ᠪᠤᠯᠤᠩ ᠨᠡᠭᠡᠭᠡᠬᠦ᠌ ᠦᠭᠡ
2022-04-21 09:49:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ᠌ ᠦᠭᠡ  ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠵᠢᠯ ᠪᠤᠯᠤᠨ᠎ᠠ᠂ ᠪᠠᠰᠠ ᠴᠤ᠌ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠪᠠᠢᠭᠤᠯᠤᠭ᠍ᠳᠠᠭ᠍ᠰᠠᠨ 100 ᠵᠢᠯ᠎ᠦᠨ ᠤᠢ ᠪᠤᠯᠤᠨ᠎ᠠ᠃ ᠵᠠᠭᠤᠨ ᠵᠢᠯ ᠎ᠦᠨ ᠲᠤᠷᠰᠢ᠂ ᠡᠪ ᠬᠠᠮᠲᠤ ᠵᠠᠯᠠᠭᠤᠴᠤᠳ᠎ᠤᠨ ᠡᠪᠯᠡᠯ ᠢᠮᠠᠭ᠍ᠲᠠ ᠡᠷᠡᠰ ᠭᠤᠢᠪᠢᠰᠢ ᠦᠭᠡᠢ ᠎ᠪᠡᠷ ᠨᠠᠮ ᠎ᠢᠶᠠᠨ ᠳᠠᠭᠠᠵᠤ᠂ ᠥᠷᠭᠡᠨ ᠤᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠢ ᠪᠦᠯᠬᠦᠮᠳᠡᠭᠦᠯᠦᠨ ᠳᠠᠭᠠᠭᠤᠯᠵᠤ ᠡᠮᠦᠨᠡᠬᠢ ᠨᠢ ᠤᠨᠠᠪᠠᠯ ᠬᠣᠢᠨᠠᠬᠢ ᠨᠢ ᠵᠠᠯᠭᠠᠮᠵᠢᠯᠠᠵᠤ᠂ ᠡᠷᠡᠮᠡᠬᠡᠢᠯᠡᠨ ᠲᠡᠮᠡᠴᠡᠵᠦ᠍᠂ ᠳᠤᠮᠳᠠᠳᠤ ᠤᠯᠤᠰ ᠎ᠤᠨ ᠵᠠᠯᠠᠭᠤᠴᠤᠳ ᠎ᠤᠨ ᠬᠥᠳᠡᠯᠭᠡᠭᠡᠨ ᠎ᠦ ᠢᠷᠠᠭᠤ ᠬᠠᠭᠤᠳᠠᠰᠤ ᠶ᠋ᠢ ᠪᠢᠴᠢᠭ᠌ᠯᠡᠯ᠎ᠡ᠃ ᠲᠤᠰ ᠰᠦᠯᠵᠢᠶ᠎ᠡ ᠡᠨᠡ ᠡᠳᠦᠷ ᠎ᠡᠴᠡ ᠡᠬᠢᠯᠡᠨ᠂  《ᠨᠠᠮ᠎ᠤᠨ ᠲᠤᠭ᠎ᠤᠨ ᠵᠢᠭᠠᠭᠰᠠᠨ ᠴᠢᠭᠯᠡᠯ ᠵᠢᠡᠷ ᠡᠪᠯᠡᠯ᠎ᠤᠨ ᠲᠤᠭ ᠨᠠᠮᠢᠷᠠᠨ᠎ᠠ》  ᠭᠡᠬᠦ᠌ ᠲᠤᠰᠭᠠᠶ ᠪᠤᠯᠤᠩ ᠨᠡᠭᠡᠭᠡᠨ᠂ ᠥᠷᠭᠡᠨ ᠭᠦᠨᠵᠡᠭᠡᠶ ᠰᠤᠷᠪᠤᠯᠵᠢᠯᠠᠭ᠎ᠠ ᠮᠡᠳᠡᠭᠡᠯᠡᠯ ᠵᠢᠡᠷ ᠳᠡᠮᠵᠢᠭᠤᠯᠤᠨ᠂ ᠪᠦᠬᠦ᠌ ᠣᠷᠣᠨ ᠎ᠤ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠵᠢᠨ ᠬᠢᠨ᠎ᠤ ᠡᠪᠯᠡᠯ᠎ᠦᠨ ᠦᠨᠳᠦᠰᠦᠨ ᠡᠭᠦᠷᠭᠡ᠂ ᠤᠯᠤᠰ ᠲᠥᠷᠥ᠎ᠶ᠋ᠢᠨ ᠬᠠᠷᠢᠭᠤᠴᠠᠯᠭ᠎ᠠ ᠪᠠ ᠠᠵᠢᠯ ᠎ᠤᠨ ᠭᠣᠣᠯ ᠱᠤᠭᠤᠮ᠎ᠤᠨ ᠲᠤᠭᠤᠷᠢᠨ ᠳ᠋ᠤ ᠵᠠᠯᠠᠭᠤᠴᠤᠳ᠎ᠢ ᠬᠥᠲᠥᠯᠥᠨ ᠳᠠᠭᠠᠭᠤᠯᠵᠤ  ᠪᠦᠯᠬᠦᠮᠳᠡᠬᠦᠯᠦᠨ ᠨᠢᠭ᠍ᠲᠠᠷᠠᠭᠤᠯᠵᠤ᠂ ᠵᠠᠯᠠᠭᠤᠴᠤᠳ᠎ᠢ ᠵᠣᠬᠢᠶᠠᠨ ᠪᠠᠢᠭᠤᠯᠤᠨ ᠳᠠᠢᠴᠢᠯᠠᠵᠤ᠂ ᠵᠠᠯᠠᠭᠤᠴᠤᠳ᠎ᠲᠠᠶ ᠬᠠᠷᠢᠯᠴᠠᠬᠤ ᠪᠠ ᠲᠡᠳᠡᠨ᠎ᠳᠦ ᠦᠢᠯᠡᠴᠢᠯᠡᠬᠦ᠌ ᠳᠤᠮᠳᠠᠬᠢ ᠬᠠᠷᠢᠭᠤᠴᠠᠯᠭ᠎ᠠ ᠡᠭᠦᠷᠭᠡᠯᠡᠯ᠎ᠢ ᠪᠦᠬᠦ᠌ ᠲᠠᠯ᠎ᠠ ᠎ᠪᠠᠷ ᠳᠡᠯᠭᠡᠨ ᠦᠵᠡᠭᠦᠯᠵᠦ᠍᠂ 《ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠬᠠᠮᠲᠤ᠎ᠪᠠᠷ ᠲᠡᠷᠭᠡᠯᠱᠢᠭᠦᠯᠬᠦ᠌》ᠠᠮᠢᠳᠤᠯᠢᠭ ᠦᠢᠯᠡᠳᠦᠯᠭᠡ ᠎ᠶ᠋ᠢᠨ ᠳᠤᠮᠳᠠᠬᠢ ᠵᠠᠯᠠᠭᠤ ᠨᠠᠰᠤᠨ ᠎ᠤ  ᠴᠣᠭ ᠵᠢᠪᠬᠤᠭ᠎ᠠ ᠎ᠵᠢ ᠠᠮᠢᠳᠤᠯᠢᠭ ᠎ᠢᠶᠠᠷ ᠳᠡᠯᠭᠡᠨ ᠦᠵᠡᠭᠦᠯᠵᠦ᠍᠂ ᠥᠷᠭᠡᠨ ᠤᠯᠠᠨ ᠡᠪᠯᠡᠯ ᠎ᠦᠨ ᠭᠡᠱᠢᠭᠦᠨ ᠵᠠᠯᠠᠭᠤᠴᠤᠳ᠎ᠢ᠋ ᠬᠦᠳᠦᠯᠦᠨ ᠵᠢᠯᠤᠭᠤᠳᠴᠤ᠂ ᠲᠡᠦᠬᠡᠲᠦ ᠡᠭᠦᠷᠭᠡ᠎ᠶ᠋ᠢ ᠡᠭᠦᠷᠭᠡᠯᠡᠵᠦ᠍᠂ ᠤᠷᠤᠭ᠍ᠰᠢᠯᠠᠯᠲᠠ ᠎ᠶ᠋ᠢᠨ ᠢᠲᠡᠭᠡᠯ ᠵᠣᠷᠢᠭ ᠵᠢᠡᠨ ᠪᠠᠲᠤᠳᠭᠠᠵᠤ᠂  ᠶᠡᠬᠡ ᠵᠣᠷᠢᠭ ᠎ᠢ ᠡᠪᠦᠷᠯᠡᠨ᠂ ᠶᠡᠬᠡ ᠰᠤᠷᠳᠠᠬᠤᠨ᠎ᠢ ᠢᠯᠡᠷᠡᠭᠦᠯᠵᠦ᠍᠂ ᠶᠡᠬᠡ ᠴᠢᠳᠠᠪᠤᠷᠢᠲᠠᠨ ᠪᠤᠯᠵᠤ᠂ ᠶᠡᠬᠡ ᠡᠭᠦᠷᠭᠡ ᠎ᠶ᠋ᠢ ᠡᠭᠦᠷᠭᠡᠯᠡᠵᠦ᠍᠂ ᠦᠨᠳᠦᠰᠦᠲᠡᠨ ᠎ᠦ ᠰᠡᠷᠭᠦᠨ ᠮᠠᠨᠳᠤᠯᠲᠠ ᠎ᠶ᠋ᠢᠨ ᠬᠦᠨᠳᠦ ᠡᠭᠦᠷᠭᠡ ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ ᠎ᠶ᠋ᠢᠨ ᠱᠢᠨ᠎ᠡ ᠬᠥᠮᠦᠨ ᠪᠣᠯᠬᠤ᠎ᠪᠠᠷ ᠴᠢᠷᠮᠠᠢᠵᠤ᠂ ᠴᠤᠴᠠᠯᠲᠠ ᠦᠭᠡᠢ ᠲᠡᠮᠡᠴᠡᠯ᠎ᠦᠨ ᠳᠤᠮᠳᠠ ᠵᠠᠯᠠᠭᠤ ᠨᠠᠰᠤᠨ᠎ᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠣᠳᠠᠲᠤ ᠠᠵᠢᠯᠯᠠᠭ᠎ᠠ ᠎ᠪᠠᠷ ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ ᠲᠠᠶ ᠬᠤᠷᠠᠯᠳᠤᠬᠤ ᠎ᠶ᠋ᠢ ᠤᠭ᠍ᠲᠤᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号