ᠢᠯᠢ ᠣᠳᠣ ᠦᠶ᠎ᠡ ᠵᠢᠨ ᠣᠶᠤᠨᠳᠤ ᠡᠷᠡᠭᠦᠯ ᠮᠡᠨᠳᠦ ᠵᠢᠨ ᠬᠦᠨᠳᠠᠢ ᠵᠢᠨ ᠪᠦᠲᠦᠭᠡᠨ ᠪᠠᠢᠭᠤᠯᠤᠯᠲᠠ ᠢᠳᠡ ᠬᠦᠭ ᠳᠠᠢ ᠶᠠᠪᠤᠭᠳᠠᠵᠤ ᠪᠠᠢᠨ᠎ᠠ
2022-04-18 09:53:25
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠪᠤᠯᠤᠨ ᠬᠥᠬᠡᠬᠣᠲᠠ ᠬᠣᠶᠠᠷ ᠱᠠᠲᠤᠨ ᠤ᠋《ᠠᠷᠪᠠᠨ ᠳᠥᠷᠪᠡᠳᠦᠭᠡᠷ ᠲᠠᠪᠤᠨ ᠵᠢᠯ》ᠦ᠋ᠨ ᠲᠥᠯᠥᠪᠵᠢᠭᠦᠯᠭᠡ ᠵᠢᠨ ᠴᠢᠬᠤᠯᠠ ᠶᠡᠬᠡ ᠲᠥᠷᠥᠯ ᠵᠦᠢᠯ ᠪᠤᠯᠬᠤ ᠢᠯᠢ ᠣᠳᠣ ᠦᠶ᠎ᠡ ᠵᠢᠨ ᠤᠶᠤᠨᠳᠦ ᠡᠷᠡᠭᠦᠯ ᠮᠡᠨᠳᠦ ᠵᠢᠨ ᠬᠦᠨᠳᠠᠢ ᠵᠢᠨ ᠲᠥᠷᠥᠯ ᠵᠦᠢᠯ ᠢ᠋ ᠪᠠᠷᠢᠯᠭ᠎ᠠ ᠡᠬᠢᠯᠡᠭᠦᠯᠵᠤ ᠪᠦᠲᠦᠭᠡᠨ ᠪᠠᠢᠭᠤᠯᠤᠭᠰᠠᠨ ᠡᠴᠡ ᠨᠡᠭᠠᠰᠢ᠂ ᠰᠦ ᠵᠢᠨ ᠢᠷᠡᠯᠲᠡ ᠵᠢᠨ ᠰᠠᠭᠤᠷᠢᠨ᠂ ᠠᠵᠤ ᠦᠢᠯᠡᠳᠪᠦᠷᠢ ᠵᠢᠨ ᠲᠥᠷᠥᠯ ᠵᠦᠢᠯ ᠵᠢᠴᠢ ᠪᠦᠬᠦ ᠬᠡᠯᠬᠢᠶ᠎ᠡ ᠵᠢᠨ ᠢᠵᠢ ᠪᠦᠷᠢᠳᠦᠭᠦᠯᠬᠦ ᠠᠵᠤ ᠦᠢᠯᠡᠰ᠎ᠦ᠋ᠨ ᠲᠥᠷᠥᠯ ᠵᠦᠢᠯ᠂ ᠤᠯᠤᠰ ᠤ᠋ᠨ ᠴᠠᠭᠠᠨ ᠢᠳᠡᠭᠡᠨ ᠤ᠋ ᠦᠢᠯᠡᠰ ᠦ᠋ᠨ ᠮᠡᠷᠭᠡᠵᠢᠯ ᠦ᠋ᠨ ᠰᠢᠨ᠎ᠡ ᠵᠢ ᠡᠭᠦᠳᠬᠦ ᠲᠥᠪ ᠵᠡᠷᠭᠡ ᠲᠥᠷᠥᠯ ᠵᠦᠢᠯ ᠢ᠋ ᠵᠡᠷᠭᠡ ᠪᠠᠷ ᠠᠬᠢᠭᠤᠯᠵᠤ᠂ ᠰᠠᠭᠤᠷᠢ ᠲᠦᠭᠦᠭᠡᠷᠦᠮᠵᠢ ᠵᠢᠴᠢ ᠣᠯᠠᠨ ᠨᠡᠢᠲᠡ ᠵᠢᠨ ᠦᠢᠯᠡᠴᠢᠯᠡᠭᠡᠨ ᠤ᠋ ᠢᠵᠢ ᠪᠦᠷᠢᠳᠦᠭᠦᠯᠬᠦ ᠲᠦᠭᠦᠭᠡᠷᠦᠮᠵᠢ ᠵᠢ ᠵᠠᠯᠭᠠᠭ᠎ᠠ ᠪᠠᠷ ᠪᠠᠷᠢᠯᠭ᠎ᠠ ᠡᠬᠢᠯᠡᠬᠦᠯᠵᠤ᠂ ᠲᠦᠯᠦᠪᠯᠡᠬᠡ ᠶᠤᠰᠤᠭᠠᠷ ᠯᠠᠪᠳᠠᠭᠤᠨ ᠪᠠᠳᠤᠳᠠᠢ ᠠᠬᠢᠭᠤᠯᠵᠤ ᠪᠠᠢᠨ᠎ᠠ ᠃

ᠤᠳᠤᠬᠠᠨ ᠳ᠋ᠤ ᠂ ᠢᠯᠢ ᠣᠳᠣ ᠦᠶ᠎ᠡ ᠵᠢᠨ ᠤᠶᠤᠨᠳᠤ ᠡᠷᠡᠭᠦᠯ ᠮᠡᠨᠳᠦ ᠵᠢᠨ ᠬᠦᠨᠳᠠᠢ ᠵᠢᠨ ᠰᠢᠩᠭᠡᠨ ᠲᠦᠯᠤᠪᠲᠤ ᠰᠦ ᠵᠢᠨ ᠲᠦᠷᠦᠯ ᠵᠦᠢᠯ ᠦ᠋ᠨ ᠪᠠᠷᠢᠯᠭ᠎ᠠ ᠵᠢᠨ ᠠᠵᠢᠯ ᠤ᠋ᠨ ᠭᠠᠵᠠᠷ ᠲᠦ᠍ ᠡᠳᠦᠷ ᠪᠦᠷᠢ 2000 ᠰᠢᠬᠠᠮ ᠠᠵᠢᠯᠴᠢᠨ ᠪᠠᠴᠢᠮ ᠶᠠᠭᠠᠷᠠᠯᠳᠠᠢ ᠠᠵᠢᠯᠯᠠᠵᠤ᠂ ᠡᠯ᠎ᠡ ᠳᠠᠩ ᠴᠣᠭᠴᠠᠲᠤ ᠪᠠᠷᠢᠯᠭ᠎ᠠ ᠵᠢ ᠪᠢᠲᠡᠭᠦᠯᠡᠬᠦ ᠠᠵᠢᠯ ᠨᠢᠭᠡᠨᠲᠡ ᠳᠠᠭᠤᠰᠴᠠᠢ᠃ 《ᠦᠨᠢᠶᠡᠨ ᠰᠦ ᠵᠢ ᠤᠷᠢᠳᠴᠢᠯᠠᠨ ᠰᠢᠢᠳᠪᠦᠷᠢᠯᠡᠬᠦ ᠲᠥᠬᠥᠭᠡᠷᠦᠮᠵᠢ ᠵᠢ ᠤᠭᠰᠠᠷᠠᠬᠤ ᠠᠵᠢᠯ ᠤ᠋ᠨ 90% ᠵᠢ ᠪᠡᠶᠡᠯᠡᠭᠦᠯᠵᠤ᠂ ᠤᠭᠰᠠᠷᠠᠵᠤ ᠲᠣᠬᠢᠷᠠᠭᠤᠯᠬᠤ ᠪᠠ ᠠᠰᠢᠭᠯᠠᠯᠲᠠ ᠳ᠋ᠦ᠍ ᠣᠷᠣᠭᠤᠯᠬᠤ ᠡᠴᠡ ᠡᠮᠦᠨᠡᠬᠢ ᠪᠡᠯᠡᠳᠭᠡᠯ ᠠᠵᠢᠯ ᠢ᠋ ᠡᠨᠡ ᠵᠢᠯ ᠦ᠋ᠨ 5 ᠰᠠᠷ᠎ᠠ ᠵᠢᠨ ᠰᠡᠭᠦᠯᠴᠢ ᠪᠡᠷ ᠳᠠᠭᠤᠰᠭᠠᠬᠤ ᠪᠤᠯᠤᠨ᠎ᠠ》 ᠭᠡᠵᠤ ᠢᠯᠢ ᠣᠳᠣ ᠦᠶ᠎ᠡ ᠵᠢᠨ ᠣᠶᠤᠨᠲᠤ ᠡᠷᠡᠭᠦᠯ ᠮᠡᠨᠳᠦ ᠵᠢᠨ ᠬᠦᠨᠳᠠᠢ ᠵᠢᠨ ᠱᠢᠩᠭᠡᠨ ᠲᠦᠯᠤᠪᠲᠤ ᠰᠦ ᠵᠢᠨ ᠲᠥᠷᠥᠯ ᠵᠦᠢᠯ᠎ᠦ᠋ᠨ ᠢᠨᠵᠧᠨᠧᠷ ᠪᠠᠶᠠᠰᠬᠤᠯᠠᠩ ᠲᠠᠨᠢᠯᠴᠠᠭᠤᠯᠤᠨ᠎ᠠ᠃ ᠤᠢᠯᠠᠭᠠᠭᠰᠠᠨ ᠵᠢᠨᠷ᠂ ᠢᠯᠢ ᠣᠳᠣ ᠦᠶ᠎ᠡ ᠵᠢᠨ ᠤᠶᠤᠨᠳᠤ ᠡᠷᠡᠭᠦᠯ ᠮᠡᠨᠳᠦ ᠵᠢᠨ ᠬᠦᠨᠳᠠᠢ ᠵᠢᠨ ᠰᠢᠩᠭᠡᠨ ᠲᠦᠯᠤᠪᠲᠤ ᠰᠦ ᠵᠢᠨ ᠲᠥᠷᠥᠯ ᠵᠦᠢᠯ ᠪᠤᠯ ᠠᠵᠤ ᠦᠢᠯᠡᠳᠪᠦᠷᠢ ᠵᠢᠨ ᠢᠨᠲ᠋ᠸᠷ ᠰᠦᠯᠵᠢᠶ᠎ᠡ᠂ 5G ᠂ BIM ᠵᠢ ᠤᠶᠠᠯᠳᠤᠭᠤᠯᠬᠤ ᠮᠡᠷᠭᠡᠵᠢᠯ ᠳ᠋ᠦ᠍ ᠲᠦᠰᠢᠭᠯᠡᠨ ᠳᠡᠯᠡᠬᠡᠢ ᠵᠢᠨ ᠲᠡᠷᠢᠭᠦᠨ ᠤ᠋ ᠲᠣᠭᠠᠴᠢᠯᠠᠭᠰᠠᠨ ᠦᠢᠯᠡᠳᠪᠦᠷᠢ ᠵᠢ ᠪᠠᠢᠭᠤᠯᠵᠤ ᠂ ᠪᠦᠬᠦ ᠳᠡᠯᠡᠬᠡᠢ ᠵᠢᠨ ᠳᠠᠩ ᠴᠣᠭᠴᠠ ᠵᠢᠨ ᠬᠡᠪᠴᠢᠶ᠎ᠡ ᠪᠠᠷ ᠬᠠᠮᠤᠭ ᠤ᠋ᠨ ᠶᠡᠬᠡ ᠂ ᠠᠦ᠋ᠲ᠋ᠣᠴᠢᠯᠠᠭᠰᠠᠨ ᠲᠦᠪᠰᠢᠨ ᠵᠢᠡᠷ ᠬᠠᠮᠤᠭ ᠤ᠋ᠨ ᠥᠨᠳᠥᠷ ᠂ ᠪᠣᠬᠢᠷᠲᠤᠯ ᠥᠬᠡᠢ ᠣᠷᠴᠢᠨ ᠳᠤᠭᠤᠷᠢᠨ ᠢ᠋ ᠬᠠᠮᠠᠭᠠᠯᠠᠬᠤ ᠣᠶᠤᠨᠴᠢ ᠦᠢᠯᠡᠳᠬᠦ ᠲᠥᠷᠥᠯ ᠵᠦᠢᠯ ᠪᠣᠯᠤᠨ᠎ᠠ ᠃

ᠢᠯᠢ ᠣᠳᠣ ᠦᠶ᠎ᠡ ᠵᠢᠨ ᠤᠶᠤᠨᠳᠦ ᠡᠷᠡᠭᠦᠯ ᠮᠡᠨᠳᠦ ᠵᠢᠨ ᠬᠦᠨᠳᠠᠢ ᠪᠣᠯ ᠢᠯᠢ ᠪᠦᠯᠦᠭᠯᠡᠯ ᠦ᠋ᠨ ᠥᠨᠳᠥᠷ ᠭᠠᠷᠤᠭ᠎ᠠ ᠡᠴᠡ ᠲᠥᠯᠥᠪᠵᠢᠭᠦᠯᠦᠨ ᠪᠠᠢᠭᠤᠯᠤᠭᠰᠠᠨ ᠣᠶᠤᠨᠴᠢ ᠦᠢᠯᠡᠳᠭᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦ᠋ᠨ ᠰᠢᠨ᠎ᠡ ᠡᠬᠦᠳᠦᠯᠳᠡ᠂ ᠠᠵᠤ ᠦᠢᠯᠡᠳᠪᠦᠷᠢ ᠵᠢᠨ ᠵᠢᠭᠤᠯᠴᠢᠯᠠᠯ᠂ ᠬᠤᠳᠠᠯᠳᠤᠭ᠎ᠠ ᠵᠢ ᠨᠢᠭᠡ ᠴᠤᠬᠴᠠᠵᠢᠭᠤᠯᠤᠬᠰᠠᠨ ᠪᠦᠬᠦ ᠲᠠᠯᠡᠬᠡᠢ ᠵᠢᠨ ᠲᠡᠷᠢᠭᠦᠨ ᠤ᠋ ᠴᠠᠭᠠᠨ ᠢᠳᠡᠭᠡᠨ ᠤ᠋ ᠦᠢᠯᠡᠰ᠎ᠦ᠋ᠨ ᠴᠢᠨᠠᠷ ᠰᠠᠢᠲᠠᠢ ᠬᠥᠭᠵᠢᠯᠲᠡ ᠵᠢᠨ ᠶᠡᠷᠦᠩᠬᠡᠢᠯᠡᠭᠰᠡᠨ ᠴᠣᠭᠴᠠ ᠪᠣᠯᠤᠨ᠎ᠠ᠃ ᠲᠥᠷᠥᠯ ᠵᠦᠢᠯ ᠨᠢ ᠠᠮᠢ ᠠᠬᠤᠢ ᠪᠠᠷ ᠰᠠᠭᠤᠷᠢ ᠪᠣᠯᠭᠠᠨ᠂ ᠴᠠᠭᠠᠨ ᠢᠳᠡᠭᠡᠨ ᠵᠢᠴᠢ ᠡᠷᠡᠭᠦᠯ ᠮᠡᠨᠳᠦ ᠵᠢᠨ ᠠᠵᠤ ᠦᠢᠯᠡᠰ ᠵᠢᠨᠷ ᠭᠣᠣᠯ ᠪᠣᠯᠭᠠᠵᠤ᠂ ᠳᠡᠭᠡᠳᠦ ᠰᠢᠨ᠎ᠡ ᠮᠡᠷᠭᠡᠵᠢᠯ᠎ᠦ᠋ᠨ ᠠᠵᠤ ᠦᠢᠯᠡᠰ᠂ ᠪᠣᠬᠢᠷᠲᠤᠯ ᠥᠬᠡᠢ ᠣᠶᠤᠨᠴᠢ ᠠᠵᠤ ᠦᠢᠯᠡᠰ᠎ᠦ᠋ᠨ ᠳᠠᠢᠴᠢᠯᠠᠯᠲᠠ ᠳᠣᠣᠷᠠᠬᠢ ᠠᠵᠤ ᠦᠢᠯᠡᠰ᠎ᠦ᠋ᠨ ᠪᠥᠯᠦᠭᠵᠢᠯ ᠦ᠋ᠨ ᠬᠥᠭᠵᠢᠯᠲᠡ ᠬᠢᠭᠡᠳ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ ᠢ᠋ ᠠᠭᠤᠰᠤᠯᠴᠠᠭᠤᠯᠬᠤ ᠬᠡᠯᠪᠡᠷᠢ ᠵᠢᠨ ᠬᠥᠭᠵᠢᠯᠲᠡ ᠵᠢᠨ ᠰᠢᠨ᠎ᠡ ᠪᠠᠢᠷᠢᠰᠢᠯ ᠢ᠋ ᠪᠠᠢᠭᠤᠯᠬᠤ ᠪᠤᠯᠤᠨ᠎ᠠ᠃ ᠲᠤᠰ ᠲᠥᠷᠥᠯ ᠵᠦᠢᠯ ᠨᠢ ᠴᠠᠭᠠᠨ ᠢᠳᠡᠭᠡᠨ ᠤ᠋ ᠦᠢᠯᠡᠰ᠎ᠦ᠋ᠨ ᠪᠦᠬᠦ ᠠᠵᠤ ᠦᠢᠯᠡᠰ᠎ᠦ᠋ᠨ ᠬᠡᠯᠬᠢᠶᠡᠨ ᠤ᠋ ᠰᠢᠨ᠎ᠡ ᠵᠢ ᠡᠭᠦᠳᠬᠦ ᠵᠢ ᠠᠬᠢᠭᠤᠯᠵᠤ᠂ ᠴᠠᠭᠠᠨ ᠢᠳᠡᠭᠡᠨ ᠤ᠋ ᠦᠢᠯᠡᠰ ᠡᠴᠡ ᠡᠷᠡᠭᠦᠯ ᠮᠡᠨᠳᠦ ᠵᠢᠨ ᠲᠣᠮᠣ ᠠᠵᠤ ᠦᠢᠯᠡᠰ ᠳᠠᠢᠰᠢ ᠥᠷᠭᠡᠵᠢᠨ ᠢᠯᠢ ᠵᠢᠨ ᠪᠦᠬᠦ ᠣᠷᠣᠨ ᠪᠦᠰᠡ ᠵᠢᠨ ᠡᠷᠡᠭᠦᠯ ᠮᠡᠨᠳᠦ ᠵᠢᠨ ᠲᠣᠮᠣ ᠠᠵᠤ ᠦᠢᠯᠡᠰ ᠦ᠋ᠨ ᠵᠢᠱ᠌ᠢᠶ᠎ᠠ ᠦᠵᠡᠭᠦᠯᠬᠦ ᠣᠷᠣᠨ ᠢ᠋ ᠪᠣᠢ ᠪᠣᠯᠭᠠᠵᠤ᠂ ᠬᠥᠬᠡᠬᠣᠲᠠ ᠵᠢ《ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠬᠣᠲᠠ》 ᠡᠴᠡ《ᠳᠡᠯᠡᠬᠡᠢ ᠵᠢᠨ ᠴᠠᠭᠠᠨ ᠢᠳᠡᠭᠡᠨ ᠤ᠋ ᠬᠣᠲᠠ》 ᠪᠤᠯᠵᠤ ᠬᠦᠭᠵᠢᠬᠦ ᠵᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号