ᠪᠠᠭᠠᠴᠤᠳ᠎ᠤᠨ ᠵᠣᠪᠠᠨᠢᠯ ᠎ᠢ ᠬᠡᠷᠬᠢᠨ ᠰᠢᠢᠳᠪᠦᠷᠢᠯᠡᠬᠦ ᠪᠤᠢ ? ᠥᠪᠥᠷ ᠮᠣᠩᠭᠣᠯ ᠎ᠤᠨ ᠡᠪ ᠬᠠᠮᠲᠤ ᠵᠠᠯᠠᠭᠤᠴᠤᠳ ᠎ᠤᠨ ᠡᠪᠯᠡᠯ ᠤ᠋ᠨ ᠬᠤᠷᠢᠶ᠎ᠠ ᠄ ᠬᠠᠢᠷ᠎ᠠ ᠬᠠᠯᠠᠮᠵᠢ ᠵᠢ 《 ᠰᠡᠳᠭᠢᠯ 》 ᠎ᠡᠴᠠ ᠡᠬᠢᠯᠡᠬᠦᠯᠦᠨ᠎ᠡ
2022-04-25 09:18:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠯᠠᠭᠤᠴᠤᠳ ᠪᠠᠭᠠᠴᠤᠳ ᠎ᠤᠨ ᠦᠰᠦᠨ ᠪᠣᠢᠵᠢᠯᠲᠠ ᠵᠢᠨ ᠬᠥᠭ᠌ᠵᠢᠯᠲᠠ  ᠵᠢᠨ ᠶᠠᠪᠤᠴᠠ ᠎ᠶ᠋ᠢ ᠳᠡᠭᠡᠳᠦ ᠬᠡᠮᠵᠢᠶ᠎ᠡ ᠎ᠪᠡᠷ ᠠᠩᠬᠠᠷᠴᠤ᠌᠂ ᠰᠡᠳᠭᠢᠴᠡ ᠎ᠶ᠋ᠢᠨ ᠡᠷᠡᠭᠦᠯ ᠮᠡᠨᠳᠦ᠂ ᠬᠠᠤᠯᠢ ᠎ᠪᠠᠷ ᠡᠷᠬᠡ ᠎ᠪᠡᠨ ᠬᠠᠮᠠᠭᠠᠯᠠᠬᠤ᠂ ᠬᠦᠰᠡᠯ ᠱᠠᠭᠠᠷᠳᠠᠯᠭ᠎ᠠ᠎ᠶ᠋ᠢ ᠨᠢ ᠰᠣᠨᠣᠰᠭᠤ᠂ ᠬᠦᠴᠢᠷ ᠪᠡᠷᠬᠡᠱᠢᠶᠡᠯ ᠎ᠢ  ᠨᠢ ᠱᠢᠶ᠋ᠳᠪᠦᠷᠢᠯᠡᠬᠦ᠌ ᠠᠵᠢᠯ ᠎ᠢ ᠢᠯᠡᠭᠦᠬᠡᠨ ᠪᠣᠳᠠᠲᠠᠶ ᠬᠢᠵᠦ᠍᠂ ᠲᠡᠳᠡᠨ ᠎ᠦ ᠦᠰᠦᠨ ᠪᠣᠢᠵᠢᠬᠤ ᠵᠠᠮ ᠎ᠢ ᠨᠠᠩ ᠱᠢᠯᠤᠭᠤᠨ ᠪᠦᠬᠡᠳ ᠨᠠᠩ ᠤᠷᠤᠭᠰᠢᠲᠠᠢ ᠪᠣᠯᠭᠠᠪᠠ᠃ ᠣᠢᠷ᠎ᠠ ᠎ᠶ᠋ᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ ᠎ᠤ  ᠡᠪ ᠬᠠᠮᠲᠤ ᠵᠠᠯᠠᠭᠤᠴᠤᠳ  ᠤ᠋ᠨ ᠡᠪᠯᠡᠯ ᠎ᠦᠨ ᠬᠣᠷᠢᠶ᠎ᠠ ᠵᠠᠯᠠᠭᠤᠴᠤᠳ ᠪᠠᠭᠠᠴᠤᠳ ᠎ᠤᠨ ᠡᠷᠡᠭᠦᠯ ᠎ᠢᠶᠡᠷ ᠦᠰᠦᠨ ᠪᠣᠢᠵᠢᠬᠤ ᠎ᠳᠤ ᠦᠶ᠋ᠯᠡᠴᠢᠯᠡᠬᠦ᠌᠂ ᠵᠠᠯᠠᠭᠤᠴᠤᠳ ᠪᠠᠭᠠᠴᠤᠳ ᠎ᠤᠨ ᠬᠠᠤᠯᠢ ᠶᠣᠰᠣᠨ ᠎ᠤ ᠡᠷᠬᠡ ᠠᠱᠢᠭ᠎ᠢ ᠬᠠᠮᠠᠭᠠᠯᠠᠬᠤ ᠵᠡᠷᠭᠡ ᠲᠠᠯ᠎ᠠ ᠎ᠪᠠᠷ ᠣᠷᠳᠣ ᠬᠤᠭᠤᠴᠠᠭ᠎ᠠ ᠎ᠪᠠᠷ ᠵᠢᠳᠬᠦᠨ ᠴᠢᠷᠮᠠᠢᠵᠤ᠂ ᠱᠢᠪᠲᠤᠯᠤᠯᠲᠠ ᠭᠠᠷᠭᠠᠬᠤ ᠎ᠪᠠᠷ ᠴᠢᠷᠮᠠᠢᠨ᠂ ᠵᠠᠯᠠᠭᠤᠴᠤᠳ ᠪᠠᠭᠠᠴᠤᠳ ᠎ᠤᠨ ᠬᠠᠤᠯᠢ ᠶᠣᠰᠣᠨ ᠎ᠤ ᠡᠷᠬᠡ ᠠᠱᠢᠭ ᠎ᠢ ᠦᠨᠡᠨ ᠬᠦ᠌ ᠰᠠᠢᠲᠤᠷ ᠬᠠᠮᠠᠭᠠᠯᠠᠵᠤ᠂ ᠰᠠᠢᠲᠤᠷ ᠪᠡᠶᠡᠯᠡᠭᠦᠯᠵᠦ᠍᠂ ᠰᠠᠢᠲᠤᠷ ᠬᠥᠭ᠌ᠵᠢᠭᠦᠯᠪᠡ᠃


ᠲᠦᠬᠡᠷᠢᠭᠲᠠᠯ ᠪᠦᠬᠦᠨ᠎ᠢ ᠨᠢᠬᠡ ᠨᠢᠬᠡ ᠪᠠᠷ ᠰᠢᠢᠳᠪᠦᠷᠢᠯᠡᠵᠦ᠂ ᠰᠡᠳᠭᠢᠴᠡ ᠎ᠶ᠋ᠢᠨ ᠡᠷᠡᠭᠦᠯ ᠮᠡᠨᠳᠦ᠍ ᠎ᠶ᠋ᠢ ᠬᠠᠮᠠᠭᠠᠯᠠᠪᠠ


《 ᠨᠢᠭᠡ ᠵᠢᠯ ᠪᠣᠯᠴᠢᠬᠠᠯ᠎ᠠ᠂ ᠮᠢᠨᠤ ᠬᠡᠤᠬᠡᠳ ᠲᠠ᠎ᠨᠠᠷ᠎ᠲᠤ ᠡᠢᠮᠦ᠍ ᠣᠯᠠᠨ ᠤᠲᠠᠰᠤ ᠠᠪᠤᠭ᠍ᠰᠠᠨ᠎ᠢ ᠪᠢ ᠮᠡᠳᠡᠭᠰᠠᠨ ᠦᠭᠡᠢ᠂ ᠲᠠ ᠨᠠᠷ ᠲᠡᠭᠦᠨ ᠎ᠦ ᠤᠯᠠᠨ ᠠᠷᠪᠢᠨ ᠠᠰᠠᠭᠤᠯᠲᠠ  ᠳ᠋ᠤ ᠬᠦᠯᠢᠴᠠᠡᠭᠬᠦᠢ  ᠪᠠᠷ ᠬᠠᠷᠢᠭᠤᠯᠲᠠ ᠦᠭᠴᠤ᠂ ᠲᠠᠬᠦᠨ ᠎ᠤ ᠰᠡᠳᠬᠢᠴᠠ᠎ᠶᠢ ᠠᠭᠠᠵᠢᠮ᠎ᠢᠶᠡᠷ ᠰᠠᠢᠵᠢᠷᠠᠭᠤᠯᠤᠭᠰᠠᠨ ᠪᠠᠢᠨ᠎ᠠ᠂ ᠮᠢᠨᠦ ᠳᠠᠷᠤᠭᠠᠰᠤ ᠎ᠶ᠋ᠢ ᠪᠠᠭ᠎ᠠ ᠪᠤᠰᠤ ᠬᠥᠩᠭᠡᠷᠡᠭᠦᠯᠪᠡ 》 ᠬᠡᠵᠤ ᠰᠢᠶᠤᠤ ᠵᠣᠣ ( ᠪᠤᠷᠤᠭᠤᠯᠠᠭ᠍ᠰᠠᠨ ᠨᠡᠷ᠎ᠡ ) ᠎ᠶ᠋ᠢᠨ ᠡᠵᠢ᠎ᠨᠢ ᠤᠲᠠᠰᠤ ᠢᠷᠡᠭᠦᠯᠵᠦ᠍ ᠥᠪᠥᠷ ᠮᠣᠩᠭᠣᠯ ᠎ᠤᠨ 12355 ᠵᠠᠯᠠᠭᠤᠴᠤᠳ ᠪᠠᠭᠠᠴᠤᠳ ᠎ᠤᠨ ᠦᠶ᠋ᠯᠡᠴᠢᠯᠡᠭᠡᠨ ᠎ᠦ ᠲᠠᠪᠴᠠᠩ ᠎ᠳᠤ ᠲᠠᠯᠠᠷᠬᠠᠵᠤ ᠪᠠᠢᠬᠤ ᠰᠡᠳᠬᠢᠯ ᠎ᠢᠶᠡᠨ  ᠢᠯᠡᠳᠭᠡᠪᠡ᠃

ᠡᠨᠡ ᠬᠦ᠌ ᠠᠰᠠᠭᠤᠨ ᠯᠠᠪᠯᠠᠭ᠍ᠴᠢ  ᠨᠢ ᠤᠤᠯ  ᠨᠢ ᠠᠰᠪᠸᠷᠡᠭ ᠎ᠤᠨ ᠨᠡᠢᠯᠡᠭ ᠭᠡᠮ ( ᠨᠡᠢᠲᠡᠯᠢᠭ ᠡᠪᠡᠳᠴᠢᠨ ᠎ᠦ ᠢᠯᠡᠷᠡᠯ  ᠨᠢ ᠨᠡᠢᠭᠡᠮ᠎ᠦᠨ ᠬᠠᠷᠢᠯᠴᠠᠭ᠎ᠠ  ᠪᠠ ᠬᠠᠷᠢᠯᠴᠠᠭᠠᠨ ᠎ᠤ ᠴᠢᠳᠠᠪᠤᠷᠢ ᠎ᠶ᠋ᠢᠨ ᠰᠠᠭᠠᠳ ᠲᠠᠢ᠂ ᠦᠢᠯᠡ ᠠᠵᠢᠯᠯᠠᠭ᠎ᠠ  ᠨᠢ  ᠬᠡᠪᠱᠢᠮᠡᠯ ᠪᠠᠢᠲᠠᠭ )  ᠢ᠋ᠢᠡᠷ ᠣᠨᠣᠱᠢᠯᠠᠭ᠍ᠳᠠᠵᠤ᠂ ᠠᠩᠬ᠎ᠠ ᠵᠡᠷᠭᠡ ᠎ᠶ᠋ᠢᠨ ᠳᠤᠮᠳᠠᠳᠤ ᠰᠤᠷᠭᠠᠭᠤᠯᠢ ᠲᠡᠭᠦᠰᠦᠭ᠌ᠰᠡᠨ ᠎ᠦ ᠳᠠᠷᠠᠭ᠎ᠠ ᠰᠤᠷᠤᠯᠭ᠎ᠠ ᠎ᠪᠠᠨ ᠳᠣᠷᠭᠣᠨ ᠵᠣᠭ᠍ᠰᠣᠵᠤ᠂ ᠲᠥᠷᠥᠯ ᠰᠠᠳᠤᠨ ᠎ᠢᠶᠠᠨ ᠳᠠᠭᠠᠵᠤ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠵᠦ᠍᠂  ᠰᠤᠷᠭᠠᠭᠤᠯᠢ ᠎ᠳᠤ ᠰᠠᠭᠤᠵᠤ ᠳᠡᠢᠯᠬᠦ᠌ ᠦᠭᠡᠶ  ᠳ᠋ᠡᠬᠡᠨ  ᠭᠤᠲᠤᠷᠠᠵᠤ ᠂ ᠭᠡᠷ ᠪᠦᠯᠢ  ᠵᠢᠨ ᠬᠥᠮᠦᠰ ᠵᠢᠴᠢ ᠲᠠᠨᠢᠯ ᠪᠤᠰᠤ ᠬᠥᠮᠦᠨ ᠎ᠲᠡᠶ ᠦᠷᠭᠦᠯᠵᠢ ᠵᠦᠷᠢᠴᠡᠯ ᠭᠠᠷᠳᠠᠭ ᠪᠠᠢᠯ᠎ᠠ᠃ 2021 ᠣᠨ ᠎ᠤ 1 ᠰᠠᠷ᠎ᠠ ᠎ᠠᠴᠠ ᠨᠠᠭᠠᠰᠢ᠂ ᠰᠢᠶᠤᠤ ᠵᠤᠤ ᠭᠡᠷ ᠪᠦᠯᠢ ᠎ᠶ᠋ᠢᠨ ᠵᠥᠷᠢᠴᠡᠯ ᠎ᠦᠨ ᠠᠰᠠᠭᠤᠳᠠᠯ ᠎ᠠᠴᠠ ᠪᠤᠯᠵᠦ ᠦᠷᠭᠦᠯᠵᠢ 12355 ᠬᠠᠯᠠᠮᠱᠢᠯ ᠤᠲᠠᠰᠤ ᠎ᠶᠢ ᠵᠠᠯᠭᠠᠵᠤ ᠬᠠᠪᠰᠤᠷᠤᠯᠭ᠎ᠠ ᠡᠷᠢᠵᠦ᠍᠂ ᠤᠲᠠᠭ᠎ᠠ ᠪᠦᠷᠢ ᠳᠤᠮᠳᠠᠴᠢ᠎ᠪᠠᠷ 30 ᠮᠢᠨᠦ᠋ᠲ ᠤᠲᠠᠰᠤ ᠨᠠᠪᠲᠠᠷᠠᠳᠡᠭ᠃ ᠲᠠᠷᠨ ᠤᠲᠠᠰᠤᠲᠠᠬᠤ ᠪᠦᠷᠢ᠂ ᠰᠡᠳᠭᠢᠴᠡ ᠎ᠶ᠋ᠢᠨ ᠵᠦᠪᠯᠡᠭᠴᠢ ᠬᠦᠯᠢᠴᠡᠩᠭᠦᠢ᠎ᠪᠡᠷ ᠲᠠᠬᠦᠨ ᠎ᠤ ᠤᠷᠮ᠎ᠠ ᠰᠡᠳᠭᠢᠯᠭᠡ᠎ᠶ᠋ᠢ ᠨᠢ ᠲᠠᠢᠳᠭᠤᠷᠠᠭᠤᠯᠵᠤ᠂ ᠰᠡᠳᠭᠢᠯ ᠎ᠦᠨ ᠵᠠᠩᠭᠢᠯᠠᠭ᠎ᠠ ᠶ᠋ᠢ  ᠨᠢ ᠳᠠᠢᠯᠤᠨ᠎ᠠ᠃ ᠰᠡᠳᠭᠢᠴᠡ ᠎ᠶ᠋ᠢᠨ ᠵᠥᠪᠯᠡᠭᠴᠢ  ᠵᠢᠨ ᠵᠢᠭᠠᠨ ᠵᠢᠯᠣᠭᠣᠳᠣᠯᠭ᠎ᠠ  ᠪᠠ ᠳᠠᠭᠠᠭᠤᠯᠭ᠎ᠠ ᠳᠤᠤᠷ᠎ᠠ᠂ ᠰᠢᠶᠤᠤ ᠵᠣᠣ   ᠠᠡᠭᠬ᠎ᠠ ᠡᠬᠢᠨ ᠎ᠤ  ᠰᠡᠳᠬᠢᠯ ᠎ᠤᠨ ᠵᠢᠭᠤᠲᠠᠯ᠂ ᠰᠡᠳᠬᠢᠯ ᠰᠠᠨᠠᠭ᠎ᠠ ᠨᠢ ᠲᠣᠭ᠍ᠲᠠᠪᠤᠷᠢ ᠥᠬᠡᠶ ᠪᠠᠢᠲᠠᠯ  ᠡᠴᠠ  ᠪᠠᠨ ᠠᠭᠠᠵᠢᠮ ᠎ᠢᠶᠠᠷ ᠰᠡᠳᠭᠢᠯ ᠰᠠᠨᠠᠭ᠎ᠠ ᠨᠢ ᠲᠣᠭ᠍ᠲᠠᠭᠤᠨ ᠪᠣᠯᠵᠣ ᠬᠤᠪᠢᠷᠠᠨ᠂ ᠠᠪᠤ ᠡᠵᠢ ᠵᠢᠴᠢ ᠨᠠᠢᠵᠠ ᠨᠥᠬᠥᠳ  ᠎ᠲᠡᠶ ᠎ᠪᠡᠨ ᠮᠠᠰᠢ ᠰᠠᠢᠨ ᠬᠠᠷᠢᠯᠴᠠᠠ᠂ ᠵᠠᠩ ᠠᠭᠠᠰᠢ  ᠨᠢ  ᠴᠦ᠍ ᠠᠭᠠᠵᠢᠮ ᠎ᠢᠶᠠᠷ  ᠪᠠᠶᠠᠰᠤᠩᠭᠤᠶ  ᠪᠣᠯᠵᠠᠢ᠃

ᠡᠨᠡ ᠵᠢᠯ ᠎ᠦᠨ ᠡᠬᠢ ᠎ᠪᠡᠷ᠂ ᠬᠢᠵᠢᠭ ᠎ᠦᠨ ᠪᠠᠢᠳᠠᠯ ᠎ᠢ ᠬᠠᠮᠢᠶᠠᠷᠤᠨ ᠡᠵᠡᠮᠳᠡᠬᠦ᠌ ᠬᠤᠭᠤᠴᠠᠭᠠᠨ ᠎ᠳᠤ᠂ ᠦᠶ᠋ᠯᠡᠴᠢᠯᠡᠭᠡᠨ ᠎ᠦ ᠲᠠᠪᠴᠠᠩ ᠎ᠳ᠋ᠤ ᠨᠢᠬᠡᠨ19 ᠨᠠᠰᠤᠲᠠᠶ ᠬᠦᠦ ᠤᠲᠠᠰᠤ ᠢᠷᠡᠭᠦᠯᠵᠠᠢ᠃ ᠤᠲᠠᠰᠤᠨ ᠎ᠤ ᠴᠠᠭᠠᠨ᠎ᠠ  ᠬᠦᠦ ᠵᠢᠨ ᠬᠣᠭᠣᠯᠠᠢ  ᠨᠢ ᠴᠡᠴᠡᠷᠡᠵᠦ᠍᠂ ᠡᠵᠢ  ᠨᠢ ᠡᠮᠦᠨ᠎ᠡ ᠣᠷᠣᠢ ᠪᠠᠶ᠎ᠠ  ᠪᠠᠨ ᠬᠤᠤᠷᠯᠠᠵᠠᠢ ᠬᠡᠵᠤ ᠲᠤᠢᠯ ᠎ᠤᠨ ᠪᠠᠴᠢᠮᠲᠠᠡᠭᠭᠤᠢ  ᠬᠡᠯᠡᠨ᠎ᠡ᠃ ᠲᠡᠷᠡ ᠠᠶᠤᠵᠤ ᠰᠠᠨᠲᠤᠷᠬᠤ  ᠵᠢᠨ ᠬᠠᠮᠲᠤ ᠰᠡᠳᠬᠢᠯ  ᠤ᠋ᠨ ᠵᠤᠪᠠᠯᠡᠡᠭ  ᠲᠠᠢ ᠪᠠᠢᠬᠤ ᠨᠢ ᠢᠯᠡᠬᠡᠨ᠂ ᠪᠠᠰᠠ ᠥᠪᠡᠷ᠎ᠢ ᠎ᠪᠡᠨ ᠰᠦᠯᠵᠢᠶᠡᠨ ᠎ᠳᠡᠭᠡᠷ᠎ᠡ ᠬᠢᠴᠢᠶᠡᠯ ᠣᠷᠣᠵᠤ ᠣᠶᠤᠨ ᠮᠡᠳᠡᠷᠡᠯ   ᠤ᠋ᠨ ᠡᠪᠡᠳᠴᠢᠨ  ᠲᠠᠢ ᠡᠵᠢ ᠎ᠪᠡᠨ ᠰᠠᠢᠨ ᠬᠠᠷᠠᠭᠠᠯᠵᠠᠵᠤ ᠴᠢᠳᠠᠭ᠍ᠰᠠᠨ ᠦᠭᠡᠢ  ᠡᠴᠠ  ᠡᠵᠢ  ᠨᠢ ᠠᠰᠠᠷ ᠎ᠠᠴᠠ ᠦᠰᠦᠷᠦᠨ ᠨᠠᠰᠤ ᠪᠠᠷᠠᠵᠠᠢ ᠬᠡᠵᠤ ᠦᠪᠠᠷ ᠎ᠢ  ᠪᠠᠨ ᠵᠢᠮᠠᠯᠠᠨ᠎ᠠ᠃ ᠰᠡᠳᠭᠢᠴᠡ ᠎ᠶ᠋ᠢᠨ ᠵᠥᠪᠯᠡᠭᠴᠢ ᠵᠢᠨ ᠬᠠᠭᠠᠰ ᠴᠠᠭ ᠱᠢᠬᠠᠮ ᠎ᠤᠨ ᠲᠠᠢᠳᠭᠤᠷᠠᠭᠤᠯᠤᠯ ᠳᠣᠣᠷ᠎ᠠ᠂ ᠬᠦᠦ   ᠵᠢᠨ ᠪᠠᠢᠳᠠᠯ ᠠᠭᠠᠵᠢᠮ ᠎ᠢᠶᠠᠷ ᠰᠠᠢᠵᠢᠷᠠᠭᠰᠠᠨ ᠪᠠᠢᠯ᠎ᠠ᠃ ᠰᠡᠳᠭᠢᠴᠡ ᠎ᠶ᠋ᠢᠨ ᠵᠥᠪᠯᠡᠭᠴᠢ ᠎ᠡᠴᠡ ᠲᠤᠰ ᠬᠦᠤ  ᠳ᠋ᠤ 5 ᠡᠳᠦᠷ ᠎ᠦᠨ ᠳᠣᠲᠣᠷ᠎ᠠ  7 ᠤᠳᠠᠭ᠎ᠠ ᠬᠠᠷᠢᠭᠤ ᠰᠤᠷᠪᠤᠯᠵᠢᠯᠠᠭ᠎ᠠ ᠬᠢᠵᠦ᠍᠂ ᠰᠡᠳᠭᠢᠴᠡ ᠎ᠶ᠋ᠢᠨ ᠵᠢᠯᠣᠭᠣᠳᠣᠯᠭ᠎ᠠ ᠎ᠶ᠋ᠢᠨ ᠶᠠᠪᠤᠴᠠ ᠎ᠳᠤ  ᠲᠤᠰ ᠬᠦᠤ 19 ᠨᠠᠰᠤᠨ ᠎ᠤ ᠲᠥᠷᠥᠭ᠌ᠰᠡᠨ ᠡᠳᠦᠷ ᠎ᠢᠶᠡᠨ ᠤᠭ᠍ᠲᠤᠬᠤ ᠭᠡᠵᠦ᠍ ᠪᠠᠢᠬᠤ ᠎ᠶ᠋ᠢ ᠣᠢᠯᠠᠭᠠᠵᠤ᠂ 12355 ᠦᠶ᠋ᠯᠡᠴᠢᠯᠡᠭᠡᠨ ᠎ᠦ ᠲᠠᠪᠴᠠᠩ ᠎ᠠᠴᠠ ᠲᠤᠰ ᠬᠦᠤ  ᠳ᠋ᠤ ᠲᠥᠷᠥᠭ᠌ᠰᠡᠨ ᠡᠳᠦᠷ ᠎ᠦᠨ ᠪᠣᠭᠣᠷᠰᠣᠭ᠂ ᠵᠢᠮᠢᠰ ᠵᠡᠷᠭᠡ ᠬᠠᠢᠷ᠎ᠠ ᠬᠠᠯᠠᠮᠵᠢ ᠎ᠶ᠋ᠢᠨ ᠪᠡᠯᠡᠭ ᠬᠦᠷᠭᠡᠪᠡ᠃ ᠣᠳᠣ ᠪᠣᠯᠲᠠᠯ᠎ᠠ᠂ ᠰᠡᠳᠭᠢᠴᠡ ᠎ᠶ᠋ᠢᠨ ᠵᠥᠪᠯᠡᠭᠴᠢ ᠮᠥᠨ  ᠯᠡ ᠲᠣᠭ᠍ᠲᠠᠮᠠᠯ ᠬᠤᠭᠤᠴᠠᠭ᠎ᠠ ᠎ᠲᠠᠶ ᠎ᠪᠠᠷ ᠬᠦᠦ  ᠵᠢᠨ ᠰᠤᠷᠤᠯᠭ᠎ᠠ᠂ ᠠᠮᠢᠳᠤᠷᠠᠯ ᠵᠢᠴᠢ ᠰᠡᠳᠭᠢᠴᠡ ᠎ᠶ᠋ᠢᠨ ᠪᠠᠢᠳᠠᠯ ᠎ᠢ ᠮᠥᠷᠳᠡᠨ ᠰᠤᠷᠪᠤᠯᠵᠢᠯᠠᠭᠰᠠᠭᠠᠷ ᠪᠠᠢᠨ᠎ᠠ᠃

ᠱᠠᠲᠤᠴᠢ ᠴᠢᠨᠠᠷᠲᠠᠶ ᠬᠢᠵᠢᠭ᠎ᠦᠨ ᠪᠠᠢᠳᠠᠯ᠎ᠤᠨ ᠨᠥᠯᠥᠭᠡ᠎ᠡᠴᠡ ᠪᠣᠯᠵᠣ᠂ ᠬᠡᠰᠡᠭ ᠰᠤᠷᠭᠠᠭᠤᠯᠢ᠎ᠨᠢ ᠰᠦᠯᠵᠢᠶᠡᠨ ᠳᠡᠭᠡᠷ᠎ᠡ ᠵᠢᠭᠠᠨ ᠰᠤᠷᠭᠠᠯᠳᠠ ᠬᠢᠬᠦ ᠪᠣᠯᠵᠣ᠂ ᠬᠡᠷ ᠪᠦᠯᠢ ᠎ᠶ᠋ᠢᠨ ᠵᠥᠷᠢᠴᠡᠯ ᠎ᠢ ᠨᠠᠮᠳᠠᠭᠤᠯᠵᠤ᠂ ᠡᠴᠢᠭᠡ ᠡᠬᠡ ᠦᠷ᠎ᠡ ᠬᠡᠦᠬᠡᠳ᠎ᠦᠨ ᠬᠠᠷᠢᠴᠠᠭ᠎ᠠ ᠎ᠶ᠋ᠢ ᠵᠣᠬᠢᠴᠠᠭᠤᠯᠬᠤ ᠎ᠶ᠋ᠢᠨ ᠲᠥᠯᠥᠭᠡ 12355 ᠦᠶ᠋ᠯᠡᠴᠢᠯᠡᠭᠡᠨ ᠎ᠦ ᠲᠠᠪᠴᠠᠩ᠎ᠨᠢ ᠰᠡᠳᠭᠢᠴᠡ ᠎ᠶ᠋ᠢᠨ ᠵᠢᠯᠣᠭᠣᠳᠣᠯᠭ᠎ᠠ᠎ᠶ᠋ᠢ ᠰᠤᠯᠠᠷᠠᠭᠤᠯᠤᠯ ᠥᠬᠡᠶ᠂ ᠬᠦᠴᠢᠷᠳᠡᠯ ᠎ᠢ ᠱᠢᠶ᠋ᠳᠪᠦᠷᠢᠯᠡᠬᠦ᠌ ᠎ᠳᠦ ᠬᠦᠯᠢᠴᠡᠩᠭᠦᠶ᠂ ᠨᠠᠷᠢᠨ ᠨᠢᠮᠪᠠᠶ᠎ᠪᠠᠷ ᠤᠲᠠᠰᠤ ᠪᠣᠯᠭᠠᠨ᠎ᠳᠤ ᠬᠠᠷᠢᠭᠤᠯᠲᠠ ᠥᠭ᠌ᠴᠦ᠂ ᠲᠤᠰᠭᠠᠶ ᠮᠡᠷᠭᠡᠵᠢᠯ ᠎ᠦᠨ ᠮᠡᠳᠡᠯᠭᠡ᠎ᠪᠡᠷ ᠎ᠢᠶᠡᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌᠂ ᠰᠦᠯᠵᠢᠶᠡᠨ ᠳᠡᠭᠡᠷ᠎ᠡ ᠵᠢᠭᠠᠨ ᠰᠤᠷᠭᠠᠬᠤ᠂ ᠬᠡᠷ ᠪᠦᠯᠢ ᠎ᠶ᠋ᠢᠨ ᠵᠥᠷᠢᠴᠡᠯ ᠎ᠢ ᠱᠢᠶ᠋ᠳᠪᠦᠷᠢᠯᠡᠬᠦ᠌ ᠎ᠳᠦ ᠢᠳᠡᠪᠬᠢᠲᠡᠶ᠎ᠪᠡᠷ ᠬᠦᠴᠦᠨ ᠴᠢᠳᠠᠯ ᠎ᠢᠶᠠᠨ ᠡᠷᠭᠦᠵᠦ᠍᠂ ᠥᠷᠭᠡᠨ ᠣᠯᠠᠨ ᠵᠠᠯᠠᠭᠤᠴᠤᠳ ᠪᠠᠭᠠᠴᠤᠳ ᠎ᠲᠤ ᠨᠠᠩ ᠬᠠᠯᠠᠭᠤᠨ ᠳᠤᠯᠠᠭᠠᠨ᠂ ᠨᠠᠩ ᠳᠣᠲᠣᠨᠣ᠂ ᠨᠠᠩ ᠨᠠᠷᠢᠯᠢᠭ ᠣᠨᠣᠪᠴᠢᠲᠠᠶ ᠦᠶ᠋ᠯᠡᠴᠢᠯᠡᠭᠡ ᠬᠠᠩᠭᠠᠵᠤ᠂ ᠵᠠᠯᠠᠭᠤᠴᠤᠳ ᠪᠠᠭᠠᠴᠤᠳ ᠎ᠤᠨ ᠪᠤᠳᠤᠵᠤ ᠤᠯᠬᠤ᠂ ᠡᠷᠢᠵᠦ᠍ ᠤᠯᠬᠤ᠂ ᠰᠡᠳᠭᠢᠯ ᠎ᠢ ᠮᠡᠳᠡᠭ᠌ᠴᠢ᠂ ᠬᠠᠯᠠᠭᠤᠨ ᠰᠡᠳᠭᠢᠯ᠎ᠲᠡᠶ ᠬᠥᠮᠦᠨ᠂ ᠵᠠᠮᠴᠢᠯᠠᠭ᠍ᠴᠢ ᠪᠣᠯᠬᠤ᠎ᠪᠠᠷ ᠴᠢᠷᠮᠠᠢᠪᠠ᠃

2021 ᠣᠨ ᠎ᠤ 1 ᠰᠠᠷ᠎ᠠ ᠎ᠳᠤ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ ᠪᠥᠬᠥ᠌ ᠣᠷᠣᠨ ᠎ᠤ ᠨᠢᠭᠡᠳᠦᠯᠲᠡᠶ 12355 ᠣᠬᠣᠷ ᠨᠣᠮᠧᠷ ᠭᠠᠷᠭᠠᠵᠤ᠂ 580 ᠲᠡᠭ᠌ᠰᠢ ᠳᠥᠷᠪᠡᠯᠵᠢᠨ ᠮᠧᠲ᠋ᠷ ᠎ᠦᠨ ᠪᠣᠳᠠᠲᠤ ᠴᠣᠭ᠍ᠴᠠᠲᠤ ᠦᠶ᠋ᠯᠡᠴᠢᠯᠡᠭᠡᠨ ᠎ᠦ ᠵᠢᠭ᠍ᠰᠠᠭᠠᠯ ᠎ᠤᠨ ᠭᠠᠵᠠᠷ ᠎ᠢ ᠥᠷᠭᠡᠳᠭᠡᠨ ᠪᠠᠢᠭᠤᠯᠵᠤ᠂ ᠥᠪᠥᠷ ᠮᠣᠩᠭᠣᠯ᠎ᠤᠨ 12355 ᠵᠠᠯᠠᠭᠤᠴᠤᠳ ᠪᠠᠭᠠᠴᠤᠳ ᠎ᠤᠨ ᠦᠶ᠋ᠯᠡᠴᠢᠯᠡᠭᠡᠨ ᠎ᠦ ᠲᠠᠪᠴᠠᠩ ᠎ᠢ ᠪᠠᠢᠭᠤᠯᠵᠤ᠂ 105 ᠬᠠᠤᠯᠢ ᠴᠠᠭᠠᠵᠠ ᠎ᠶ᠋ᠢᠨ ᠲᠤᠰᠭᠠᠶ ᠮᠡᠷᠭᠡᠵᠢᠯᠲᠡᠨ᠂ ᠰᠡᠳᠭᠢᠴᠡ ᠎ᠶ᠋ᠢᠨ ᠲᠤᠰᠭᠠᠶ ᠮᠡᠷᠭᠡᠵᠢᠯᠲᠡᠨ᠎ᠡᠴᠡ ᠪᠥᠬᠥ᠌ ᠣᠷᠣᠨ ᠎ᠤ ᠵᠠᠯᠠᠭᠤᠴᠤᠳ ᠪᠠᠭᠠᠴᠤᠳ᠎ᠲᠤ 7 × 24 ᠴᠠᠭ ᠎ᠤᠨ ᠰᠦᠯᠵᠢᠶᠡᠨ ᠳᠡᠭᠡᠷᠡᠬᠢ ᠰᠡᠳᠭᠢᠴᠡ ᠎ᠶ᠋ᠢᠨ ᠵᠥᠪᠯᠡᠯᠭᠡ᠂ ᠬᠠᠤᠯᠢ ᠴᠠᠭᠠᠵᠠ᠎ᠶ᠋ᠢᠨ ᠵᠥᠪᠯᠡᠯᠭᠡ᠂ ᠬᠠᠤᠯᠢ ᠴᠠᠭᠠᠵᠠ ᠎ᠶ᠋ᠢᠨ ᠡᠷᠬᠡ ᠠᠱᠢᠭ ᠎ᠢ ᠬᠠᠮᠠᠭᠠᠯᠠᠬᠤ᠂ ᠬᠠᠤᠯᠢ᠎ᠪᠠᠷ ᠵᠠᠰᠠᠬᠤ ᠤᠬᠠᠭᠤᠯᠭ᠎ᠠ᠂ ᠬᠤᠤᠷᠲᠤ ᠡᠳ᠋ ᠎ᠢ ᠴᠠᠭᠠᠵᠠᠯᠠᠵᠤ ᠠᠢᠽ ᠡᠪᠡᠳᠴᠢᠨ ᠎ᠢ ᠰᠡᠷᠭᠡᠢᠯᠡᠬᠦ᠌ ᠵᠡᠷᠭᠡ ᠨᠡᠢᠲᠡ ᠎ᠶ᠋ᠢᠨ ᠠᠰᠠᠷᠠᠮᠵᠢ ᠎ᠶ᠋ᠢᠨ ᠦᠶ᠋ᠯᠡᠴᠢᠯᠡᠭᠡ ᠬᠠᠩᠭᠠᠪᠠ᠃ ᠲᠡᠳᠡᠭᠡᠷ ᠯᠠᠪᠯᠠᠭ᠎ᠠ ᠬᠢᠬᠦ ᠳᠤᠷ᠎ᠠ ᠥᠬᠡᠶ ᠵᠠᠯᠠᠭᠤᠴᠤᠳ ᠪᠠᠭᠠᠴᠤᠳ ᠎ᠲᠤ ᠨᠠᠩ ᠳᠥᠭᠥᠮ ᠳᠥᠲᠡ ᠦᠶ᠋ᠯᠡᠴᠢᠯᠡᠭᠡ ᠬᠠᠩᠭᠠᠬᠤ ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ 《ᠥᠪᠥᠷ ᠮᠣᠩᠭᠣᠯ ᠎ᠤᠨ 12355 ᠵᠠᠯᠠᠭᠤᠴᠤᠳ ᠪᠠᠭᠠᠴᠤᠳ ᠎ᠤᠨ ᠦᠶ᠋ᠯᠡᠴᠢᠯᠡᠭᠡᠨ ᠎ᠦ ᠲᠠᠪᠴᠠᠩ 》 ᠎ᠤ᠋ᠨ ᠵᠢᠵᠢᠭ ᠫᠷᠤᠭ᠌ᠷᠠᠮ ᠭᠠᠷᠭᠠᠵᠤ᠂ ᠬᠠᠤᠯᠢ ᠴᠠᠭᠠᠵᠠ ᠎ᠶ᠋ᠢᠨ ᠵᠥᠪᠯᠡᠯᠭᠡ ᠥᠭ᠌ᠬᠦ᠂ ᠰᠡᠳᠭᠢᠴᠡ ᠎ᠶ᠋ᠢᠨ ᠵᠥᠪᠯᠡᠯᠭᠡ ᠥᠭ᠌ᠬᠦ᠂ ᠲᠤᠬᠠᠢᠯᠠᠭ᠍ᠰᠠᠨ ᠠᠵᠢᠯ ᠎ᠤᠨ ᠵᠥᠪᠯᠡᠯᠭᠡ ᠥᠭ᠌ᠬᠦ ᠭᠤᠷᠪᠠᠨ ᠲᠣᠮᠣ ᠬᠡᠰᠡᠭ ᠎ᠦᠨ ᠲᠣᠭᠣᠷᠢᠨ᠎ᠳᠤ ᠰᠦᠯᠵᠢᠶᠡᠨ ᠳᠡᠭᠡᠷᠡᠬᠢ ᠥᠰᠥᠭ ᠪᠢᠴᠢᠭ ᠎ᠦᠨ ᠵᠥᠪᠯᠡᠯᠭᠡ ᠥᠭ᠌ᠬᠦ᠂ ᠤᠳᠠᠰᠤ᠎ᠪᠠᠷ ᠵᠥᠪᠯᠡᠯᠭᠡ ᠥᠭ᠌ᠬᠦ᠂ ᠤᠷᠢᠳᠴᠢᠯᠠᠨ ᠪᠣᠯᠵᠣᠬᠤ ᠦᠶ᠋ᠯᠡᠴᠢᠯᠡᠭᠡ᠂ ᠵᠠᠭᠠᠯᠳᠤᠬᠤ ᠰᠠᠨᠠᠭᠤᠯᠭ᠎ᠠ ᠵᠡᠷᠭᠡ ᠦᠶ᠋ᠯᠡᠴᠢᠯᠡᠭᠡ ᠬᠠᠩᠭᠠᠪᠠ᠃ ᠨᠢᠭᠡ ᠵᠢᠯ ᠎ᠦᠨ ᠲᠤᠷᠰᠢ᠂ ᠵᠠᠯᠠᠭᠤᠴᠤᠳ ᠪᠠᠭᠠᠴᠤᠳ ᠵᠢᠴᠢ ᠲᠡᠳᠡᠨ ᠎ᠦ ᠬᠡᠷ ᠪᠦᠯᠢ ᠎ᠶ᠋ᠢᠨ ᠠᠰᠠᠭᠤᠨ ᠯᠠᠪᠯᠠᠬᠤ ᠤᠲᠠᠰᠤ᠎ᠶᠢ 13431 ᠲᠣᠰᠴᠤ᠌᠂ ᠭᠠᠳᠠᠷ ᠮᠤᠵᠢ ᠎ᠶ᠋ᠢᠨ ᠵᠠᠯᠠᠭᠤᠴᠤᠳ ᠪᠠᠭᠠᠴᠤᠳ ᠎ᠤᠨ ᠤᠲᠠᠰᠤ᠎ᠶᠢ 1186  ᠵᠢ ᠲᠣᠰᠴᠤ᠌᠂ ᠦᠶ᠋ᠯᠡᠴᠢᠯᠡᠭᠡᠨ ᠎ᠦ ᠶᠡᠷᠦᠩᠬᠡᠶ ᠴᠠᠭ ᠨᠢ ᠪᠠᠷᠤᠭ 14.31 ᠲᠦᠮᠡᠨ ᠮᠢᠨᠦ᠋ᠲ ᠲᠸ᠋ ᠬᠦᠷᠴᠦ᠂ ᠤᠳᠠᠰᠤ ᠨᠡᠪᠲᠡᠷᠡᠭ᠌ᠰᠡᠨ ᠨᠣᠷᠮ᠎ᠠ ᠨᠢ 100% ᠪᠠᠢᠵᠤ᠂ ᠦᠶ᠋ᠯᠡᠴᠢᠯᠡᠭᠡᠨ ᠎ᠦ ᠬᠠᠨᠤᠮᠵᠢ ᠎ᠶ᠋ᠢᠨ ᠬᠡᠮᠵᠢᠶ᠎ᠡ ᠨᠢ 99.4% ᠪᠤᠯᠪᠠ᠃ ᠬᠢᠮᠤᠷᠠᠯ  ᠎ᠢ ᠨᠠᠮᠲᠠᠭᠤᠯᠤᠬᠰᠠᠨ  ᠪᠠ ᠣᠨᠴᠠᠭᠠᠶ ᠬᠡᠷᠡᠭ ᠎ᠢ ᠪᠦᠲᠦᠮᠵᠢᠲᠡᠶ ᠪᠡᠷ  46  ᠰᠢᠢᠳᠪᠦᠷᠢᠯᠡᠵᠦ᠂ 110 ᠬᠡᠷᠡᠭ  ᠮᠡᠳᠡᠭᠦᠯᠬᠦ᠌ ᠦᠶ᠋ᠯᠡᠴᠢᠯᠡᠭᠡᠨ ᠎ᠦ ᠲᠠᠪᠴᠠᠩ᠎ᠳᠤ ᠣᠨᠴᠠᠭᠠᠶ ᠬᠡᠷᠡᠭ ᠎ᠢ 4 ᠱᠢᠯᠵᠢᠭᠦᠯᠦᠨ ᠲᠠᠨᠢᠯᠴᠠᠭᠤᠯᠵᠤ᠂ ᠬᠠᠷᠢᠶ᠎ᠠ ᠭᠠᠵᠠᠷ ᠎ᠤᠨ ᠪᠠᠢᠴᠠᠭᠠᠬᠤ ᠬᠣᠷᠢᠶ᠎ᠠ ᠎ᠳᠤ ᠰᠤᠷᠤᠭ᠍ᠴᠢᠳ ᠎ᠢ ᠳᠣᠷᠣᠮᠵᠢᠯᠠᠭ᠍ᠰᠠᠨ ᠣᠨᠴᠠᠭᠠᠶ ᠬᠡᠷᠡᠭ᠎ᠢ 2 ᠠᠯᠪᠠᠲᠠᠨ ᠮᠡᠳᠡᠭᠦᠯᠵᠦ᠍᠂ ᠨᠢᠬᠡ ᠎ᠳᠤ ᠨᠢᠭᠡ ᠪᠡᠷ ᠬᠠᠷᠠᠭᠠᠯᠵᠠᠭᠤᠯᠤᠬᠰᠠᠨ  ᠬᠡᠷᠡᠭ ᠎ᠦᠨ ᠦᠶ᠋ᠯᠡᠴᠢᠯᠡᠭᠡ  927 ᠬᠠᠩᠭᠠᠪᠠ᠃ ᠰᠦᠯᠵᠢᠶᠡᠨ ᠭᠠᠳᠠᠨ᠎ᠠ ᠪᠥᠬᠥ᠌ ᠣᠷᠣᠨ᠎ᠤ ᠡᠯ᠎ᠡ ᠱᠠᠲᠤᠨ ᠎ᠤ ᠡᠪᠯᠡᠯ ᠎ᠤᠨ ᠵᠤᠬᠢᠶᠠᠨ ᠪᠠᠢᠭᠤᠯᠤᠯᠲᠠ ᠪᠡᠷ ᠳᠠᠮᠵᠢᠭᠤᠯᠤᠨ 《12355》 ᠵᠢ ᠰᠤᠷᠭᠠᠭᠤᠯᠢ᠎ᠳᠤ ᠣᠷᠣᠭᠤᠯᠬᠤ᠂ ᠨᠡᠢᠭᠡᠮ ᠲᠣᠭᠣᠷᠢᠭ ᠎ᠲᠤ ᠣᠷᠣᠭᠤᠯᠬᠤ᠂ ᠠᠵᠤ ᠠᠬᠤᠢᠯᠠᠯ ᠎ᠳᠤ ᠣᠷᠣᠭᠤᠯᠬᠤ ᠱᠢᠷᠢᠰ ᠠᠵᠢᠯᠯᠠᠭ᠎ᠠ ᠎ᠶ᠋ᠢ 1351 ᠲᠠᠯᠠᠪᠤᠷ ᠵᠣᠬᠢᠶᠠᠨ ᠪᠠᠢᠭᠤᠯᠵᠤ ᠥᠷᠨᠢᠭᠦᠯᠪᠡ᠃


ᠬᠦᠰᠡᠯ ᠱᠠᠭᠠᠷᠳᠠᠯᠭ᠎ᠠ ᠎ᠶ᠋ᠢ ᠨᠢᠭᠤᠷᠳᠠᠨ ᠰᠣᠨᠣᠰᠬᠤ ᠰᠡᠳᠭᠢᠯ ᠵᠢᠷᠦᠬᠡ᠎ᠪᠡᠨ ᠬᠣᠯᠪᠣᠬᠤ ᠬᠥᠭᠥᠷᠭᠡ᠎ᠶ᠋ᠢ ᠪᠠᠢᠭᠤᠯᠪᠠ


ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶᠠᠨ ᠎ᠤ 《ᠲᠦᠮᠡᠨ ᠡᠷᠦᠬᠡ᠎ᠳᠦ ᠬᠦᠨᠵᠡᠭᠡᠢᠷᠡᠵᠦ᠂ ᠲᠦᠮᠡᠨ ᠡᠷᠦᠬᠡ ᠎ᠶ᠋ᠢᠨ ᠪᠠᠢᠳᠠᠯ ᠢ᠋ ᠣᠢᠯᠠᠭᠠᠵᠤ᠂ ᠲᠦᠮᠡᠨ ᠡᠷᠦᠬᠡ ᠎ᠶ᠋ᠢᠨ ᠲᠤᠲᠤᠨᠤ ᠰᠠᠳᠤᠨ ᠪᠣᠯᠬᠤ》 ᠬᠠᠮᠢᠶ᠎ᠠ ᠪᠦᠬᠦᠢ ᠱᠠᠭᠠᠷᠳᠠᠯᠭ᠎ᠠ ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠯᠠᠭᠤᠴᠤᠳ ᠎ᠤᠨ ᠬᠦᠴᠢᠷ ᠠᠰᠠᠭᠤᠳᠠᠯ ᠎ᠢ ᠬᠦᠴᠦᠯᠡᠨ ᠱᠢᠢᠳᠪᠦᠷᠢᠯᠡᠬᠦ᠌ ᠎ᠶ᠋ᠢᠨ ᠲᠥᠯᠥᠭᠡ᠂ ᠪᠦᠬᠦ᠌ ᠣᠷᠣᠨ ᠎ᠤ ᠡᠯ᠎ᠡ ᠱᠠᠲᠤᠨ ᠎ᠤ ᠡᠪᠯᠡᠯ ᠎ᠦᠨ ᠵᠣᠬᠢᠶᠠᠨ ᠪᠠᠢᠭᠤᠯᠤᠯᠲᠠ ᠬᠣᠢᠨ᠎ᠠ ᠬᠣᠢᠨ᠎ᠠ᠎ᠠᠴᠠ᠎ᠪᠠᠨ ᠬᠥᠳᠡᠯᠦᠯᠴᠡᠵᠦ᠍᠂ 《ᠵᠠᠯᠠᠭᠤᠴᠤᠳ᠎ᠤᠨ ᠰᠣᠨᠣᠰᠬᠠᠯ》 ᠤ᠋ᠨ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠨ᠂ ᠵᠠᠯᠠᠭᠤᠴᠤᠳ᠎ᠯᠤᠭ᠎ᠠ ᠎ᠶ᠋ᠢᠨ ᠨᠢᠭ᠍ᠲᠠ ᠬᠠᠷᠢᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠵᠠᠯᠠᠭᠤᠴᠤᠳ ᠎ᠤᠨ ᠰᠠᠭᠤᠷᠢ ᠎ᠶ᠋ᠢ ᠲᠠᠰᠤᠷᠠᠯᠲᠠ ᠦᠭᠡᠢ ᠪᠡᠬᠢᠵᠢᠭᠦᠯᠵᠦ᠍᠂ ᠵᠠᠯᠠᠭᠤᠴᠤᠳ᠎ᠲᠠᠶ ᠦᠷᠭᠦᠯᠵᠢ ᠨᠢᠭᠤᠷᠳᠠᠨ ᠠᠭᠤᠯᠵᠠᠵᠤ᠂ ᠭᠠᠷ ᠭᠠᠷ ᠎ᠢᠶᠠᠨ ᠬᠣᠯᠪᠣᠨ᠂ ᠰᠡᠳᠭᠢᠯ ᠵᠢᠷᠦᠬᠡ᠎ᠪᠡᠨ ᠬᠣᠯᠪᠣᠨ ᠵᠠᠯᠠᠭᠤᠴᠤᠳ᠎ᠤᠨ 《ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ》 ᠎ᠪᠠᠢᠭ᠎ᠠ ᠠᠰᠠᠭᠤᠳᠠᠯ ᠎ᠳᠤ ᠦᠨᠡᠨᠴᠢ᠎ᠪᠡᠷ ᠦᠢᠯᠡᠴᠢᠯᠡᠪᠡ᠃

ᠬᠢᠵᠢᠭ ᠎ᠦᠨ ᠨᠥᠯᠥᠭᠡ᠎ᠡᠴᠡ ᠪᠣᠯᠵᠣ᠂ ᠲᠦᠩᠯᠢᠶᠣᠤ ᠎ᠶ᠋ᠢᠨ ᠠᠵᠢᠯ ᠮᠡᠷᠭᠡᠵᠢᠯ ᠎ᠦᠨ ᠳᠡᠭᠡᠳᠦ ᠰᠤᠷᠭᠠᠭᠤᠯᠢ ᠎ᠶ᠋ᠢᠨ 2019 ᠣᠨ ᠎ᠤ ᠱᠢᠨ᠎ᠡ ᠡᠨᠧᠷᠭᠢ ᠎ᠶ᠋ᠢᠨ ᠮᠡᠷᠭᠡᠵᠢᠯ ᠎ᠦᠨ ᠲᠤᠰᠭᠠᠶ ᠮᠡᠷᠭᠡᠵᠢᠯ ᠎ᠦᠨ ᠯᠢᠦ ᠵᠢᠶᠠᠨ ᠯᠢᠨ ᠰᠤᠷᠭᠠᠭᠤᠯᠢ ᠲᠡᠭᠦᠰᠭᠦ ᠣᠢᠷᠠᠲᠤᠭᠠᠳ ᠪᠠᠰᠠ ᠠᠵᠢᠯ ᠣᠯᠤᠭᠠᠳᠤᠶ ᠪᠤᠯᠬᠤᠷ ᠶᠡᠬᠡ ᠰᠡᠳᠭᠢᠯ ᠵᠣᠪᠠᠵᠤ ᠪᠠᠢᠯ᠎ᠠ᠃ ᠡᠭᠦᠨ ᠢ᠋ ᠣᠢᠯᠠᠭᠠᠭ᠍ᠰᠠᠨ᠎ᠤ ᠳᠠᠷᠠᠭ᠎ᠠ᠂ ᠲᠦᠩᠯᠢᠶᠣᠤ ᠬᠣᠲᠠ ᠎ᠶ᠋ᠢᠨ ᠡᠪᠯᠡᠯ ᠎ᠦᠨ ᠬᠣᠷᠢᠶ᠎ᠠ ᠵᠠᠯᠭᠠᠭ᠎ᠠ ᠎ᠪᠠᠷ 7 ᠲᠠᠯᠠᠪᠠᠢ《ᠵᠠᠯᠠᠭᠤᠴᠤᠳ᠎ᠤᠨ ᠰᠣᠨᠣᠰᠭᠠᠯ》 ᠠᠵᠢᠯᠯᠠᠭ᠎ᠠ ᠡᠷᠭᠢᠯᠡᠵᠦ᠍᠂ ᠵᠠᠰᠠᠭ ᠎ᠤᠨ ᠣᠷᠳᠣᠨ ᠎ᠤ 3 ᠨᠢᠭᠡᠴᠢ᠎ᠲᠡᠶ ᠵᠣᠯᠭᠠᠭᠤᠯᠵᠤ᠂ 7 ᠳᠡᠭᠡᠳᠦ ᠵᠡᠷᠭᠡ ᠎ᠶ᠋ᠢᠨ ᠠᠵᠢᠯ ᠮᠡᠷᠭᠡᠵᠢᠯ ᠎ᠦᠨ ᠰᠤᠷᠭᠠᠭᠤᠯᠢ ᠎ᠳᠤ ᠬᠦᠷᠴᠦ᠍᠂ 3910 ᠠᠵᠢᠯ ᠎ᠤᠨ ᠪᠠᠢᠷᠢ ᠎ᠶ᠋ᠢᠨ ᠨᠠᠷᠢᠨ ᠲᠠᠩᠰᠠ  ᠵᠢ ᠴᠤᠭ᠍ᠯᠠᠭᠤᠯᠤᠨ᠂ ᠰᠤᠷᠭᠠᠭᠤᠯᠢ ᠎ᠶ᠋ᠢᠨ ᠡᠪᠯᠡᠯ ᠎ᠦᠨ ᠵᠣᠬᠢᠶᠠᠨ ᠪᠠᠢᠭᠤᠯᠤᠯᠲᠠ ᠪᠠ ᠠᠯᠪᠠᠨ  ᠤ᠋ ᠠᠵᠢᠯ ᠣᠯᠭᠣᠯᠲᠠ ᠎ᠶ᠋ᠢᠨ ᠮᠡᠳᠡᠭᠡ ᠵᠠᠩᠭᠢ ᠎ᠶ᠋ᠢᠨ ᠲᠠᠪᠴᠠᠩ ᠎ᠢᠶᠠᠷ  ᠦᠷᠭᠡᠨ ᠵᠢᠡᠷ ᠨᠡᠢᠲᠡᠯᠡᠵᠦ᠍᠂ ᠵᠠᠯᠠᠭᠤᠴᠤᠳ ᠪᠠ ᠠᠵᠤ ᠠᠬᠤᠢᠯᠠᠯ ᠡᠭᠦᠯᠡᠨ ᠦᠵᠦᠭᠦᠷᠯᠢᠭ ᠎ᠲᠦ ᠠᠭᠤᠯᠵᠠᠵᠤ᠂ ᠠᠵᠤ ᠠᠬᠤᠢᠯᠠᠯ᠎ᠤᠨ ᠪᠠᠴᠢᠮ ᠪᠠᠢᠳᠠᠯ ᠎ᠢ ᠱᠢᠶ᠋ᠳᠪᠦᠷᠢᠯᠡᠭ᠌ᠰᠡᠨ ᠪᠥᠭᠡᠳ ᠪᠠᠰᠠ ᠵᠠᠯᠠᠭᠤᠴᠤᠳ ᠎ᠤᠨ ᠠᠵᠢᠯ ᠣᠯᠭᠣᠬᠤ ᠲᠤᠯᠭᠠᠮ ᠬᠡᠷᠡᠭ᠌ᠴᠡᠭᠡ ᠎ᠶ᠋ᠢ ᠨᠢ ᠬᠠᠩᠭᠠᠭ᠍ᠰᠠᠨ ᠪᠠᠢᠨ᠎ᠠ᠃ 4 ᠰᠠᠷ᠎ᠠ ᠎ᠶ᠋ᠢᠨ 7 ᠎ᠤ᠋  ᠡᠳᠦᠷ᠂ ᠲᠦᠩᠯᠢᠶᠣᠤ ᠬᠣᠲᠠ ᠎ᠶ᠋ᠢᠨ ᠡᠪᠯᠡᠯ ᠎ᠦᠨ ᠬᠣᠷᠢᠶ᠎ᠠ 《ᠠᠵᠢᠯ ᠣᠯᠭᠣᠬᠤ  ᠳ᠋ᠤ ᠡᠪᠯᠡᠯ ᠎ᠦᠨ ᠬᠤᠷᠢᠶ᠎ᠠ ᠲᠠᠨ  ᠢ᠋ ᠬᠠᠪᠰᠤᠷᠤᠶ᠎ᠠ》 ᠲᠠᠪᠴᠠᠩ ᠎ᠢ ᠵᠢᠩᠬᠢᠨᠢ᠎ᠪᠡᠷ ᠪᠠᠢᠭᠤᠯᠵᠤ᠂ ᠵᠠᠯᠠᠭᠤᠴᠤᠳ ᠡᠨᠳᠡ᠎ᠡᠴᠡ ᠠᠵᠢᠯ ᠣᠯᠭᠤᠵᠤ ᠦᠶ᠋ᠯᠡᠰ ᠪᠤᠰᠬᠠᠬᠤ ᠬᠠᠮᠤᠭ ᠎ᠤᠨ ᠱᠢᠨ᠎ᠡ ᠠᠵᠢᠯ ᠎ᠤᠨ ᠪᠠᠢᠷᠢ  ᠵᠢ ᠣᠯᠵᠤ ᠮᠡᠳᠡᠨ᠂ ᠵᠠᠯᠠᠭᠤᠴᠤᠳ᠎ᠤᠨ ᠦᠶ᠋ᠯᠡᠰ ᠪᠤᠰᠬᠠᠬᠤ ᠬᠠᠷᠠᠭᠠᠯᠵᠠᠯ ᠎ᠤᠨ ᠲᠥᠷᠥ ᠎ᠶ᠋ᠢᠨ ᠪᠣᠳᠣᠯᠭ᠎ᠠ ᠎ᠶ᠋ᠢ ᠠᠰᠠᠭᠤᠨ ᠯᠠᠪᠯᠠᠵᠤ᠂ ᠵᠠᠯᠠᠭᠤᠴᠤᠳ ᠎ᠤᠨ ᠦᠶ᠋ᠯᠡᠰ ᠪᠤᠰᠬᠠᠵᠤ ᠠᠵᠢᠯ ᠤᠯᠬᠤ ᠬᠡᠷᠡᠭ᠌ᠴᠡᠭᠡ ᠎ᠶ᠋ᠢ ᠨᠢ ᠬᠠᠩᠭᠠᠪᠠ᠃

ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ᠎ᠨᠢ ᠥᠪᠡᠷᠲᠡᠭᠡᠨ ᠵᠠᠰᠠᠬᠤ ᠣᠷᠣᠨ ᠎ᠤ ᠵᠠᠯᠠᠭᠤᠴᠤᠳ ᠎ᠤᠨ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ ᠎ᠤ ᠵᠠᠯᠠᠭᠤ ᠠᠵᠤ ᠠᠬᠤᠢᠯᠠᠯᠳᠠᠳ ᠎ᠤᠨ ᠨᠡᠢᠭᠡᠮᠯᠢᠭ᠂ ᠥᠪᠡᠷᠲᠡᠭᠡᠨ ᠵᠠᠰᠠᠬᠤ ᠣᠷᠣᠨ ᠎ᠤ ᠵᠠᠯᠠᠭᠤᠴᠤᠳ ᠎ᠤᠨ ᠦᠶ᠋ᠯᠡᠰ ᠪᠤᠰᠬᠠᠵᠤ ᠠᠵᠢᠯ ᠣᠯᠭᠣᠬᠤ ᠰᠠᠭᠤᠷᠢ ᠮᠥᠩᠭᠥᠨ ᠎ᠦ ᠨᠡᠢᠭᠡᠮᠯᠢᠭ᠎ᠲᠡᠶ ᠬᠠᠮᠲᠤ ᠰᠠᠨᠠᠭᠠᠴᠢᠯᠠᠭ᠎ᠠ ᠎ᠠᠴᠠ᠎ᠪᠠᠨ ᠬᠠᠮᠢᠶ᠎ᠠ ᠪᠥᠬᠥᠶ ᠮᠥᠩᠭᠥᠨ ᠭᠦᠶ᠋ᠯᠭᠡᠭᠡᠨ ᠎ᠦ ᠪᠠᠢᠭᠤᠯᠤᠮᠵᠢ᠎ᠲᠠᠶ ᠵᠣᠯᠭᠠᠭᠤᠯᠵᠤ᠂ 《ᠵᠠᠯᠠᠭᠤᠴᠤᠳ᠎ᠤᠨ ᠰᠣᠨᠣᠰᠭᠠᠯ·ᠵᠠᠯᠠᠭᠤ ᠱᠢᠨ᠎ᠡ ᠎ᠶ᠋ᠢ ᠡᠭᠦᠳᠦᠭ᠌ᠴᠢ》 ᠵᠢᠨ ᠠᠵᠢᠯᠯᠠᠭ᠎ᠠ ᠎ᠶ᠋ᠢ ᠥᠷᠨᠢᠭᠦᠯᠪᠡ᠃ ᠵᠠᠯᠠᠭᠤ ᠱᠢᠨ᠎ᠡ ᠶ᠋ᠢ ᠡᠭᠦᠳᠦᠭ᠌ᠴᠢ ᠡᠪᠯᠡᠯ ᠎ᠦᠨ ᠬᠤᠷᠢᠶ᠎ᠠ ᠎ᠶ᠋ᠢᠨ ᠡᠬᠢ ᠪᠠᠶᠠᠯᠢᠭ ᠎ᠤᠨ ᠲᠠᠪᠴᠠᠩ᠎ᠢ ᠭᠦᠶ᠋ᠴᠡᠳ ᠠᠱᠢᠭ᠍ᠯᠠᠬᠤ᠂ ᠲᠦᠭᠡᠮᠡᠯ ᠬᠠᠷᠠᠭᠠᠯᠵᠠᠯ ᠎ᠤᠨ ᠴᠢᠨᠠᠷᠲᠠᠶ ᠮᠥᠩᠭᠥᠨ ᠭᠦᠶ᠋ᠯᠭᠡᠭᠡᠨ᠎ᠦ ᠲᠥᠷᠥ ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠯᠡᠬᠦ᠌᠂ ᠮᠥᠩᠭᠥᠨ ᠭᠦᠶ᠋ᠯᠭᠡᠭᠡᠨ ᠎ᠦ ᠪᠠᠢᠭᠤᠯᠤᠮᠵᠢ ᠯᠤᠭ᠎ᠠ ᠎ᠶ᠋ᠢᠨ ᠬᠠᠷᠢᠯᠴᠠᠭ᠎ᠠ ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠬᠠᠮᠲᠤ ᠎ᠶ᠋ᠢᠨ ᠲᠠᠨᠢᠯᠲᠠ᠎ᠲᠠᠶ ᠪᠣᠯᠵᠣ᠂ ᠮᠠᠨ᠎ᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠎ᠢ ᠱᠢᠯᠢᠳᠡᠭ᠌ᠵᠢᠭᠦᠯᠬᠦ᠌ ᠎ᠳᠦ ᠬᠠᠮᠲᠤ᠎ᠪᠠᠷ ᠬᠦᠴᠦᠨ ᠨᠡᠮᠡᠷᠢᠯᠡᠵᠦ᠍᠂ ᠠᠵᠤ ᠠᠬᠤᠢᠯᠠᠯ ᠎ᠢ ᠬᠠᠪᠰᠤᠷᠤᠨ ᠲᠣᠭ᠍ᠲᠠᠭᠤᠨ ᠎ᠢᠶᠠᠷ ᠬᠥᠭ᠌ᠵᠢᠭᠦᠯᠪᠡ᠃ ᠲᠠᠷᠠᠭᠠᠴᠢ ᠎ᠪᠡᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠲᠥᠷᠥᠯ ᠲᠡᠮᠳᠡᠭ᠎ᠦᠨ ᠪᠠᠢᠭᠤᠯᠤᠯᠲᠠ᠂ ᠲᠥᠷᠥ ᠎ᠶ᠋ᠢᠨ ᠪᠣᠳᠣᠯᠭ᠎ᠠ ᠎ᠵᠢᠨ ᠵᠢᠯᠤᠭᠤᠳᠤᠯᠭ᠎ᠠ᠂ ᠦᠶ᠋ᠯᠡᠰ ᠪᠤᠰᠬᠠᠬᠤ ᠡᠯᠧᠮᠧᠨ᠋ᠲ  ᠲᠤ᠌  ᠲᠤᠯᠭᠠᠭᠤᠷᠢᠯᠠᠬᠤ᠂ ᠦᠶ᠋ᠯᠡᠰ ᠪᠤᠰᠬᠠᠵᠤ ᠱᠢᠨ᠎ᠡ ᠎ᠶ᠋ᠢ ᠡᠭᠦᠳᠬᠦ᠌ ᠠᠵᠢᠯᠯᠠᠭ᠎ᠠ ᠎ᠶ᠋ᠢᠨ ᠶᠠᠰᠤ ᠴᠢᠨᠠᠷ ᠎ᠢ ᠳᠡᠭᠡᠭ᠌ᠰᠢᠯᠡᠭᠦᠯᠬᠦ᠌᠂ ᠵᠠᠯᠠᠭᠤᠴᠤᠳ ᠎ᠤᠨ ᠦᠶ᠋ᠯᠡᠰ ᠪᠤᠰᠬᠠᠬᠰᠠᠨ ᠨᠡᠢᠲᠡᠯᠢᠭ ᠵᠢᠱ᠌ᠢᠶ᠎ᠡ ᠎ᠶ᠋ᠢ ᠰᠣᠩᠭᠣᠨ ᠱᠤᠭᠤᠬᠤ᠂ ᠵᠠᠯᠠᠭᠤᠴᠤᠳ ᠎ᠤᠨ ᠠᠵᠢᠯ ᠣᠯᠭᠣᠯᠲᠠ ᠎ᠶ᠋ᠢᠨ 《ᠱᠢᠭᠤᠳ ᠨᠡᠪᠲᠡᠷᠡᠬᠦ᠌ ᠲᠡᠷᠭᠡ》 ᠵᠡᠷᠭᠡ ᠵᠢᠷᠭᠤᠭᠠᠨ ᠶᠡᠬᠡ ᠵᠠᠯᠠᠭᠤᠴᠤᠳ ᠎ᠤᠨ ᠦᠶ᠋ᠯᠡᠰ ᠪᠤᠰᠬᠠᠵᠤ ᠠᠵᠢᠯ ᠤᠯᠬᠤ ᠎ᠶ᠋ᠢ ᠬᠠᠪᠰᠤᠷᠤᠨ ᠲᠡᠳᠬᠦᠬᠦ᠌ ᠠᠵᠢᠯᠯᠠᠭ᠎ᠠ ᠎ᠶ᠋ᠢ ᠦᠷᠭᠦᠯᠵᠢᠯᠡᠨ ᠥᠷᠨᠢᠭᠦᠯᠵᠦ᠍᠂ ᠮᠠᠨ ᠎ᠤ ᠣᠷᠣᠨ ᠎ᠤ ᠱᠢᠨ᠎ᠡ ᠎ᠶ᠋ᠢ ᠡᠭᠦᠳᠬᠦ ᠦᠶ᠋ᠯᠡᠰ ᠪᠤᠰᠬᠠᠬᠤ ᠵᠠᠯᠠᠭᠤ ᠴᠢᠳᠠᠪᠤᠷᠢᠲᠠᠨ ᠎ᠢ ᠴᠤᠬᠯᠠᠷᠠᠭᠤᠯᠵᠤ᠂ ᠮᠠᠨ ᠎ᠤ ᠣᠷᠣᠨ ᠎ᠤ ᠠᠵᠤ ᠠᠬᠤᠶ ᠎ᠶ᠋ᠢᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠪᠣᠯᠤᠨ᠎ᠠ᠃

ᠤᠯᠠᠭᠠᠨᠴᠠᠪ ᠬᠣᠲᠠ᠎ᠶ᠋ᠢᠨ ᠡᠪᠯᠡᠯ ᠎ᠦᠨ ᠬᠣᠷᠢᠶ᠎ᠠ 《ᠠᠯᠢᠪᠠ ᠪᠦᠬᠦᠨ ᠨᠢ ᠦᠶ᠋ᠯᠡᠴᠢᠯᠡᠭᠡ ᠵᠢᠨ ᠲᠤᠭᠤᠷᠢᠨ᠎ᠳᠤ ᠡᠷᠬᠢᠯᠳᠦᠵᠦ  ᠦᠢᠯᠡᠴᠢᠯᠡᠭᠡ ᠨᠢ ᠦᠨᠳᠦᠰᠦᠨ ᠱᠠᠲᠤᠨ᠎ᠤ ᠲᠤᠭᠤᠷᠢᠨ  ᠳ᠋ᠤ ᠡᠷᠬᠢᠯᠳᠦᠬᠦ》 ᠠᠵᠢᠯ ᠎ᠤᠨ ᠤᠢᠯᠠᠭᠠᠬᠳᠠᠬᠤᠨ ᠎ᠢ ᠪᠠᠷᠢᠮᠲᠠᠯᠠᠵᠤ᠂ ᠵᠢᠨᠢᠩ ᠲᠣᠭᠣᠷᠢᠭ ᠎ᠤᠨ ᠲᠦᠩ ᠾᠸ ᠨᠡᠢᠭᠡᠮ ᠲᠣᠭᠣᠷᠢᠭ᠎ᠲᠤ ᠬᠦᠷᠴᠦ᠍᠂ ᠨᠡᠢᠭᠡᠮ ᠲᠣᠭᠣᠷᠢᠭ ᠎ᠤᠨ ᠵᠠᠯᠠᠭᠤᠴᠤᠳ ᠪᠠᠭᠠᠴᠤᠳ ᠎ᠤᠨ ᠬᠡᠷᠡᠭ ᠡᠷᠭᠢᠯᠡᠬᠦ᠌ ᠠᠵᠢᠯᠲᠠᠨ᠂ ᠲᠦᠷᠭᠡᠨ ᠬᠦᠷᠭᠡᠯᠲᠡ ᠎ᠶ᠋ᠢᠨ ᠠᠵᠢᠯ ᠡᠷᠭᠢᠯᠡᠭ᠌ᠰᠡᠳ᠂ ᠠᠵᠤ ᠠᠬᠤᠢᠯᠠᠯ ᠎ᠤ᠋ᠨ ᠲᠥᠯᠥᠭᠡᠯᠡᠭ᠌ᠴᠢ᠂ ᠨᠡᠢᠭᠡᠮ ᠲᠣᠭᠣᠷᠢᠭ ᠎ᠤᠨ ᠰᠠᠭᠤᠭᠠᠯᠢ ᠠᠷᠠᠳ᠂ ᠵᠠᠯᠠᠭᠤ ᠰᠠᠢᠨ ᠳᠤᠷᠠᠴᠤᠤᠯ ᠎ᠲᠠᠢ ᠨᠠᠮ ᠎ᠤᠨ ᠪᠠᠢᠭᠤᠯᠤᠯᠲᠠ ᠎ᠪᠠᠷ ᠡᠪᠯᠡᠯ ᠎ᠦᠨ ᠪᠠᠢᠭᠤᠯᠤᠯᠲᠠ ᠎ᠶ᠋ᠢ ᠳᠠᠢᠴᠢᠯᠠᠬᠤ᠂ ᠲᠤᠤᠷᠵᠢᠭ᠍ᠰᠠᠨ ᠰᠠᠢᠨ ᠳᠤᠷ᠎ᠠ ᠎ᠶ᠋ᠢᠨ ᠦᠶ᠋ᠯᠡᠴᠢᠯᠡᠭᠡᠨ ᠎ᠦ ᠲᠣᠭᠣᠷᠢᠨ ᠎ᠳᠤ ᠭᠦᠶ᠋ᠴᠡᠳ ᠰᠣᠯᠢᠯᠴᠠᠭ᠎ᠠ ᠬᠢᠵᠦ᠍᠂ ᠡᠪ ᠬᠠᠮᠲᠤ ᠵᠠᠯᠠᠭᠤᠴᠤᠳ ᠎ᠤᠨ ᠡᠪᠯᠡᠯ ᠎ᠦᠨ ᠦᠨᠳᠦᠰᠦᠨ ᠱᠠᠲᠤᠨ ᠎ᠤ ᠵᠠᠰᠠᠯᠲᠠ ᠎ᠳᠤ ᠦᠶ᠋ᠯᠡᠴᠢᠯᠡᠬᠦ᠌ ᠲᠠᠯ᠎ᠠ᠎ᠪᠠᠷ ᠱᠢᠪᠲᠤᠯᠤᠯᠲᠠ ᠭᠠᠷᠭᠠᠬᠤ᠎ᠪᠠᠷ ᠴᠢᠷᠮᠠᠢᠪᠠ᠃ ᠠᠯᠠᠱᠠ ᠠᠢᠮᠠᠭ ᠎ᠤᠨ ᠡᠪᠯᠡᠯ ᠎ᠦᠨ ᠬᠣᠷᠢᠢ᠎ᠠ ᠰᠦᠯᠵᠢᠶᠡᠨ ᠳᠡᠭᠡᠷ᠎ᠡ 《ᠠᠯᠠᠱᠠ·ᠵᠠᠯᠠᠭᠤᠴᠤᠳ ᠎ᠤᠨ ᠰᠣᠨᠣᠰᠭᠠᠯ》ᠵᠢᠷᠭᠢᠶ᠎ᠡ ᠎ᠶ᠋ᠢᠨ ᠪᠤᠯᠤᠩ ᠲᠤᠬᠢᠷᠠᠭᠤᠯᠵᠤ᠂ ᠵᠠᠯᠠᠭᠤᠴᠤᠳ ᠪᠠᠭᠠᠴᠤᠳ᠎ᠤᠨ 《ᠪᠠᠴᠢᠮᠳᠠᠵᠤ ᠬᠦᠴᠢᠷᠳᠡᠵᠦ ᠵᠣᠪᠠᠨᠢᠵᠦ ᠬᠦᠰᠡᠵᠦ》 ᠪᠠᠢᠭ᠎ᠠ ᠠᠰᠠᠭᠤᠳᠠᠯ ᠎ᠢ ᠢᠳᠡᠪᠬᠢᠲᠡᠢ ᠴᠤᠭ᠍ᠯᠠᠭᠤᠯᠵᠤ᠂ ᠵᠠᠯᠠᠭᠤᠴᠤᠳ ᠪᠠᠭᠠᠴᠤᠳ ᠎ᠤᠨ ᠬᠦᠴᠢᠷ ᠵᠣᠪᠠᠭᠤᠷᠢ ᠎ᠶ᠋ᠢ ᠰᠠᠨᠠᠭᠠᠴᠢᠯᠠᠭ᠎ᠠ ᠎ᠠᠴᠠ᠎ᠪᠠᠨ ᠱᠢᠢᠳᠪᠦᠷᠢᠯᠡᠵᠦ᠍ ᠥᠭ᠌ᠪᠡ᠃

ᠬᠣᠢᠱᠢᠳᠠ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠢ᠎ᠠ ᠪᠠᠰᠠ ᠵᠠᠯᠠᠭᠤᠴᠤᠳ ᠪᠠᠭᠠᠴᠤᠳ ᠎ᠤᠨ ᠡᠷᠬᠡ ᠠᠱᠢᠭ ᠎ᠢ ᠬᠠᠮᠠᠭᠠᠯᠠᠬᠤ ᠠᠵᠢᠯ ᠎ᠢ ᠦᠷᠭᠦᠯᠵᠢᠯᠡᠨ ᠠᠬᠢᠭᠤᠯᠵᠤ᠂ ᠵᠠᠯᠠᠭᠤᠴᠤᠳ ᠪᠠᠭᠠᠴᠤᠳ ᠎ᠲᠤ 《ᠨᠢᠭᠡ ᠦᠷᠳᠡᠭᠡᠴᠢᠯᠡᠭᠰᠡᠨ ᠮᠠᠶ᠍ᠢᠭ》᠂ 《ᠴᠤᠩᠬᠤᠪᠴᠢ ᠮᠠᠶ᠍ᠢᠭ》 ᠎ᠤ᠋ᠨ ᠦᠢᠯᠡᠴᠢᠯᠡᠭᠡ ᠬᠠᠩᠭᠠᠬᠤ ᠪᠤᠯᠤᠨ᠎ᠠ᠃

(ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠠᠴᠠ ᠡᠬᠡ ᠪᠢᠴᠢᠭ ᠬᠠᠩᠭᠠᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号