— ᠥᠪᠡᠷᠲᠡᠭᠡᠨ ᠵᠠᠰᠠᠬᠤ ᠣᠷᠣᠨ ᠤ ᠤᠢ ᠱᠢᠭᠤᠢ ᠪᠠ ᠨᠤᠲᠤᠭ ᠪᠡᠯᠴᠢᠭᠡᠷᠦᠨ ᠲᠣᠪᠴᠢᠶᠠᠨ ᠤ ᠨᠠᠮᠤᠨ ᠤᠳᠤᠷᠢᠳᠭᠤ ᠳᠤᠭᠤᠢᠯᠠᠩᠤᠨ ᠱᠦᠵᠢ᠂ ᠲᠣᠪᠴᠢᠶᠠᠨ ᠳᠠᠷᠤᠭᠠ ᠬᠤᠤ ᠶᠢᠩᠢ ᠰᠤᠷᠪᠤᠯᠵᠢᠯᠠᠭ᠍ᠰᠠᠨ ᠨᠢ
ᠣᠢᠷᠠᠳᠤ᠂ ᠶᠡᠷᠦᠩᠬᠡᠶ ᠱᠦᠵᠢ ᠰᠢ ᠵᠢᠨ ᠫᠢᠩᠦᠨ ᠠᠷᠪᠠᠨ ᠭᠤᠷᠪᠠᠳᠤᠭᠠᠷ ᠬᠤᠭᠤᠴᠠᠭᠠᠨᠤ ᠪᠥᠬᠥ᠌ ᠤᠯᠤᠰᠤᠨ ᠠᠷᠠᠳᠤᠨ ᠲᠥᠯᠥᠭᠡᠯᠡᠭ᠌ᠴᠢᠳᠦᠨ ᠶᠡᠬᠡ ᠬᠤᠷᠠᠯᠤᠨ ᠲᠠᠪᠤᠳᠤᠭᠠᠷ ᠬᠤᠷᠠᠯᠤᠨ ᠥᠪᠥᠷ ᠮᠣᠩᠭᠣᠯᠤᠨ ᠲᠥᠯᠥᠭᠡᠯᠡᠭ᠌ᠴᠢᠳᠦᠨ ᠪᠦᠯᠬᠦᠮᠦᠨ ᠬᠢᠨᠠᠨ ᠵᠥᠪᠯᠡᠬᠦ᠌ᠳᠦ ᠣᠷᠣᠯᠴᠠᠬᠤ ᠦᠶᠡᠶ᠋ᠢᠨ ᠴᠢᠬᠤᠯᠠ ᠶᠠᠷᠢᠶᠠᠨᠤ ᠵᠣᠷᠢᠭ ᠰᠠᠨᠠᠭᠠᠶ᠋ᠢ ᠬᠡᠷᠬᠢᠨ ᠭᠦᠨᠵᠡᠭᠡᠶ ᠰᠤᠷᠤᠯᠴᠠᠨ ᠣᠢᠯᠠᠭᠠᠬᠤ ᠪᠠ ᠲᠤᠭᠤᠱᠢᠯᠠᠭᠤᠯᠤᠨ ᠨᠠᠢᠳᠠᠪᠤᠷᠢᠵᠢᠭᠤᠯᠵᠦ ᠪᠠᠢᠭᠠ ᠪᠠᠢᠳᠠᠯ ᠤᠨ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨᠤ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶᠠᠶ᠋ᠢᠨ ᠨᠠᠮᠤᠨ ᠤᠳᠤᠷᠢᠳᠭᠤ ᠳᠤᠭᠤᠢᠯᠠᠩᠤᠨ ᠱᠦᠵᠢ᠂ ᠲᠣᠪᠴᠢᠶᠠᠨ ᠳᠠᠷᠤᠭᠠ ᠬᠤᠤ ᠶᠢᠩᠢ ᠰᠤᠷᠪᠤᠯᠵᠢᠯᠠᠪᠠ᠃
《ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨᠤ ᠪᠦᠬᠦ᠌ ᠤᠯᠤᠰᠤᠨ ᠠᠷᠠᠳᠤᠨ ᠲᠥᠯᠥᠭᠡᠯᠡᠭ᠌ᠴᠢᠳᠦᠨ ᠶᠡᠬᠡ ᠬᠤᠷᠠᠯᠤᠨ ᠲᠠᠪᠤᠳᠤᠭᠠᠷ ᠬᠤᠷᠠᠯᠤᠨ ᠥᠪᠥᠷ ᠮᠣᠩᠭᠣᠯᠤᠨ ᠲᠥᠯᠥᠭᠡᠯᠡᠭ᠌ᠴᠢᠳᠦᠨ ᠪᠦᠯᠬᠦᠮᠦᠨ ᠬᠢᠨᠠᠨ ᠵᠥᠪᠯᠡᠬᠦ᠌ᠳᠦ ᠣᠷᠣᠯᠴᠠᠬᠤ ᠦᠶᠡᠶ᠋ᠢᠨ ᠴᠢᠬᠤᠯᠠ ᠶᠠᠷᠢᠶᠠᠨᠳᠠᠭᠠᠨ ᠥᠪᠥᠷ ᠮᠣᠩᠭᠣᠯ ᠤᠯᠤᠰᠤᠨ ᠠᠮᠢ ᠠᠬᠤᠢᠶ᠋ᠢᠨ ᠠᠮᠤᠷ ᠲᠦᠪᠱᠢᠨᠢ ᠬᠠᠮᠠᠭᠠᠯᠠᠬᠤ ᠴᠢᠬᠤᠯᠠ ᠶᠡᠬᠡ ᠤᠯᠤᠰᠲᠦᠷᠦ᠍ᠶ᠋ᠢᠨ ᠬᠠᠷᠢᠭᠤᠴᠠᠯᠭᠠᠪᠠᠨ ᠦᠨᠡᠨ ᠬᠦ᠌ ᠭᠦᠢᠴᠡᠳᠭᠡᠵᠦ᠍᠂ ᠨᠡᠭᠦᠷᠡᠰᠦᠳᠦ᠋ᠷᠦᠭ᠌ᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯᠳᠦ ᠬᠦᠷᠬᠦ ᠪᠠ ᠨᠡᠭᠦᠷᠡᠰᠦᠳᠦ᠋ᠷᠦᠭ᠌ᠴᠢ ᠵᠢ ᠰᠠᠭᠠᠷᠮᠠᠭᠵᠢᠭᠤᠯᠬᠤ ᠠᠵᠢᠯᠢ ᠢᠳᠡᠪᠬᠢᠲᠡᠢ ᠯᠠᠪᠳᠠᠭᠤᠨᠢᠶᠠᠷ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭ᠌ᠴᠦ᠂ ᠪᠢᠳᠡᠨᠦ ᠤᠢ ᠱᠢᠭᠤᠢ ᠨᠤᠲᠤᠭ ᠪᠡᠯᠴᠢᠭᠡᠷᠦᠨ ᠦᠢᠯᠡᠰᠦᠨ ᠬᠥᠭ᠌ᠵᠢᠯᠲᠡᠶ᠋ᠢ ᠲᠦᠷᠭᠡᠳᠭᠡᠨ ᠠᠬᠢᠭᠤᠯᠬᠤ᠂ ᠮᠠᠨᠤ ᠤᠯᠤᠰᠤᠨ ᠤᠮᠠᠷᠠᠲᠤᠶ᠋ᠢᠨ ᠴᠢᠬᠤᠯᠠ ᠠᠮᠢ ᠠᠬᠤᠢᠶ᠋ᠢᠨ ᠠᠮᠤᠷ ᠲᠦᠪᠱᠢᠨᠦ ᠬᠠᠯᠬᠠᠪᠴᠢᠶ᠋ᠢ ᠪᠡᠳᠦ ᠴᠤᠬᠴᠠᠯᠠᠬᠤᠳᠤ ᠴᠢᠬᠤᠯᠠ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ》 ᠭᠡᠵᠦ ᠬᠤᠤ ᠶᠢᠩ ᠬᠡᠯᠡᠪᠡ᠃ ᠲᠡᠷᠡ᠂ ᠥᠪᠡᠷᠲᠡᠭᠡᠨ ᠵᠠᠰᠠᠬᠤ ᠣᠷᠣᠨᠤ ᠤᠢ ᠱᠢᠭᠤᠢ ᠨᠤᠲᠤᠭ ᠪᠡᠯᠴᠢᠭᠡᠷᠦᠨ ᠲᠣᠪᠴᠢᠢᠠ ᠶᠡᠷᠦᠩᠬᠡᠢ ᠱᠦᠵᠢ ᠰᠢ ᠵᠢᠨ ᠫᠢᠩᠦᠨ ᠴᠢᠬᠤᠯᠠ ᠶᠠᠷᠢᠶᠠ ᠴᠢᠬᠤᠯᠠ ᠵᠢᠭᠠᠪᠤᠷᠢ ᠴᠣᠬᠣᠯᠠᠪᠤᠷᠢᠶ᠋ᠢᠨ ᠵᠣᠷᠢᠭ ᠰᠠᠨᠠᠭᠠᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤᠶ᠋ᠢ ᠴᠢᠬᠤᠯᠠ ᠶᠡᠬᠡ ᠤᠯᠤᠰ ᠲᠦᠷᠦ᠍ᠶ᠋ᠢᠨ ᠡᠭᠦᠷᠭᠡ ᠪᠣᠯᠭᠠᠵᠤ᠂ ᠰᠤᠷᠤᠯᠴᠠᠨ ᠰᠡᠳᠭᠢᠵᠦ᠍ ᠦᠢᠯᠡᠳᠦᠯᠭᠡᠵᠢᠭᠦᠯᠦᠨ ᠡᠵᠡᠮᠱᠢᠵᠦ᠍᠂ ᠪᠠᠷᠢᠮᠵᠢᠶᠠᠯᠠᠨ ᠪᠠᠲᠤᠲᠠᠢ ᠦᠢᠯᠡᠳᠦᠯᠭᠡᠵᠢᠭᠦᠯᠵᠦ᠍᠂ ᠤᠢ ᠱᠢᠭᠤᠢ ᠨᠤᠲᠤᠭ ᠪᠡᠯᠴᠢᠭᠡᠷᠦᠨ ᠱᠢᠰᠲ᠋ᠧᠮᠦᠨ ᠥᠷᠭᠡᠨ ᠤᠯᠠᠨ ᠨᠠᠮᠤᠨ ᠭᠡᠱᠢᠭᠦᠨ ᠺᠠᠳ᠋ᠷᠢ ᠳᠠᠭᠠᠭᠤᠯᠤᠨ ᠤᠬᠠᠮᠰᠠᠷᠠᠴᠠᠪᠠᠨ 《ᠬᠣᠶᠠᠷᠢ ᠲᠣᠭ᠍ᠲᠠᠭᠠᠬᠰᠠᠨ》ᠦ ᠡᠷᠡᠰ ᠬᠦᠷᠢᠶᠡᠯᠡᠭ᠌ᠴᠢ ᠪᠠ 《ᠬᠣᠶᠠᠷᠢ ᠬᠠᠮᠠᠭᠠᠯᠠᠬᠤ》 ᠵᠢᠨ ᠡᠷᠡᠰ ᠦᠢᠯᠡᠳᠦᠯᠭᠡᠵᠢᠭᠦᠯᠦᠭ᠌ᠴᠢ ᠪᠣᠯᠤᠨᠠ ᠭᠡᠵᠦ ᠢᠯᠡᠷᠭᠡᠢᠯᠡᠯᠡ᠃
ᠣᠢᠷᠠᠶ᠋ᠢᠨ ᠵᠢᠯᠦᠳᠲᠦ ᠪᠥᠬᠥ᠌ ᠣᠷᠣᠨᠤ ᠣᠶ ᠱᠢᠭᠤᠶ ᠨᠤᠲᠤᠭ ᠪᠡᠯᠴᠢᠭᠡᠷᠦᠨ ᠱᠢᠰᠲ᠋ᠧᠮᠦᠨᠬᠢᠨ ᠠᠮᠢ ᠠᠬᠤᠶ ᠣᠷᠴᠢᠨ ᠲᠣᠭᠣᠷᠢᠨᠢ ᠬᠠᠮᠠᠭᠠᠯᠠᠬᠤᠶ᠋ᠢ ᠢᠮᠠᠭ᠍ᠲᠠ ᠳᠡᠢᠯᠦᠩᠭᠦᠶ ᠪᠠᠢᠷᠢᠨᠳᠤ ᠲᠠᠯᠪᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬᠠᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮᠲᠡᠶ ᠵᠠᠰᠠᠬᠤᠶ᠋ᠢ ᠦᠷᠭᠦᠯᠵᠢᠯᠡᠨ ᠠᠬᠢᠭᠤᠯᠵᠤ ᠂ ᠤᠷᠢᠳᠤ ᠡᠮᠦᠨᠡ ᠪᠠᠢᠭᠠ ᠥᠬᠡᠶ ᠡᠷᠴᠢᠮᠢᠶᠡᠷ ᠠᠳᠬᠤᠨ ᠠᠬᠢᠭᠤᠯᠵᠤ᠂ ᠠᠯᠢ ᠣᠯᠠᠨ ᠦᠨᠳᠦᠰᠦᠨ ᠴᠢᠨᠠᠷᠲᠠᠶ᠂ ᠪᠦᠲᠦᠭᠡᠯᠴᠢ ᠴᠢᠨᠠᠷᠲᠠᠶ᠂ ᠠᠯᠤᠰ ᠬᠡᠲᠦ᠍ᠶ᠋ᠢᠨ ᠴᠢᠨᠠᠷᠲᠠᠶ ᠠᠵᠢᠯᠢ ᠥᠷᠨᠢᠭᠦᠯᠵᠦ᠍᠂ ᠠᠮᠢ ᠠᠬᠤᠶᠶ᠋ᠢᠨ ᠬᠠᠮᠠᠭᠠᠯᠠᠯᠲᠠ ᠪᠥᠲᠥᠭᠡᠨ ᠪᠠᠢᠭᠤᠯᠤᠯᠲᠠᠵᠢᠨ ᠲᠤᠬᠠᠢ ᠲᠠᠨᠢᠯᠲᠠ ᠡᠴᠡ ᠦᠶ᠋ᠯᠡᠳᠦᠯᠭᠡ ᠳ᠋ᠤ ᠬᠦᠷᠳᠡᠯᠡ ᠯᠤᠲᠤ ᠶᠡᠬᠡ ᠬᠤᠪᠢᠷᠠᠯᠲᠠ ᠭᠠᠷᠴᠤ᠌ ᠂ ᠮᠠᠨᠤ ᠤᠯᠤᠰᠤᠨ ᠤᠮᠠᠷᠠᠲᠤᠶ᠋ᠢᠨ ᠴᠢᠬᠤᠯᠠ ᠠᠮᠢ ᠠᠬᠤᠶᠶ᠋ᠢᠨ ᠠᠮᠤᠷ ᠲᠦᠪᠱᠢᠨᠦ ᠬᠠᠯᠬᠠᠪᠴᠢᠶ᠋ᠢ ᠪᠠᠲᠤ ᠴᠣᠭ᠍ᠴᠠᠯᠠᠬᠤ ᠲᠠᠯᠠᠪᠠᠷ ᠯᠠᠪᠳᠠᠭᠤᠨ ᠪᠠᠲᠤᠲᠠᠶ ᠠᠯᠬᠤᠮᠢ ᠠᠯᠬᠤᠪᠠ᠃ 2013 ᠣᠨᠠᠴᠠ ᠨᠠᠭᠠᠰᠢ ᠂ ᠵᠢᠯ ᠳᠤᠮᠳᠠᠴᠢᠪᠠᠷ 1000 ᠲᠦᠮᠡᠨ ᠮᠥ᠍ ᠤᠢ ᠣᠢᠵᠢᠭᠤᠯᠵᠤ᠂ 3000 ᠲᠦᠮᠡᠨ ᠮᠥ᠍ ᠡᠪᠡᠰᠦ ᠳᠠᠷᠢᠵᠤ ᠂ ᠴᠥᠮ ᠪᠥᠬᠥ᠌ ᠤᠯᠤᠰᠲᠤ ᠲᠦᠷᠦᠭᠦᠯᠡᠪᠡ᠃ ᠣᠳᠣᠬᠠᠨᠳᠤ ᠪᠦᠬᠦ᠌ ᠣᠷᠣᠨᠤ ᠣᠶ ᠱᠢᠭᠤᠶᠶ᠋ᠢᠨ ᠪᠦᠷᠬᠦᠴᠡᠶ᠋ᠢᠨ ᠨᠣᠷᠮᠠ 23% ᠳ᠋ᠦ ᠬᠦᠷᠴᠦ᠍᠂ ᠨᠤᠲᠤᠭ ᠪᠡᠯᠴᠢᠭᠡᠷᠦᠨ ᠶᠡᠷᠦᠩᠬᠡᠢᠯᠡᠭ᠌ᠰᠡᠨ ᠤᠷᠭᠤᠮᠠᠯᠤᠨ ᠪᠦᠷᠬᠦᠴᠡ 45 % ᠳ᠋ᠦ ᠬᠦᠷᠴᠦ ᠂ 2012 ᠣᠨᠤ ᠬᠢᠡᠴᠡ ᠵᠠᠭᠤᠨᠤ ᠬᠠᠷᠢᠴᠠᠯᠢᠶᠡᠷ ᠲᠤᠰ ᠲᠤᠰ 1.97 ᠪᠣᠯᠤᠨ 4.71 ᠳᠡᠭᠡᠭ᠌ᠰᠢᠯᠡᠭᠦᠯᠵᠦ᠍᠂ 《ᠬᠣᠣᠰ ᠨᠡᠮᠡᠭ᠌ᠳᠡᠯ》 ᠢ᠋ ᠪᠡᠶᠡᠯᠡᠭᠦᠯᠪᠡ᠃ ᠵᠢᠯ ᠳᠤᠮᠳᠠᠴᠢᠪᠠᠷ 1200 ᠲᠦᠮᠡᠨ ᠮᠥ᠍ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶᠶ᠋ᠢ ᠵᠠᠰᠠᠬᠤᠶ᠋ᠢ ᠪᠡᠶᠡᠯᠡᠭᠦᠯᠵᠦ᠍᠂ ᠡᠨᠡ ᠨᠢ ᠪᠥᠬᠥ᠌ ᠤᠯᠤᠰᠤᠨ ᠠᠳᠠᠯᠢ ᠬᠤᠭᠤᠴᠠᠭᠠᠨᠤ ᠵᠠᠰᠠᠯᠳᠠ ᠵᠢᠨ ᠡᠭᠦᠷᠭᠡᠶ᠋ᠢᠨ 40% ᠡᠴᠡ ᠳᠡᠭᠡᠭ᠌ᠰᠢᠬᠢᠶ᠋ᠢ ᠡᠵᠡᠯᠡᠨ᠂ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ 《ᠬᠤᠤᠰᠢᠶᠠᠷ ᠪᠠᠭᠠᠰᠭᠠᠬᠤ》 ᠶ᠋ᠢ ᠪᠡᠶᠡᠯᠡᠭᠦᠯᠪᠡ᠃
ᠬᠤᠤ ᠶᠢᠩ᠂ ᠡᠨᠡ ᠵᠢᠯ ᠪᠣᠯ ᠨᠠᠮᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠵᠢᠯ ᠪᠤᠯᠤᠨᠠ᠂ ᠪᠠᠰᠠ ᠴᠤ᠌ ᠥᠪᠡᠷᠲᠡᠭᠡᠨ ᠵᠠᠰᠠᠬᠤ ᠣᠷᠣᠨ ᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢ ᠨᠠᠢᠳᠠᠪᠤᠷᠢᠵᠢᠭᠤᠯᠬᠤ ᠵᠢᠯ ᠮᠥᠨ᠂ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠪᠥᠲᠥᠭᠡᠨ ᠪᠠᠢᠭᠤᠯᠤᠯᠲᠠ ᠶ᠋ᠢ ᠰᠠᠢᠲᠤᠷ ᠠᠳᠭᠤᠬᠤᠨᠢ ᠣᠨᠴᠠᠭᠠᠶ ᠴᠢᠬᠤᠯᠠ ᠠᠴᠢ ᠬᠣᠯᠪᠣᠭ᠍ᠳᠠᠯ ᠲᠠᠶ ᠶᠤᠮ᠃ ᠪᠦᠬᠦ᠌ ᠣᠷᠣᠨ ᠤ ᠤᠢ ᠱᠢᠭᠤᠢ ᠨᠤᠲᠤᠭ ᠪᠡᠯᠴᠢᠭᠡᠷ ᠦᠨ ᠱᠢᠰᠲᠸᠮᠤᠨ ᠬᠢᠨ ᠰᠢ ᠵᠢᠨ ᠫᠢᠩ ᠦᠨ ᠠᠮᠢ ᠠᠬᠤᠢ ᠶ᠋ᠢᠨ ᠪᠣᠯᠪᠠᠰᠤᠨ ᠤ ᠦᠵᠡᠯ ᠰᠠᠨᠠᠭᠠ ᠪᠠᠷ ᠵᠢᠯᠤᠭᠤᠳᠤᠯᠭᠠ ᠪᠣᠯᠭᠠᠬᠤ ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭᠠ ᠶ᠋ᠢ ᠰᠤᠷᠤᠯᠴᠠᠨ ᠲᠤᠭᠤᠱᠢᠯᠠᠭᠤᠯᠬᠤ ᠶ᠋ᠢ ᠦᠷᠭᠦᠯᠵᠢᠯᠡᠨ ᠰᠠᠢᠲᠤᠷ ᠠᠳᠭᠤᠵᠤ᠂《ᠲᠠᠪᠤᠨ ᠵᠠᠢᠯᠠᠰᠢ ᠦᠭᠡᠢ ᠵᠠᠮᠨᠠᠬᠤ ᠵᠠᠮ》 ᠤ᠋ᠨ ᠴᠢᠬᠤᠯᠠ ᠶᠡᠬᠡ ᠠᠴᠢ ᠬᠣᠯᠪᠣᠭ᠍ᠳᠠᠯ ᠪᠠ ᠪᠠᠶᠠᠯᠢᠭ ᠠᠭᠤᠯᠤᠭ᠍ᠳᠠᠬᠤᠨ ᠢ ᠭᠦᠨᠵᠡᠭᠡᠶ ᠣᠢᠯᠠᠭᠠᠵᠤ᠂《ᠲᠣᠭ᠍ᠲᠠᠭᠤᠨ ᠤ ᠳᠤᠮᠳᠠ ᠤᠷᠤᠭ᠍ᠰᠢᠯᠠᠬᠤ》 ᠡᠨᠡ ᠬᠦ᠌ ᠶᠡᠷᠦᠩᠬᠡᠢ ᠬᠦᠭ ᠠᠶᠠᠰ ᠢ ᠣᠨᠣᠪᠴᠢᠲᠠᠢ ᠡᠵᠡᠮᠳᠡᠵᠦ᠂《ᠮᠠᠨ ᠤ ᠤᠯᠤᠰ ᠤᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠦ ᠬᠠᠯᠬᠠᠪᠴᠢ ᠶ᠋ᠢ ᠪᠠᠲᠤ ᠴᠣᠭ᠍ᠴᠠᠯᠠᠬᠤ》ᠡᠨᠡ ᠬᠦ᠌ ᠤᠯᠤᠰ ᠲᠥᠷᠥ ᠶ᠋ᠢᠨ ᠬᠠᠷᠢᠭᠤᠴᠠᠯᠭᠠ ᠶ᠋ᠢ ᠡᠷᠡᠰ ᠡᠭᠦᠷᠭᠡᠯᠡᠨ᠂《ᠠᠮᠢ ᠠᠬᠤᠶ ᠣᠷᠴᠢᠨ ᠲᠤᠭᠤᠷᠢᠨ ᠤ ᠶᠠᠰᠤ ᠴᠢᠨᠠᠷ ᠢ ᠤᠯᠠᠮ ᠴᠢᠨᠠᠭᠰᠢᠲᠠ ᠰᠠᠢᠵᠢᠷᠠᠭᠤᠯᠬᠤ》ᠬᠠᠷᠠᠯᠲᠠᠶ᠋ᠢ ᠵᠤᠷᠢᠵᠤ᠂ ᠠᠰᠠᠭᠤᠳᠠᠯᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠡᠷ ᠤᠳᠤᠷᠢᠳᠤᠮᠵᠢ ᠪᠤᠯᠭᠠᠬᠤ ᠪᠠ ᠦᠷᠡ ᠪᠦᠲᠦᠮᠵᠢ ᠪᠡᠷ ᠤᠳᠤᠷᠢᠳᠤᠮᠵᠢ ᠪᠤᠯᠭᠠᠬᠤ ᠵᠢ ᠪᠠᠷᠢᠮᠳᠠᠯᠠᠵᠤ᠂ ᠠᠯᠤᠰ ᠬᠡᠲᠦ᠍ ᠶ᠋ᠢ ᠪᠣᠳᠣᠯᠬᠢᠯᠠᠬᠤ ᠮᠦᠷᠲᠡᠭᠡᠨ ᠣᠳᠣᠬᠢ ᠶ᠋ᠢ ᠠᠳᠭᠤᠬᠤ ᠵᠢ ᠪᠠᠷᠢᠮᠳᠠᠯᠠᠵᠤ᠂ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ ᠢ ᠨᠡᠩ ᠢᠯᠡᠭᠦᠦ ᠴᠢᠬᠤᠯᠠᠴᠢᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬᠠ ᠶ᠋ᠢ ᠱᠢᠰᠲ᠋ᠧᠮ ᠲᠡᠶ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯᠡ ᠵᠦᠶ᠋ᠯᠦᠨ ᠠᠵᠢᠯ ᠢ ᠴᠢᠷᠮᠠᠢᠨ ᠰᠠᠢᠲᠤᠷ ᠬᠢᠵᠦ᠂ ᠪᠣᠳᠠᠲᠤ ᠠᠵᠢᠯᠯᠠᠭᠠ ᠪᠠᠷ ᠢᠶᠠᠨ ᠨᠠᠮ ᠤᠨ ᠬᠣᠷᠢᠳᠤᠭᠠᠷ ᠶᠡᠬᠡ ᠬᠤᠷᠠᠯ ᠤᠨ ᠠᠮᠵᠢᠯᠲᠠ ᠲᠠᠶ ᠬᠤᠷᠠᠯᠳᠤᠬᠤ ᠶ᠋ᠢ ᠤᠭ᠍ᠲᠤᠨᠠ ᠭᠡᠵᠦ ᠢᠯᠡᠷᠬᠡᠢᠯᠡᠪᠡ᠃
ᠨᠢᠭᠡ ᠳᠦ ᠂ ᠭᠣᠣᠯᠳᠠᠯᠭᠠ ᠲᠠᠶ ᠣᠷᠣᠨ ᠪᠦᠰᠡ ᠶ᠋ᠢ ᠲᠤᠪᠤᠢ᠌ᠯᠭᠠᠨ᠂ ᠴᠢᠬᠤᠯᠠ ᠶᠡᠬᠡ ᠢᠨᠵᠧᠨᠧᠷᠢᠩ ᠢᠶᠡᠷ ᠭᠠᠷᠳᠠᠴᠠ ᠪᠣᠯᠭᠠᠵᠤ᠂ ᠤᠯᠤᠰ ᠤᠨ ᠨᠤᠲᠤᠭ ᠳᠡᠪᠢᠰᠭᠡᠷ ᠢ ᠶᠡᠬᠡ ᠬᠡᠪᠴᠢᠶᠡ ᠪᠡᠷ ᠨᠣᠭᠣᠭᠠᠷᠠᠭᠤᠯᠬᠤ ᠠᠵᠢᠯᠯᠠᠭᠠ ᠶ᠋ᠢ ᠱᠢᠨᠵᠢᠯᠡᠬᠦ᠌ ᠤᠬᠠᠭᠠᠨᠴᠢ ᠪᠠᠷ ᠠᠬᠢᠭᠤᠯᠤᠨᠠ᠃ ᠠᠭᠤᠯᠠ ᠤᠰᠤ ᠤᠢ ᠮᠣᠳᠣ ᠭᠠᠵᠠᠷ ᠲᠠᠷᠢᠶᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬᠠ ᠶ᠋ᠢ ᠱᠢᠰᠲ᠋ᠧᠮᠲᠡᠶ ᠵᠠᠰᠠᠬᠤ ᠶ᠋ᠢ ᠪᠠᠷᠢᠮᠲᠠᠯᠠᠵᠤ᠂ ᠤᠰᠤ ᠪᠡᠷ ᠨᠤᠭᠤᠭᠠᠷᠠᠭᠤᠯᠤᠯᠲᠠ ᠵᠢ ᠲᠣᠭ᠍ᠲᠠᠭᠠᠬᠤ᠂ ᠤᠰᠤᠨᠤ ᠬᠡᠮᠵᠢᠶᠡᠪᠡᠷ ᠪᠤᠳᠤᠯᠭᠠ ᠬᠡᠷᠡᠭᠵᠢᠭᠦᠯᠬᠦ ᠶ᠋ᠢ ᠪᠠᠷᠢᠮᠲᠠᠯᠠᠵᠤ᠂ ᠨᠣᠭᠣᠭᠠᠷᠠᠭᠤᠯᠤᠯᠲᠠ ᠶ᠋ᠢᠨ ᠣᠷᠣᠨ ᠵᠠᠢ ᠶ᠋ᠢ ᠥᠷᠭᠡᠳᠭᠡᠬᠦ᠌᠂ ᠨᠣᠭᠣᠭᠠᠷᠠᠭᠤᠯᠤᠯᠲᠠ ᠶ᠋ᠢᠨ ᠠᠷᠭᠠ ᠬᠡᠯᠪᠡᠷᠢ ᠶ᠋ᠢ ᠰᠠᠢᠵᠢᠷᠠᠭᠤᠯᠬᠤ ᠪᠠᠷ ᠲᠠᠮᠵᠢᠨ ᠨᠡᠮᠡᠭ᠌ᠳᠡᠯ ᠦᠨ ᠬᠡᠮᠵᠢᠶᠡ ᠶ᠋ᠢ ᠦᠷᠭᠦᠯᠵᠢᠯᠡᠨ ᠥᠷᠭᠡᠳᠭᠡᠬᠦ᠌ ᠶ᠋ᠢᠨ ᠬᠠᠮᠲᠤ ᠭᠠᠵᠠᠷ ᠣᠷᠣᠨ ᠤ ᠪᠠᠢᠳᠠᠯ ᠳᠠᠭᠠᠨ ᠲᠤᠬᠢᠷᠠᠭᠤᠯᠤᠨ ᠤᠢ ᠱᠢᠭᠤᠢ ᠶ᠋ᠢᠨ ᠡᠵᠡᠩᠨᠡᠯᠲᠡ ᠶ᠋ᠢ ᠥᠷᠨᠢᠭᠦᠯᠵᠦ᠍᠂ ᠡᠪᠡᠰᠦᠨ ᠦ ᠲᠦᠷᠦᠯ ᠮᠣᠳᠣᠨᠤ ᠲᠦᠷᠦᠯᠤᠨ ᠪᠦᠲᠦᠴᠡ ᠳᠦ ᠲᠤᠬᠢᠷᠠᠭᠤᠯᠤᠯᠳᠠ ᠬᠢᠵᠦ᠍ ᠬᠠᠳᠠᠭᠠᠯᠠᠯᠲᠠᠶ᠋ᠢᠨ ᠬᠡᠮᠵᠢᠶᠡ ᠵᠢ ᠲᠠᠰᠤᠷᠠᠯᠳᠠ ᠦᠭᠡᠢ ᠱᠢᠯᠢᠳᠡᠭ᠌ᠵᠢᠭᠦᠯᠦᠨᠡ᠃《ᠨᠢᠭᠡ ᠱᠤᠭᠤᠮ ᠨᠢᠭᠡ ᠤᠷᠤᠨ ᠬᠣᠶᠠᠷ ᠪᠦᠰᠡ》 ᠵᠢᠨ ᠶᠡᠷᠦᠩᠬᠡᠶ ᠪᠠᠢᠷᠢᠱᠢᠭᠤᠯᠤᠯᠲᠠ ᠳᠤ ᠠᠩᠬᠠᠷᠤᠯᠢᠶᠠᠨ ᠲᠥᠪᠯᠡᠷᠡᠭᠦᠯᠵᠦ᠍᠂ ᠤᠯᠤᠰ ᠤᠨ ᠭᠤᠤᠯᠳᠠᠯᠭᠠ ᠲᠠᠶ ᠣᠷᠣᠨ ᠪᠦᠰᠡ ᠶ᠋ᠢᠨ ᠠᠮᠢ ᠠᠬᠤᠶ ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠢᠨᠵᠧᠨᠧᠷᠢᠩ ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠭᠤᠤᠯᠳᠠᠯᠭᠠ ᠲᠠᠶ ᠣᠷᠣᠨ ᠪᠦᠰᠡ ᠶ᠋ᠢᠨ ᠱᠢᠪᠲᠤᠯᠤᠯᠲᠠ ᠪᠠᠷ ᠪᠥᠬᠥ᠌ ᠣᠷᠣᠨ ᠤ ᠤᠯᠤᠰ ᠤᠨ ᠭᠠᠵᠠᠷ ᠰᠢᠷᠤᠢ ᠵᠢᠨ ᠨᠣᠭᠣᠭᠠᠷᠠᠭᠤᠯᠤᠯᠲᠠ ᠶ᠋ᠢ ᠳᠠᠢᠴᠢᠯᠠᠨᠠ᠃ ᠡᠯᠡᠰᠦ ᠮᠠᠩᠬᠠ ᠶ᠋ᠢ ᠰᠡᠷᠭᠡᠢᠯᠡᠨ ᠵᠠᠰᠠᠬᠤ ᠶ᠋ᠢ ᠠᠬᠢᠭᠤᠯᠵᠤ᠂ ᠤᠯᠠᠭᠠᠨᠪᠤᠬᠠ ᠶ᠋ᠢᠨ ᠡᠯᠡᠰᠦ᠂ ᠬᠥᠪᠴᠢ ᠶ᠋ᠢᠨ ᠡᠯᠡᠰᠦ᠂ ᠮᠤᠤᠠᠤᠰᠤ ᠶ᠋ᠢᠨ ᠡᠯᠡᠰᠦ᠂ ᠪᠠᠳᠠᠢ ᠶ᠋ᠢᠨ ᠵᠢᠷᠠᠨ ᠤ ᠡᠯᠡᠰᠦ᠂ ᠬᠣᠷᠴᠢᠨ ᠤ ᠡᠯᠡᠰᠦ ᠵᠡᠷᠭᠡ ᠭᠣᠣᠯᠳᠠᠯᠭᠠ ᠲᠠᠶ ᠣᠷᠣᠨ ᠪᠦᠰᠡ ᠶ᠋ᠢᠨ ᠵᠠᠰᠠᠯᠲᠠ ᠶ᠋ᠢ ᠴᠢᠩᠭᠠᠳᠭᠠᠨᠠ᠃
ᠬᠣᠶᠠᠷ ᠲᠤ᠂ ᠥᠨᠳᠥᠷ ᠳᠠᠷᠤᠯᠲᠠᠲᠤ ᠪᠠᠢᠳᠠᠯ ᠢ ᠪᠠᠲᠤᠯᠠᠵᠤ᠂ ᠬᠢᠨᠠᠯᠲᠠ ᠬᠠᠮᠢᠶᠠᠷᠤᠯᠲᠠ ᠴᠣᠬᠢᠯᠲᠠ ᠥᠭ᠌ᠬᠦ ᠶ᠋ᠢ ᠵᠡᠷᠭᠡ ᠪᠡᠷ ᠴᠢᠬᠤᠯᠠᠴᠢᠯᠠᠬᠤ ᠶ᠋ᠢ ᠪᠠᠷᠢᠮᠲᠠᠯᠠᠵᠤ᠂ ᠣᠶ ᠱᠢᠭᠤᠶ ᠨᠤᠲᠤᠭ ᠪᠡᠯᠴᠢᠭᠡᠷ ᠦᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶ᠋ᠢ ᠥᠴᠦᠬᠡᠨ ᠴᠦ᠍ ᠰᠤᠯᠠᠷᠠᠭᠤᠯᠤᠯ ᠥᠬᠡᠶ ᠰᠠᠢᠲᠤᠷ ᠠᠳᠭᠤᠨᠠ᠃ ᠨᠤᠲᠤᠭ ᠪᠡᠯᠴᠢᠭᠡᠷ ᠣᠶ ᠱᠢᠭᠤᠶ ᠶ᠋ᠢ ᠬᠠᠮᠠᠭᠠᠯᠠᠬᠤ ᠶ᠋ᠢ ᠢᠮᠠᠭ᠍ᠲᠠ ᠥᠪᠥᠷ ᠮᠣᠩᠭᠣᠯ ᠤᠨ ᠠᠮᠢ ᠠᠬᠤᠶ ᠶ᠋ᠢᠨ ᠱᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠠᠮᠠᠭᠠᠯᠠᠬᠤ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠵᠤ᠂ ᠣᠶ ᠱᠢᠭᠤᠶ ᠨᠤᠲᠤᠭ ᠪᠡᠯᠴᠢᠭᠡᠷ ᠢ ᠵᠠᠰᠠᠬᠤ ᠴᠢᠳᠠᠪᠤᠷᠢ ᠪᠠᠨ ᠤᠯᠠᠮ ᠴᠢᠨᠠᠭᠰᠢᠲᠠ ᠳᠡᠭᠡᠭ᠌ᠰᠢᠯᠡᠭᠦᠯᠦᠨᠡ᠃ ᠤᠢ ᠰᠢᠭᠤᠢ ᠶᠢᠨ ᠳᠠᠷᠤᠭᠠ ᠶ᠋ᠢᠨ ᠳᠦᠷᠢᠮ ᠢ ᠭᠦᠨᠵᠡᠭᠡᠶ ᠠᠬᠢᠭᠤᠯᠵᠤ᠂ ᠤᠢ ᠰᠢᠭᠤᠢ ᠶᠢᠨ ᠳᠠᠷᠤᠭᠠ ᠶ᠋ᠢᠨ ᠳᠦᠷᠢᠮ ᠢ《ᠪᠦᠬᠦ᠌ ᠲᠠᠯᠠ ᠪᠠᠷ ᠪᠠᠢᠭᠤᠯᠬᠤ》 ᠪᠠᠢᠭ᠍ᠰᠠᠨ ᠠᠴᠠ《ᠪᠦᠬᠦ᠌ ᠲᠠᠯᠠ ᠪᠠᠷ ᠦᠷᠡ ᠪᠦᠲᠦᠮᠵᠢ ᠭᠠᠷᠭᠠᠬᠤ》ᠪᠣᠯᠭᠠᠨ ᠬᠤᠪᠢᠷᠠᠭᠤᠯᠬᠤ ᠶ᠋ᠢ ᠠᠬᠢᠭᠤᠯᠤᠨᠠ᠃ ᠣᠶ ᠱᠢᠭᠤᠶ ᠨᠤᠲᠤᠭ ᠪᠡᠯᠴᠢᠭᠡᠷ ᠦᠨ ᠡᠬᠢ ᠪᠠᠶᠠᠯᠢᠭ ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ᠌ ᠶ᠋ᠢ ᠴᠢᠩᠭᠠᠳᠭᠠᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠢᠯᠭᠠᠬᠤ ᠪᠠ ᠪᠡᠯᠴᠢᠭᠡᠷᠯᠡᠭᠦᠯᠬᠦ᠌ ᠶ᠋ᠢ ᠵᠤᠭᠰᠤᠭᠠᠵᠤ ᠰᠡᠯᠭᠦᠨ ᠮᠠᠯᠵᠢᠬᠤ ᠲᠦᠷᠢᠮ ᠢ ᠴᠢᠩᠭᠠ ᠨᠠᠢᠳᠠᠪᠤᠷᠢᠵᠢᠭᠤᠯᠤᠨᠠ᠃ ᠬᠠᠸ᠋ᠯᠢ ᠲᠣᠭ᠍ᠲᠠᠭᠠᠯ ᠠᠴᠠ ᠵᠥᠷᠢᠴᠡᠨ ᠣᠢᠲᠤ ᠭᠠᠵᠠᠷ ᠨᠤᠲᠤᠭ ᠪᠡᠯᠴᠢᠭᠡᠷ ᠢ ᠡᠪᠳᠡᠭ᠌ᠰᠡᠨ ᠲᠤᠰᠭᠠᠶ ᠵᠦᠶ᠋ᠯ ᠢᠶᠡᠷ ᠴᠡᠭ᠌ᠴᠡᠯᠡᠨ ᠵᠠᠰᠠᠬᠤ ᠠᠵᠢᠯᠯᠠᠭᠠ ᠶ᠋ᠢᠨ ᠱᠢᠪᠲᠤᠯᠤᠯᠲᠠ ᠶ᠋ᠢ ᠭᠦᠨᠵᠡᠭᠡᠶ ᠠᠬᠢᠭᠤᠯᠵᠤ᠂ ᠴᠡᠭ᠌ᠴᠡᠯᠡᠨ ᠵᠠᠰᠠᠵᠤ ᠱᠢᠶ᠋ᠳᠪᠦᠷᠢᠯᠡᠵᠦ᠍ ᠳ᠋ᠤᠭᠠᠷ ᠢ ᠬᠠᠰᠤᠬᠤ ᠠᠵᠢᠯ ᠢ ᠬᠠᠸ᠋ᠯᠢ ᠲᠣᠭ᠍ᠲᠠᠭᠠᠯ ᠶᠣᠰᠣᠭᠠᠷ ᠲᠦᠷᠭᠡᠳᠭᠡᠨ ᠠᠬᠢᠭᠤᠯᠤᠨᠠ᠃ ᠪᠥᠬᠥ᠌ ᠣᠷᠣᠨ ᠤ ᠪᠠᠢᠭᠠᠯᠢ ᠶ᠋ᠢᠨ ᠬᠠᠮᠠᠭᠠᠯᠠᠯᠲᠠ ᠶ᠋ᠢᠨ ᠭᠠᠵᠠᠷ ᠢ ᠨᠡᠢᠳᠭᠡᠵᠦ᠍ ᠱᠢᠯᠢᠳᠡᠭ᠌ᠵᠢᠭᠦᠯᠦᠭ᠌ᠰᠡᠨ ᠦᠷᠡ ᠪᠦᠲᠦᠭᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠤᠯᠤᠰ ᠤᠨ ᠴᠡᠴᠡᠷᠯᠢᠭ ᠢ ᠭᠤᠶᠤᠴᠢᠯᠠᠨ ᠪᠠᠢᠭᠤᠯᠬᠤ ᠠᠵᠢᠯ ᠢ ᠢᠳᠡᠪᠬᠢᠲᠡᠶ ᠪᠡᠷ ᠠᠬᠢᠭᠤᠯᠤᠨᠠ᠃《ᠨᠤᠭᠤ ᠭᠠᠵᠠᠷᠢ ᠬᠠᠮᠠᠭᠠᠯᠠᠬᠤ ᠬᠠᠸ᠋ᠯᠢ》ᠵᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠤᠭᠤ ᠭᠠᠵᠠᠷᠢ ᠱᠠᠲᠤ ᠬᠤᠪᠢᠶᠠᠨ ᠬᠠᠮᠢᠶᠠᠷᠬᠤ ᠶ᠋ᠢ ᠴᠢᠩᠭᠠᠷᠠᠭᠤᠯᠤᠨ᠂《ᠬᠦᠯᠦᠨ ᠨᠠᠭᠤᠷ ᠤᠯᠠᠭᠠᠨᠰᠤᠬᠠᠢ ᠨᠠᠭᠤᠷ ᠲᠠᠭᠠ ᠵᠢᠨ ᠨᠠᠭᠤᠷ》 ᠪᠣᠯᠤᠨ ᠴᠠᠭᠠᠨᠨᠠᠭᠤᠷ ᠢ ᠶᠡᠷᠦᠩᠬᠡᠢᠯᠡᠨ ᠵᠠᠰᠠᠬᠤ ᠶ᠋ᠢ ᠭᠦᠨᠵᠡᠭᠡᠶ ᠠᠬᠢᠭᠤᠯᠵᠤ᠂ ᠬᠠᠲᠤᠨ ᠭᠣᠸ᠋ᠯ ᠤᠨ ᠰᠠᠪᠠ ᠭᠠᠵᠠᠷ ᠤᠨ ᠨᠤᠭᠤ ᠭᠠᠵᠠᠷ ᠤᠨ ᠴᠡᠴᠡᠷᠯᠢᠭ᠂ ᠨᠤᠭᠤ ᠭᠠᠵᠠᠷ ᠤᠨ ᠬᠠᠮᠠᠭᠠᠯᠠᠯᠲᠠ ᠶ᠋ᠢᠨ ᠣᠷᠣᠨ᠂ ᠴᠢᠬᠤᠯᠠ ᠨᠤᠭᠤ ᠭᠠᠵᠠᠷ ᠤᠨ ᠪᠥᠲᠥᠭᠡᠨ ᠪᠠᠢᠭᠤᠯᠤᠯᠲᠠ ᠶ᠋ᠢ ᠴᠢᠩᠭᠠᠳᠭᠠᠨᠠ᠃
ᠭᠤᠷᠪᠠ ᠳᠤ᠂ ᠬᠠᠷᠢᠭᠤᠴᠠᠯᠭᠠ ᠶ᠋ᠢᠨ ᠨᠠᠢᠳᠠᠪᠤᠷᠢᠵᠢᠭᠤᠯᠤᠯᠲᠠ ᠶ᠋ᠢ ᠴᠢᠩᠭᠠᠳᠭᠠᠵᠤ᠂ ᠬᠣᠷᠢᠭᠠ ᠱᠤᠭᠤᠮᠤᠨ ᠰᠡᠳᠭᠢᠬᠦᠢᠶ᠋ᠢ ᠪᠠᠲᠤ ᠪᠤᠢ ᠪᠣᠯᠭᠠᠵᠤ᠂ ᠭᠠᠮᠱᠢᠭᠢ ᠰᠡᠷᠭᠡᠢᠯᠡᠨ ᠡᠵᠡᠮᠳᠡᠬᠦ᠌ ᠴᠢᠳᠠᠪᠤᠷᠢ ᠪᠣᠯᠤᠨ ᠬᠢᠷᠢ ᠲᠦᠪᠱᠢᠨ ᠢ ᠪᠦᠬᠦ᠌ ᠲᠠᠯᠠᠪᠠᠷ ᠳᠡᠭᠡᠭ᠌ᠰᠢᠯᠡᠭᠦᠯᠦᠨᠡ᠃ ᠭᠠᠮᠱᠢᠭ ᠢ ᠰᠡᠷᠭᠡᠢᠯᠡᠨ ᠭᠠᠮᠱᠢᠭ ᠲᠤ ᠪᠡᠯᠡᠳᠭᠡᠬᠦ᠌ ᠱᠢᠰᠲ᠋ᠧᠮ ᠪᠠ ᠴᠢᠳᠠᠪᠤᠷᠢ ᠶ᠋ᠢᠨ ᠪᠠᠢᠭᠤᠯᠤᠯᠲᠠ ᠶ᠋ᠢ ᠶᠡᠬᠡ ᠪᠡᠷ ᠴᠢᠩᠭᠠᠳᠭᠠᠵᠤ᠂ ᠤᠢ ᠱᠢᠭᠤᠶ ᠨᠤᠳᠤᠭ ᠪᠡᠯᠴᠢᠭᠡᠷ ᠦᠨ ᠬᠦᠷᠢᠶᠡᠨᠳᠡᠬᠢ ᠡᠯᠡ ᠵᠦᠢᠯ ᠦᠨ ᠠᠶᠤᠯ ᠲᠦᠭ᠌ᠰᠢᠭᠦᠷᠢ ᠭᠠᠶ ᠭᠠᠮᠱᠢᠭ ᠢ ᠡᠷᠡᠰ ᠰᠠᠢᠲᠤᠷ ᠰᠡᠷᠭᠡᠢᠯᠡᠨᠡ᠃ ᠭᠣᠸ᠋ᠯᠳᠠᠯᠭᠠ ᠲᠠᠶ ᠴᠠᠭ ᠬᠤᠭᠤᠴᠠᠭᠠ᠂ ᠭᠣᠸ᠋ᠯᠳᠠᠯᠭᠠ ᠲᠠᠶ ᠣᠷᠣᠨ ᠪᠦᠰᠡ ᠶ᠋ᠢᠨ ᠣᠶ ᠱᠢᠭᠤᠶ ᠨᠤᠲᠤᠭ ᠪᠡᠯᠴᠢᠭᠡᠷ ᠦᠨ ᠲᠤᠢᠮᠠᠷ ᠢ ᠰᠡᠷᠭᠡᠢᠯᠡᠨ ᠡᠵᠡᠮᠳᠡᠬᠦ᠌ ᠠᠵᠢᠯ ᠢ ᠲᠣᠪᠣᠢᠮᠠ ᠰᠠᠢᠲᠤᠷ ᠠᠳᠭᠤᠵᠤ᠂ ᠬᠥᠮᠦᠨᠦ ᠠᠵᠢᠯᠯᠠᠭᠠ ᠡᠴᠡ ᠪᠤᠯᠤᠭᠰᠠᠨ ᠣᠨᠴᠠ ᠶᠡᠬᠡ ᠣᠶ ᠱᠢᠭᠤᠶ ᠨᠤᠲᠤᠭ ᠪᠡᠯᠴᠢᠭᠡᠷ ᠦᠨ ᠲᠤᠢᠮᠠᠷ ᠦᠯᠦ ᠡᠭᠦᠰᠭᠦ ᠵᠢ ᠬᠦᠴᠦᠯᠡᠨ ᠪᠠᠳᠤᠯᠠᠨᠠ᠃ ᠪᠣᠬᠢᠷᠲᠤᠯ ᠥᠬᠡᠶ ᠰᠡᠷᠭᠡᠢᠯᠡᠨ ᠡᠵᠡᠮᠳᠡᠬᠦ᠌᠂ ᠨᠡᠢᠭᠡᠮᠴᠢᠯᠡᠭ᠌ᠰᠡᠨ ᠰᠡᠷᠭᠡᠢᠯᠡᠨ ᠡᠵᠡᠮᠳᠡᠬᠦ᠌ ᠪᠠ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠶ᠋ᠢ ᠡᠮᠬᠢ ᠵᠢᠷᠤᠮ ᠲᠠᠶ ᠠᠬᠢᠭᠤᠯᠵᠤ᠂ ᠣᠶ ᠱᠢᠭᠤᠶ ᠨᠤᠳᠤᠭ ᠪᠡᠯᠴᠢᠭᠡᠷ ᠲᠦ ᠬᠤᠤᠷ ᠬᠥᠨᠥᠭᠡᠯ ᠲᠡᠶ ᠠᠮᠢᠳᠤ ᠪᠣᠳᠠᠰ ᠢ ᠰᠡᠷᠭᠡᠢᠯᠡᠨ ᠵᠠᠰᠠᠬᠤ ᠶ᠋ᠢ ᠯᠠᠪᠳᠠᠭᠤᠨ ᠪᠠᠲᠤᠲᠠᠶ ᠰᠠᠢᠲᠤᠷ ᠬᠢᠨᠠ᠃
ᠲᠦᠷᠪᠡᠳᠦ᠂ ᠤᠷᠢᠳ ᠵᠢᠡᠷ ᠵᠢᠱ᠌ᠢᠢᠡ ᠦᠵᠡᠭᠦᠯᠬᠦ᠌ ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠲᠦᠷᠦᠯ ᠵᠦᠢᠯ ᠦᠨ ᠠᠷᠠᠯᠵᠢᠶᠠᠨᠤ ᠲᠤᠷᠱᠢᠯᠲᠠᠶ᠋ᠢ ᠰᠠᠢᠲᠤᠷ ᠠᠳᠭᠤᠵᠤ᠂ ᠤᠢ ᠮᠤᠳᠤ ᠨᠤᠳᠤᠭ ᠪᠡᠯᠴᠢᠭᠡᠷ ᠨᠤᠭᠤ ᠭᠠᠵᠠᠷᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠵᠢᠯ ᠢ ᠡᠮᠬᠢ ᠵᠢᠷᠤᠮ ᠲᠠᠶ ᠠᠬᠢᠭᠤᠯᠤᠨᠠ᠃ ᠣᠶ ᠮᠤᠳᠤ ᠨᠤᠲᠤᠭ ᠪᠡᠯᠴᠢᠭᠡᠷ ᠨᠤᠭᠤ ᠭᠠᠵᠠᠷᠤᠨ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠬᠤᠷᠠᠮᠳᠤᠭᠤᠯᠬᠤ ᠴᠢᠳᠠᠪᠤᠷᠢ ᠶ᠋ᠢ ᠪᠡᠬᠢᠵᠢᠭᠦᠯᠬᠦ᠌᠂ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠬᠤᠷᠠᠮᠳᠤᠭᠤᠯᠬᠤ ᠠᠷᠠᠯᠵᠢᠶᠠ ᠵᠡᠷᠭᠡ 7 ᠶᠡᠬᠡ ᠠᠵᠢᠯᠯᠠᠭᠠᠶ᠋ᠢ ᠬᠡᠷᠡᠭ᠌ᠵᠢᠭᠦᠯᠵᠦ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ ᠵᠢ ᠰᠠᠭᠠᠷᠮᠠᠭᠵᠢᠭᠤᠯᠬᠤ ᠪᠠ ᠣᠶ ᠱᠢᠭᠤᠶ ᠨᠤᠳᠤᠭ ᠪᠡᠯᠴᠢᠭᠡᠷᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ(ᠪᠤᠭᠤᠲᠤ)ᠲᠤᠷᠱᠢᠯᠲᠠ ᠶ᠋ᠢᠨ ᠣᠷᠣᠨ ᠤ ᠪᠥᠲᠥᠭᠡᠨ ᠪᠠᠢᠭᠤᠯᠤᠯᠲᠠ ᠶ᠋ᠢ ᠭᠣᠸ᠋ᠯᠳᠠᠯᠭᠠ ᠲᠠᠶ ᠳᠡᠮᠵᠢᠵᠦ᠍᠂ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠬᠤᠷᠠᠮᠳᠤᠭᠤᠯᠬᠤ ᠲᠥᠷᠥᠯ ᠵᠦᠶ᠋ᠯ ᠦᠨ ᠠᠷᠠᠯᠵᠢᠶᠠᠨᠤ ᠲᠤᠷᠱᠢᠯᠲᠠ ᠶ᠋ᠢᠨ ᠴᠡᠭ ᠢ ᠠᠬᠢᠭᠤᠯᠤᠨ᠂ ᠠᠮᠢ ᠠᠬᠤᠶ ᠶ᠋ᠢᠨ ᠪᠠᠢᠭᠤᠯᠤᠯᠲᠠ ᠶ᠋ᠢᠨ ᠠᠵᠤ ᠠᠬᠤᠢᠯᠠᠯ ᠤᠨ ᠣᠶ ᠱᠢᠭᠤᠶ ᠶ᠋ᠢᠨ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯᠤᠨ ᠠᠷᠠᠯᠵᠢᠶᠠ ᠥᠷᠨᠢᠭᠦᠯᠬᠦ᠌ ᠶ᠋ᠢ ᠠᠬᠢᠭᠤᠯᠤᠨᠠ᠃ ᠣᠶ ᠱᠢᠭᠤᠶ ᠨᠤᠳᠤᠭ ᠪᠡᠯᠴᠢᠭᠡᠷ ᠨᠤᠭᠤ ᠭᠠᠵᠠᠷᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠠᠳᠠᠭᠠᠯᠠᠭ᠍ᠳᠠᠴᠠ ᠶ᠋ᠢ ᠪᠥᠬᠥ᠌ ᠲᠠᠯᠠ ᠪᠠᠷ ᠪᠠᠢᠴᠠᠭᠠᠬᠤ᠂ ᠬᠥᠳᠡᠯᠦᠩᠭᠦᠶ ᠪᠡᠷ ᠬᠢᠨᠠᠨ ᠬᠡᠮᠵᠢᠬᠦ᠌᠂ ᠨᠢᠭᠡᠳᠦᠯᠲᠡᠶ ᠦᠨᠡᠯᠡᠬᠦ᠌ ᠲᠦᠷᠢᠮᠢ ᠪᠠᠢᠭᠤᠯᠤᠨᠠ᠃
ᠲᠠᠪᠤ ᠳᠤ᠂ ᠨᠡᠢᠯᠡᠯ ᠴᠡᠭ ᠢ ᠣᠨᠣᠪᠴᠢᠲᠠᠢ ᠣᠯᠵᠤ᠂ ᠠᠮᠢ ᠠᠬᠤᠢ ᠪᠠᠷ ᠶᠠᠳᠠᠭᠤ ᠶ᠋ᠢ ᠲᠡᠳᠬᠦᠭ᠌ᠰᠡᠨ ᠦᠷᠡ ᠪᠦᠲᠦᠭᠡᠯ ᠢ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ ᠢ ᠪᠦᠬᠦ᠌ ᠲᠠᠯᠠ ᠪᠠᠷ ᠬᠥᠭ᠌ᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨᠡ᠃ ᠶᠡᠷᠦᠩᠬᠡᠶ ᠱᠦᠵᠢ ᠶ᠋ᠢᠨ ᠣᠶ ᠱᠢᠭᠤᠶ ᠠᠴᠠ ᠢᠳᠡᠰᠢ ᠠᠪᠬᠤ ᠵᠢᠭᠠᠪᠤᠷᠢ ᠶ᠋ᠢᠨ ᠱᠠᠭᠠᠷᠳᠠᠯᠭᠠ ᠶ᠋ᠢ ᠡᠷᠡᠰ ᠨᠠᠢᠳᠠᠪᠤᠷᠢᠵᠢᠭᠤᠯᠵᠤ᠂《ᠣᠶ ᠱᠢᠭᠤᠶ ᠡᠪᠡᠰᠦᠨ ᠦ ᠠᠵᠤ ᠦᠶ᠋ᠯᠡᠰ ᠦᠨ ᠬᠥᠭ᠌ᠵᠢᠯᠲᠡ ᠶ᠋ᠢᠨ ᠲᠥᠯᠥᠪᠵᠢᠭᠦᠯᠭᠡ (2022 — 2030 ᠣᠨ)》 ᠶ᠋ᠢ ᠱᠢᠨᠵᠢᠯᠡᠬᠦ᠌ ᠤᠬᠠᠭᠠᠨᠴᠢ ᠪᠠᠷ ᠨᠠᠢᠷᠠᠭᠤᠯᠤᠨ ᠵᠣᠬᠢᠶᠠᠵᠤ᠂ ᠤᠨᠴᠠᠯᠢᠬ᠍ᠳᠤ ᠣᠶ ᠱᠢᠭᠤᠶ ᠡᠪᠡᠰᠦᠨ ᠦ ᠠᠵᠤ ᠦᠶ᠋ᠯᠡᠰ ᠦᠨ ᠵᠢᠱ᠌ᠢᠶᠡ ᠦᠵᠡᠭᠦᠯᠬᠦ᠌ ᠴᠡᠭ᠂ ᠵᠢᠱ᠌ᠢᠶᠡ ᠦᠵᠡᠭᠦᠯᠬᠦ᠌ ᠬᠣᠱᠢᠭᠤ ᠱᠢᠶᠠᠨ ᠪᠠ ᠵᠢᠱ᠌ᠢᠶᠡ ᠦᠵᠡᠭᠦᠯᠬᠦ᠌ ᠠᠢᠮᠠᠭ ᠬᠣᠲᠠ ᠶ᠋ᠢᠨ ᠪᠥᠲᠥᠭᠡᠨ ᠪᠠᠢᠭᠤᠯᠤᠯᠲᠠ ᠶ᠋ᠢ ᠰᠦᠪᠡᠭ᠌ᠴᠢᠯᠡᠨ ᠥᠷᠨᠢᠭᠦᠯᠵᠦ᠍᠂ ᠤᠨᠴᠠᠯᠢᠬ᠍ᠳᠤ ᠣᠶ ᠱᠢᠭᠤᠶ ᠶ᠋ᠢᠨ ᠠᠵᠤ ᠦᠶ᠋ᠯᠡᠰ ᠦᠨ ᠰᠠᠭᠤᠷᠢᠨᠢ᠋ ᠪᠣᠢᠵᠢᠭᠤᠯᠬᠤ ᠶ᠋ᠢ ᠴᠢᠩᠭᠠᠳᠭᠠᠨ᠂ ᠤᠨᠴᠠᠯᠢᠬ᠍ᠳᠤ ᠠᠵᠤ ᠠᠬᠤᠶ ᠶ᠋ᠢᠨ ᠣᠶ᠂ ᠣᠶ ᠶ᠋ᠢᠨ ᠬᠣᠷᠮᠣᠶ ᠶ᠋ᠢᠨ ᠠᠵᠤ ᠠᠬᠤᠶ᠂ ᠣᠶ ᠱᠢᠭᠤᠶ ᠶ᠋ᠢᠨ ᠢᠳᠡᠭᠡᠨ ᠵᠡᠷᠭᠡ ᠠᠵᠤ ᠦᠶ᠋ᠯᠡᠰ ᠦᠨ ᠬᠥᠭ᠌ᠵᠢᠯᠲᠡ ᠶ᠋ᠢ ᠭᠣᠸ᠋ᠯᠳᠠᠯᠭᠠᠲᠠᠶ ᠳᠡᠮᠵᠢᠨᠡ᠃《ᠬᠣᠶᠠᠷ ᠲᠤ ᠨᠥᠬᠥᠪᠥᠷᠢ ᠥᠭ᠌ᠬᠦ᠂ ᠬᠣᠶᠠᠷ ᠢ ᠳᠠᠢᠴᠢᠯᠠᠬᠤ》 ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠠᠮᠢ ᠠᠬᠤᠶ ᠪᠠᠷ ᠠᠷᠠᠳᠲᠤ ᠠᠱᠢᠭ ᠬᠦᠷᠲᠡᠭᠡᠬᠦ᠌ ᠲᠥᠷᠥᠶ᠋ᠢᠨ ᠪᠣᠳᠣᠯᠭᠠ ᠶ᠋ᠢᠨ ᠲᠣᠭ᠍ᠲᠠᠭᠤᠨ ᠪᠠᠢᠬᠤᠶ᠋ᠢ ᠪᠠᠲᠤᠯᠠᠨᠠ᠃ ᠬᠥᠳᠡᠭᠡ ᠲᠣᠰᠭᠣᠨᠤ ᠨᠣᠭᠣᠭᠠᠷᠠᠭᠤᠯᠵᠤ ᠭᠤᠶᠤᠵᠢᠭᠤᠯᠬᠤ ᠠᠵᠢᠯᠯᠠᠭᠠᠶ᠋ᠢ ᠦᠷᠭᠦᠯᠵᠢᠯᠡᠨ ᠥᠷᠨᠢᠭᠦᠯᠵᠦ᠍᠂ ᠨᠥᠬᠥᠴᠡᠯ ᠳᠦ ᠳᠣᠭᠢᠷᠠᠬᠤ ᠭᠠᠵᠠᠷ ᠣᠷᠣᠨ ᠰᠢᠭᠤᠢᠳᠤ ᠬᠥᠳᠡᠭᠡ ᠲᠣᠰᠭᠣᠨᠤ ᠪᠥᠲᠥᠭᠡᠨ ᠪᠠᠢᠭᠤᠯᠤᠯᠲᠠ ᠬᠢᠬᠦ ᠶ᠋ᠢ ᠳᠡᠮᠵᠢᠨᠠ᠃