ᠤᠢ᠍ᠢᠷᠠᠳᠤ᠂ ᠶᠡᠷᠦᠩᠬᠡᠢ ᠱᠦᠵᠢ ᠰᠢ ᠵᠢᠨ ᠫᠢᠩᠦᠨ ᠠᠷᠪᠠᠨ ᠭᠤᠷᠪᠠᠳᠤᠭᠠᠷ
ᠬᠤᠭᠤᠴᠠᠭᠠᠨᠤ ᠪᠦᠬᠦ᠌ ᠤᠯᠤᠰᠤᠨ ᠠᠷᠠᠳᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠠᠪᠤᠳᠤᠭᠠᠷ
ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳᠦᠨ ᠪᠦᠯᠬᠦᠮᠦᠨ ᠬᠢᠨᠠᠨ ᠵᠥᠪᠯᠡᠬᠦ᠌ ᠳᠦ ᠣᠷᠣᠯᠴᠠᠬᠤ
ᠦᠶ᠎ᠡ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠬᠡᠷᠬᠢᠨ ᠭᠦᠨᠵᠡᠭᠡᠢ ᠰᠤᠷᠤᠯᠴᠠᠨ ᠣᠢᠯᠠᠭᠠᠵᠤ
ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ ᠨᠠᠮ
ᠤᠨ ᠬᠣᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠦᠨ ᠪᠠᠢᠩᠭᠤ ᠶ᠋ᠢᠨ ᠳᠡᠳ᠋ ᠳᠠᠷᠤᠭ᠎ᠠ᠂ ᠥᠪᠡᠷᠲᠡᠭᠡᠨ
ᠵᠠᠰᠠᠬᠤ ᠣᠷᠣᠨ ᠤ ᠦᠨᠳᠦᠰᠦᠲᠡᠨᠦ ᠬᠡᠷᠡᠭ ᠡᠷᠬᠢᠯᠡᠬᠦ᠌ ᠵᠥᠪᠯᠡᠯᠦᠨ ᠨᠠᠮᠤᠨ ᠤᠳᠤᠷᠢᠳᠭᠤ ᠳᠤᠭᠤᠢᠯᠠᠩᠤᠨ ᠱᠦᠵᠢ ᠸᠠᠩ ᠵᠢᠶᠦ᠋ᠨᠢ ᠰᠤᠷᠪᠤᠯᠵᠢᠯᠠᠪᠠ᠃
ᠸᠠᠩ ᠵᠢᠶᠦ᠋ᠨ᠂ ᠶᠡᠷᠦᠩᠬᠡᠶ ᠱᠦᠵᠢ ᠰᠢ ᠵᠢᠨ ᠫᠢᠩ ᠦᠨ ᠠᠷᠪᠠᠨ ᠭᠤᠷᠪᠠᠳᠤᠭᠠᠷ
ᠬᠤᠭᠤᠴᠠᠭᠠᠨ ᠤ ᠪᠥᠬᠥ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠠᠪᠤᠳᠤᠭᠠᠷ
ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳ ᠦᠨ ᠪᠦᠯᠬᠦᠮᠦᠨ ᠬᠢᠨᠠᠨ ᠵᠥᠪᠯᠡᠬᠦ᠌ ᠳᠦ ᠣᠷᠣᠯᠴᠠᠬᠤ
ᠦᠶ᠎ᠡ ᠶ᠋ᠢᠨ ᠴᠢᠬᠤᠯᠠ ᠶᠠᠷᠢᠶ᠎ᠠ ᠨᠢ ᠪᠥᠬᠥ᠌ ᠲᠠᠯ᠎ᠠ ᠪᠠ ᠠᠯᠤᠰ ᠬᠡᠲᠦ᠍ ᠶ᠋ᠢᠨ ᠬᠥᠭ᠌ᠵᠢᠯᠲᠡᠳᠦ ᠬᠣᠯᠪᠣᠭ᠍ᠳᠠᠬᠤ ᠴᠢᠬᠤᠯᠠ ᠶᠡᠬᠡ ᠠᠰᠠᠭᠤᠳᠠᠯ ᠢ ᠭᠦᠨᠵᠡᠭᠡᠶ
ᠲᠣᠳᠣᠷᠬᠠᠢᠯᠠᠨ ᠥᠭᠦᠯᠡᠵᠦ᠍᠂ 《ᠲᠠᠪᠤᠨ ᠵᠠᠢᠯᠠᠰᠢ ᠦᠬᠡᠢ ᠵᠠᠮᠨᠠᠬᠤ ᠵᠠᠮ 》 ᠤ᠋ᠨ ᠱᠢᠨᠵᠢᠯᠡᠬᠦ᠌ ᠤᠬᠠᠭᠠᠨᠴᠢ
ᠨᠤᠲᠠᠯᠠᠯᠲᠠ ᠶ᠋ᠢ ᠪᠦᠲᠦᠭᠡᠯᠴᠢ ᠴᠢᠨᠠᠷᠲᠠᠶ ᠪᠠᠷ ᠳᠤᠷᠠᠳᠴᠤ᠌᠂ 《ᠥᠩᠭᠡᠷᠡᠭ᠌ᠰᠡᠨ
ᠳᠦ ᠪᠢᠳᠡ ᠶᠠᠭᠠᠬᠢᠭᠠᠳ ᠠᠮᠵᠢᠯᠲᠠ ᠣᠯᠤᠭ᠍ᠰᠠᠨ》ᠢ ᠢᠯᠡᠷᠡᠭᠦᠯᠦᠭ᠌ᠰᠡᠨ
ᠪᠥᠭᠡᠳ ᠨᠠᠩ ᠴᠤ᠌ 《ᠢᠷᠡᠭᠡᠳᠦᠶ ᠳᠦ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ》 ᠶ᠋ᠢ ᠲᠣᠳᠣᠷᠬᠠᠶ ᠵᠢᠭᠠᠵᠤ᠂ ᠪᠢᠳᠡᠨ ᠦ ᠱᠢᠨ᠎ᠡ ᠠᠶᠠᠨ
ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ ᠳᠦ ᠭᠠᠪᠢᠶ᠎ᠠ ᠪᠠᠢᠭᠤᠯᠬᠤ ᠳᠤ ᠴᠢᠭ᠌ᠯᠡᠯ ᠢ
ᠲᠣᠳᠣᠷᠬᠠᠶ ᠵᠢᠭᠠᠵᠤ ᠥᠭ᠌ᠴᠡᠶ᠃ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ ᠮᠠᠨ ᠤ ᠣᠷᠣᠨ ᠤ ᠦᠨᠳᠦᠰᠦᠲᠡᠨ
ᠦ ᠠᠵᠢᠯ ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ ᠥᠭ᠌ᠴᠦ ᠱᠠᠭᠠᠷᠳᠠᠭ᠍ᠰᠠᠨ ᠨᠢ ᠪᠢᠳᠡᠨ ᠦ ᠨᠠᠮ
ᠤᠨ ᠦᠨᠳᠦᠰᠦᠲᠡᠨ ᠦ ᠣᠨᠣᠯ ᠦᠨᠳᠦᠰᠦᠲᠡᠨ ᠦ ᠲᠥᠷᠥ ᠶ᠋ᠢᠨ ᠪᠣᠳᠣᠯᠭ᠎ᠠ ᠶ᠋ᠢ ᠪᠦᠷᠢᠨ ᠪᠦᠲᠦᠨ ᠣᠨᠣᠪᠴᠢᠲᠠᠶ
ᠣᠢᠯᠠᠭᠠᠬᠤ ᠪᠠ ᠪᠥᠬᠥ᠌ ᠲᠠᠯ᠎ᠠ ᠪᠠᠷ ᠲᠤᠭᠤᠱᠢᠯᠠᠭᠤᠯᠤᠨ
ᠨᠠᠢᠳᠠᠪᠤᠷᠢᠵᠢᠭᠤᠯᠬᠤ᠂ ᠱᠢᠨ᠎ᠡ ᠴᠠᠭ ᠦᠶ᠎ᠡ ᠶ᠋ᠢᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ
ᠨᠠᠮ ᠤᠨ ᠦᠨᠳᠦᠰᠦᠲᠡᠨ ᠦ ᠠᠵᠢᠯ ᠤᠨ ᠴᠢᠨᠠᠷ ᠰᠠᠢᠲᠠᠶ ᠬᠥᠭ᠌ᠵᠢᠯᠲᠡᠶ᠋ᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭ᠌ᠯᠡᠭᠦᠷ ᠬᠠᠩᠭᠠᠪᠠ᠃ ᠦᠨᠳᠦᠰᠦᠲᠡᠨ ᠦ
ᠠᠵᠢᠯ ᠤᠨ ᠭᠣᠣᠯ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠭ᠍ᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠢᠷᠠᠭᠤ ᠠᠯᠲᠠᠷ ᠲᠠᠢ᠂ ᠬᠠᠷᠢᠭᠤᠴᠠᠯᠭ᠎ᠠ
ᠡᠭᠦᠷᠭᠡᠯᠡᠯ ᠬᠦᠨᠳᠦ ᠶᠡᠬᠡ ᠭᠡᠳᠡᠭ ᠢ ᠭᠦᠨ ᠮᠡᠳᠡᠷᠡᠵᠦ᠍᠂ ᠪᠢᠳᠡ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ
ᠶᠠᠷᠢᠶᠠᠨᠤ ᠵᠣᠷᠢᠭ ᠰᠠᠨᠠᠭᠠᠶ᠋ᠢ ᠭᠦᠨᠵᠡᠭᠡᠢ ᠰᠤᠷᠤᠯᠴᠠᠨ ᠣᠢᠯᠠᠭᠠᠵᠤ᠂ 《ᠬᠣᠶᠠᠷ ᠢ ᠲᠣᠭ᠍ᠲᠠᠭᠠᠬᠰᠠᠨ》 ᠢ᠋ ᠦᠨᠡᠨᠴᠢ ᠱᠢᠳᠤᠷᠭᠤ
ᠪᠠᠷ ᠬᠦᠷᠢᠶᠡᠯᠡᠵᠦ᠍᠂ 《ᠬᠣᠶᠠᠷ ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠦᠨᠳᠦᠰᠦᠲᠡᠨ ᠦ ᠪᠦᠯᠬᠦᠮᠳᠡᠯ ᠪᠣᠯᠤᠨ ᠬᠢᠯᠢ ᠬᠢᠵᠠᠭᠠᠷ
ᠤᠨ ᠠᠮᠤᠷ ᠲᠣᠭ᠍ᠲᠠᠭᠤᠨ ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ ᠶ᠋ᠢ ᠨᠡᠩ ᠤᠬᠠᠮᠰᠠᠷ ᠠᠴᠠ
ᠪᠠᠨ ᠡᠭᠦᠷᠭᠡᠯᠡᠵᠦ᠍᠂ ᠰᠠᠢᠲᠤᠷ ᠭᠦᠢᠴᠡᠳᠭᠡᠠ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ
ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠦᠨᠡᠨ ᠪᠣᠳᠠᠲᠤ ᠲᠦᠷᠦᠭ᠌ᠳᠡᠯ
ᠲᠡᠶ ᠪᠥᠭᠡᠳ ᠪᠦᠲᠦᠮᠵᠢᠲᠡᠢ ᠪᠡᠷ ᠡᠯ᠎ᠡ ᠵᠦᠢᠯ ᠦᠨ ᠠᠵᠢᠯ ᠢ ᠰᠠᠢᠲᠤᠷ ᠬᠢᠵᠦ᠍᠂ ᠳᠤᠮᠳᠠᠳᠤ ᠶ᠋ᠢᠨ ᠦᠨᠳᠦᠰᠦᠲᠡᠨ
ᠦ ᠬᠠᠮᠲᠤ ᠶ᠋ᠢᠨ ᠴᠣᠭ᠍ᠴᠠ ᠶ᠋ᠢᠨ ᠦᠵᠡᠯ ᠰᠠᠨᠠᠭᠠᠨ ᠤ ᠰᠠᠭᠤᠷᠢ ᠶ᠋ᠢ ᠲᠠᠰᠤᠷᠠᠯᠳᠠ ᠦᠭᠡᠢ ᠪᠡᠬᠢᠵᠢᠭᠦᠯᠵᠦ᠍᠂
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷᠢ ᠡᠷᠡᠰ ᠰᠠᠢᠲᠤᠷ ᠬᠠᠮᠠᠭᠠᠯᠠᠨ᠎ᠠ᠃
ᠨᠢᠭᠡ ᠳᠦ᠂ ᠶᠡᠷᠦᠩᠬᠡᠶ ᠱᠦᠵᠢ ᠰᠢ ᠵᠢᠨ ᠫᠢᠩ ᠦᠨ ᠴᠢᠬᠤᠯᠠ ᠶᠠᠷᠢᠶᠠᠨ ᠤ
ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠱᠢᠨ᠎ᠡ ᠴᠠᠭ ᠦᠶ᠎ᠡ ᠶ᠋ᠢᠨ ᠨᠠᠮ ᠤᠨ ᠦᠨᠳᠦᠰᠦᠲᠡᠨ
ᠦ ᠠᠵᠢᠯ ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ ᠵᠢᠡᠨ ᠦᠨᠡᠨ ᠬᠦ᠌ ᠴᠢᠩᠭᠠᠳᠭᠠᠨ᠎ᠠ᠃ ᠶᠡᠷᠦᠩᠬᠡᠢ ᠱᠦᠵᠢ ᠰᠢ ᠵᠢᠨ ᠫᠢᠩ᠂ ᠦᠨᠳᠦᠰᠦᠲᠡᠨ
ᠦ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨᠨᠦᠭᠦᠳ
ᠦᠨ ᠠᠷᠠᠳ ᠲᠦᠮᠡᠨ ᠦ ᠠᠮᠢᠨ ᠰᠤᠳᠠᠰᠤ ᠮᠥᠨ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ
ᠶ᠋ᠢᠨ ᠤᠬᠠᠮᠰᠠᠷ ᠪᠣᠯ ᠦᠨᠳᠦᠰᠦᠲᠡᠨ ᠦ ᠪᠦᠯᠬᠦᠮᠳᠡᠯ
ᠦᠨ ᠦᠨᠳᠦᠰᠦ ᠮᠥᠨ ᠬᠡᠵᠦ ᠴᠢᠬᠤᠯᠠᠴᠢᠯᠠᠵᠠᠢ᠃ ᠮᠠᠨ ᠤ ᠣᠷᠣᠨ ᠬᠢᠯᠢ ᠬᠢᠵᠠᠭᠠᠷ ᠤᠨ ᠦᠨᠳᠦᠰᠦᠲᠡᠨ ᠦ ᠭᠠᠵᠠᠷ
ᠣᠷᠣᠨ ᠪᠣᠯᠤᠭ᠍ᠰᠠᠨ ᠤ ᠬᠤᠪᠢ ᠳᠤ᠂ ᠦᠨᠳᠦᠰᠦᠲᠡᠨ ᠦ ᠬᠠᠷᠢᠴᠠᠭᠠᠶ᠋ᠢ ᠰᠠᠢᠲᠤᠷ ᠱᠢᠶ᠋ᠳᠪᠦᠷᠢᠯᠡᠵᠦ᠍᠂ ᠦᠨᠳᠦᠰᠦᠲᠡᠨ
ᠦ ᠠᠵᠢᠯ ᠢ ᠰᠠᠢᠲᠤᠷ ᠬᠢᠬᠦ᠌ ᠨᠢ ᠡᠬᠡ ᠤᠯᠤᠰ ᠤᠨ ᠨᠢᠭᠡᠳᠦᠯ ᠪᠠ ᠬᠢᠯᠢ ᠬᠢᠵᠠᠭᠠᠷᠤᠨ ᠪᠡᠬᠢᠵᠢᠯ ᠳᠦ ᠬᠣᠯᠪᠣᠭ᠍ᠳᠠᠠ᠂ ᠦᠨᠳᠦᠰᠦᠲᠡᠨ
ᠦ ᠪᠦᠯᠬᠦᠮᠳᠡᠯ ᠪᠠ ᠨᠡᠢᠭᠡᠮ ᠦᠨ ᠲᠣᠭ᠍ᠲᠠᠭᠤᠨᠳᠤ
ᠬᠣᠯᠪᠣᠭ᠍ᠳᠠᠵᠤ᠂ ᠤᠯᠤᠰ ᠤᠨ ᠥᠨᠢ ᠤᠳᠠᠭᠠᠨ ᠤ ᠠᠮᠤᠷ ᠲᠣᠭ᠍ᠲᠠᠭᠤᠨ ᠪᠠ ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ
ᠮᠠᠨᠳᠤᠯᠲᠠ ᠳᠤ ᠬᠣᠯᠪᠣᠭ᠍ᠳᠠᠨ᠂ ᠡᠷᠬᠡᠪᠰᠢ ᠢᠮᠠᠭ᠍ᠲᠠ ᠪᠠᠲᠤ ᠴᠡᠭᠡᠵᠢᠯᠡᠬᠦ᠌ 《ᠤᠯᠤᠰᠤᠨ ᠶᠡᠬᠡ ᠶᠠᠪᠤᠳᠠᠯ》 ᠪᠠᠢᠵᠤ᠂ ᠥᠪᠡᠷᠲᠡᠭᠡᠨ
ᠵᠠᠰᠠᠬᠤ ᠣᠷᠣᠨᠤ ᠬᠥᠭ᠌ᠵᠢᠯ ᠴᠡᠴᠡᠭ᠌ᠯᠡᠯᠦᠨ ᠰᠠᠭᠤᠷᠢ ᠴᠢᠯᠠᠭᠤ ᠮᠥᠨ᠃ ᠪᠢᠳᠡ ᠲᠤᠭ ᠲᠡᠮᠳᠡᠭ ᠲᠣᠳᠣᠷᠬᠠᠢ
ᠪᠠᠷ ᠤᠯᠤᠰ ᠲᠦᠷᠦ᠍ ᠶ᠋ᠢ ᠡᠷᠬᠢᠮᠯᠡᠵᠦ᠍᠂ ᠤᠯᠤᠰ ᠲᠦᠷᠦ᠍ ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍
ᠶ᠋ᠢᠨ ᠣᠢᠯᠠᠭᠠᠬᠤ ᠴᠢᠳᠠᠪᠤᠷᠢ ᠪᠣᠯᠤᠨ ᠤᠯᠤᠰ ᠲᠦᠷᠦ᠍ ᠶ᠋ᠢᠨ ᠬᠡᠷᠡᠭ᠌ᠵᠢᠭᠦᠯᠬᠦ᠌ ᠴᠢᠳᠠᠪᠤᠷᠢ ᠪᠠᠨ ᠳᠡᠭᠡᠭ᠌ᠰᠢᠯᠡᠭᠦᠯᠤᠨ᠂
ᠨᠠᠮ ᠤᠨ ᠦᠨᠳᠦᠰᠦᠲᠡᠨ ᠦ ᠠᠵᠢᠯ ᠢ ᠤᠯᠤᠰ ᠲᠦᠷᠦ᠍ ᠶ᠋ᠢᠨ ᠲᠠᠯ᠎ᠠ ᠠᠴᠠ ᠦᠵᠡᠵᠦ᠍᠂ ᠤᠯᠤᠰ ᠲᠦᠷᠦ᠍ ᠶ᠋ᠢᠨ
ᠲᠠᠯ᠎ᠠ ᠠᠴᠠ ᠬᠢᠵᠦ᠍᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨᠤ 《ᠭᠤᠷᠪᠠ ᠵᠢ ᠤᠬ᠍ᠳᠤ ᠬᠢᠬᠦ ᠦᠭᠡᠢ》᠂ 《ᠨᠢᠭᠡ ᠶ᠋ᠢ ᠴᠦ᠍ ᠤᠷᠬᠢᠬᠳᠠᠭᠤᠯᠬᠤ
ᠦᠭᠡᠢ》 ᠤᠯᠤᠰ ᠲᠦᠷᠦ᠍ ᠶ᠋ᠢᠨ ᠱᠠᠭᠠᠷᠳᠠᠯᠭ᠎ᠠ ᠶ᠋ᠢ ᠡᠷᠡᠰ ᠨᠠᠢᠳᠠᠪᠤᠷᠢᠵᠢᠭᠤᠯᠵᠤ᠂
ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ
ᠭᠠᠷᠭᠠᠵᠤ᠂ ᠨᠠᠮᠤᠨ ᠬᠣᠷᠢᠶ᠎ᠠ ᠵᠠᠰᠠᠭ ᠤᠨ ᠣᠷᠳᠣᠨ ᠤ ᠦᠨᠳᠦᠰᠦᠲᠡᠨ ᠦ ᠠᠵᠢᠯ ᠢ ᠠᠳᠭᠤᠬᠤ ᠰᠠᠢ᠌ᠨ ᠵᠥᠪᠯᠡᠭ᠌ᠴᠢ
ᠲᠤᠰᠠᠯᠠᠭ᠍ᠴᠢ ᠪᠣᠯᠬᠤ ᠬᠡᠷᠡᠭ᠌ᠲᠡᠢ᠃
ᠬᠣᠶᠠᠷ ᠲᠤ᠂ ᠶᠡᠷᠦᠩᠬᠡᠢ ᠱᠦᠵᠢ ᠰᠢ ᠵᠢᠨ ᠫᠢᠩ ᠦᠨ ᠦᠨᠳᠦᠰᠦᠲᠡᠨ ᠦ ᠠᠵᠢᠯ
ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶ᠋ᠢ ᠪᠦᠬᠦ᠌ ᠲᠠᠯ᠎ᠠ ᠪᠠᠷ᠂ ᠪᠦᠷᠢᠨ
ᠪᠦᠲᠦᠨ᠂ ᠣᠨᠣᠪᠴᠢᠲᠠᠢ ᠤᠢ᠍ᠢᠯᠠᠭᠠᠨ ᠡᠵᠡᠮᠱᠢᠬᠦ ᠬᠡᠷᠡᠭᠲᠠᠢ᠃ ᠪᠥᠬᠥ᠌ ᠣᠷᠣᠨ ᠤ ᠦᠨᠳᠦᠰᠦᠲᠡᠨ ᠦ ᠬᠡᠷᠡᠭ ᠡᠷᠭᠢᠯᠡᠬᠦ᠌
ᠵᠥᠪᠯᠡᠯ ᠦᠨ ᠱᠢᠰᠲ᠋ᠧᠮ ᠦᠨ ᠬᠢᠨ ᠶᠡᠷᠦᠩᠬᠡᠶ ᠱᠦᠵᠢ ᠰᠢ ᠵᠢᠨ ᠫᠢᠩ ᠦᠨ ᠦᠨᠳᠦᠰᠦᠲᠡᠨ ᠦ ᠠᠵᠢᠯ ᠢ ᠴᠢᠩᠭᠠᠳᠭᠠᠨ
ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭ᠌ᠯᠡᠬᠦ᠌ ᠶ᠋ᠢ
ᠴᠥᠬᠥᠷᠡᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ ᠦᠨ ᠴᠢᠬᠤᠯᠠ ᠶᠠᠷᠢᠶᠠᠨ ᠤ ᠵᠣᠷᠢᠭ
ᠰᠠᠨᠠᠭᠠᠶ᠋ᠢ ᠪᠥᠬᠥ᠌ ᠲᠠᠯ᠎ᠠ ᠪᠠᠷ ᠤᠢᠯᠠᠭᠠᠨ ᠡᠵᠡᠮᠱᠢᠵᠦ᠍᠂ ᠰᠤᠷᠤᠯᠴᠠᠨ ᠣᠢᠯᠠᠭᠠᠵᠤ ᠨᠡᠪᠲᠡᠷᠡᠲᠡᠯ᠎ᠡ
ᠤᠢᠯᠠᠭᠠᠨ ᠪᠣᠳᠠᠲᠠᠢᠵᠢᠭᠤᠯᠬᠤ ᠳᠡᠭᠡᠷ᠎ᠡ ᠦᠨᠡᠨ ᠬᠦ᠌ ᠬᠦᠴᠦ᠍ ᠲᠠᠯᠪᠢᠵᠤ᠂ ᠪᠣᠳᠠᠲᠤ ᠦᠷ᠎ᠡ ᠪᠦᠲᠦᠮᠵᠢ ᠶ᠋ᠢ
ᠡᠷᠬᠢᠮᠯᠡᠨ᠂ ᠦᠨᠡᠨ ᠬᠦ᠌ ᠪᠡᠶᠡᠯᠡᠭᠦᠯᠬᠦ᠌ ᠬᠡᠷᠡᠭ᠌ᠲᠡᠶ᠃ ᠲᠥᠪ ᠦᠨ ᠦᠨᠳᠦᠰᠦᠲᠡᠨ ᠦ ᠠᠵᠢᠯ ᠤᠨ ᠬᠤᠷᠠᠯ᠂
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠦᠨᠳᠦᠰᠦᠲᠡᠨ ᠦ ᠠᠵᠢᠯᠤᠨ ᠬᠤᠷᠠᠯ ᠤᠨ ᠵᠣᠷᠢᠭ
ᠰᠠᠨᠠᠭ᠎ᠠ ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪ ᠦᠨ ᠲᠣᠭᠣᠷᠢᠨ ᠪᠠᠢᠴᠠᠭᠠᠵᠤ
ᠬᠠᠷᠢᠭᠤ ᠲᠤᠰᠭᠠᠭ᠍ᠰᠠᠨ ᠰᠠᠨᠠᠯ ᠦᠨᠳᠦᠰᠦᠲᠡᠨ ᠦ ᠠᠵᠢᠯ ᠤᠨ ᠲᠤᠰᠭᠠᠶ ᠴᠡᠭ᠌ᠴᠡᠯᠡᠨ ᠵᠠᠰᠠᠯᠲᠠ ᠶ᠋ᠢ ᠦᠷᠭᠦᠯᠵᠢᠯᠡᠨ
ᠰᠠᠢᠲᠤᠷ ᠠᠳᠭᠤᠨ᠎ᠠ᠃ ᠪᠥᠬᠥ᠌ ᠣᠷᠣᠨ ᠤ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠳᠦ 《ᠴᠢᠳᠠᠪᠤᠷᠢ ᠬᠡᠪ ᠴᠢᠨᠠᠷ ᠢ ᠳᠡᠭᠡᠭ᠌ᠰᠢᠯᠡᠭᠦᠯᠬᠦ᠌ ᠣᠨ》 ᠤ᠋ ᠪᠠᠢᠭᠤᠯᠤᠯᠲᠠ ᠶ᠋ᠢᠨ ᠠᠵᠢᠯᠯᠠᠭ᠎ᠠ ᠶ᠋ᠢ ᠱᠢᠰᠲ᠋ᠧᠮ ᠲᠡᠶ ᠪᠠᠢᠷᠢᠯᠠᠭᠤᠯᠤᠨ ᠥᠷᠨᠢᠭᠦᠯᠵᠦ᠍᠂ ᠣᠨᠣᠯ
ᠤᠨ ᠶᠡᠬᠡ ᠰᠤᠷᠤᠯᠴᠠᠯᠭ᠎ᠠ᠂ ᠪᠥᠬᠥ᠌ ᠠᠵᠢᠯᠲᠠᠨ ᠤ ᠶᠡᠬᠡ ᠪᠣᠯᠪᠠᠰᠤᠷᠠᠯ ᠢᠶᠠᠷ ᠳᠠᠮᠵᠢᠭᠤᠯᠤᠨ᠂ ᠪᠥᠬᠥ᠌ ᠣᠷᠣᠨ
ᠤ ᠦᠨᠳᠦᠰᠦᠲᠡᠨ ᠦ ᠬᠡᠷᠡᠭ ᠡᠷᠭᠢᠯᠡᠬᠦ᠌ ᠵᠥᠪᠯᠡᠯᠦᠨ ᠱᠢᠰᠲ᠋ᠧᠮ ᠦᠨ ᠺᠠᠳ᠋ᠷᠴᠤᠳ ᠤᠨ ᠤᠯᠤᠰ ᠲᠥᠷᠥ ᠶ᠋ᠢᠨ
ᠬᠡᠪ ᠴᠢᠨᠠᠷ᠂ ᠰᠣᠶᠣᠯ ᠤᠨ ᠬᠡᠪ ᠪᠣᠯᠪᠠᠰᠤᠷᠠᠯ᠂ ᠠᠵᠢᠯ ᠤᠨ ᠴᠢᠳᠠᠪᠤᠷᠢ ᠪᠠ ᠣᠶᠤᠨ ᠰᠠᠨᠠᠭᠠᠨ ᠤ ᠪᠠᠢᠳᠠᠯ ᠢ ᠪᠥᠬᠥ᠌ ᠲᠠᠯ᠎ᠠ ᠪᠠᠷ
ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ ᠳᠦ ᠦᠨᠳᠦᠰᠦᠲᠡᠨᠦ ᠠᠵᠢᠯ ᠤᠨ ᠰᠠᠯᠠᠭ᠎ᠠ ᠮᠥᠴᠢᠷ ᠦᠨ ᠣᠶᠤᠨ
ᠰᠠᠨᠠᠭᠠᠨ ᠤ ᠳᠦᠷᠰᠦ ᠪᠠᠢᠳᠠᠯ ᠪᠠ ᠬᠠᠷᠢᠭᠤᠴᠠᠯᠭ᠎ᠠ ᠡᠭᠦᠷᠭᠡᠯᠡᠯ
ᠢ ᠢᠯᠡᠷᠡᠭᠦᠯᠦᠨ᠎ᠡ᠃
ᠭᠤᠷᠪᠠ ᠳᠤ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ
ᠶ᠋ᠢᠨ ᠤᠬᠠᠮᠰᠠᠷ ᠢ ᠪᠠᠲᠤ ᠴᠣᠭ᠍ᠴᠠᠯᠠᠬᠤ ᠡᠯ᠎ᠡ ᠵᠦᠢᠯ ᠦᠨ ᠠᠵᠢᠯ ᠢ ᠪᠣᠳᠠᠲᠤ ᠲᠦᠷᠦᠭ᠌ᠳᠡᠯ ᠲᠡᠶ ᠪᠦᠲᠦᠮᠵᠢᠲᠡᠢ
ᠰᠠᠢᠲᠤᠷ ᠬᠢᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ ᠦᠨ ᠬᠦᠰᠡᠯ ᠨᠠᠢᠳᠠᠯᠭ᠎ᠠ ᠶ᠋ᠢ ᠴᠠᠭ ᠢᠮᠠᠭ᠍ᠲᠠ
ᠪᠠᠲᠤ ᠴᠡᠭᠡᠵᠢᠯᠡᠵᠦ᠍᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ
ᠪᠠᠲᠤ ᠴᠣᠭ᠍ᠴᠠᠯᠠᠬᠤ ᠡᠯ᠎ᠡ ᠵᠦᠢᠯ ᠦᠨ ᠠᠵᠢᠯ ᠢ ᠪᠣᠳᠠᠲᠠᠢ ᠠᠳᠭᠤᠵᠤ ᠨᠠᠷᠢᠯᠢᠭ ᠬᠢᠬᠦ᠌ ᠬᠡᠷᠡᠭ᠌ᠲᠡᠢ᠃ ᠳᠤᠮᠳᠠᠳᠤ
ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠭᠣᠣᠯ ᠰᠡᠳᠦᠪᠲᠦ
ᠤᠬᠠᠭᠤᠯᠭ᠎ᠠ ᠶ᠋ᠢᠨ ᠠᠵᠢᠯᠯᠠᠭᠠᠶ᠋ᠢ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨᠦ ᠲᠥᠷᠥ ᠶ᠋ᠢᠨ
ᠪᠣᠳᠣᠯᠭᠠᠶ᠋ᠢᠨ ᠤᠬᠠᠭᠤᠯᠭ᠎ᠠ ᠶ᠋ᠢᠨ ᠰᠠᠷ᠎ᠠ᠂ ᠦᠨᠳᠦᠰᠦᠲᠡᠨᠦ ᠪᠦᠯᠬᠦᠮᠳᠡᠯ ᠳᠠᠪᠱᠢᠯᠲᠠ ᠶ᠋ᠢᠨ ᠠᠵᠢᠯᠯᠠᠭ᠎ᠠ
ᠶ᠋ᠢᠨ ᠰᠠᠷ᠎ᠠ ᠪᠠ ᠦᠨᠳᠦᠰᠦᠲᠡᠨ ᠦ ᠬᠠᠤᠯᠢᠵᠢᠯᠤᠨ ᠤᠬᠠᠭᠤᠯᠭᠠᠶ᠋ᠢᠨ ᠭᠠᠷᠠᠭ ᠤᠨ ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ᠍᠂ ᠳᠤᠮᠳᠠᠳᠤ ᠶ᠋ᠢᠨ ᠦᠨᠳᠦᠰᠦᠲᠡᠨ ᠦ ᠬᠠᠮᠲᠤ
ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠬᠢᠯᠢ ᠬᠢᠵᠠᠭᠠᠷ ᠤᠨ ᠠᠶᠠᠯᠠᠯ ᠤᠨ ᠭᠣᠣᠯ ᠰᠡᠳᠦᠪᠲᠦ
ᠤᠬᠠᠭᠤᠯᠭ᠎ᠠ ᠶ᠋ᠢᠨ ᠠᠵᠢᠯᠯᠠᠭ᠎ᠠ ᠶ᠋ᠢ ᠥᠷᠨᠢᠭᠦᠯᠵᠦ᠍᠂ 《ᠳᠤᠮᠳᠠᠳᠤ ᠶ᠋ᠢᠨ ᠦᠨᠳᠦᠰᠦᠲᠡᠨ
ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠭᠡᠯ (ᠥᠪᠥᠷ ᠮᠣᠩᠭᠣᠯ ᠤᠨ ᠪᠣᠲᠢ )》ᠢ ᠨᠠᠢᠷᠠᠭᠤᠯᠤᠨ
ᠪᠢᠴᠢᠵᠦ᠍᠂ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢᠨ ᠬᠥᠮᠦᠵᠢᠯ ᠢ ᠠᠮᠢᠳᠤᠯᠢᠭ ᠪᠣᠳᠠᠲᠠᠢ ᠪᠠᠷ
ᠰᠠᠢᠲᠤᠷ ᠠᠳᠭᠤᠨ᠎ᠠ᠃ 《 ᠥᠪᠥᠷ ᠮᠣᠩᠭᠣᠯ ᠤᠨ ᠥᠪᠡᠷᠲᠡᠭᠡᠨ ᠵᠠᠰᠠᠬᠤ
ᠣᠷᠣᠨ ᠤ ᠦᠨᠳᠦᠰᠦᠲᠡᠨᠦ ᠪᠦᠯᠬᠦᠮᠳᠡᠯ ᠳᠠᠪᠱᠢᠯᠲᠠᠶ᠋ᠢ ᠠᠬᠢᠭᠤᠯᠬᠤ ᠲᠦᠷᠢᠮ》 ᠢ ᠰᠠᠢᠲᠤᠷ ᠨᠠᠢᠳᠠᠪᠤᠷᠢᠵᠢᠭᠤᠯᠵᠤ᠂
《ᠦᠨᠳᠦᠰᠦᠲᠡᠨ ᠨᠦᠭᠦᠳᠦᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ
ᠤ ᠲᠥᠯᠥᠪᠯᠡᠭᠡ》᠂ 《ᠦᠨᠳᠦᠰᠦᠲᠡᠨᠨᠦᠭᠦᠳ
ᠦᠨ ᠣᠯᠠᠨ ᠲᠦᠮᠡᠨ ᠦ ᠬᠠᠷᠢᠯᠴᠠᠨ ᠱᠢᠭᠢᠳᠭᠡᠬᠦ᠌ ᠮᠠᠶᠢᠭ ᠤᠨ ᠬᠥᠭ᠌ᠵᠢᠯᠲᠡ ᠶ᠋ᠢᠨ ᠲᠥᠯᠥᠪᠯᠡᠭᠡ 》᠂ 《 ᠵᠢᠭᠤᠯᠴᠢᠯᠠᠯ ᠢᠶᠠᠷ ᠦᠨᠳᠦᠰᠦᠲᠡᠨᠨᠦᠭᠦᠳ
ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ》 ᠵᠡᠷᠭᠡ ᠲᠤᠰᠭᠠᠶ ᠠᠵᠢᠯᠯᠠᠭ᠎ᠠ ᠶ᠋ᠢ ᠨᠠᠢᠳᠠᠪᠤᠷᠢᠵᠢᠭᠤᠯᠬᠤ ᠶ᠋ᠢ ᠠᠬᠢᠭᠤᠯᠤᠨ᠂ ᠬᠣᠲᠠ
ᠶ᠋ᠢᠨ ᠦᠨᠳᠦᠰᠦᠲᠡᠨ ᠦ ᠠᠵᠢᠯ ᠢ ᠴᠢᠩᠭᠠᠳᠭᠠᠨ ᠰᠠᠢᠵᠢᠷᠠᠭᠤᠯᠤᠨ᠎ᠠ᠃ ᠬᠢᠯᠢ ᠬᠢᠵᠠᠭᠠᠷ ᠢ ᠪᠡᠬᠢᠵᠢᠭᠦᠯᠦᠨ
ᠬᠢᠯᠢ ᠬᠢᠵᠠᠭᠠᠷ ᠢ ᠬᠥᠭ᠌ᠵᠢᠭᠦᠯᠵᠦ᠍ ᠠᠷᠠᠳ ᠢ ᠪᠠᠶᠠᠵᠢᠭᠤᠯᠬᠤ ᠠᠵᠢᠯᠯᠠᠭ᠎ᠠ ᠶ᠋ᠢ ᠭᠦᠨᠵᠡᠭᠡᠶ ᠠᠬᠢᠭᠤᠯᠵᠤ᠂
ᠦᠨᠳᠦᠰᠦᠲᠡᠨ ᠦ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠦᠷ᠎ᠡ ᠪᠦᠲᠦᠭᠡᠯ
ᠢ ᠪᠡᠬᠢᠵᠢᠭᠦᠯᠦᠨ ᠥᠷᠭᠡᠳᠭᠡᠬᠦ᠌ ᠶ᠋ᠢ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤᠯᠤᠭᠠ ᠪᠦᠲᠦᠮᠵᠢᠲᠡᠶ
ᠵᠣᠯᠭᠠᠭᠤᠯᠬᠤ ᠶ᠋ᠢ ᠪᠥᠬᠥ᠌ ᠲᠠᠯ᠎ᠠ ᠪᠠᠷ ᠠᠬᠢᠭᠤᠯᠵᠤ᠂ ᠦᠨᠳᠦᠰᠦᠲᠡᠨᠨᠦᠭᠦᠳ ᠦᠨ ᠣᠯᠠᠨ ᠲᠦᠮᠡᠨ ᠢ ᠬᠥᠲᠥᠯᠥᠨ
ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ ᠢᠶᠠᠨ ᠬᠠᠮᠲᠤᠳᠭᠠᠬᠤ᠂ ᠠᠯᠳᠠᠷ ᠭᠤᠲᠤᠮᠱᠢᠭ ᠢᠶᠠᠨ ᠬᠠᠮᠲᠤᠳᠭᠠᠬᠤ᠂
ᠦᠬᠦᠵᠦ᠍ ᠰᠡᠭᠡᠬᠦ᠌ ᠪᠡᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠭᠠᠬᠤ ᠬᠠᠮᠲᠤ ᠶ᠋ᠢᠨ ᠴᠣᠭ᠍ᠴᠠ
ᠶ᠋ᠢᠨ ᠤᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠨ᠎ᠠ᠃
ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠬᠤ ᠶᠠᠰᠤ
ᠴᠢᠨᠠᠷᠢ ᠳᠡᠭᠡᠭ᠌ᠰᠢᠯᠡᠭᠦᠯᠬᠦ᠌ ᠲᠥᠯᠥᠪᠯᠡᠭᠡ ᠪᠠ ᠦᠨᠳᠦᠰᠦᠲᠡᠨ
ᠦ ᠪᠦᠯᠬᠦᠮᠳᠡᠯ ᠳᠠᠪᠱᠢᠯᠲᠠ ᠶ᠋ᠢ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠢᠨᠵᠧᠨᠧᠷᠢᠩ ᠢ ᠭᠦᠨᠵᠡᠭᠡᠶ
ᠬᠡᠷᠡᠭ᠌ᠵᠢᠭᠦᠯᠵᠦ᠍᠂ ᠬᠢᠩᠭᠠᠨ ᠠᠢᠮᠠᠭ ᠤᠨ ᠪᠥᠬᠥ᠌ ᠤᠯᠤᠰ ᠤᠨ ᠦᠨᠳᠦᠰᠦᠲᠡᠨ ᠦ ᠪᠦᠯᠬᠦᠮᠳᠡᠯ ᠦᠨ ᠵᠢᠱ᠌ᠢᠶ᠎ᠡ
ᠦᠵᠡᠭᠦᠯᠬᠦ᠌ ᠠᠢᠮᠠᠭ ᠤᠨ ᠠᠮᠵᠢᠯᠲᠠ ᠲᠠᠶ ᠲᠤᠷᠱᠢᠯᠭ᠎ᠠ ᠶ᠋ᠢ ᠳ᠋ᠦᠩᠨᠡᠨ ᠳᠡᠯᠭᠡᠷᠡᠭᠦᠯᠵᠦ᠍᠂ ᠦᠨᠳᠦᠰᠦᠲᠡᠨ
ᠦ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠬᠤ ᠠᠵᠢᠯ ᠤᠨ ᠶᠠᠰᠤ ᠴᠢᠨᠠᠷᠢ ᠳᠡᠭᠡᠭ᠌ᠰᠢᠯᠡᠭᠦᠯᠦᠨ
ᠦᠷ᠎ᠡ ᠠᠱᠢᠭᠢ ᠨᠡᠮᠡᠭ᠌ᠳᠡᠭᠦᠯᠬᠦ᠌ᠶ᠋ᠢ ᠠᠬᠢᠭᠤᠯᠵᠤ᠂ ᠦᠨᠳᠦᠰᠦᠲᠡᠨᠨᠦᠭᠦᠳᠦᠨ ᠳᠤᠮᠳᠠᠳᠤ ᠶ᠋ᠢᠨ ᠦᠨᠳᠦᠰᠦᠲᠡᠨ
ᠦ ᠶᠡᠬᠡ ᠬᠡᠷ ᠪᠦᠯᠢ ᠳᠦ ᠠᠨᠠᠷ ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠶ᠋ᠢ ᠠᠬᠢᠭᠤᠯᠵᠤ᠂ ᠠᠭᠤᠤ
ᠶᠡᠬᠡ ᠡᠬᠡ ᠤᠯᠤᠰ ᠢᠶᠠᠨ ᠬᠠᠮᠲᠤ ᠪᠠᠷ ᠪᠥᠲᠥᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ ᠢᠶᠠᠨ ᠬᠠᠮᠲᠤᠪᠠᠷ
ᠴᠣᠭ᠍ᠴᠠᠯᠠᠨ ᠪᠠᠢᠭᠤᠯᠵᠤ᠂ ᠪᠣᠳᠠᠲᠤ ᠠᠵᠢᠯᠯᠠᠭ᠎ᠠᠪᠠᠷ ᠢᠶᠠᠨ ᠨᠠᠮ ᠤᠨ ᠬᠣᠷᠢᠳᠤᠭᠠᠷ ᠶᠡᠬᠡ ᠬᠤᠷᠠᠯ ᠤᠨ
ᠠᠮᠵᠢᠯᠲᠠ ᠲᠠᠶ ᠬᠤᠷᠠᠯᠳᠤᠬᠤᠶ᠋ᠢ ᠤᠭᠲᠤᠨᠡ ᠭᠡᠵᠦ ᠢᠯᠡᠷᠭᠡᠢᠯᠡᠪᠡ᠃