡ ᠱᠠᠯᠠᠪᠳᠠᠭᠤᠯᠤᠨ ᠪᠠᠢᠴᠠᠭᠠᠯᠲᠠ ᠶ᠋ᠢᠨ
ᠨᠡᠢᠲᠡᠯᠢᠭ ᠲᠤᠷᠱᠢᠯᠭ᠎ᠠ ᠠᠷᠭ᠎ᠠ ᠬᠢᠳᠡᠯ ᠢ ᠵᠠᠷᠯᠠᠨ
ᠰᠠᠢᠰᠢᠶᠠᠬᠤ ᠨᠡᠷᠡᠰ ᠲᠸ᠋ ᠵᠢᠭᠰᠠᠭᠠᠭᠳᠠᠵᠠᠢ᠃ ᠪᠢᠳᠡ 2022 ᠣᠨ ᠢ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠲᠥᠷᠥ
ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠣᠨ》 ᠪᠣᠯᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠲᠥᠷᠥ ᠶ᠋ᠢᠨ ᠪᠣᠳᠣᠯᠭ᠎ᠠ ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠬᠤ ᠡᠨᠡ ᠬᠦ᠌
ᠠᠵᠢᠯ ᠢ ᠴᠢᠩᠭ᠎ᠠ ᠠᠳᠭᠤᠵᠤ᠂ ᠪᠣᠳᠠᠲᠠᠶ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠨ᠎ᠠ᠃ ᠠᠵᠤ
ᠦᠶ᠋ᠯᠡᠰᠦᠨ ᠬᠥᠭ᠌ᠵᠢᠯᠲᠡ ᠳᠡᠬᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠲᠤᠯᠭᠠᠭᠤᠷᠢᠯᠠᠬᠤ ᠴᠢᠳᠠᠪᠤᠷᠢ
ᠶ᠋ᠢ ᠬᠦᠴᠦᠯᠡᠨ ᠳᠡᠭᠡᠭ᠌ᠰᠢᠯᠡᠭᠦᠯᠵᠦ᠍᠂ ᠦᠷ᠎ᠡ ᠶ᠋ᠢᠨ ᠦᠶ᠋ᠯᠡᠰ᠂ 《ᠬᠤᠤᠰ ᠨᠡᠭᠦᠷᠡᠰᠦᠲᠥ᠋ᠷᠥᠭ᠌ᠴᠢ》 ᠵᠡᠷᠭᠡ ᠱᠢᠨᠵᠢᠯᠡᠬᠦ᠌
ᠤᠬᠠᠭᠠᠨ ᠲᠧᠭᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌ ᠴᠢᠬᠤᠯᠠ ᠶᠡᠬᠡ ᠵᠢᠱ᠌ᠢᠶ᠎ᠡ ᠦᠵᠡᠭᠦᠯᠬᠦ᠌ ᠢᠨᠵᠧᠨᠧᠷᠢᠩ
ᠢ ᠡᠬᠢᠯᠡᠭᠦᠯᠵᠦ᠍᠂ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ ᠶ᠋ᠢᠨ ᠲᠣᠭᠣᠷᠢᠨ ᠳᠤ ᠪᠦᠲᠦᠮᠵᠢᠲᠡᠶ ᠵᠠᠩᠭᠢᠯᠠᠭ᠎ᠠ
ᠶ᠋ᠢᠨ ᠮᠡᠷᠭᠡᠵᠢᠯᠦᠨ ᠪᠣᠭᠣᠮᠲᠠ ᠱᠢᠪᠲᠤᠯᠬᠤ ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠲᠡᠷᠢᠭᠦᠨ ᠦ
ᠮᠡᠷᠭᠡᠵᠢᠯ ᠦᠨ ᠦᠷ᠎ᠡ ᠪᠦᠲᠦᠭᠡᠯ ᠢ ᠪᠣᠳᠠᠲᠠᠢᠵᠢᠭᠤᠯᠤᠨ ᠤᠯᠠᠷᠢᠭᠤᠯᠬᠤ ᠶ᠋ᠢ ᠲᠦᠷᠭᠡᠳᠭᠡᠨ᠎ᠡ᠃ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌ ᠲᠠᠪᠴᠠᠩ ᠤᠨ ᠪᠠᠢᠭᠤᠯᠤᠯᠲᠠ ᠶ᠋ᠢ ᠬᠦᠴᠦᠯᠡᠨ
ᠴᠢᠩᠭᠠᠳᠭᠠᠵᠤ᠂《ᠭᠤᠷᠪᠠᠨ ᠣᠷᠣᠨ ᠭᠤᠷᠪᠠᠨ ᠲᠥᠪ ᠭᠤᠷᠪᠠᠨ ᠲᠠᠰᠤᠭ》 ᠢ᠋ ᠥᠨᠳᠥᠷ ᠪᠠᠷᠢᠮᠵᠢᠶ᠎ᠠ ᠪᠠᠷ ᠴᠣᠭ᠍ᠴᠠᠯᠠᠵᠤ᠂ ᠣᠷᠣᠨ ᠪᠦᠰᠡ ᠶ᠋ᠢᠨ ᠱᠢᠨ᠎ᠡ ᠶ᠋ᠢ
ᠡᠭᠦᠳᠬᠦ᠌ ᠥᠨᠳᠥᠷᠯᠢᠭ ᠢ ᠴᠢᠨᠠᠷ ᠰᠠᠢᠲᠠᠶ ᠴᠣᠭ᠍ᠴᠠᠯᠠᠵᠤ᠂ ᠳᠡᠭᠡᠳᠦ ᠱᠢᠨ᠎ᠡ ᠮᠡᠷᠭᠡᠵᠢᠯ ᠦᠨ ᠲᠣᠭᠣᠷᠢᠭ ᠤᠨ 《ᠶᠠᠰᠤ ᠴᠢᠨᠠᠷ ᠢ ᠳᠡᠭᠡᠭ᠌ᠰᠢᠯᠡᠭᠦᠯᠦᠨ
ᠱᠢᠯᠢᠳᠡᠭ ᠢ ᠠᠬᠢᠭᠤᠯᠬᠤ》 ᠶ᠋ᠢ ᠠᠬᠢᠭᠤᠯᠤᠨ᠎ᠠ᠃ ᠠᠵᠤ ᠠᠬᠤᠢᠯᠠᠯ ᠤᠨ ᠱᠢᠨ᠎ᠡ ᠶ᠋ᠢ ᠡᠭᠦᠳᠬᠦ᠌ ᠭᠤᠤᠯ ᠴᠣᠭ᠍ᠴᠠ ᠶ᠋ᠢᠨ
ᠪᠠᠢᠷᠢ ᠰᠠᠭᠤᠷᠢ ᠶ᠋ᠢ ᠬᠦᠴᠦᠯᠡᠨ ᠴᠢᠩᠭᠠᠷᠠᠭᠤᠯᠵᠤ᠂ ᠳᠡᠭᠡᠳᠦ ᠱᠢᠨ᠎ᠡ ᠮᠡᠷᠭᠡᠵᠢᠯ ᠦᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠬᠡᠯᠪᠡᠷᠢ
ᠶ᠋ᠢᠨ ᠳᠤᠮᠳᠠ ᠪᠠᠭ᠎ᠠ ᠠᠵᠤ ᠠᠬᠤᠢᠯᠠᠯ ᠤᠨ 《ᠬᠤᠤᠰ ᠳᠠᠬᠢᠨ ᠢᠶᠠᠷ ᠨᠡᠮᠡᠭ᠌ᠳᠡᠭᠦᠯᠬᠦ᠌》ᠠᠵᠢᠯᠯᠠᠭ᠎ᠠ ᠶ᠋ᠢ
ᠬᠡᠷᠡᠭ᠌ᠵᠢᠭᠦᠯᠦᠨ᠂ ᠠᠵᠤ ᠠᠬᠤᠢᠯᠠᠯ ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠣᠨᠴᠠ ᠲᠣᠮᠢᠯᠠᠭ᠍ᠴᠢ
ᠶ᠋ᠢᠨ ᠲᠦᠷᠢᠮ ᠢ ᠬᠡᠷᠡᠭ᠌ᠵᠢᠭᠦᠯᠵᠦ᠍᠂ ᠠᠵᠤ ᠠᠬᠤᠢᠯᠠᠯ ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ
ᠦᠨ ᠣᠨᠴᠠ ᠲᠣᠮᠢᠯᠠᠭ᠍ᠴᠢ ᠶ᠋ᠢᠨ ᠠᠵᠢᠯ ᠤᠨ ᠥᠷᠲᠡᠭᠡ ᠶ᠋ᠢ ᠠᠢᠮᠠᠭ ᠬᠣᠲᠠ ᠪᠦᠬᠦᠨ ᠳ᠋ᠦ ᠪᠦᠷᠬᠦᠭᠦᠯᠬᠦ᠌ ᠶ᠋ᠢ ᠪᠡᠶᠡᠯᠡᠭᠦᠯᠦᠨ᠂ ᠬᠡᠪᠴᠢᠶᠡᠵᠢᠯ ᠡᠴᠡ
ᠳᠡᠭᠡᠭ᠌ᠰᠢᠬᠢ ᠠᠵᠤ ᠦᠶ᠋ᠯᠡᠳᠪᠦᠷᠢ ᠠᠵᠤ ᠠᠬᠤᠢᠯᠠᠯ᠂ ᠳᠡᠭᠡᠳᠦ
ᠱᠢᠨ᠎ᠡ ᠮᠡᠷᠭᠡᠵᠢᠯ ᠦᠨ ᠠᠵᠤ ᠠᠬᠤᠢᠯᠠᠯ ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠱᠢᠨ᠎ᠡ ᠶ᠋ᠢ
ᠡᠭᠦᠳᠬᠦ᠌ ᠦᠶ᠋ᠯᠡᠴᠢᠯᠡᠭᠡᠨ ᠢ ᠪᠦᠬᠦᠨᠢ ᠪᠦᠷᠬᠦᠭᠦᠯᠦᠨ᠎ᠡ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ
ᠦᠨ ᠪᠠᠢᠭᠤᠯᠤᠮᠵᠢ ᠲᠣᠭ᠍ᠲᠠᠴᠠ ᠶ᠋ᠢᠨ ᠥᠭᠡᠷᠡᠴᠢᠯᠡᠯᠲᠡ ᠶ᠋ᠢ ᠬᠦᠴᠦᠯᠡᠨ ᠭᠦᠨᠵᠡᠭᠡᠢᠷᠡᠭᠦᠯᠵᠦ᠍᠂ ᠱᠢᠨᠵᠢᠯᠡᠬᠦ᠌
ᠤᠬᠠᠭᠠᠨ ᠲᠧᠭᠨᠢᠭ ᠮᠡᠷᠭᠡᠵᠢᠯᠦᠨ ᠬᠦᠷᠢᠶ᠎ᠡ ᠴᠠᠷᠠᠭᠠᠨ ᠳᠡᠬᠢ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ ᠶ᠋ᠢ
ᠦᠷᠭᠦᠯᠵᠢᠯᠡᠨ ᠠᠬᠢᠭᠤᠯᠵᠤ᠂ ᠱᠢᠨ᠎ᠡ ᠶ᠋ᠢ ᠡᠭᠦᠳᠬᠦ᠌ ᠣᠷᠴᠢᠨ ᠨᠥᠬᠥᠴᠡᠯ ᠢ ᠲᠠᠰᠤᠷᠠᠯᠳᠠ ᠦᠭᠡᠢ ᠱᠢᠯᠢᠳᠡᠭ᠌ᠵᠢᠭᠦᠯᠦᠨ᠂
ᠱᠢᠨᠵᠢᠯᠡᠬᠦ᠌ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶ᠋ᠢᠨ ᠥᠭᠡᠷᠡᠴᠢᠯᠡᠯᠲᠡ ᠶ᠋ᠢ
ᠲᠦᠷᠭᠡᠳᠭᠡᠵᠦ᠍᠂ ᠱᠢᠨᠵᠢᠯᠡᠬᠦ᠌ ᠤᠬᠠᠭᠠᠨ ᠤ ᠰᠤᠳᠤᠯᠭᠠᠨ ᠤ ᠪᠡᠯᠡ ᠮᠥᠩᠭᠥᠶ᠋ᠢ ᠱᠢᠭᠤᠳ ᠱᠢᠯᠵᠢᠭᠦᠯᠦᠨ ᠥᠭ᠌ᠬᠦ
ᠲᠣᠭ᠍ᠲᠠᠴᠠᠶ᠋ᠢ ᠬᠠᠢᠨ ᠰᠦᠪᠡᠭ᠌ᠴᠢᠯᠡᠨᠡ᠃ ᠰᠤᠳᠤᠯᠤᠨ ᠨᠡᠭᠡᠭᠡᠬᠦ᠌ ᠣᠷᠣᠭᠤᠯᠤᠯᠲᠠᠶ᠋ᠢᠨ ᠪᠤᠭᠤᠮᠳᠠ ᠰᠢᠪᠲᠤᠯᠬᠤ
ᠠᠵᠢᠯᠯᠠᠭ᠎ᠠ ᠶ᠋ᠢ ᠬᠡᠷᠡᠭ᠌ᠵᠢᠭᠦᠯᠵᠦ᠍᠂ ᠰᠤᠳᠤᠯᠤᠨ ᠨᠡᠭᠡᠭᠡᠬᠦ᠌ ᠣᠷᠣᠭᠤᠯᠤᠯᠲᠠ ᠶ᠋ᠢ ᠵᠠᠪᠠᠯ ᠨᠡᠮᠡᠭ᠌ᠳᠡᠭᠦᠯᠬᠦ᠌
ᠶ᠋ᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌ ᠴᠢᠳᠠᠪᠤᠷᠢᠲᠠᠨ
ᠢ ᠥᠨᠳᠥᠷ ᠪᠠᠷᠢᠮᠵᠢᠶ᠎ᠠ ᠪᠠᠷ ᠣᠷᠣᠭᠤᠯᠤᠨ ᠬᠦᠮᠦᠵᠢᠭᠦᠯᠵᠦ᠂ ᠪᠠᠢᠯᠳᠤᠬᠤ ᠪᠣᠳᠣᠯᠭᠠᠶ᠋ᠢᠨ ᠱᠢᠨᠵᠢᠯᠡᠬᠦ᠌
ᠤᠬᠠᠭᠠᠨ ᠲᠧᠭᠨᠢᠭ ᠮᠡᠷᠭᠡᠵᠢᠯᠦᠨ ᠬᠦᠴᠦᠨᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨᠤ ᠱᠢᠨᠵᠢᠯᠡᠬᠦ᠌
ᠤᠬᠠᠭᠠᠨ ᠲᠧᠭᠨᠢᠭ ᠮᠡᠷᠭᠡᠵᠢᠯᠦᠨ ᠱᠢᠨ᠎ᠡ ᠶ᠋ᠢ ᠡᠭᠦᠳᠬᠦ᠌ ᠴᠢᠳᠠᠪᠤᠷᠢᠶ᠋ᠢ ᠳᠡᠭᠡᠭ᠌ᠰᠢᠯᠡᠭᠦᠯᠦᠨᠡ᠃
ᠭᠤᠷᠪᠠᠳᠤ᠂ ᠨᠠᠮᠤᠨ ᠰᠤᠷᠲᠠᠯ ᠴᠢᠬᠡᠴᠢ ᠵᠠᠰᠠᠭᠤᠨ ᠪᠠᠢᠭᠤᠯᠤᠯᠲᠠᠶ᠋ᠢ ᠭᠦᠨᠵᠡᠭᠡᠢᠷᠡᠭᠦᠯᠦᠨ ᠠᠬᠢᠭᠤᠯᠵᠤ᠂ ᠱᠢᠨᠵᠢᠯᠡᠬᠦ᠌
ᠤᠬᠠᠭᠠᠨ ᠲᠧᠭᠨᠢᠭ ᠮᠡᠷᠭᠡᠵᠢᠯᠦᠨ ᠱᠢᠨᠡᠶ᠋ᠢ ᠡᠭᠦᠳᠬᠦ᠌ ᠦᠢᠯᠡᠰᠦᠨ ᠬᠥᠭ᠌ᠵᠢᠯᠲᠡᠳᠦ ᠪᠠᠲᠤ ᠴᠢᠩᠭ᠎ᠠ
ᠤᠯᠤᠰ ᠲᠦᠷᠦ᠍ᠶ᠋ᠢᠨ ᠪᠠᠲᠤᠯᠠᠭ᠎ᠠ ᠬᠠᠩᠭᠠᠨ᠎ᠠ᠃ ᠰᠢ ᠵᠢᠨ ᠫᠢᠩᠦᠨ ᠱᠢᠨ᠎ᠡ ᠴᠠᠭ ᠦᠶ᠎ᠡ ᠶ᠋ᠢᠨ ᠳᠤᠮᠳᠠᠳᠤ
ᠤᠯᠤᠰᠤᠨ ᠣᠨᠴᠠᠯᠢᠭ ᠲᠠᠶ ᠨᠡᠢᠭᠡᠮ ᠵᠢᠷᠤᠮᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ᠂ ᠥᠪᠡᠷᠦᠨ ᠪᠡᠶ᠎ᠡ ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ ᠶ᠋ᠢ ᠪᠠᠳᠠᠷᠠᠭᠤᠯᠵᠤ᠂ ᠤᠯᠤᠰ ᠲᠥᠷᠥ᠎ᠶ᠋ᠢᠨ
ᠴᠢᠭ᠌ᠯᠡᠯ ᠢ ᠰᠠᠢᠲᠤᠷ ᠡᠵᠡᠮᠳᠡᠵᠦ᠍᠂ ᠤᠯᠤᠰ ᠲᠥᠷᠥ᠎ᠶ᠋ᠢᠨ ᠱᠠᠭᠠᠷᠳᠠᠯᠭᠠᠶ᠋ᠢ ᠨᠠᠢᠳᠠᠪᠤᠷᠢᠵᠢᠭᠤᠯᠵᠤ᠂
ᠨᠠᠮᠤᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯᠢ ᠲᠥᠪ ᠴᠢᠩᠭ᠎ᠠ ᠪᠣᠯᠭᠠᠵᠤ᠂ ᠢᠳᠡᠪᠬᠢᠲᠡᠶ
ᠡᠷᠡᠭᠦᠯ ᠨᠠᠮᠤᠨ ᠳᠣᠲᠣᠭᠠᠳᠤ ᠶ᠋ᠢᠨ ᠤᠯᠤᠰ ᠲᠥᠷᠥ᠎ᠶ᠋ᠢᠨ ᠰᠣᠶᠣᠯ ᠢ ᠬᠥᠭ᠌ᠵᠢᠭᠦᠯᠵᠦ᠍᠂ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯᠦᠨ ᠬᠦᠷᠢᠶ᠎ᠡ ᠴᠠᠷᠠᠭᠠᠨ ᠳᠡᠬᠢ ᠨᠠᠮᠤᠨ ᠰᠤᠷᠲᠠᠯ ᠴᠢᠬᠡᠴᠢ ᠵᠠᠰᠠᠭᠤᠨ
ᠪᠠᠢᠭᠤᠯᠤᠯᠲᠠᠶ᠋ᠢ ᠭᠦᠨᠵᠡᠭᠡᠢᠷᠡᠭᠦᠯᠵᠦ᠍᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠳᠤᠮᠳᠠ ᠤᠯᠤᠰ
ᠲᠥᠷᠥ ᠶ᠋ᠢᠨ ᠵᠣᠭ᠍ᠰᠣᠴᠠ ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ
ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠰᠲ᠋ᠧᠮ ᠦᠨ ᠰᠤᠷᠲᠠᠯ ᠴᠢᠬᠡᠴᠢ ᠣᠪᠣᠷ ᠲᠥᠪ ᠰᠠᠢᠨ
ᠰᠠᠢᠬᠠᠨ ᠤᠯᠤᠰ ᠲᠥᠷᠥ ᠶ᠋ᠢᠨ ᠠᠮᠢ ᠠᠬᠤᠶ ᠶ᠋ᠢ ᠰᠠᠢᠲᠤᠷ ᠪᠠᠲᠤᠯᠠᠨ᠎ᠠ᠃