ᠣᠷᠴᠢᠨ ᠠᠬᠤᠶ ᠎ᠶ᠋ᠢ ᠱᠢᠯᠢᠳᠡᠭ᠌ᠵᠢᠭᠦᠯᠦᠨ ᠬᠠᠪᠰᠤᠷᠤᠨ ᠲᠡᠳᠬᠦᠬᠦ ᠵᠢ ᠴᠢᠩᠭᠠᠷᠠᠭᠤᠯᠵᠤ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠵᠠᠯᠠᠭᠤ ᠴᠢᠳᠠᠪᠤᠷᠢᠲᠠᠨ᠎ᠤ ᠱᠢᠨ᠎ᠡ᠎ᠶ᠋ᠢ ᠡᠭᠦᠳᠴᠤ ᠦᠶ᠋ᠯᠡᠰ ᠪᠤᠰᠬᠠᠬᠤ᠎ᠳ᠋ᠦ ᠬᠥᠭᠥᠷᠭᠡ ᠬᠤᠯᠪᠤᠭᠠᠰᠤ ᠵᠢᠨ ᠦᠢᠯᠡᠳᠦᠯ ᠦᠵᠡᠭᠦᠯᠦᠨ᠎ᠡ
2022-04-21 09:51:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ᠂ ᠦᠢᠯᠡᠰ ᠪᠤᠰᠬᠠᠬᠤ ᠪᠣᠯ ᠠᠵᠢᠯ ᠣᠯᠭᠣᠯᠲᠠ᠎ᠶ᠋ᠢᠨ ᠡᠬᠢ ᠰᠤᠷᠪᠤᠯᠵᠢ ᠮᠥᠨ᠃ ᠤᠢ᠍ᠢᠷ᠎ᠠ ᠎ᠶ᠋ᠢᠨ ᠵᠢᠯ᠎ᠡᠴᠡ᠂ ᠥᠪᠥᠷ ᠮᠣᠩᠭᠣᠯ ᠎ᠤᠨ ᠡᠪ ᠬᠠᠮᠲᠤ ᠵᠠᠯᠠᠭᠤᠴᠤᠳ ᠎ᠤᠨ ᠡᠪᠯᠡᠯ 《ᠨᠢᠭᠡ ᠴᠤᠬ᠍ᠴᠠ ᠬᠣᠶᠠᠷ ᠵᠢᠭᠦᠷ ᠭᠤᠷᠪᠠᠨ ᠳᠡᠰ ᠤᠯᠠᠨ ᠵᠢᠭ᠍ᠰᠠᠭᠠᠯ ᠎ᠤᠨ ᠭᠠᠵᠠᠷ》 ᠢ᠋ ᠪᠠᠢᠭᠤᠯᠬᠤ ᠠᠵᠢᠯ ᠎ᠤᠨ ᠪᠠᠢᠷᠢᠱᠢᠯ ᠎ᠤᠨ ᠲᠣᠭᠣᠷᠢᠨ᠎ᠳᠤ᠂ ᠨᠠᠮ᠎ᠤᠨ ᠲᠦᠯᠦᠭᠡ ᠦᠢᠯᠡᠰ ᠪᠤᠰᠭᠠᠬᠤ ᠵᠠᠯᠠᠭᠤ ᠴᠢᠳᠠᠪᠤᠷᠢᠲᠠᠨ ᠎ᠢ ᠨᠢᠭ᠍ᠲᠠᠷᠠᠭᠤᠯᠵᠤ᠂ ᠥᠪᠥᠷ ᠮᠣᠩᠭᠣᠯ ᠎ᠤᠨ ᠵᠠᠯᠠᠭᠤᠴᠤᠳ᠎ᠤᠨ ᠱᠢᠨ᠎ᠡ ᠎ᠶ᠋ᠢ ᠡᠭᠦᠳᠴᠤ ᠦᠢᠯᠡᠰ ᠪᠤᠰᠭᠠᠬᠤ ᠠᠵᠢᠯᠯᠠᠭ᠎ᠠ ᠎ᠶ᠋ᠢ ᠬᠡᠷᠡᠭ᠌ᠵᠢᠭᠦᠯᠵᠦ᠂ ᠪᠦᠬᠦ᠌ ᠨᠡᠢᠭᠡᠮ ᠎ᠳᠦ ᠵᠠᠯᠠᠭᠤᠴᠤᠳ ᠎ᠤᠨ ᠱᠢᠨ᠎ᠡ ᠎ᠶ᠋ᠢ ᠡᠬᠦᠳᠴᠦ ᠦᠢᠯᠡᠰ ᠪᠤᠰᠭᠠᠬᠤ᠎ᠶ᠋ᠢ ᠣᠢᠯᠠᠭᠠᠬᠤ᠂ ᠴᠢᠬᠤᠯᠠᠴᠢᠯᠠᠬᠤ᠂ ᠳᠡᠮᠵᠢᠬᠦ᠌ ᠰᠠᠢ᠌ᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠵᠤ᠂ ᠠᠯᠢ ᠤᠯᠠᠨ ᠪᠣᠳᠠᠲᠠᠢ ᠠᠷᠭ᠎ᠠ ᠬᠡᠮᠵᠢᠢ᠎ᠡ ᠎ᠪᠡᠷ ᠳᠠᠮᠵᠢᠭᠤᠯᠵᠤ᠂ ᠵᠠᠯᠠᠭᠤᠴᠤᠳ᠎ᠤᠨ ᠦᠢᠯᠡᠰ ᠪᠤᠰᠭᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠯᠠᠪᠳᠠᠭᠤᠨ ᠪᠠᠲᠤᠲᠠᠢ ᠦᠢᠯᠡᠴᠢᠯᠡᠭᠡ ᠥᠷᠨᠢᠭᠦᠯᠵᠡᠢ᠃ ᠢᠯᠠᠩᠭᠤᠶ᠎ᠠ 2022 ᠣᠨ ᠎ᠳᠤ᠂ ᠥᠪᠥᠷ ᠮᠣᠩᠭᠣᠯ ᠎ᠤᠨ ᠡᠪ ᠬᠠᠮᠲᠤ ᠵᠠᠯᠠᠭᠤᠴᠤᠳ ᠎ᠤᠨ ᠡᠪᠯᠡᠯ《ᠤᠮᠠᠷᠠᠲᠤ ᠬᠢᠯᠢ ᠎ᠶ᠋ᠢᠨ ᠵᠠᠯᠠᠭᠤᠴᠤᠳ ᠎ᠤᠨ ᠱᠢᠨ᠎ᠡ ᠎ᠶ᠋ᠢ ᠡᠭᠦᠳᠬᠦ᠌ ᠎ᠳ᠋ᠤ ᠲᠤᠰᠠᠯᠠᠶ᠎ᠠ》 ᠭᠡᠬᠦ᠌ ᠨᠠᠷᠠᠲᠤ ᠲᠡᠮᠳᠡᠭᠳᠦ ᠢᠨᠵᠧᠨᠧᠷᠢᠩ ᠎ᠢ ᠬᠦᠴᠦᠯᠡᠨ ᠪᠠᠢᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ ᠎ᠦᠨ ᠱᠢᠰᠲ᠋ᠧᠮ ᠪᠠ ᠨᠡᠢᠭᠡᠮ᠎ᠦᠨ ᠦᠶ᠋ᠯᠡᠴᠢᠯᠡᠭᠡᠨ ᠎ᠦ  ᠵᠠᠯᠠᠭᠤᠴᠤᠳ ᠎ᠤᠨ ᠠᠵᠢᠯ ᠣᠯᠵᠤ ᠦᠶ᠋ᠯᠡᠰ ᠪᠤᠰᠬᠠᠬᠤ ᠡᠬᠢ ᠪᠠᠶᠠᠯᠢᠭ ᠎ᠢ ᠪᠦᠳᠦᠮᠵᠢᠳᠡᠢ ᠴᠡᠭᠴᠡᠯᠡᠨ ᠨᠡᠢᠳᠭᠡᠬᠦ ᠎ᠪᠡᠷ ᠳᠠᠮᠵᠢᠭᠤᠯᠤᠨ᠂ ᠪᠥᠬᠥ᠌ ᠣᠷᠣᠨ ᠎ᠤ ᠵᠠᠯᠠᠭᠤᠴᠤᠳ᠎ᠤᠨ ᠦᠶ᠋ᠯᠡᠰ ᠪᠤᠰᠬᠠᠵᠤ ᠠᠵᠢᠯ ᠣᠯᠭᠤᠬᠤ ᠨᠡᠷᠡᠳᠦ ᠲᠡᠮᠳᠡᠭᠳᠦ ᠵᠢ ᠡᠬᠦᠳᠴᠦ᠂ ᠵᠠᠯᠠᠭᠤᠴᠤᠳ ᠎ᠤᠨ ᠪᠤᠳᠤᠵᠤ ᠤᠯᠬᠤᠢᠴᠠ᠂ ᠡᠷᠢᠵᠦ᠍ ᠤᠯᠬᠤᠢᠴᠠ᠂ ᠨᠠᠢᠳᠠᠪᠤᠷᠢᠲᠠᠶ ᠠᠵᠢᠯ ᠤᠯᠭᠤᠬᠤ ᠨᠠᠷᠠᠲᠤ ᠲᠡᠮᠳᠡᠭᠲᠦ ᠎ᠵᠢ ᠱᠤᠭᠤᠪᠠ᠃

ᠣᠯᠠᠨ ᠵᠦᠶ᠋ᠯ ᠎ᠦᠨ ᠠᠷᠭ᠎ᠠ  ᠵᠠᠮ᠎ᠢᠶᠠᠷ ᠨᠠᠷᠢᠯᠢᠭ ᠣᠨᠣᠴᠠᠲᠠᠶ ᠬᠠᠪᠰᠤᠷᠤᠨ ᠲᠡᠳᠬᠦᠵᠦ᠍ ᠨᠡᠪᠴᠢᠭᠦᠯᠦᠬᠦᠷ᠎ᠤᠨ ᠲᠠᠪᠴᠠᠩ ᠳ᠋ᠤ ᠪᠠᠲᠤ ᠴᠢᠩᠭ᠎ᠠ ᠬᠦᠴᠦᠨ ᠨᠡᠮᠡᠷᠢᠯᠡᠨ᠎ᠡ

ᠠᠩᠬ᠎ᠠ ᠠᠵᠤ ᠠᠬᠤᠢᠯᠠᠯ ᠡᠬᠦᠰᠭᠡᠨ ᠪᠠᠢᠭᠤᠯᠤᠭ᠍ᠴᠢᠳ᠎ᠤᠨ ᠨᠢᠭᠡ ᠤᠳᠠᠭᠠᠨ᠎ᠤ ᠰᠣᠯᠢᠯᠴᠠᠭᠠᠨ᠎ᠤ ᠬᠤᠷᠠᠯ᠎ᠲᠡᠭᠡᠷ᠎ᠡ᠂ ᠥᠪᠡᠷᠲᠡᠭᠡᠨ  ᠵᠠᠰᠠᠬᠤ  ᠣᠷᠣᠨ᠎ᠤ ᠵᠠᠯᠠᠭᠤᠴᠤᠳ᠎ᠤᠨ ᠬᠣᠯᠪᠣᠭ᠎ᠠ᠎ᠶ᠋ᠢᠨ ᠭᠡᠱᠢᠭᠦᠨ᠂ ᠥᠪᠥᠷ ᠮᠣᠩᠭᠣᠯ᠎ᠤᠨ ᠵᠦᠩ ᠮᠧᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠤ᠋ᠨ ᠬᠢᠵᠠᠭᠠᠷᠲᠤ ᠺᠣᠮᠫᠠᠨᠢ᠎ᠶ᠋ᠢᠨ ᠡᠭᠦᠰᠭᠡᠨ ᠪᠠᠢᠭᠤᠯᠤᠭ᠍ᠴᠢ ᠯᠢᠦ ᠽᠢ ᠵᠢᠶᠠ᠄ 《ᠮᠠᠨ᠎ᠤ ᠠᠵᠤ ᠠᠬᠤᠢᠯᠠᠯ ᠲᠤᠬᠠᠢ ᠎ᠶ᠋ᠢᠨ ᠦᠶ᠎ᠡ ᠎ᠳᠦ ᠪᠠᠷᠤᠭ ᠲᠡᠰᠴᠦ ᠳᠡᠢᠯᠬᠦ᠌ ᠦᠭᠡᠢ ᠬᠡᠮᠵᠢᠶᠡᠨ ᠳ᠋ᠦ ᠬᠦᠷᠦᠭᠰᠡᠨ ᠁》 ᠭᠡᠵᠦ ᠺᠣᠮᠫᠠᠨᠢ᠎ᠶ᠋ᠢᠨ ᠵᠢᠡᠨ ᠬᠥᠭ᠌ᠵᠢᠯᠲᠡ᠎ᠶ᠋ᠢᠨ ᠲᠤᠬᠠᠢ ᠶᠠᠷᠢᠵᠤ ᠪᠠᠢᠯ᠎ᠠ᠃

2020 ᠣᠨ ᠎ᠤ ᠡᠬᠢ ᠎ᠪᠡᠷ ᠬᠢᠵᠢᠭ ᠎ᠦᠨ ᠪᠠᠢᠳᠠᠯ ᠎ᠤᠨ ᠨᠥᠯᠥᠭᠡ ᠎ᠡᠴᠡ ᠪᠤᠯᠵᠤ᠂ ᠯᠢᠦ ᠽᠢ ᠵᠢᠶᠠ  ᠵᠢᠨ ᠺᠣᠮᠫᠠᠨᠢ ᠨᠢ ᠲᠦᠷᠦᠯ ᠵᠦᠢᠯ ᠎ᠦᠨ ᠵᠣᠭᠣᠰ  ᠣᠯᠵᠤ ᠳᠡᠢᠯᠬᠦ᠌ ᠦᠭᠡᠢ ᠪᠤᠯᠵᠤ᠂ ᠪᠡᠯᠡ ᠮᠥᠩᠭᠥᠨ ᠎ᠦ ᠭᠦᠢᠯᠭᠡᠭᠡᠨ᠎ᠤ  ᠲᠠᠯ᠎ᠠ ᠵᠢᠨ ᠬᠦᠴᠢᠷᠳᠡᠯ ᠎ᠳᠦ ᠲᠤᠯᠭᠠᠷᠠᠪᠠ᠃

ᠯᠢᠦ ᠽᠢ ᠵᠢᠶᠠ ᠭᠠᠵᠠᠷ ᠪᠣᠯᠭᠠᠨ ᠡᠴᠡ ᠨᠡᠩ ᠲᠣᠬᠢᠷᠠᠮᠵᠢᠲᠠᠢ ᠠᠵᠢᠯᠯᠠᠬᠤ ᠲᠠᠯᠠᠪᠤᠷ ᠡᠷᠢᠵᠦ᠍ ᠪᠠᠢᠬᠤ ᠦᠶ᠎ᠡ ᠎ᠳᠦ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ ᠎ᠶ᠋ᠢᠨ ᠲᠠᠯ᠎ᠠ ᠨᠤᠲᠤᠭ ᠎ᠤᠨ ᠵᠠᠯᠠᠭᠤᠴᠤᠳ ᠎ᠤᠨ ᠦᠢᠯᠡᠰ ᠪᠤᠰᠬᠠᠬᠤ ᠨᠡᠪᠴᠢᠭᠦᠯᠦᠭᠦᠷ᠎ᠤᠨ ᠤᠷᠢᠵᠤ ᠡᠯᠰᠡᠬᠦ ᠠᠯᠪᠠᠨ ᠵᠠᠷᠯᠠᠯ ᠲᠡᠭᠦᠨ ᠎ᠦ ᠠᠩᠬᠠᠷᠤᠯ ᠎ᠢ ᠲᠠᠲᠠᠪᠠ᠃ ᠰᠠᠷᠠᠭᠤᠯ ᠠᠭᠤᠵᠢᠮ ᠠᠯᠪᠠᠨ ᠭᠡᠷ᠂ ᠲᠤᠰᠭᠠᠢ ᠮᠡᠷᠭᠡᠵᠢᠯ ᠎ᠦᠨ ᠦᠢᠯᠡᠴᠢᠯᠡᠭᠡ᠂  ᠢᠯᠠᠩᠭᠤᠶ᠎ᠠ 2 ᠵᠢᠯ ᠎ᠦᠨ ᠰᠦᠢᠳᠭᠡᠯ ᠦᠯᠦ ᠬᠤᠷᠢᠶᠠᠬᠤ ᠨᠡᠪᠴᠢᠭᠦᠯᠬᠦ᠌ ᠬᠤᠭᠤᠴᠠᠭ᠎ᠠ ᠪᠣᠯᠤᠨ ᠦᠢᠯᠡᠰ ᠪᠤᠰᠭᠠᠬᠤ ᠠᠭᠤᠷ ᠠᠮᠢᠰᠭᠤᠯ ᠨᠢ ᠲᠡᠬᠦᠨ ᠎ᠦ ᠰᠡᠳᠬᠢᠯ᠎ᠢ ᠬᠦᠳᠡᠯᠭᠡᠭᠰᠡᠨ ᠪᠠᠢᠯ᠎ᠠ᠃ ᠬᠢᠨᠠᠨ ᠱᠢᠯᠭᠠᠷᠠᠭᠤᠯᠤᠯᠲᠠ᠎ᠪᠠᠷ ᠲᠠᠮᠵᠢᠨ᠂ ᠯᠢᠦ ᠽᠢ ᠵᠢᠶᠠ᠎ᠶ᠋ᠢᠨ ᠺᠣᠮᠫᠠᠨᠢ ᠲᠠᠯ᠎ᠠ ᠨᠤᠲᠤᠭ ᠎ᠤᠨ ᠵᠠᠯᠠᠭᠤᠴᠤᠳ᠎ᠤᠨ ᠦᠢᠯᠡᠰ ᠪᠤᠰᠬᠠᠬᠤ ᠨᠡᠪᠴᠢᠭᠦᠯᠦᠭᠦᠷ᠎ᠲᠦ ᠤᠷᠤᠭ᠍ᠰᠢᠲᠠᠢ ᠣᠷᠣᠵᠤ ᠰᠠᠭᠤᠪᠠ᠃

《ᠨᠡᠪᠴᠢᠭᠦᠯᠬᠦ᠌ ᠬᠤᠭᠤᠴᠠᠭᠠᠨ᠎ᠳᠤ᠂ ᠮᠠᠨ ᠎ᠤ ᠺᠣᠮᠫᠠᠨᠢ ᠦᠳᠲᠡᠷ ᠲᠦᠷᠭᠡᠨ ᠬᠥᠭ᠌ᠵᠢᠪᠡ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ ᠎ᠠᠴᠠ ᠮᠠᠨ ᠎ᠤ ᠦᠢᠯᠡᠰ ᠪᠤᠰᠬᠠᠭᠴᠢᠳ᠎ᠲᠤ ᠶᠡᠬᠡ ᠪᠡᠷ ᠳᠡᠮᠵᠢᠯᠭᠡ ᠦᠵᠡᠬᠦᠯᠦᠭᠰᠡᠨ ᠳ᠋ᠤ ᠮᠠᠰᠢ ᠲᠠᠯᠠᠷᠬᠠᠵᠤ ᠪᠠᠢᠨ᠎ᠠ》ᠭᠡᠵᠦ ᠯᠢᠦ ᠽᠢ ᠵᠢᠶᠠ ᠶᠠᠷᠢᠨ᠎ᠠ᠃ 2 ᠵᠢᠯ ᠭᠠᠷᠤᠶ ᠎ᠶ᠋ᠢᠨ ᠴᠢᠷᠮᠠᠢᠯᠭ᠎ᠠ ᠎ᠪᠠᠷ ᠳᠡᠮᠵᠢᠨ᠂ ᠯᠢᠦ ᠽᠢ ᠵᠢᠶᠠ ᠎ᠶ᠋ᠢᠨ ᠦᠶ᠋ᠯᠡᠰ ᠪᠤᠰᠬᠠᠬᠤ ᠪᠦᠯᠬᠦᠮ  ᠨᠢ ᠨᠡᠢᠲᠡ 10 ᠤᠷᠴᠢᠮ ᠬᠥᠮᠦᠨ ᠳᠠᠢ ᠪᠤᠯᠵᠦ ᠳᠤᠭᠳᠠᠪᠤᠷᠢᠵᠢᠨ᠂ 200 ᠰᠢᠬᠠᠮ ᠬᠥᠮᠦᠨ ᠲᠤᠱᠢᠶᠠᠯ ᠬᠠᠪᠰᠤᠷᠭᠠᠭ᠍ᠰᠠᠨ ᠪᠦᠯᠬᠦᠮ ᠨᠡᠢᠲᠡ ᠎ᠶ᠋ᠢ ᠵᠣᠬᠢᠶᠠᠨ ᠪᠠᠢᠭᠤᠯᠵᠤ᠂ 30 ᠡᠵᠡᠩᠨᠡᠯᠲᠡ ᠎ᠶ᠋ᠢᠨ ᠮᠡᠷᠭᠡᠵᠢᠯᠲᠡᠨ ᠲᠠᠢ  ᠪᠣᠯᠵᠤ᠂ ᠰᠤᠳᠤᠯᠤᠨ ᠨᠡᠭᠡᠭᠡᠭ᠌ᠰᠡᠨ 10 ᠦᠷ᠎ᠡ ᠪᠦᠲᠦᠭᠡᠯ ᠎ᠢ ᠤᠯᠠᠷᠢᠭᠤᠯᠬᠤ ᠎ᠶ᠋ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠲᠢᠩᠬᠢᠮ ᠎ᠦᠨ ᠳᠤᠮᠳᠠ ᠵᠢᠵᠢᠭ ᠬᠡᠯᠪᠡᠷᠢ ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠠᠵᠤ ᠠᠬᠤᠢᠯᠠᠯ ᠎ᠳᠤ ᠣᠷᠣᠵᠤ᠂ ᠨᠡᠪᠴᠢᠬᠦᠯᠦᠬᠦᠷ᠎ᠢ ᠠᠮᠵᠢᠯᠳᠠ ᠲᠠᠢ ᠪᠡᠶᠡᠯᠡᠬᠦᠯᠦᠭᠰᠡᠨ ᠪᠠᠢᠨ᠎ᠠ᠃

ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ ᠎ᠶ᠋ᠢᠨ ᠲᠠᠯ᠎ᠠ ᠨᠤᠲᠤᠭ ᠎ᠤᠨ ᠵᠠᠯᠠᠭᠤᠴᠤᠳ ᠎ᠤᠨ ᠦᠢᠯᠡᠰ ᠪᠤᠰᠬᠠᠬᠤ᠌ ᠨᠡᠪᠴᠢᠭᠦᠯᠦᠭᠦᠷ ᠪᠠᠢᠭᠤᠯᠤᠭ᠍ᠳᠠᠭ᠍ᠰᠠᠨ ᠎ᠠᠴᠠ ᠨᠠᠭᠠᠰᠢ᠂ ᠯᠢᠦ ᠽᠢ ᠵᠢᠶᠠ ᠮᠡᠲᠦ᠍ ᠎ᠶ᠋ᠢᠨ ᠦᠶ᠋ᠯᠡᠰ ᠪᠤᠰᠬᠠᠬᠤ 80 ᠭᠠᠷᠤᠶ ᠪᠦᠯᠬᠦᠮ ᠨᠡᠢᠲᠡ ᠎ᠶᠢ ᠠᠮᠵᠢᠯᠲᠠ ᠲᠠᠶ ᠨᠡᠪᠴᠢᠭᠦᠯᠪᠡ᠃ ᠪᠦᠬᠦ᠌ ᠣᠷᠣᠨ ᠎ᠤ ᠡᠯ᠎ᠡ ᠱᠠᠲᠤᠨ ᠎ᠤ ᠡᠪᠯᠡᠯ ᠎ᠦᠨ ᠵᠣᠬᠢᠶᠠᠨ ᠪᠠᠢᠭᠤᠯᠤᠯᠲᠠ ᠥᠪᠡᠰᠦᠪᠡᠨ ᠪᠠᠢᠭᠤᠯᠬᠤ᠂ ᠬᠠᠮᠲᠤ ᠪᠠᠷ ᠪᠠᠢᠭᠤᠯᠬᠤ᠂ ᠬᠣᠯᠪᠣᠭᠠᠯᠠᠨ ᠪᠠᠢᠭᠤᠯᠬᠤ ᠎ᠪᠠᠷ ᠳᠠᠮᠵᠢᠨ᠂ ᠨᠡᠢ᠌ᠳᠡ 102 ᠵᠠᠯᠠᠭᠤᠴᠤᠳ᠎ᠤᠨ ᠦᠢᠯᠡᠰ ᠪᠤᠰᠭᠠᠬᠤ ᠨᠡᠪᠴᠢᠭᠦᠯᠦᠭᠦᠷ ᠵᠢᠴᠢ ᠵᠠᠯᠠᠭᠤᠴᠤᠳ ᠎ᠤᠨ ᠡᠯᠧᠺᠲ᠋ᠷᠣᠨ ᠬᠤᠳᠠᠯᠳᠤᠭᠠᠨ ᠎ᠤ ᠰᠠᠭᠤᠷᠢᠨ ᠎ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠨᠢᠭᠡᠳᠦᠮᠡᠯ ᠹᠷᠣᠨᠲ ᠎ᠤᠨ ᠬᠡᠯᠲᠡᠰ ᠎ᠦᠨ ᠵᠢᠯᠤᠭᠤᠳᠤᠯᠭ᠎ᠠ ᠳᠣᠣᠷ᠎ᠠ᠂ ᠥᠪᠥᠷ ᠮᠣᠩᠭᠣᠯ·ᠲᠠᠢᠸᠠᠨ ᠎ᠤ ᠵᠠᠯᠠᠭᠤᠴᠤᠳ᠎ᠤᠨ ᠠᠵᠢᠯ ᠤᠯᠭᠤᠵᠤ ᠦᠢᠯᠡᠰ ᠪᠤᠰᠭᠠᠬᠤ ᠰᠠᠭᠤᠷᠢᠨ᠎ᠢ ᠪᠠᠢᠭᠤᠯᠪᠠ᠃ ᠡᠨᠳᠡ᠂ ᠲᠠᠳᠠ ᠬᠠᠷᠢᠯᠴᠠᠨ ᠬᠠᠪᠰᠤᠷᠤᠯᠴᠠᠵᠤ᠂ ᠦᠰᠦᠨ ᠪᠤᠢᠵᠢᠵᠤ᠂ ᠦᠶ᠋ᠯᠡᠰ ᠪᠤᠰᠭᠠᠬᠤ ᠰᠠᠢᠨ ᠰᠠᠢᠬᠠᠨ ᠠᠭᠤᠷ ᠠᠮᠢᠰᠭᠤᠯ ᠎ᠢ ᠪᠦᠷᠢᠯᠳᠦᠭᠦᠯᠵᠡᠶ᠃ ᠬᠢᠵᠢᠭ ᠎ᠦᠨ ᠪᠠᠢᠳᠠᠯ ᠎ᠤᠨ ᠬᠤᠭᠤᠴᠠᠭᠠᠨ ᠎ᠳᠤ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ ᠎ᠠᠴᠠ ᠵᠠᠯᠠᠭᠤᠴᠤᠳ᠎ᠤᠨ ᠦᠢᠯᠡᠰ ᠪᠤᠰᠬᠠᠬᠤ ᠨᠡᠪᠴᠢᠭᠦᠯᠦᠭᠦᠷ ᠎ᠢ ᠤᠷᠢᠶᠠᠯᠠᠨ ᠵᠠᠯᠠᠭᠤᠴᠤᠳ ᠎ᠤᠨ ᠦᠢᠯᠡᠰ ᠪᠤᠰᠬᠠᠬᠤ ᠠᠵᠤ ᠠᠬᠤᠢᠯᠠᠯ᠎ᠤᠨ ᠬᠡᠷ᠎ᠦᠨ ᠲᠦᠷᠢᠶᠡᠰᠦᠨ ᠮᠦᠩᠬᠦ ᠎ᠶ᠋ᠢ ᠬᠠᠰᠤᠨ ᠬᠡᠯᠲᠦᠷᠢᠭᠦᠯᠵᠦ᠍᠂ ᠥᠪᠡᠷᠲᠡᠭᠡᠨ ᠵᠠᠰᠠᠬᠤ ᠣᠷᠣᠨ ᠎ᠤ ᠵᠠᠯᠠᠭᠤᠴᠤᠳ ᠎ᠤᠨ ᠦᠶ᠋ᠯᠡᠰ ᠪᠤᠰᠬᠠᠬᠤ 11 ᠨᠡᠪᠴᠢᠭᠦᠯᠦᠭᠦᠷ᠎ᠨᠢ 280 ᠠᠵᠤ ᠠᠬᠤᠢᠯᠠᠯ ᠎ᠤᠨ 1 — 3 ᠰᠠᠷ᠎ᠠ ᠵᠢᠨ ᠭᠡᠷ ᠎ᠤᠨ ᠲᠦᠷᠢᠶᠡᠰᠦᠨ ᠮᠦᠩᠬᠦ ᠵᠢ ᠬᠠᠰᠤᠨ ᠬᠡᠯᠲᠦᠷᠢᠭᠦᠯᠵᠦ᠍᠂ ᠨᠡᠪᠴᠢᠭᠦᠯᠦᠭᠦᠷ ᠎ᠢ ᠵᠤᠷᠢᠭᠵᠢᠭᠤᠯᠤᠨ ᠠᠵᠤ ᠠᠬᠤᠢᠯᠠᠯ ᠎ᠤᠨ ᠠᠵᠢᠯ ᠦᠶ᠋ᠯᠡᠳᠪᠦᠷᠢᠯᠡᠯ ᠎ᠢᠶᠡᠨ ᠰᠡᠷᠭᠦᠭᠡᠬᠦ᠌ ᠎ᠶ᠋ᠢ ᠳᠡᠮᠵᠢᠵᠦ᠍᠂ ᠨᠡᠢᠲᠡ 3100 ᠬᠥᠮᠦᠨ  ᠳ᠋ᠤ ᠠᠵᠢᠯ ᠣᠯᠭᠣᠪᠠ᠃ 2022 ᠣᠨ ᠎ᠳᠤ᠂ ᠥᠪᠥᠷ ᠮᠣᠩᠭᠣᠯ ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠲᠠᠯ᠎ᠠ ᠨᠤᠲᠤᠭ ᠎ᠤᠨ ᠵᠠᠯᠠᠭᠤᠴᠤᠳ ᠎ᠤᠨ ᠦᠢᠯᠡᠰ ᠪᠤᠰᠬᠠᠬᠤ ᠨᠡᠪᠴᠢᠭᠦᠯᠦᠭᠦᠷ᠎ᠤᠨ ᠰᠠᠭᠤᠷᠢᠨ ᠳᠡᠭᠡᠷ᠎ᠡ ᠵᠠᠯᠠᠭᠤᠴᠤᠳ᠎ᠤᠨ ᠦᠢᠯᠡᠰ ᠪᠤᠰᠭᠠᠬᠤ《ᠲᠦᠷᠭᠡᠳᠭᠡᠭᠦᠷ》 ᠎ᠤ᠋ᠨ ᠪᠦᠳᠦᠭᠡᠨ ᠪᠠᠢᠭᠤᠯᠤᠯᠲᠠ ᠎ᠶ᠋ᠢ ᠠᠬᠢᠭᠤᠯᠵᠤ᠂ ᠳᠡᠯᠭᠡᠭᠦᠷ ᠎ᠦᠨ ᠵᠢᠱ᠌ᠢᠢ᠎ᠡ ᠦᠵᠡᠭᠦᠯᠬᠦ᠌ ᠦᠢᠯᠡᠳᠦᠯ ᠎ᠢ ᠪᠦᠷᠢᠯᠳᠦᠭᠦᠯᠵᠦ᠍᠂ ᠪᠦᠬᠦ᠌ ᠣᠷᠣᠨ ᠎ᠤ ᠵᠠᠯᠠᠭᠤᠴᠤᠳ ᠎ᠤᠨ ᠦᠢᠯᠡᠰ ᠪᠤᠰᠭᠠᠬᠤ ᠨᠡᠪᠴᠢᠭᠦᠯᠦᠭᠦᠷ᠎ᠤᠨ ᠡᠬᠢ ᠪᠠᠶᠠᠯᠢᠭ ᠎ᠢ ᠨᠡᠢᠳᠭᠡᠬᠦ᠌ ᠎ᠪᠡᠷ ᠲᠠᠮᠵᠢᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ ᠎ᠶ᠋ᠢ ᠪᠦᠷᠢᠯᠳᠦᠭᠦᠯᠵᠦ᠍᠂ ᠪᠦᠬᠦ᠌ ᠣᠷᠣᠨ ᠎ᠤ ᠵᠠᠯᠠᠭᠤᠴᠤᠳ ᠎ᠲᠤ ᠱᠢᠨ᠎ᠡ ᠎ᠶ᠋ᠢ ᠡᠭᠦᠳᠴᠤ ᠦᠢᠯᠡᠰ ᠪᠤᠰᠭᠠᠬᠤ ᠦᠢᠯᠡᠴᠢᠯᠡᠭᠡ ᠬᠠᠩᠭᠠᠬᠤ ᠪᠣᠯᠤᠨ᠎ᠠ᠃

《ᠵᠠᠯᠠᠭᠤᠴᠤᠳ᠎ᠤᠨ ᠦᠢᠯᠡᠰ ᠪᠤᠰᠬᠠᠬᠤ ᠲᠦᠭᠦᠮ ᠵᠢᠭᠡᠯᠡᠯᠭᠡ》 ᠎ᠶ᠋ᠢ ᠣᠯᠠᠨ ᠲᠠᠯ᠎ᠠ᠎ᠪᠠᠷ ᠵᠡᠷᠭᠡ᠎ᠪᠡᠷ ᠠᠳᠭᠤᠵᠤ ᠮᠥᠩᠭᠥᠨ ᠭᠦᠶ᠋ᠯᠭᠡᠭᠡᠨ᠎ᠦ ᠳᠡᠮᠵᠢᠯᠭᠡ᠎ᠵᠢ ᠦᠷᠭᠦᠯᠵᠢᠯᠡᠨ ᠴᠢᠩᠭᠠᠳᠬᠠᠨ᠎ᠠ

ᠨᠡᠪᠴᠢᠬᠦᠯᠦᠬᠦᠷ᠎ᠤᠨ ᠲᠤᠳᠤᠷᠠᠬᠢ ᠠᠵᠥ᠍ ᠠᠬᠤᠢ᠌ᠯᠠᠯ ᠤ᠋ᠳ ᠲᠸ᠋ ᠠᠳᠠᠯᠢ ᠪᠤᠰᠤ ᠵᠢᠨ ᠬᠦᠴᠢᠷᠳᠡᠯ ᠪᠠ ᠲᠦᠪᠡᠭᠳᠡᠯ ᠪᠤᠢ᠃ ᠥᠪᠦᠷ ᠮᠤᠩᠭᠤᠯ᠎ᠤᠨ ᠢ ᠾᠧ ᠲᠤᠭᠤᠭᠠᠨ ᠬᠡᠷ᠎ᠤᠨ ᠲᠦᠯᠦᠪᠵᠢᠬᠦᠯᠭᠡ ᠵᠢᠷᠤᠭ ᠲᠦᠯᠦᠪᠯᠡᠭᠡ ᠵᠢᠨ ᠰᠤᠳᠤᠯᠭᠠᠨ᠎ᠤ ᠬᠢᠵᠠᠭᠠᠷᠳᠤ ᠺᠤᠮᠫᠠᠨᠢ ᠵᠢᠨ ᠡᠭᠦᠰᠭᠡᠨ ᠪᠠᠢ᠌ᠭᠤᠯᠤᠬ᠍ᠴᠢ᠂ ᠦᠢᠯᠡᠰ ᠪᠤᠰᠬᠠᠭᠴᠢ ᠵᠠᠯᠠᠭᠤ ᠭᠧᠦ ᠶᠦᠩ ᠺᠸ ᠠᠵᠢᠯ ᠲᠦᠷᠦᠯ᠎ᠤᠨ ᠬᠡᠪᠴᠢᠶ᠎ᠡ ᠪᠡᠨ ᠦᠷᠭᠡᠳᠭᠡᠬᠦ᠌ ᠰᠠᠨᠠᠭ᠎ᠠ ᠲᠠᠢ ᠪᠠᠢ᠌ᠬ᠍ᠰᠠᠨ ᠴᠤ᠌᠂ ᠡᠮᠦᠨᠡᠬᠢ ᠬᠤᠭᠤᠴᠠᠭᠠᠨ᠎ᠤ  ᠪᠡᠯᠡ ᠤᠷᠤᠭᠤᠯᠤᠯᠳᠠ ᠲᠤᠳᠠᠭ᠍ᠳᠠᠵᠤ ᠪᠠᠢᠵᠠᠢ᠃ ᠲᠡᠷᠡ ᠬᠤᠳᠠᠯᠳᠤᠭᠠᠨ᠎ᠤ ᠵᠢᠭᠡᠯᠡᠯᠭᠡ ᠪᠡᠷ ᠳᠠᠮᠵᠢᠨ ᠪᠡᠯᠡ ᠮᠦᠩᠬᠦ᠌ ᠵᠢᠨ ᠠᠰᠠᠭᠤᠳᠠᠯ᠎ᠢ ᠱᠢᠢᠳᠪᠤᠷᠢᠯᠡᠬᠦ᠌ ᠵᠢ ᠰᠠᠨᠠᠭᠰᠠᠨ ᠪᠤᠯᠪᠠᠴᠤ ᠪᠠᠷᠢᠴᠠᠭᠠᠯᠠᠬᠤ ᠵᠦᠢᠯ᠂ ᠬᠦᠦ ᠨᠤᠷᠮ᠎ᠠ ᠵᠡᠷᠭᠡ ᠲᠠᠯ᠎ᠡ ᠪᠡᠷ ᠵᠢᠭᠡᠯᠡᠯᠭᠡ ᠵᠢᠨ ᠨᠦᠬᠦᠴᠡᠯ᠎ᠳᠦ ᠬᠦᠷᠬᠦ ᠦᠭᠡᠢ ᠪᠤᠯᠬᠤᠷ ᠬᠤᠳᠠᠯᠳᠤᠭᠠᠨ᠎ᠤ  ᠵᠢᠭᠡᠯᠡᠯᠭᠡ ᠵᠢ ᠠᠷᠭ᠎ᠠ ᠪᠤᠰᠤ ᠲᠡᠪᠴᠢᠪᠡ᠃ ᠨᠢᠭᠡ ᠤᠳᠠᠭᠠᠨ᠎ᠤ ᠭᠡᠨᠡᠳᠲᠡ᠎ᠶ᠋ᠢᠨ ᠲᠣᠬᠢᠶᠠᠯ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠳᠤ ᠵᠠᠯᠠᠭᠤᠴᠤᠳ᠎ᠤᠨ ᠦᠶ᠋ᠯᠡᠰ ᠪᠤᠰᠬᠠᠬᠤ ᠳᠥᠭᠥᠮ ᠵᠢᠭᠡᠯᠡᠯᠭᠡ ᠵᠢᠨ ᠪᠠᠯᠠ ᠬᠤᠷᠠᠮᠳᠤᠭᠤᠯᠬᠤ ᠲᠥᠷᠥᠯ ᠵᠦᠶ᠋ᠯ ᠪᠠᠢᠬᠤ᠎ᠶ᠋ᠢ ᠰᠣᠨᠣᠰᠤᠭᠠᠳ ᠭᠧᠦ ᠶᠦᠩ ᠺᠸ ᠲᠤᠷᠰᠢᠵᠤ ᠦᠵᠡᠬᠦ ᠪᠤᠳᠤᠯ ᠵᠢᠡᠷ ᠪᠠᠢᠳᠠᠯ᠎ᠢ ᠠᠰᠠᠭᠤᠨ ᠯᠠᠪᠯᠠᠪᠠ᠃ ᠰᠠᠨᠠᠭᠠᠨ ᠡᠴᠡ ᠭᠠᠳᠠᠭᠤᠷ᠂ ᠥᠪᠥᠷ ᠮᠣᠩᠭᠣᠯ᠎ᠤᠨ ᠵᠠᠯᠠᠭᠤᠴᠤᠳ᠎ᠤᠨ  ᠦᠶ᠋ᠯᠡᠰ ᠪᠤᠰᠬᠠᠵᠤ ᠠᠵᠢᠯ ᠣᠯᠭᠣᠬᠤ ᠰᠠᠭᠤᠷᠢ ᠮᠥᠩᠭᠥᠨ᠎ᠦ ᠨᠡᠢᠭᠡᠮᠯᠢᠭ᠎ᠦᠨ ᠲᠠᠨᠢᠯᠴᠠᠭᠤᠯᠭ᠎ᠠ᠎ᠪᠠᠷ  ᠺᠣᠮᠫᠠᠨᠢ ᠵᠢᠨ ᠬᠢᠨ 《ᠵᠠᠯᠠᠭᠤᠴᠤᠳ᠎ᠤᠨ ᠦᠢᠯᠡᠰ ᠪᠤᠰᠬᠠᠬᠤ ᠲᠦᠭᠦᠮ ᠵᠢᠭᠡᠯᠡᠯᠭᠡ》ᠵᠢᠨ ᠵᠢᠨ ᠬᠦ ᠬᠦᠳᠡᠭᠡ ᠲᠤᠰᠬᠤᠨ᠎ᠤ ᠢᠳᠡᠭᠡᠮᠵᠢᠳᠦ ᠵᠢᠭᠡᠯᠡᠯᠭᠡ ᠵᠢ 5 ᠲᠦᠮᠡᠨ ᠲᠥᠭᠥᠷᠢᠭ ᠣᠯᠵᠤ᠂ ᠪᠠᠴᠢᠮ ᠪᠠᠢᠳᠠᠯ᠎ᠵᠢᠡᠨ ᠱᠢᠶ᠋ᠳᠪᠦᠷᠢᠯᠡᠪᠡ᠃ 《ᠭᠤᠶᠤᠴᠢᠯᠠᠯ᠎ᠤᠨ ᠮᠠᠲ᠋ᠧᠷᠢᠶᠠᠯ ᠎ᠢ ᠲᠤᠱᠢᠶᠠᠭᠠᠳ ᠬᠡᠳᠦᠨ ᠡᠳᠦᠷ ᠪᠣᠯᠤᠭ᠎ᠠ ᠥᠬᠡᠶ᠎ᠪᠡᠷ ᠵᠢᠭᠡᠯᠡᠯᠭᠡ ᠵᠢᠨ ᠮᠦᠩᠬᠦ ᠲᠠᠩᠰᠠᠨ᠎ᠳᠤ ᠣᠷᠣᠵᠤ ᠢᠷᠡᠪᠠ᠂ ᠨᠡᠭᠡᠷᠡᠨ ᠨᠠᠳᠠᠳᠤ ᠶᠡᠭᠡᠬᠡᠨ ᠲᠡᠮᠵᠢᠯᠭᠡ  ᠦᠵᠡᠬᠦᠯᠦᠯ᠎ᠡ》 ᠬᠡᠵᠦ ᠲᠡᠷᠡ ᠬᠡᠯᠡᠨ᠎ᠡ᠃ 

ᠪᠠᠯᠠ ᠬᠤᠷᠠᠮᠳᠤᠭᠤᠯᠬᠤ᠎ᠳᠤ ᠬᠦᠴᠢᠷᠲᠡᠶ ᠮᠦᠷᠳᠡᠭᠡᠨ ᠦᠨᠡᠲᠡᠶ ᠪᠠᠢᠬᠤ ᠨᠢ ᠵᠢᠵᠢᠭ ᠠᠵᠤ ᠠᠬᠤᠢᠯᠠᠯ᠂ ᠠᠩᠬ᠎ᠠ ᠪᠠᠢᠭᠤᠯᠤᠭᠳᠠᠵᠤ ᠪᠠᠢᠭ᠎ᠠ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠬᠠᠷᠱᠢᠯᠠᠵᠤ ᠪᠠᠢᠭ᠎ᠠ ᠬᠠᠭᠤᠴᠢᠨ ᠠᠰᠠᠭᠤᠳᠠᠯ ᠪᠤᠯᠤᠨ᠎ᠠ᠃ 2018 ᠣᠨ᠎ᠳᠤ᠂ ᠥᠪᠥᠷ ᠮᠣᠩᠭᠣᠯ᠎ᠤᠨ ᠵᠠᠯᠠᠭᠤᠴᠤᠳ᠎ᠤᠨ ᠦᠶ᠋ᠯᠡᠰ ᠪᠤᠰᠬᠠᠵᠤ ᠠᠵᠢᠯ ᠣᠯᠭᠣᠬᠤ ᠰᠠᠭᠤᠷᠢ ᠮᠥᠩᠭᠥᠨ᠎ᠦ ᠨᠡᠢᠭᠡᠮᠯᠢᠭ᠎ᠡᠴᠡ 450 ᠲᠦᠮᠡᠨ ᠲᠥᠭᠥᠷᠢᠭ᠎ᠦᠨ ᠠᠶᠤᠯ ᠲᠦᠭ᠌ᠰᠢᠭᠦᠷᠢ᠎ᠶ᠋ᠢᠨ ᠨᠥᠬᠥᠪᠥᠷᠢ ᠮᠥᠩᠭᠥ᠌ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠳᠠᠭᠠᠯᠠᠮᠵᠢ᠎ᠶ᠋ᠢᠨ ᠪᠠᠩᠬᠢ᠎ᠲᠠᠶ ᠬᠠᠮᠲᠤᠷᠠᠨ 《ᠵᠠᠯᠠᠭᠤᠴᠤᠳ᠎ᠤᠨ ᠦᠢᠯᠡᠰ ᠪᠤᠰᠬᠠᠬᠤ ᠲᠦᠭᠦᠮ ᠵᠢᠭᠡᠯᠡᠯᠭᠡ》 ᠎ᠶ᠋ᠢᠨ ᠱᠢᠤᠳᠠᠨ᠎ᠤ ᠬᠠᠳᠠᠭᠠᠯᠠᠮᠵᠢ᠎ᠶ᠋ᠢᠨ ᠵᠢᠭᠡᠯᠡᠯᠭᠡ᠎ᠶ᠋ᠢᠨ ᠲᠥᠷᠥᠯ ᠵᠦᠶ᠋ᠯ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠪᠥᠬᠥ᠌ ᠣᠷᠣᠨ᠎ᠤ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠵᠠᠯᠠᠭᠤᠴᠤᠳ᠎ᠤᠨ  ᠦᠶ᠋ᠯᠡᠰ ᠪᠤᠰᠬᠠᠵᠤ ᠠᠵᠢᠯ ᠣᠯᠭᠣᠬᠤ ᠲᠥᠷᠥᠯ ᠵᠦᠶ᠋ᠯ᠎ᠦᠨ ᠪᠠᠭ᠎ᠠ ᠬᠡᠮᠵᠢᠶᠡᠨ᠎ᠤ  ᠪᠠᠷᠢᠴᠠᠭᠠᠳᠤ ᠵᠢᠭᠡᠯᠡᠯᠭᠡ᠎ᠶ᠋ᠢ 4500 ᠲᠦᠮᠡᠨ ᠲᠥᠭᠥᠷᠢᠭ᠎ᠶ᠋ᠢᠡᠷ ᠭᠤᠤᠯᠳᠠᠯᠭ᠎ᠠ᠎ᠲᠠᠶ ᠳᠡᠮᠵᠢᠪᠡ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠪᠠᠩᠬᠢ᠎ᠲᠠᠶ ᠬᠠᠮᠲᠤᠷᠠᠨ《ᠵᠠᠯᠠᠭᠤᠴᠤᠳ᠎ᠤᠨ ᠦᠢᠯᠡᠰ ᠪᠤᠰᠬᠠᠬᠤ ᠲᠦᠭᠦᠮ ᠵᠢᠭᠡᠯᠡᠯᠭᠡ》 ᠎ᠶ᠋ᠢᠨ ᠲᠠᠷᠢᠶᠠᠯᠠᠩ᠎ᠤᠨ ᠪᠠᠩᠬᠢ᠎ᠶ᠋ᠢᠨ ᠵᠢᠭᠡᠯᠡᠯᠭᠡ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠲᠦᠭᠡᠮᠡᠯ ᠬᠠᠷᠠᠭᠠᠯᠵᠠᠯᠲᠤ ᠮᠥᠩᠭᠥᠨ ᠭᠦᠶ᠋ᠯᠭᠡᠭᠡᠨ᠎ᠦ ᠢᠲᠡᠭᠡᠮᠵᠢᠲᠦ ᠵᠢᠭᠡᠯᠡᠯᠭᠡ᠎ᠶ᠋ᠢᠨ ᠪᠠᠯᠠ ᠮᠥᠩᠭᠥ᠎ᠶ᠋ᠢ ᠨᠡᠢᠲᠡ 73.2 ᠳ᠋ᠦᠩᠱᠢᠭᠤᠷ ᠲᠥᠭᠥᠷᠢᠭ ᠲᠠᠷᠬᠠᠭᠠᠪᠠ᠃

2020 ᠣᠨ ᠳ᠋ᠤ ᠡᠬᠦᠰᠦᠭᠰᠡᠨ ᠬᠢᠵᠢᠭ᠎ᠦᠨ ᠬᠤᠭᠤᠴᠠᠭᠠᠨ᠎ᠳᠤ᠂ ᠵᠠᠯᠠᠭᠤᠴᠤᠳ᠎ᠤᠨ ᠦᠢᠯᠡᠰ ᠪᠤᠰᠬᠠᠬᠤ ᠠᠵᠤ ᠠᠬᠤᠢᠯᠠᠯ᠎ᠤᠨ ᠮᠥᠩᠭᠥᠨ ᠭᠦᠶ᠋ᠯᠭᠡᠭᠡᠨ᠎ᠦ ᠬᠡᠷᠡᠭ᠌ᠴᠡᠭᠡ᠎ᠳᠦ ᠴᠢᠭ᠌ᠯᠡᠭᠦᠯᠦᠨ᠂ 《ᠵᠠᠯᠠᠭᠤᠴᠤᠳ᠎ᠤᠨ ᠦᠢᠯᠡᠰ ᠪᠤᠰᠬᠠᠬᠤ ᠲᠦᠭᠦᠮ ᠵᠢᠭᠡᠯᠡᠯᠭᠡ》 ᠎ᠶ᠋ᠢ ᠣᠯᠠᠨ ᠲᠠᠯ᠎ᠠ᠎ᠪᠠᠷ ᠵᠡᠷᠭᠡ᠎ᠪᠡᠷ ᠬᠡᠷᠡᠭ᠌ᠵᠢᠭᠦᠯᠵᠦ᠍᠂ ᠣᠯᠠᠨ ᠱᠠᠲᠤ ᠬᠠᠮᠲᠤᠷᠠᠨ ᠬᠥᠳᠡᠯᠦᠯᠴᠡᠬᠦ᠌ ᠂ ᠢᠲᠡᠭᠡᠮᠵᠢᠲᠦ ᠵᠢᠭᠡᠯᠡᠯᠭᠡ᠎ᠶ᠋ᠢᠨ ᠬᠢᠨᠠᠨ ᠵᠥᠪᠱᠢᠶᠡᠷᠡᠬᠦ᠌ ᠡᠷᠬᠡ᠎ᠶ᠋ᠢᠨ ᠬᠢᠵᠠᠭᠠᠷ᠎ᠢ ᠥᠷᠭᠡᠳᠭᠡᠬᠦ᠌᠂ ᠬᠢᠨᠠᠨ ᠵᠥᠪᠱᠢᠶᠡᠷᠡᠬᠦ᠌ ᠭᠣᠭ᠍ᠴᠣᠭ᠎ᠠ᠎ᠶ᠋ᠢ ᠪᠣᠭᠣᠨᠢᠰᠭᠠᠬᠤ ᠵᠡᠷᠭᠡ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠠᠵᠤ ᠠᠬᠤᠢᠯᠠᠯ᠎ᠤᠨ ᠬᠢᠵᠢᠭ᠎ᠦᠨ ᠬᠦᠴᠢᠷᠳᠡᠯ᠎ᠢ ᠢᠯᠡᠨ ᠳᠠᠪᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠪᠡ᠃ ᠡᠨᠡ ᠬᠦ᠌ ᠲᠤᠰᠭᠠᠶ ᠠᠵᠢᠯᠯᠠᠭ᠎ᠠ ᠨᠢ ᠰᠢᠨ᠎ᠡ ᠠᠵᠤ ᠠᠬᠤᠢᠯᠠᠯ ᠪᠠ ᠵᠠᠯᠠᠭᠤ ᠦᠶ᠋ᠯᠡᠰ ᠪᠤᠰᠬᠠᠭᠴᠢ᠎ᠶ᠋ᠢᠨ ᠪᠠᠯᠠ ᠬᠤᠷᠠᠮᠳᠤᠭᠤᠯᠬᠤ ᠭᠤᠶᠤᠴᠢᠯᠠᠯ᠎ᠢ ᠨᠡᠢᠲᠡ 439 ᠬᠤᠪᠢ ᠭᠥᠯᠢᠶᠡᠨ ᠠᠪᠴᠤ᠌᠂ 54 ᠡᠷᠦᠬᠡ ᠎ᠳᠦ  ᠪᠠᠭᠤᠯᠭᠠᠨ ᠦᠭᠴᠦ᠂ ᠨᠡᠢᠲᠡ 3521.63 ᠲᠦᠮᠡᠨ ᠲᠥᠭᠥᠷᠢᠭ᠎ᠦᠨ ᠵᠢᠭᠡᠯᠡᠯᠭᠡ ᠲᠠᠯᠪᠢᠪᠠ᠃

2022 ᠣᠨ᠎ᠳᠤ᠂ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠢᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠲᠠᠶ ᠪᠥᠬᠥ᠌ ᠲᠠᠯ᠎ᠠ᠎ᠪᠠᠷ ᠵᠣᠯᠭᠠᠯᠳᠤᠵᠤ᠂ 《ᠵᠠᠯᠠᠭᠤᠴᠤᠳ᠎ᠤᠨ ᠦᠢᠯᠡᠰ ᠪᠤᠰᠬᠠᠬᠤ ᠲᠦᠭᠦᠮ ᠵᠢᠭᠡᠯᠡᠯᠭᠡ》 ᠎ᠶ᠋ᠢ ᠰᠠᠢᠲᠤᠷ ᠬᠡᠷᠡᠭ᠌ᠯᠡᠨ᠂ ᠪᠤᠰᠤᠳ ᠪᠠᠩᠬᠢ᠎ᠯᠤᠭ᠎ᠠ ᠡᠪᠯᠡᠯ ᠪᠠᠩᠬᠢ ᠎ᠶ᠋ᠢᠨ ᠬᠠᠮᠲᠤᠷᠠᠯᠴᠠᠭᠠᠨ᠎ᠤ ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠪᠡ᠃  ᠵᠢᠨ ᠭᠦ᠋ ᠪᠠᠩᠬᠢ ᠎ᠲᠠᠶ ᠪᠠᠢᠯᠳᠤᠬᠤ ᠪᠣᠳᠣᠯᠭ᠎ᠠ᠎ᠶ᠋ᠢᠨ ᠬᠡᠯᠡᠯᠴᠡᠭᠡᠷ ᠲᠣᠭ᠍ᠲᠠᠵᠤ᠂ 《ᠵᠠᠯᠠᠭᠤᠴᠤᠳ᠎ᠤᠨ ᠦᠢᠯᠡᠰ ᠪᠤᠰᠬᠠᠬᠤ ᠲᠦᠭᠦᠮ ᠵᠢᠭᠡᠯᠡᠯᠭᠡ》 ᠎ᠶ᠋ᠢᠨ ᠵᠢᠨ ᠭᠦ᠋ ᠵᠢᠭᠡᠯᠡᠯᠭᠡ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠣᠳᠣᠬᠠᠨ ᠳ᠋ᠤ᠂ ᠬᠠᠮᠲᠤᠷᠠᠯᠴᠠᠭᠠᠨ᠎ᠤ ᠠᠵᠢᠯ᠎ᠢ  ᠵᠠᠯᠭᠠᠭ᠎ᠠ ᠪᠡᠷ ᠥᠷᠨᠢᠭᠦᠯᠵᠦ ᠪᠤᠢ᠃ ᠨᠤᠲᠤᠭ᠎ᠲᠠᠭᠠᠨ ᠪᠤᠴᠠᠵᠤ ᠦᠶ᠋ᠯᠡᠰ  ᠪᠤᠰᠬᠠᠬᠤ ᠵᠠᠯᠠᠭᠤᠴᠤᠳ᠎ᠲᠤ ᠭᠤᠤᠯᠳᠠᠯᠭ᠎ᠠ᠎ᠲᠠᠶ ᠮᠥᠩᠭᠥᠨ ᠭᠦᠶ᠋ᠯᠭᠡᠭᠡᠨ᠎ᠦ ᠳᠡᠮᠵᠢᠯᠭᠡ ᠦᠵᠡᠭᠦᠯᠵᠦ᠍᠂ 《ᠤᠶᠤᠲᠠᠳ᠎ᠤᠨ ᠬᠥᠳᠡᠭᠡ ᠲᠣᠰᠭᠣᠨ᠎ᠳ᠋ᠤ ᠦᠶ᠋ᠯᠡᠰ ᠪᠤᠰᠬᠠᠬᠤ᠎ᠶ᠋ᠢ ᠬᠠᠪᠰᠤᠷᠤᠨ ᠲᠡᠳᠬᠦᠬᠦ᠌ ᠲᠥᠯᠥᠪᠯᠡᠭᠡ 》 ᠎ᠶ᠋ᠢ ᠲᠦᠯᠬᠢᠨ ᠠᠬᠢᠭᠤᠯᠵᠤ᠂ ᠵᠣᠬᠢᠬᠤ ᠠᠵᠢᠯᠯᠠᠭᠠᠨ᠎ᠤ ᠴᠢᠨᠠᠷᠲᠠᠶ ᠪᠠ ᠬᠥᠭ᠌ᠵᠢᠯᠲᠡ᠎ᠶ᠋ᠢᠨ ᠢᠷᠡᠭᠡᠳᠦᠶ᠎ᠲᠡᠶ᠂ ᠲᠡᠬᠦᠰᠦᠭᠡᠳ 2 ᠵᠢᠯ ᠪᠤᠯᠤᠭ᠎ᠠ ᠦᠭᠡᠢ ᠣᠷᠣᠨ᠎ᠤ ᠲᠤᠳᠤᠷᠠᠬᠢ ᠤᠶᠤᠲᠠᠳ᠎ᠤᠨ ᠨᠤᠲᠤᠭ᠎ᠲᠠᠭᠠᠨ ᠪᠤᠴᠠᠵᠤ ᠦᠶ᠋ᠯᠡᠰ ᠪᠤᠰᠬᠠᠬᠤ᠎ᠳᠤ ᠬᠠᠨᠳᠤᠭᠤᠯᠤᠨ᠂ ᠲᠥᠷᠥᠯ ᠵᠦᠶ᠋ᠯ ᠨᠢᠭᠡ ᠪᠦᠷᠢ᠎ᠳᠦ 2 ᠲᠦᠮᠡᠨ ᠲᠥᠭᠥᠷᠢᠭ᠎ᠡᠴᠡ ᠳᠤᠲᠠᠭᠤ ᠥᠬᠡᠶ ᠬᠦᠦ ᠮᠥᠩᠭᠥ᠌ ᠥᠬᠡᠶ ᠵᠢᠭᠡᠯᠡᠯᠭᠡ ᠬᠠᠩᠭᠠᠬᠤ ᠵᠢᠨ ᠬᠠᠮᠳᠤ ᠪᠠᠰᠠ ᠵᠢᠯᠣᠭᠣᠳᠣᠭ᠍ᠴᠢ ᠪᠠᠭ᠍ᠰᠢ᠎ᠶ᠋ᠢᠨ ᠦᠶ᠋ᠯᠡᠴᠢᠯᠡᠭᠡᠨ ᠵᠡᠷᠭᠡ ᠪᠤᠰᠤᠳ ᠶᠡᠷᠦᠩᠬᠡᠢᠯᠡᠭ᠌ᠰᠡᠨ ᠳᠡᠮᠵᠢᠯᠭᠡ ᠬᠠᠩᠭᠠᠵᠤ ᠪᠤᠢ᠃

ᠮᠥᠩᠭᠥᠨ ᠭᠦᠢᠯᠭᠡᠭᠡᠨ᠎ᠦ ᠳᠡᠮᠵᠢᠯᠭᠡ᠎ᠡᠴᠡ ᠭᠠᠳᠠᠨ᠎ᠠ ᠂ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠪᠠᠰᠠ ᠦᠢᠯᠡᠰ ᠪᠤᠰᠭᠠᠬᠤ ᠵᠠᠯᠠᠭᠤᠴᠤᠳ᠎ᠲᠤ ᠤᠶᠤᠨ᠎ᠤ ᠬᠥᠮᠥᠷᠭᠡ᠎ᠶ᠋ᠢᠨ ᠲᠤᠯᠭᠠᠭᠤᠷᠢᠯᠠᠯ ᠬᠠᠩᠭᠠᠵᠤ᠂ ᠵᠠᠯᠠᠭᠤᠴᠤᠳ᠎ᠤᠨ ᠦᠢᠯᠡᠰ ᠪᠤᠰᠭᠠᠬᠤ ᠵᠢᠯᠤᠭᠤᠳᠤᠬ᠍ᠴᠢ ᠪᠠᠭ᠍ᠰᠢ᠎ᠶ᠋ᠢᠨ ᠠᠵᠢᠯ᠎ᠤᠨ ᠲᠤᠬᠢᠷᠠᠭᠤᠯᠤᠯᠳᠠ ᠪᠠ ᠪᠠᠲᠤᠯᠠᠭ᠎ᠠ᠎ᠶ᠋ᠢ ᠴᠢᠩᠭᠠᠳᠭᠠᠵᠤ᠂ ᠦᠢᠯᠡᠰ ᠪᠤᠰᠭᠠᠬᠤ ᠵᠠᠯᠠᠭᠤ ᠵᠢᠯᠤᠭᠤᠳᠤᠬ᠍ᠴᠢ ᠪᠠᠭ᠍ᠰᠢ᠎ᠶ᠋ᠢᠨ ᠬᠥᠮᠥᠷᠭᠡ᠎ᠶ᠋ᠢ ᠲᠡᠭᠦᠯᠳᠡᠷᠵᠢᠭᠦᠯᠵᠦ᠍᠂ ᠬᠥᠳᠡᠯᠦᠩᠭᠦᠢ ᠬᠠᠮᠢᠶᠠᠷᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠳ᠋ᠣᠺᠲ᠋ᠣᠷ᠎ᠤᠨ ᠪᠦᠯᠬᠦᠮ᠎ᠦᠨ ᠪᠦᠷᠢᠯᠳᠦᠬᠦᠨ ᠵᠢᠴᠢ ᠬᠠᠤᠯᠢ ᠴᠠᠭᠠᠵᠠ᠂ ᠶᠡᠬᠡ ᠳᠡᠭᠡᠳᠦ ᠰᠤᠷᠭᠠᠭᠤᠯᠢ ᠵᠡᠷᠭᠡ ᠬᠦᠷᠢᠶᠡᠨ᠎ᠦ ᠲᠤᠰᠭᠠᠢ ᠮᠡᠷᠭᠡᠵᠢᠯᠲᠡᠨ᠎ᠢ ᠬᠥᠮᠥᠷᠭᠡ᠎ᠳᠦ ᠣᠷᠣᠭᠤᠯᠪᠠ᠃

(ᠡᠬᠡ ᠪᠢᠴᠢᠭ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠠᠴᠠ  ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号