ᠡᠨᠡ
ᠵᠢᠯ᠎ᠡᠴᠡ ᠨᠠᠭᠠᠰᠢ᠂ ᠪᠦᠬᠦ᠌ ᠣᠷᠣᠨ᠎ᠤ ᠡᠯ᠎ᠡ ᠱᠠᠲᠤᠨ
ᠤ ᠡᠪᠯᠡᠯ᠎ᠦᠨ ᠵᠣᠬᠢᠶᠠᠨ ᠪᠠᠢᠭᠤᠯᠤᠯᠲᠠ︽ᠨᠠᠢᠵᠠᠯᠠᠬᠤ ᠬᠡᠯᠪᠡᠷᠢ ᠪᠡᠷ ᠵᠠᠯᠠᠭᠤᠴᠤᠳ᠎ᠤᠨ ᠰᠡᠳᠭᠢᠯ᠎ᠦᠨ ᠳᠠᠭᠤᠨ᠎ᠢ ᠰᠣᠨᠣᠰᠭᠤ》ᠠᠵᠢᠯ᠎ᠤᠨ ᠣᠢᠯᠠᠭᠠᠭ᠍ᠳᠠᠬᠤᠨ᠎ᠢ ᠪᠠᠷᠢᠮᠲᠠᠯᠠᠵᠤ᠂ 《ᠵᠠᠯᠠᠭᠤᠴᠤᠳ᠎ᠤᠨ ᠰᠤᠨᠤᠰᠬᠠᠯ》 ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠵᠤ᠂ ᠡᠪ
ᠬᠠᠮᠲᠤ ᠵᠠᠯᠠᠭᠤᠴᠤᠳ᠎ᠤᠨ ᠡᠪᠯᠡᠯ ᠪᠣᠯᠤᠨ ᠵᠠᠯᠠᠭᠤᠴᠤᠳ᠎ᠤᠨ ᠬᠣᠭᠣᠷᠣᠨᠳᠤᠬᠢ《ᠰᠡᠳᠬᠢᠯ᠎ᠤᠨ ᠬᠥᠭᠥᠷᠭᠡ》 ᠶ᠋ᠢ ᠲᠠᠰᠤᠷᠠᠯᠳᠠ ᠦᠭᠡᠢ ᠪᠡᠬᠢᠵᠢᠬᠦᠯᠵᠦ᠂
ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯᠢ᠋ ᠱᠢᠯᠢᠳᠡᠭ᠌ᠵᠢᠭᠦᠯᠬᠦ᠂ ᠲᠦᠪ᠎ᠢ ᠴᠢᠩᠭᠠᠳᠬᠠᠨ ᠴᠡᠭᠢ᠋ ᠠᠮᠢᠯᠠᠭᠤᠯᠵᠦ
ᠴᠢᠳᠠᠪᠤᠷᠢᠲᠠᠨ᠎ᠢ ᠦᠯᠡᠳᠡᠭᠡᠬᠦ᠂ ᠦᠢᠯᠡᠰ ᠪᠤᠰᠭᠠᠵᠤ ᠠᠵᠢᠯ ᠣᠯᠭᠤᠬᠤ᠂ ᠪᠣᠯᠪᠠᠰᠤᠨ ᠬᠤᠳᠠ᠎ᠶ᠋ᠢ ᠡᠭᠦᠳᠦᠨ ᠪᠠᠢᠭᠤᠯᠬᠤ
ᠵᠡᠷᠭᠡ ᠲᠠᠯ᠎ᠠ ᠪᠠᠷ ᠬᠢ ᠵᠠᠯᠠᠭᠤᠴᠤᠳ᠎ᠤᠨ ᠰᠠᠨᠠᠯ ᠰᠠᠨᠠᠭᠤᠯᠭ᠎ᠠ ᠶ᠋ᠢ ᠰᠣᠨᠣᠰᠴᠤ᠌᠂ ᠵᠠᠯᠠᠭᠤᠴᠤᠳ᠎ᠤᠨ
ᠪᠤᠳᠤᠯ ᠰᠠᠨᠠᠯ᠎ᠢ ᠤᠢᠯᠠᠭᠠᠵᠤ᠂ ᠵᠠᠯᠠᠭᠤᠴᠤᠳ᠎ᠤᠨ 《ᠪᠠᠴᠢᠮᠳᠠᠵᠤ ᠬᠦᠴᠢᠷᠳᠡᠵᠦ
ᠵᠣᠪᠠᠨᠢᠵᠤ ᠬᠦᠰᠡᠵᠦ》 ᠪᠠᠢᠭ᠎ᠠ ᠠᠰᠠᠭᠤᠳᠠᠯ᠎ᠢ
ᠢᠯᠡᠷᠡᠬᠦᠯᠵᠦ᠂ ᠪᠦᠬᠦ᠌ ᠰᠡᠳᠭᠢᠯ ᠪᠦᠬᠦ᠌ ᠬᠦᠴᠦᠨ᠎ᠢᠶᠠᠷ ᠵᠠᠯᠠᠭᠤᠴᠤᠳ᠎ᠤᠨ ᠬᠦᠴᠢᠷᠳᠡᠯ᠎ᠢ ᠱᠢᠢᠳᠪᠦᠷᠢᠯᠡᠵᠦ᠍᠂ ᠵᠠᠯᠠᠭᠤᠴᠤᠳ᠎ᠤᠨ ᠬᠦᠷᠢᠶᠡᠯᠡᠯ ᠲᠠᠭᠠᠰᠢᠶᠠᠯ᠎ᠢ ᠤᠯᠵᠦ ᠪᠤᠢ᠃
ᠵᠠᠯᠠᠭᠤᠴᠤᠳ᠎ᠤᠨ ᠬᠡᠷ ᠲᠸ᠋ ᠬᠦᠷᠴᠤ ᠵᠠᠯᠠᠭᠤᠴᠤᠳ᠎ᠤᠨ ᠪᠠᠢᠳᠠᠯ ᠢ ᠤᠢᠯᠠᠭᠠᠨ᠎ᠠ
ᠦᠨᠳᠦᠰᠦᠨ
ᠱᠠᠳᠤ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠵᠠᠯᠠᠭᠤᠴᠤᠳ
ᠲᠥᠪᠯᠡᠷᠡᠭ᠌ᠰᠡᠨ ᠣᠷᠣᠨ᠎ᠳᠤ ᠬᠦᠷᠴᠦ᠍ ᠠᠰᠠᠭᠤᠳᠠᠯ᠎ᠢ
ᠢᠯᠡᠷᠡᠭᠦᠯᠬᠦ᠌ ᠪᠣᠯ ᠡᠪ ᠬᠠᠮᠲᠤ ᠵᠠᠯᠠᠭᠤᠴᠤᠳ ᠤᠨ ᠡᠪᠯᠡᠯ ᠦᠨ ᠵᠠᠯᠠᠭᠤᠴᠤᠳ᠎ᠤᠨ ᠠᠵᠢᠯ᠎ᠢ ᠰᠠᠢᠲᠤᠷ ᠬᠢᠬᠦ᠌᠎ᠶ᠋ᠢᠨ ᠰᠠᠭᠤᠷᠢ ᠮᠥᠨ᠂ ᠵᠠᠯᠠᠭᠤᠴᠤᠳ ᠲᠠᠢ ᠬᠠᠷᠢᠯᠴᠠᠬᠤ ᠠᠵᠢᠯ᠎ᠢ ᠪᠠᠢᠩᠭᠤᠵᠢᠭᠤᠯᠬᠤ ᠪᠤᠯ ᠵᠠᠩᠭᠢᠯᠠᠭ᠎ᠠ ᠶ᠋ᠢᠨ ᠨᠢᠭᠡ ᠠᠷᠭ᠎ᠠ ᠮᠦᠨ᠃
《ᠵᠠᠯᠠᠭᠤᠴᠤᠳ ᠠᠵᠢᠯ
ᠠᠴᠠ ᠪᠠᠨ ᠪᠠᠭᠤᠪᠠᠯ᠂ ᠡᠪ ᠬᠠᠮᠲᠤ ᠵᠠᠯᠠᠭᠤᠴᠤᠳ ᠤᠨ ᠡᠪᠯᠡᠯ ᠠᠵᠢᠯ ᠳ᠋ᠦ ᠭᠠᠷᠤᠨ᠎ᠠ》᠃ ᠤᠯᠠᠩᠬᠢ ᠵᠠᠯᠠᠭᠤᠴᠤᠳ ᠴᠠᠭ ᠪᠠᠴᠢᠮ᠂ ᠠᠵᠢᠯ ᠶᠠᠭᠠᠷᠠᠤ
ᠪᠤᠯᠬᠤᠷ ᠰᠤᠯᠠ ᠰᠡᠯᠡᠭᠦᠦ ᠴᠠᠭ ᠢᠶᠠᠷ ᠢᠶᠠᠨ ᠢᠨᠲ᠋ᠸᠷ ᠰᠦᠯᠵᠢᠢ᠎ᠡ ᠳᠡᠭᠡᠷ᠎ᠡ ᠰᠡᠳᠭᠢᠯ ᠦᠨ ᠦᠭᠡ ᠪᠡᠨ
ᠢᠯᠡᠳᠭᠡᠬᠦ᠌ ᠳᠤᠷᠠᠲᠠᠢ᠃ 《ᠲᠠᠨ ᠤ ᠬᠦᠰᠡᠯ᠂ ᠮᠢᠨᠦ᠍ ᠬᠠᠷᠢᠭᠤᠴᠠᠯᠭ᠎ᠠ》 ᠳ᠋ᠤ ᠰᠠᠭᠤᠷᠢᠯᠠᠵᠤ᠂
ᠤᠯᠠᠨ ᠠᠢᠮᠠᠭ ᠬᠤᠳᠠ ᠶ᠋ᠢᠨ ᠡᠪᠯᠡᠯ ᠦᠨ ᠬᠣᠷᠢᠢ᠎ᠠ ᠶ᠋ᠢᠨ ᠵᠢᠷᠭᠢᠢᠡ ᠶ᠋ᠢᠨ ᠨᠡᠢᠲᠡ ᠶ᠋ᠢᠨ ᠲᠠᠪᠴᠠᠩ 《ᠵᠠᠯᠠᠭᠤᠴᠤᠳ ᠤᠨ ᠰᠤᠨᠤᠰᠬᠠᠯ》 ᠦᠭᠡ ᠦᠯᠡᠳᠡᠭᠡᠬᠦ᠌ ᠲᠤᠰᠭᠠᠢ ᠪᠤᠯᠤᠩ ᠨᠡᠭᠡᠭᠡᠵᠦ᠍᠂
ᠲᠤᠰᠭᠠᠢ ᠤᠲᠠᠰᠤ ᠨᠡᠪᠲᠡᠷᠡᠭᠦᠯᠦᠨ᠂ ᠡᠯᠧᠺᠲ᠋ᠷᠣᠨ ᠱᠢᠦᠳᠠᠨ ᠬᠠᠢᠷᠴᠠᠭ ᠲᠤᠬᠢᠷᠠᠭᠤᠯᠵᠤ ᠵᠠᠯᠠᠭᠤᠴᠤᠳ ᠤᠨ ᠠᠰᠠᠭᠤᠳᠠᠯ
ᠢ ᠬᠤᠷᠢᠶᠠᠨ ᠰᠣᠨᠣᠰᠴᠤ ᠪᠤᠢ᠃
《ᠳᠥᠷᠪᠡᠨ ᠬᠦᠷᠳᠦ》 ᠪᠡᠷ ᠮᠢᠩᠭᠠᠨ ᠡᠷᠦᠬᠡ
ᠶ᠋ᠢ ᠰᠤᠷᠪᠤᠯᠵᠢᠯᠠᠵᠤ ᠶᠠᠪᠤᠬᠤ ᠡᠴᠡ ᠪᠢᠰᠢ᠂ 《ᠨᠢᠭᠡ ᠮᠠᠯᠴᠢᠨ ᠡᠷᠦᠬᠡ 》 ᠵᠢ ᠴᠸ᠋ ᠮᠢᠩᠭᠠᠨ ᠮᠧᠲ᠋ᠷ ᠭᠦᠶᠦᠯᠭᠡᠬᠦ ᠦᠭᠡᠶ᠃ ᠠᠯᠠᠱᠠ ᠵᠡᠭᠦᠨ
ᠬᠣᠱᠢᠭᠤᠨ ᠤ ᠪᠠᠶᠠᠨᠬᠣᠲᠠ ᠪᠠᠯᠭᠠᠰᠤ᠎ᠶ᠋ᠢᠨ ᠰᠢᠨᠡᠲᠤᠬᠤᠢ
ᠭᠠᠴᠠᠭ᠎ᠠ᠎ᠶ᠋ᠢᠨ ᠮᠠᠯᠴᠢᠨ ᠲᠠᠷᠢᠶᠠᠴᠢᠨ᠎ᠤ ᠣᠯᠠᠩᠬᠢ ᠨᠢ ᠡᠯᠡᠰᠦ ᠮᠠᠩᠬᠠᠨ ᠳ᠋ᠤ ᠠᠮᠢᠳᠤᠷᠠᠵᠤ᠂ ᠵᠠᠮ ᠮᠤᠷᠤᠢ ᠰᠠᠷᠤᠢ ᠶᠠᠪᠤᠵᠤ ᠰᠠᠭᠤᠬᠤ᠎ᠳᠤ ᠬᠦᠴᠢᠷᠳᠡᠢ ᠪᠠᠢᠳᠠᠭ᠃ ᠠᠯᠠᠱᠠ ᠠᠢᠮᠠᠭ ᠤᠨ ᠡᠪᠯᠡᠯ᠎ᠦᠨ ᠬᠣᠷᠢᠢ᠎ᠠ᠎ᠶ᠋ᠢᠨ ᠱᠦᠵᠢ ᠬ᠍ᠸ᠋ ᠦ᠋ ᠳ᠋ᠸ 5 ᠳᠡᠰ᠎ᠤᠨ ᠶᠡᠭᠡ ᠰᠠᠯᠬᠢᠨ ᠢ ᠦᠯᠦ ᠬᠠᠢᠬᠤᠷᠤᠨ
ᠠᠵᠢᠯ᠎ᠤᠨ ᠳᠤᠭᠤᠢᠯᠠᠩ ᠵᠢᠡᠨ ᠳᠠᠭᠠᠭᠤᠯᠤᠨ ᠡᠷᠤᠬᠡ ᠳᠠᠷᠠᠭᠠᠯᠠᠨ
ᠵᠠᠯᠠᠭᠤᠴᠤᠳ᠎ᠤᠨ ᠦᠨᠡᠨ ᠪᠤᠳᠠᠳᠠᠢ ᠪᠠᠢᠳᠠᠯ᠎ᠢ ᠣᠢᠯᠠᠭᠠᠵᠤ᠂
ᠰᠠᠨᠠᠯ ᠰᠠᠨᠠᠭᠤᠯᠭ᠎ᠠ ᠶ᠋ᠢ ᠰᠣᠨᠣᠰᠴᠤ᠌᠂ ᠵᠠᠯᠠᠭᠤ ᠮᠠᠯᠴᠢᠳ ᠤ᠋ᠨ ᠪᠣᠳᠠᠲᠠᠢ ᠬᠦᠴᠢᠷᠳᠡᠯ ᠢ ᠨᠢ ᠱᠢᠢᠳᠪᠦᠷᠢᠯᠡᠵᠦ᠍ ᠥᠭ᠌ᠳᠡᠭ᠃
ᠤᠯᠠᠭᠠᠨᠴᠠᠪ
ᠬᠤᠲᠠ᠎ᠶ᠋ᠢᠨ ᠡᠪᠯᠡᠯ᠎ᠦᠨ ᠬᠣᠷᠢᠢ᠎ᠠ《ᠵᠠᠯᠠᠭᠤᠴᠤᠳ᠎ᠤᠨ ᠰᠣᠨᠣᠰᠬᠠᠯ·ᠦᠨᠳᠦᠰᠦᠨ ᠱᠠᠲᠤᠨ ᠤ
ᠶᠡᠬᠡ ᠪᠠᠢᠴᠠᠭᠠᠨ ᠰᠤᠳᠤᠯᠤᠯᠲᠠ》 ᠵᠢ ᠡᠬᠢᠯᠡᠭᠦᠯᠵᠦ᠍᠂ ᠬᠠᠷᠢᠶ᠎ᠠ 6 ᠬᠣᠱᠢᠭᠤ ᠱᠢᠶᠠᠨ ᠲᠣᠭᠣᠷᠢᠭ ᠤᠨ ᠡᠪᠯᠡᠯ ᠦᠨ ᠬᠣᠷᠢᠢ᠎ᠠ ᠶ᠋ᠢᠨ
ᠱᠦᠵᠢ ᠪᠦᠯᠬᠦᠮ ᠳᠠᠭᠠᠭᠤᠯᠤᠨ ᠦᠨᠳᠦᠰᠦᠨ ᠱᠠᠲᠤᠨ᠎ᠳᠤ ᠪᠠᠭᠤᠵᠤ᠂ ᠲᠣᠰᠭᠣᠨ᠎ᠳᠤ ᠰᠠᠭᠤᠵᠤ᠂ ᠠᠵᠤ ᠠᠬᠤᠢᠯᠠᠯ᠎ᠳᠤ ᠭᠦᠨᠵᠡᠭᠡᠢᠷᠡᠵᠦ᠂ ᠵᠠᠬ᠎ᠠ ᠳᠡᠯᠭᠡᠭᠦᠷ᠎ᠲᠦ ᠬᠦᠷᠴᠦ᠍᠂ ᠠᠳᠠᠯᠢ
ᠪᠤᠰᠤ ᠭᠣᠣᠯ ᠰᠡᠳᠦᠪᠲᠦ 《ᠵᠠᠯᠠᠭᠤᠴᠤᠳ ᠤ᠋ᠨ ᠰᠤᠨᠤᠰᠬᠠᠯ》 ᠠᠵᠢᠯᠯᠠᠭ᠎ᠠ᠎ᠶ᠋ᠢ
ᠵᠣᠬᠢᠶᠠᠨ ᠪᠠᠢᠭᠤᠯᠬᠤ ᠪᠠᠷ ᠳᠠᠮᠵᠢᠭᠤᠯᠵᠤ᠂ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠥᠯᠥᠭᠡᠯᠡᠭ᠌ᠴᠢ᠂
ᠤᠯᠤᠰ ᠲᠦᠷᠦ᠍ ᠶ᠋ᠢᠨ ᠵᠥᠪᠯᠡᠯᠭᠡᠨ ᠦ ᠭᠡᠱᠢᠭᠦᠨ᠂ ᠵᠠᠯᠠᠭᠤᠴᠤᠳ ᠤᠨ ᠲᠥᠯᠥᠭᠡᠯᠡᠭ᠌ᠴᠢᠳ ᠢ ᠤᠷᠢᠵᠤ ᠰᠠᠨᠠᠯ
ᠢᠶᠠᠨ ᠰᠣᠯᠢᠯᠴᠠᠨ ᠶᠠᠷᠢᠯᠴᠠᠵᠤ᠂ 12 ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ 236 ᠵᠠᠯᠠᠭᠤᠴᠤᠳ᠎ᠢ ᠰᠤᠷᠪᠤᠯᠵᠢᠯᠠᠵᠤ᠂ ᠨᠡᠢᠭᠡᠮ᠎ᠦᠨ ᠪᠠᠢᠳᠠᠯ
ᠠᠷᠠᠳ ᠤᠨ ᠰᠠᠨᠠᠯ ᠪᠣᠯᠤᠨ ᠵᠠᠯᠠᠭᠤᠴᠤᠳ ᠤᠨ ᠰᠡᠳᠭᠢᠯ ᠦᠨ ᠳᠠᠭᠤᠨ ᠢ ᠰᠣᠨᠣᠰᠴᠠᠢ᠃
ᠤᠯᠠᠭᠠᠨᠬᠠᠳᠠ
ᠬᠣᠲᠠ ᠶ᠋ᠢᠨ ᠡᠪᠯᠡᠯ ᠦᠨ ᠬᠣᠷᠢᠶ᠎ᠠ ᠲᠦᠷᠪᠡᠨ ᠰᠠᠷ᠎ᠠ ᠶ᠋ᠢ 《ᠵᠠᠯᠠᠭᠤᠴᠤᠳ ᠤᠨ ᠰᠣᠨᠣᠰᠬᠠᠯ》 ᠤ᠋ᠨ ᠰᠠᠷ᠎ᠠ ᠪᠣᠯᠭᠠᠵᠤ᠂ 《ᠵᠠᠯᠠᠭᠤᠴᠤᠳ᠎ᠤᠨ ᠰᠤᠨᠤᠰᠬᠠᠯ》᠎ᠤ᠋ᠨ ᠲᠠᠪᠤᠨ ᠳᠤᠭᠤᠢᠯᠠᠩ ᠪᠠᠢᠭᠤᠯᠵᠤ᠂ ᠪᠠᠢᠴᠠᠭᠠᠨ ᠰᠤᠳᠤᠯᠤᠯᠲᠠ ᠶ᠋ᠢ ᠪᠣᠳᠠᠲᠠᠢᠵᠢᠭᠤᠯᠬᠤ᠂
ᠵᠠᠯᠠᠭᠤᠴᠤᠳ ᠤᠨ ᠰᠡᠳᠭᠢᠯ ᠦᠨ ᠳᠠᠭᠤᠨ ᠢ ᠰᠣᠨᠣᠰᠭᠤ᠂ 《ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ》 ᠪᠠᠢᠭ᠎ᠠ ᠠᠰᠠᠭᠤᠳᠠᠯ᠎ᠢ
ᠱᠢᠶ᠋ᠳᠪᠦᠷᠢᠯᠡᠬᠦ᠌᠂ ᠵᠠᠯᠠᠭᠤᠴᠤᠳ ᠤᠨ ᠬᠦᠴᠦᠨ ᠢ ᠨᠢᠭ᠍ᠲᠠᠷᠠᠭᠤᠯᠬᠤ ᠵᠡᠷᠭᠡ ᠳᠥᠷᠪᠡᠨ ᠲᠠᠯ᠎ᠠ ᠶ᠋ᠢᠨ ᠲᠣᠭᠣᠷᠢᠨ ᠳ᠋ᠸ᠋ 《ᠭᠠᠳᠠᠭ᠍ᠰᠢ ᠭᠠᠷᠬᠤ》᠂ 《ᠦᠨᠳᠦᠰᠦᠨ ᠱᠠᠲᠤᠨ ᠳᠤ
ᠭᠦᠨᠵᠡᠭᠡᠢᠷᠡᠬᠦ᠌》 ᠬᠡᠯᠪᠡᠷᠢ ᠪᠡᠷ
12 ᠬᠣᠱᠢᠭᠤ ᠱᠢᠶᠠᠨ ᠲᠣᠭᠣᠷᠢᠭ ᠲᠤ ᠭᠦᠨᠵᠡᠭᠡᠢᠷᠡᠵᠦ᠂ 《〈ᠵᠠᠯᠠᠭᠤᠴᠤᠳ ᠤᠨ ᠰᠣᠨᠣᠰᠬᠠᠯ〉 ᠤ᠋ᠨ ᠰᠠᠷ᠎ᠠ᠂ ᠬᠣᠱᠢᠭᠤ ᠱᠢᠶᠠᠨ ᠤ ᠠᠶᠠᠯᠠᠯ》 ᠤ᠋ᠨ ᠠᠵᠢᠯᠯᠠᠭ᠎ᠠ ᠥᠷᠨᠢᠭᠦᠯᠪᠡ᠃ ᠠᠵᠢᠯᠯᠠᠬᠤ ᠳᠤᠭᠤᠢᠯᠠᠩ ᠦᠨᠳᠦᠰᠦᠨ ᠱᠠᠲᠤᠨ ᠳ᠋ᠤ ᠭᠦᠨᠵᠡᠭᠡᠢᠷᠡᠨ ᠵᠠᠯᠠᠭᠤ ᠮᠠᠯᠴᠢᠨ ᠲᠠᠷᠢᠶᠠᠴᠢᠨ᠂ ᠣᠶᠤᠲᠠᠨ
ᠭᠠᠴᠠᠭᠠᠨ ᠳᠠᠷᠤᠭ᠎ᠠ᠂ ᠵᠠᠯᠠᠭᠤᠴᠤᠳ ᠤᠨ ᠨᠡᠢᠭᠡᠮ ᠦᠨ ᠵᠣᠬᠢᠶᠠᠨ ᠪᠠᠢᠭᠤᠯᠤᠯᠲᠠ᠂ ᠱᠢᠨ᠎ᠡ ᠪᠡᠷ ᠮᠠᠨᠳᠤᠭ᠍ᠰᠠᠨ
ᠬᠦᠷᠢᠶ᠎ᠡ ᠴᠠᠷᠠᠭᠠᠨ ᠤ ᠵᠠᠯᠠᠭᠤᠴᠤᠳ ᠵᠡᠷᠭᠡ ᠬᠦᠮᠦᠰ ᠯᠤᠭᠡ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠵᠠᠯᠠᠭᠤ
ᠴᠢᠳᠠᠪᠤᠷᠢᠲᠠᠨ ᠤ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠌ ᠳᠦ
ᠣᠷᠣᠯᠴᠠᠬᠤ ᠠᠷᠭ᠎ᠠ ᠵᠠᠮ ᠢ ᠥᠷᠭᠡᠳᠭᠡᠬᠦ᠌᠂ ᠵᠠᠯᠠᠭᠤᠴᠤᠳ ᠤᠨ ᠨᠡᠢᠭᠡᠮ ᠦᠨ ᠵᠣᠬᠢᠶᠠᠨ ᠪᠠᠢᠭᠤᠯᠤᠯᠲᠠ ᠪᠣᠯᠤᠨ
ᠨᠡᠢᠭᠡᠮ ᠲᠣᠭᠣᠷᠢᠭ ᠤᠨ ᠬᠠᠮᠢᠶᠠᠷᠤᠯᠲᠠ ᠦᠢᠯᠡᠴᠢᠯᠡᠭᠡᠨ ᠦ ᠲᠠᠪᠴᠠᠩ ᠢ ᠪᠠᠢᠭᠤᠯᠬᠤ᠂ ᠬᠢᠵᠢᠭ ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ ᠳᠠᠬᠢ ᠵᠠᠯᠠᠭᠤᠴᠤᠳ ᠤᠨ ᠠᠵᠢᠯ ᠣᠯᠭᠣᠯᠲᠠ ᠦᠢᠯᠡᠰ ᠪᠤᠰᠬᠠᠬᠤ
ᠦᠢᠯᠡᠴᠢᠯᠡᠭᠡ ᠶ᠋ᠢ ᠴᠢᠩᠭᠠᠳᠭᠠᠬᠤ ᠵᠡᠷᠭᠡ ᠲᠠᠯ᠎ᠠ ᠪᠠᠷ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ᠎ᠶ᠋ᠢ 17 ᠵᠤᠷᠪᠤᠰ ᠭᠠᠷᠭᠠᠵᠤ᠂ ᠪᠦᠬᠦᠨ᠎ᠢ ᠡᠪᠯᠡᠯ᠎ᠦᠨ ᠬᠣᠷᠢᠶ᠎ᠠ ᠬᠣᠲᠠ᠎ᠶ᠋ᠢᠨ ᠨᠠᠮ᠎ᠤᠨ ᠬᠣᠷᠢᠶᠠᠨ᠎ᠤ
2022 ᠣᠨ ᠤ ᠠᠵᠢᠯ ᠤᠨ ᠭᠤᠤᠯᠳᠠᠯᠭ᠎ᠠ ᠳᠤ ᠣᠷᠣᠭᠤᠯᠵᠤ᠂ ᠳᠠᠭᠠᠭᠤᠯᠤᠭ᠍ᠴᠢ ᠤᠳᠤᠷᠢᠳᠤᠯᠭ᠎ᠠ᠂ ᠳᠠᠭᠠᠭᠠᠨ ᠭᠦᠢᠴᠡᠳᠬᠡᠬᠦ
ᠬᠡᠯᠲᠡᠰ᠂ ᠣᠨ᠎ᠤ ᠬᠠᠷᠠᠯᠲᠠ ᠪᠠ ᠠᠵᠢᠯ ᠤᠨ ᠠᠷᠭ᠎ᠠ ᠬᠡᠮᠵᠢᠶ᠎ᠡ
ᠵᠢ ᠲᠤᠳᠤᠷᠬᠠᠢᠯᠠᠵᠤ᠂ 《ᠡᠭᠦᠷᠭᠡ ᠶ᠋ᠢ ᠨᠠᠷᠢᠨ ᠳᠠᠩᠰᠠᠴᠢᠯᠠᠬᠤ》 ᠶᠣᠰᠣᠭᠠᠷ ᠠᠵᠢᠯ ᠢᠶᠠᠨ
ᠠᠬᠢᠭᠤᠯᠵᠤ᠂ ᠨᠢᠭᠡᠳ ᠨᠢᠭᠡ ᠪᠡᠷ ᠰᠠᠢᠲᠤᠷ ᠠᠳᠭᠤᠵᠤ ᠨᠠᠢᠳᠠᠪᠤᠷᠢᠵᠢᠭᠤᠯᠪᠠ᠃
ᠡᠪᠯᠡᠯ
ᠤᠨ ᠬᠦᠴᠦᠨ ᠢ ᠨᠢᠭᠲᠠᠷᠠᠭᠤᠯᠵᠤ ᠵᠠᠯᠠᠭᠤᠴᠤᠳ ᠤᠨ ᠰᠡᠳᠭᠢᠯ ᠢ ᠳᠤᠯᠠᠭᠠᠴᠠᠭᠤᠯᠤᠨ᠎ᠠ
《ᠪᠣᠳᠠᠲᠠᠢ ᠠᠰᠠᠭᠤᠳᠠᠯ
ᠢ ᠱᠢᠢᠳᠪᠦᠷᠢᠯᠡᠬᠦ᠌》ᠪᠣᠯ ᠡᠪ ᠬᠠᠮᠲᠤ ᠵᠠᠯᠠᠭᠤᠴᠤᠳ᠎ᠤᠨ ᠡᠪᠯᠡᠯ ᠦᠨ ᠥᠭᠡᠷᠡᠴᠢᠯᠡᠯᠲᠡ ᠬᠥᠭ᠌ᠵᠢᠯᠲᠡ ᠶ᠋ᠢᠨ ᠦᠷ᠎ᠡ ᠪᠦᠲᠦᠮᠵᠢ᠎ᠶ᠋ᠢ ᠱᠢᠯᠭᠠᠬᠤ᠂ ᠰᠤᠷᠲᠠᠯ ᠤᠨ
ᠪᠠᠢᠭᠤᠯᠤᠯᠲᠠ ᠶ᠋ᠢᠨ ᠦᠷ᠎ᠡ ᠪᠦᠲᠦᠭᠡᠯ ᠢ ᠪᠡᠬᠢᠵᠢᠭᠦᠯᠬᠦ᠌ ᠴᠢᠬᠤᠯᠠ ᠪᠠᠷᠢᠮᠵᠢᠶ᠎ᠠ ᠪᠣᠯᠤᠨ᠎ᠠ᠃ ᠥᠪᠡᠷᠲᠡᠭᠡᠨ
ᠵᠠᠰᠠᠬᠤ ᠣᠷᠣᠨ ᠤ ᠡᠪᠯᠡᠯ ᠦᠨ ᠬᠣᠷᠢᠶ᠎ᠠ ᠶ᠋ᠢᠨ ᠡᠷᠬᠡ
ᠠᠱᠢᠭ ᠤᠨ ᠬᠡᠯᠳᠡᠰ᠂ ᠬᠥᠬᠡᠬᠣᠲᠠ ᠶ᠋ᠢᠨ ᠱᠢᠨ᠎ᠡ ᠬᠤᠳᠠ ᠲᠣᠭᠣᠷᠢᠭ ᠤᠨ ᠱᠧᠩ ᠯᠢ ᠵᠠᠮ ᠤᠨ ᠨᠡᠢᠭᠡᠮ ᠲᠣᠭᠣᠷᠢᠭ ᠯᠤᠭ᠎ᠠ《ᠵᠠᠯᠠᠭᠤᠴᠤᠳ ᠤᠨ ᠰᠤᠨᠤᠰᠬᠠᠯ》 ᠠᠵᠢᠯᠯᠠᠭ᠎ᠠ ᠥᠷᠨᠢᠭᠦᠯᠵᠦ᠍᠂ 《ᠰᠠᠷ᠎ᠠ ᠪᠦᠷᠢ ᠬᠠᠭᠠᠰᠡᠳᠦᠷ᠂
ᠤᠳᠠᠭ᠎ᠠ ᠪᠦᠷᠢ ᠨᠢᠭᠡ ᠰᠡᠳᠦᠪ》 ᠤ᠋ᠨ ᠬᠡᠯᠪᠡᠷᠢ ᠪᠡᠷ᠂ ᠨᠡᠢᠭᠡᠮ ᠲᠣᠭᠣᠷᠢᠭ ᠤᠨ ᠢᠳᠡᠷ ᠵᠠᠯᠠᠭᠤᠴᠤᠳ ᠤᠨ ᠪᠣᠳᠠᠲᠠᠢ
ᠪᠠᠢᠳᠠᠯ ᠪᠣᠯᠤᠨ ᠠᠰᠠᠭᠤᠳᠠᠯ ᠢ ᠲᠣᠳᠣᠷᠬᠠᠢ ᠣᠢᠯᠠᠭᠠᠵᠤ᠂ ᠵᠠᠯᠠᠭᠤᠴᠤᠳ ᠤᠨ ᠠᠩᠬᠠᠷᠴᠤ᠌ ᠪᠠᠢᠭ᠎ᠠ ᠬᠦᠴᠢᠷ ᠲᠦᠪᠡᠭᠳᠡᠢ ᠠᠰᠠᠭᠤᠳᠠᠯ ᠢ ᠨᠡᠢ᠌ᠳᠡ 11 ᠡᠮᠬᠢᠯᠡᠨ ᠭᠠᠷᠭᠠᠵᠤ᠂
ᠲᠦᠷᠦᠭᠦᠦ ᠪᠦᠯᠦᠭ ᠦᠨ《ᠵᠠᠯᠠᠭᠤᠴᠤᠳ ᠤᠨ ᠰᠤᠨᠤᠰᠬᠠᠯ ᠵᠠᠯᠠᠭᠤᠴᠤᠳ ᠲᠤ ᠪᠣᠳᠠᠲᠤ
ᠶᠠᠪᠤᠳᠠᠯ ᠬᠢᠵᠦ᠍ ᠥᠭ᠌ᠬᠦ》ᠨᠠᠷᠢᠨ ᠲᠠᠩᠰᠠ ᠶ᠋ᠢ ᠪᠦᠷᠢᠯᠳᠦᠭᠦᠯᠦᠭᠰᠡᠨ ᠪᠦᠭᠡᠳ《ᠨᠠᠷᠢᠨ ᠲᠠᠩᠰᠠ》 ᠲᠠᠢ ᠬᠠᠷᠭᠤᠭᠤᠯᠤᠨ ᠨᠢᠭᠡᠳ ᠨᠢᠭᠡ ᠪᠡᠷ ᠨᠠᠢᠳᠠᠪᠤᠷᠢᠵᠢᠭᠤᠯᠵᠤ᠂《ᠵᠠᠯᠠᠭᠤᠴᠤᠳ᠎ᠤᠨ ᠰᠤᠨᠤᠰᠬᠠᠯ》 ᠦᠢᠯᠡᠴᠢᠯᠡᠭᠡ ᠪᠡᠷ
ᠨᠡᠢᠭᠡᠮ ᠲᠣᠭᠣᠷᠢᠭ ᠤᠨ ᠵᠠᠯᠠᠭᠤᠴᠤᠳ ᠢ ᠬᠦᠳᠤᠯᠤᠨ ᠳᠠᠭᠠᠭᠤᠯᠵᠤ 《ᠨᠠᠮ ᠤᠨ ᠪᠠᠢᠭᠤᠯᠤᠯᠲᠠ + ᠡᠪᠯᠡᠯ
ᠦᠨ ᠪᠠᠢᠭᠤᠯᠤᠯᠲᠠ》 ᠵᠢᠨ ᠠᠵᠢᠯ ᠤᠨ ᠪᠠᠢᠷᠢᠰᠢᠯ᠎ᠢ ᠠᠬᠢᠭᠤᠯᠵᠤ᠂ ᠨᠡᠢᠭᠡᠮ
ᠲᠤᠭᠤᠷᠢᠭ ᠦᠨᠳᠦᠰᠦᠨ ᠱᠠᠲᠤᠨ᠎ᠤ ᠵᠠᠰᠠᠯᠲᠠ ᠳ᠋ᠤ ᠢᠳᠡᠪᠬᠢᠲᠡᠢ
ᠤᠷᠤᠯᠴᠠᠬᠤ ᠳᠤᠮᠳᠠ ᠵᠠᠯᠠᠭᠤᠴᠤᠳ ᠤᠨ ᠬᠦᠴᠦᠨ ᠴᠢᠳᠠᠯ ᠢ᠋
ᠡᠷᠭᠦᠵᠦ ᠪᠤᠢ᠃
ᠵᠠᠯᠠᠭᠤᠴᠤᠳ᠎ᠢ ᠬᠠᠪᠰᠤᠷᠤᠨ ᠠᠰᠠᠭᠤᠳᠠᠯ᠎ᠢ ᠱᠢᠢᠳᠪᠦᠷᠢᠯᠡᠬᠦ᠌ ᠪᠣᠯ 《ᠵᠠᠯᠠᠭᠤᠴᠤᠳ᠎ᠤᠨ ᠰᠤᠨᠤᠰᠬᠠᠯ》ᠠᠵᠢᠯᠯᠠᠭ᠎ᠠ ᠵᠢᠨ ᠴᠢᠬᠤᠯᠠ
ᠭᠣᠭ᠍ᠴᠣᠭ᠎ᠠ ᠪᠣᠯᠤᠨ᠎ᠠ᠃ 《ᠪᠢ ᠪᠤᠯ ᠶᠡᠬᠡ ᠰᠤᠷᠭᠠᠭᠤᠯᠢ ᠶ᠋ᠢᠨ ᠳᠥᠷᠪᠡᠳᠦᠭᠡᠷ
ᠣᠨ ᠤ ᠤᠶᠤᠳᠠᠨ᠂ ᠬᠢᠵᠢᠭ ᠦᠨ ᠪᠠᠢᠳᠠᠯ ᠢ ᠰᠡᠷᠭᠡᠢᠯᠡᠨ
ᠡᠵᠡᠮᠳᠡᠬᠦ ᠱᠠᠭᠠᠷᠳᠠᠯᠭ᠎ᠠ ᠡᠴᠡ ᠪᠤᠯᠵᠤ ᠰᠤᠷᠭᠠᠭᠤᠯᠢ ᠡᠬᠢᠯᠡᠵᠦ ᠴᠢᠳᠠᠬᠤ ᠦᠭᠡᠢ ᠪᠠᠢᠨ᠎ᠠ᠂ ᠠᠵᠢᠯ ᠤᠯᠬᠤ ᠪᠣᠯ ᠮᠢᠨᠦ᠍ ᠬᠠᠮᠤᠭ ᠤᠨ ᠶᠡᠬᠡ ᠰᠠᠨᠠᠭᠠᠰᠢᠷᠠᠯ !》 《ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠪᠡᠷ ᠭᠡᠷ᠎ᠲᠡᠬᠡᠨ ᠨᠢᠭᠡ ᠰᠠᠷ᠎ᠠ ᠰᠠᠭᠤᠴᠢᠬᠠᠯ᠎ᠠ᠂ ᠠᠵᠢᠯ ᠪᠠᠰᠠ ᠨᠠᠢᠳᠠᠪᠤᠷᠢ
ᠦᠭᠡᠢ ᠪᠠᠢᠨ᠎ᠠ᠂ ᠶᠠᠭᠠᠬᠢᠳᠠᠭ ᠪᠢᠯᠡ?》 ᠭᠡᠵᠦ ᠵᠠᠯᠠᠭᠤ ᠰᠦᠯᠵᠢᠶᠡᠨ ᠠᠨᠳᠠ ᠨᠠᠷᠤᠨᠡᠪᠯᠡᠯ
ᠦᠨ ᠬᠠᠷᠢᠶ᠎ᠠ ᠪᠢᠴᠢᠯ ᠪᠦᠷᠭᠡ᠂ ᠵᠢᠷᠭᠢᠶ᠎ᠡ ᠶᠢᠨ ᠨᠡᠢᠲᠡ ᠶ᠋ᠢᠨ ᠳᠠᠪᠴᠠᠩ᠎ᠤᠨ ᠠᠷᠤ ᠲᠠᠪᠴᠠᠩ᠎ᠳᠤ ᠦᠯᠡᠳᠡᠭᠡᠭᠰᠡᠨ
ᠦᠭᠡ ᠨᠤᠬᠦᠳ ᠨᠢ ᠡᠯ᠎ᠡ ᠱᠠᠲᠤᠨ ᠤ ᠡᠪᠯᠡᠯ ᠦᠨ ᠵᠣᠬᠢᠶᠠᠨ ᠪᠠᠢᠭᠤᠯᠤᠯᠲᠠ ᠵᠢᠨ ᠰᠡᠳᠬᠢᠯ ᠳ᠋ᠤ ᠰᠡᠢᠯᠦᠭᠳᠡᠵᠡᠢ᠃
ᠲᠦᠩᠯᠢᠶᠣᠤ
ᠬᠣᠲᠠ᠎ᠶ᠋ᠢᠨ ᠡᠪᠯᠡᠯ᠎ᠦᠨ ᠬᠣᠷᠢᠶ᠎ᠠ᠂ ᠤᠯᠠᠭᠠᠨᠬᠠᠳᠠ ᠬᠣᠲᠠ᠎ᠶ᠋ᠢᠨ ᠡᠪᠯᠡᠯ᠎ᠦᠨ ᠬᠣᠷᠢᠶ᠎ᠠ 《ᠵᠠᠯᠠᠭᠤᠴᠤᠳ᠎ᠤᠨ ᠰᠤᠨᠤᠰᠬᠠᠯ》ᠵᠢᠡᠷ ᠳᠠᠮᠵᠢᠭᠤᠯᠤᠨ᠂
ᠣᠲᠣ ᠦᠶ᠎ᠡ᠎ᠶ᠋ᠢᠨ ᠵᠠᠯᠠᠭᠤᠴᠤᠳ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠠᠯ᠎ᠠ᠎ᠪᠠᠷ 《ᠰᠠᠨᠠᠭ᠎ᠠ ᠪᠠᠢᠭᠠᠳ
ᠤᠨᠤᠭ᠎ᠠ ᠬᠦᠷᠬᠦ ᠦᠭᠡᠢ》 ᠬᠦᠴᠢᠷᠳᠡᠯ᠎ᠳᠦ ᠴᠢᠭ᠌ᠯᠡᠭᠦᠯᠦᠨ᠂
《ᠬᠥᠳᠡᠭᠡ ᠲᠣᠰᠭᠣᠨ᠎ᠢ
ᠬᠥᠭ᠌ᠵᠢᠭᠦᠯᠦᠨ ᠮᠠᠨᠳᠤᠭᠤᠯᠬᠤ》 ᠲᠤᠰᠭᠠᠶ ᠪᠣᠯᠪᠠᠰᠤᠷᠠᠯ ᠡᠷᠭᠢᠯᠡᠵᠦ᠍᠂
ᠰᠦᠯᠵᠢᠶᠡᠨ ᠱᠢᠭᠤᠳ ᠨᠡᠪᠲᠡᠷᠡᠭᠦᠯᠭᠡ ᠵᠢᠨ ᠬᠡᠯᠪᠡᠷᠢ᠎ᠪᠡᠷ 400 ᠭᠠᠷᠤᠶ ᠬᠥᠮᠦᠨ ᠳ᠋ᠤ
ᠪᠣᠯᠪᠠᠰᠤᠷᠠᠯᠬᠦᠷᠳᠡᠭᠡᠵᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳ᠋ᠤ ᠵᠠᠯᠠᠭᠤᠴᠤᠳ
ᠬᠡᠷᠬᠢᠨ ᠭᠠᠪᠢᠶ᠎ᠠ ᠵᠢᠳᠬᠦᠯ ᠪᠠᠢᠭᠤᠯᠬᠤ ᠲᠤᠭᠤᠷᠢᠨ ᠳ᠋ᠤ ᠥᠷᠭᠡᠨ ᠣᠯᠠᠨ ᠵᠠᠯᠠᠭᠤᠴᠤᠳ᠎ᠤᠨ ᠡᠷᠡᠭᠡᠯᠵᠡᠭᠡ ᠵᠢ ᠲᠠᠢᠯᠵᠤ᠂ ᠪᠥᠬᠥ᠌ ᠬᠣᠲᠠ᠎ᠶ᠋ᠢᠨ ᠵᠠᠯᠠᠭᠤᠴᠤᠳ᠎ᠤᠨ ᠬᠥᠳᠡᠭᠡ
ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠦᠶ᠋ᠯᠡᠰ᠎ᠲᠦ ᠣᠷᠣᠯᠴᠠᠬᠤ ᠡᠷᠴᠢ ᠵᠣᠷᠢᠭ᠎ᠢ ᠬᠥᠪᠴᠢᠯᠡᠪᠡ᠃
ᠪᠤᠭᠤᠲᠤ
ᠬᠤᠳᠠ᠎ᠶ᠋ᠢᠨ ᠡᠪᠯᠡᠯ᠎ᠦᠨ ᠬᠣᠷᠢᠢ᠎ᠠ 《ᠵᠠᠯᠠᠭᠤᠴᠤᠳ᠎ᠤᠨ ᠰᠣᠨᠣᠰᠭᠠᠯ》 ᠡᠴᠡ ᠵᠠᠯᠠᠭᠤᠴᠤᠳ᠎ᠤᠨ
ᠠᠵᠢᠯ ᠡᠷᠢᠬᠦ᠌ ᠥᠷᠭᠡᠨ ᠳᠡᠯᠭᠡᠷ ᠬᠦᠰᠡᠯ ᠱᠠᠭᠠᠷᠳᠠᠯᠭ᠎ᠠ᠎ᠶ᠋ᠢ ᠣᠢᠯᠠᠭᠠᠵᠤ᠂ 《ᠮᠢᠩᠭᠠᠨ ᠰᠤᠷᠭᠠᠭᠤᠯᠢ
ᠲᠦᠮᠡᠨ ᠠᠵᠢᠯ᠎ᠤᠨ ᠪᠠᠢᠷᠢ·ᠲᠠ ᠪᠦᠬᠦᠨ᠎ᠤ ᠬᠦᠰᠡᠯ
ᠱᠠᠭᠠᠷᠳᠠᠯᠭ᠎ᠠ》 ᠭᠡᠬᠦ ᠵᠠᠯᠠᠭᠤᠴᠤᠳ᠎ᠲᠦ ᠠᠵᠢᠯ ᠤᠯᠭᠤᠬᠤ ᠰᠦᠯᠵᠢᠶᠡᠨ ᠲᠡᠭᠡᠷ᠎ᠡ ᠠᠵᠢᠯᠳᠠᠨ
ᠤᠷᠢᠵᠤ ᠡᠯᠰᠡᠬᠦ᠌ ᠬᠤᠷᠠᠯ᠎ᠤᠨ ᠪᠤᠭᠤᠲᠤ᠎ᠶ᠋ᠢᠨ ᠭᠡᠷᠡᠯ ᠴᠡᠨᠡᠭ᠎ᠦᠨ ᠠᠵᠤ ᠦᠢᠯᠡᠰ᠎ᠦᠨ ᠲᠤᠰᠭᠠᠢ ᠲᠠᠯᠠᠪᠤᠷ᠎ᠢ
ᠵᠣᠬᠢᠶᠠᠨ ᠪᠠᠢᠭᠤᠯᠵᠤ᠂ ᠵᠠᠯᠠᠭᠤᠴᠤᠳ᠎ᠲᠤ 17 ᠠᠵᠤ ᠠᠬᠤᠢᠯᠠᠯ᠎ᠤᠨ1500 ᠭᠠᠷᠤᠢ ᠠᠵᠢᠯ᠎ᠤᠨ ᠪᠠᠢᠷᠢ ᠬᠠᠩᠭᠠᠪᠠ᠃ ᠪᠥᠬᠥ᠌ ᠬᠣᠲᠠ᠎ᠶ᠋ᠢᠨ ᠵᠠᠯᠠᠭᠤᠴᠤᠳ ᠲᠸ᠋ ᠠᠵᠢᠯ ᠤᠯᠭᠤᠬᠤ ᠱᠢᠭᠤᠳ
ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠵᠢ ᠳᠠᠢᠴᠢᠯᠠᠬᠤ ᠠᠵᠢᠯᠯᠠᠭᠠᠦᠷᠨᠢᠬᠦᠯᠵᠦ᠂ ᠨᠡᠢᠲᠡ 658 ᠠᠵᠤ ᠠᠬᠤᠢᠯᠠᠯ ᠪᠠ 42843
ᠬᠥᠮᠦᠨ ᠤᠳᠠᠭ᠎ᠠ ᠵᠢ ᠤᠷᠤᠯᠴᠠᠭᠤᠯᠵᠤ᠂ 6358 ᠠᠵᠢᠯ᠎ᠤᠨ ᠪᠠᠢᠷᠢ ᠬᠠᠩᠭᠠᠪᠠ᠃ ᠵᠢᠷᠬᠢᠶ᠎ᠡ᠎ᠶᠢᠨ ᠨᠠᠢᠲᠡ᠎ᠶᠢᠨ ᠳᠠᠪᠴᠠᠨᠭ᠌ᠤᠨ ᠳᠠᠷᠤᠮ᠎ᠤᠨ ᠲᠤᠭ᠎ᠠ
263 ᠲᠦᠮᠡᠨ ᠤᠳᠠᠭ᠎ᠠ᠎ᠳᠦ ᠬᠦᠷᠴᠦ᠂ ᠣᠬᠣᠷ ᠸᠢᠳᠢᠣ᠋᠎ᠶ᠋ᠢ ᠨᠡᠢᠲᠡ 558 ᠲᠦᠮᠡᠨ ᠤᠳᠠᠭ᠎ᠠ ᠨᠡᠪᠲᠡᠷᠡᠭᠦᠯᠵᠦ᠍᠂
86.2 ᠲᠦᠮᠡᠨ ᠬᠥᠮᠦᠨ ᠣᠷᠣᠯᠴᠠᠪᠠ᠃
ᠵᠠᠷᠢᠮ
ᠵᠠᠯᠠᠭᠤ ᠰᠦᠯᠵᠢᠶᠡᠨ ᠠᠨᠳᠠᠨᠠᠷ 《ᠡᠢᠮᠦ᠍ᠷᠬᠦᠦ ᠠᠵᠢᠯ᠎ᠤᠨ ᠪᠠᠢᠷᠢ᠎ᠶ᠋ᠢᠨ
ᠲᠠᠨᠢᠯᠴᠠᠭᠤᠯᠭ᠎ᠠ᠎ᠶ᠋ᠢᠨ ᠱᠢᠭᠤᠳ ᠨᠡᠪᠳᠡᠷᠡᠬᠦᠯᠭᠡ ᠨᠢ ᠮᠠᠰᠢ ᠲᠠᠲᠠᠬᠤ ᠬᠦᠴᠦᠨ᠎ᠲᠡᠶ ᠶᠤᠮ᠃》 《ᠨᠠᠭᠠᠰᠢ ᠴᠠᠭᠠᠰᠢ ᠭᠦᠶᠦᠬᠦ᠌ ᠦᠭᠡᠢ᠎ᠪᠡᠷ ᠠᠵᠢᠯ ᠣᠯᠭᠣᠯᠲᠠ᠎ᠶ᠋ᠢᠨ
ᠮᠡᠳᠡᠭᠡ ᠵᠠᠩᠭᠢ᠎ᠶ᠋ᠢ ᠣᠢᠯᠠᠭᠠᠵᠤ ᠪᠣᠯᠤᠨ᠎ᠠ᠂ ᠮᠠᠰᠢ ᠳᠥᠭᠥᠮ》 ᠭᠡᠵᠦ ᠦᠭᠡ ᠦᠯᠡᠳᠡᠭᠡᠵᠦ ᠪᠠᠢᠯ᠎ᠠ᠃ ᠴᠢᠭ᠌ᠯᠡᠬᠦᠯᠦᠯᠳᠤ ᠴᠢᠨᠠᠷᠲᠠᠢ ᠨᠠᠷᠢᠨ ᠣᠨᠣᠪᠴᠢᠲᠠᠢ ᠠᠷᠭ᠎ᠠ ᠬᠡᠮᠵᠢᠢ᠎ᠡ᠂ ᠦᠨᠡᠨ ᠪᠤᠳᠠᠳᠠᠢ ᠠᠵᠢᠯ ᠣᠯᠭᠣᠯᠲᠠ ᠨᠢ ᠬᠢᠵᠢᠭ᠎ᠦᠨ ᠪᠠᠢᠳᠠᠯᠲᠤᠤᠷᠠᠬᠢ
ᠵᠠᠯᠠᠭᠤᠴᠤᠳᠲᠸ᠋ ᠠᠵᠢᠯ ᠣᠯᠭᠤᠬᠤ᠂ ᠠᠵᠤ ᠠᠬᠤᠢᠯᠠᠯ᠎ᠤᠨ
ᠬᠥᠮᠦᠨ ᠡᠯᠰᠡᠬᠦ᠌᠎ᠳᠦ ᠦᠨᠡᠨ ᠪᠣᠳᠠᠲᠠᠢ ᠬᠠᠪᠰᠤᠷᠤᠯᠭ᠎ᠠ ᠦᠵᠡᠭᠦᠯᠪᠡ᠃
ᠣᠳᠣᠬᠠᠨ
ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠳᠤ᠂ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ
ᠬᠤᠷᠢᠶ᠎ᠡ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠢᠳᠪᠦᠷᠢᠲᠦ ᠪᠤᠳᠤᠯᠭ᠎ᠠ
ᠪᠠᠢᠷᠢᠯᠠᠭᠤᠯᠤᠯᠲᠠ ᠶᠣᠰᠣᠭᠠᠷ ᠵᠠᠯᠠᠭᠤᠴᠤᠳ᠎ᠲᠠᠶ ᠭᠦᠨᠵᠡᠭᠡᠢ
ᠬᠠᠷᠢᠯᠴᠠᠵᠤ᠂ ᠰᠡᠳᠭᠢᠯ ᠲᠠᠯᠪᠢᠨ ᠵᠠᠯᠠᠭᠤᠴᠤᠳ᠎ᠲᠤ ᠦᠢᠯᠡᠴᠢᠯᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ
ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠬᠦ᠌ ᠪᠠ ᠰᠠᠢᠲᠤᠷ ᠨᠠᠢᠳᠠᠪᠤᠷᠢᠵᠢᠭᠤᠯᠵᠤ᠂ᠵᠠᠯᠠᠭᠤᠴᠤᠳᠤᠨᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ᠍ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂
ᠶᠡᠬᠡ ᠲᠠᠯ᠎ᠠ᠎ᠳᠤ ᠦᠢᠯᠡᠴᠢᠯᠡᠬᠦ᠌ ᠬᠤᠪᠢ ᠨᠡᠮᠡᠷᠢ ᠦᠵᠡᠭᠦᠯᠬᠦ᠌ ᠬᠡᠮᠵᠢᠶ᠎ᠡ᠎ᠪᠡᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂
ᠡᠪ ᠬᠠᠮᠲᠤᠵᠠᠯᠠᠭᠤᠴᠤᠳᠤᠨᠡᠪᠯᠡᠯᠦᠨᠠᠵᠢᠯᠤᠨ ᠲᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂
ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ
ᠤᠭ᠍ᠳᠤᠨ᠎ᠠ᠃
(ᠡᠬᠡ ᠪᠢᠴᠢᠭ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠡᠪᠯᠡᠯ᠎ᠦᠨ ᠬᠣᠷᠢᠶ᠎ᠠ᠎ᠠᠴᠠ ᠬᠠᠩᠭᠠᠪᠠ)