ᠵᠢᠯ ᠤ᠋ᠨ ᠡᠬᠢᠨ ᠡᠴᠡ ᠨᠠᠭᠠᠰᠢ 3 ᠰᠠᠷ᠎ᠠ ᠶ᠋ᠢᠨ 20 ᠤ᠋ ᠡᠳᠤᠷ ᠪᠤᠯᠳᠠᠯ᠎ᠠ ᠂ ᠮᠠᠨ ᠤ᠋ ᠤᠷᠤᠨ 1173 ᠴᠢᠬᠤᠯᠠ ᠶᠡᠬᠡ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠳ᠋ᠤ ᠨᠡᠢᠳᠡ 637 ᠳ᠋ᠦᠩᠰᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠶ᠋ᠢ ᠪᠡᠶᠡᠯᠡᠭᠦᠯᠵᠤ᠂ ᠲᠦᠷᠦᠭᠦᠦ ᠤᠯᠠᠷᠢᠯ ᠤ᠋ᠨ ᠬᠠᠷᠠᠯᠳᠠᠳᠤ ᠡᠭᠦᠷᠭᠡ ᠪᠡᠨ 184% ᠪᠡᠷ ᠪᠡᠶᠡᠯᠡᠭᠦᠯᠵᠦ᠂ ᠠᠵᠤ ᠠᠬᠤᠢ ᠨᠡᠢᠭᠡᠮ ᠤ᠋ᠨ ᠴᠢᠨᠠᠷ ᠰᠠᠢᠳᠠᠢ ᠬᠦᠭᠵᠢᠯᠳᠡ ᠳ᠋ᠤ ᠬᠦᠴᠦᠷᠬᠡᠭ ᠶᠡᠬᠡ ᠬᠦᠳᠡᠯᠭᠡᠬᠦ ᠬᠦᠴᠦᠨ ᠨᠡᠮᠡᠷᠢᠯᠡᠵᠠᠢ ᠃
ᠦᠪᠡᠷᠳᠡᠭᠡᠨ ᠵᠠᠰᠠᠬᠤ ᠤᠷᠤᠨ ᠤ᠋ 2022 ᠤᠨ ᠤ᠋ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠳ᠋ᠤ᠂ ᠪᠦᠲᠦᠮᠵᠢᠳᠠᠢ ᠪᠡᠯᠡ ᠤᠷᠤᠭᠤᠯᠤᠯᠳᠠ ᠶ᠋ᠢ ᠢᠳᠡᠪᠬᠢᠳᠠᠢ ᠦᠷᠭᠡᠳᠭᠡᠨ᠂ ᠪᠦᠬᠦ ᠵᠢᠯ ᠳ᠋ᠤ 5200 ᠳ᠋ᠦᠩᠰᠢᠭᠤᠷ ᠲᠦᠭᠦᠷᠢᠭ ᠤ᠋ᠨ ᠳᠤᠭᠳᠠᠮᠠᠯ ᠬᠦᠷᠦᠩᠭᠡ ᠶ᠋ᠢᠨ ᠪᠡᠯᠡ ᠤᠷᠤᠭᠤᠯᠤᠯᠳᠠ ᠶ᠋ᠢ ᠪᠡᠶᠡᠯᠡᠭᠦᠯᠦᠨ᠎ᠠ ᠭᠡᠵᠦ ᠳᠤᠳᠤᠷᠬᠠᠢ ᠳᠤᠷᠠᠳᠴᠠᠢ ᠃ ᠡᠨᠡ ᠬᠦ᠌ ᠬᠠᠷᠠᠯᠳᠠ ᠳ᠋ᠤ ᠬᠦᠷᠬᠦ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠡᠴᠡ ᠳᠦᠷᠪᠡᠨ ᠲᠠᠯ᠎ᠠ ᠪᠡᠷ ᠬᠦᠴᠦᠯᠡᠨ ᠡᠯ᠎ᠠ ᠵᠤᠢᠯ ᠤ᠋ᠨ ᠠᠵᠢᠯ ᠶ᠋ᠢᠡᠨ ᠡᠮᠬᠢ ᠵᠢᠷᠤᠮ ᠲᠠᠢ ᠠᠬᠢᠭᠤᠯᠵᠤ ᠪᠠᠢᠨ᠎ᠠ ᠃
— ᠵᠤᠬᠢᠶᠠᠨ ᠪᠠᠢᠭᠤᠯᠤᠯᠳᠠ ᠶ᠋ᠢᠨ ᠤᠳᠤᠷᠢᠳᠤᠯᠭ᠎ᠠ ᠵᠢ ᠴᠢᠩᠭᠠᠳᠬᠠᠵᠤ ᠪᠠᠢᠨ᠎ᠠ ᠃ ᠴᠢᠬᠤᠯᠠ ᠶᠡᠬᠡ ᠲᠦᠷᠦᠯ ᠵᠦᠢᠯ ᠢ᠋ ᠭᠤᠷᠪᠠᠨ ᠱᠠᠳᠤᠨ ᠤ᠋ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠬᠤ᠂ ᠡᠮᠦᠨᠡᠬᠢ ᠬᠤᠭᠤᠴᠠᠭᠠᠨ ᠤ᠋ ᠭᠠᠷᠳᠠᠮ ᠢ᠋ ᠭᠤᠷᠪᠠᠨ ᠱᠠᠳᠤᠨ ᠤ᠋ ᠰᠠᠯᠠᠭ᠎ᠠ ᠮᠦᠴᠢᠷ ᠳᠠᠭᠠᠭᠠᠴᠢᠯᠠᠨ ᠬᠠᠷᠢᠭᠤᠴᠠᠬᠤ᠂ ᠴᠢᠬᠤᠯᠠ ᠶᠡᠬᠡ ᠲᠦᠷᠦᠯ ᠵᠦᠢᠯ ᠤ᠋ᠨ ᠲᠢᠩᠬᠢᠮ ᠤ᠋ᠨ ᠬᠤᠭᠤᠷᠤᠨᠳᠤᠬᠢ ᠬᠠᠮᠳᠤᠷᠠᠭᠰᠠᠨ ᠬᠤᠷᠠᠯ ᠤ᠋ᠨ ᠳᠦᠷᠢᠮ ᠵᠡᠷᠭᠡ ᠠᠵᠢᠯ ᠤ᠋ᠨ ᠳᠦᠷᠢᠮ ᠢ᠋ ᠲᠡᠭᠦᠯᠳᠡᠷᠵᠢᠭᠦᠯᠵᠦ᠂ ᠴᠢᠬᠤᠯᠠ ᠶᠡᠬᠡ ᠲᠦᠷᠦᠯ ᠵᠦᠢᠯ ᠢ᠋ ᠬᠡᠷᠡᠭᠵᠢᠭᠦᠯᠬᠦ ᠶᠠᠪᠤᠴᠠ ᠳ᠋ᠡᠬᠢ ᠡᠯ᠎ᠠ ᠲᠠᠯ᠎ᠠ ᠶ᠋ᠢᠨ ᠬᠢᠨ ᠤ᠋ ᠬᠠᠷᠢᠭᠤᠴᠠᠯᠭ᠎ᠠ ᠶ᠋ᠢ ᠪᠤᠳᠠᠳᠠᠢᠵᠢᠭᠤᠯᠤᠨ ᠂ ᠴᠢᠬᠤᠯᠠ ᠶᠡᠬᠡ ᠂ ᠲᠤᠪᠤᠢᠮ᠎ᠠ ᠂ ᠨᠡᠢᠳᠡᠯᠢᠭ ᠴᠢᠨᠠᠷᠳᠠᠢ ᠬᠦᠴᠢᠷᠳᠡᠯ ᠪᠠ ᠠᠰᠠᠭᠤᠳᠠᠯ ᠢ᠋ ᠵᠤᠬᠢᠴᠠᠭᠤᠯᠤᠨ ᠰᠢᠢᠳᠪᠤᠷᠢᠯᠡᠵᠤ᠂ ᠡᠯ᠎ᠠ ᠵᠦᠢᠯ ᠤ᠋ᠨ ᠠᠵᠢᠯ ᠤ᠋ᠨ ᠴᠠᠭ ᠤ᠋ᠨ ᠬᠢᠵᠠᠭᠠᠷ ᠪᠠ ᠡᠭᠦᠷᠭᠡ ᠶ᠋ᠢ ᠨᠢᠭᠡᠳᠦᠯᠳᠠᠢ ᠲᠦᠯᠦᠪᠵᠢᠭᠦᠯᠦᠨ᠂ ᠨᠢᠭᠡ ᠪᠦᠯᠦᠭᠢ ᠨᠦᠭᠡᠴᠡᠯᠡᠬᠦ ᠂ ᠨᠢᠭᠡ ᠪᠦᠯᠦᠭᠢ ᠪᠠᠷᠢᠯᠭ᠎ᠠ ᠡᠬᠢᠯᠡᠭᠦᠯᠬᠦ ᠂ ᠨᠢᠭᠡ ᠪᠦᠯᠦᠭᠢ ᠪᠦᠲᠦᠭᠡᠨ ᠪᠠᠢᠭᠤᠯᠬᠤ᠂ ᠨᠢᠭᠡ ᠪᠦᠯᠦᠭᠢ ᠪᠠᠷᠢᠯᠭ᠎ᠠ ᠳᠠᠭᠤᠰᠬᠠᠨ ᠠᠰᠢᠭᠯᠠᠯᠳᠠ ᠳ᠋ᠤ ᠤᠷᠤᠭᠤᠯᠬᠤ ᠬᠦᠳᠡᠯᠦᠩᠭᠦᠢ ᠦᠷᠭᠦᠯᠵᠢᠯᠡᠭᠰᠡᠨ ᠪᠠᠢᠷᠢᠰᠢᠯ ᠢ᠋ ᠪᠠᠢᠭᠤᠯᠵᠤ ᠪᠠᠢᠨ᠎ᠠ ᠃
— ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢ ᠪᠦᠬᠦ ᠬᠦᠴᠦᠨ ᠶ᠋ᠢᠡᠷ ᠠᠬᠢᠭᠤᠯᠵᠤ ᠪᠠᠢᠨ᠎ᠠ ᠃ ᠡᠨᠡ ᠵᠢᠯ ᠬᠡᠷᠡᠭᠵᠢᠭᠦᠯᠬᠦ ᠪᠡᠷ ᠲᠦᠯᠦᠪᠯᠡᠵᠦ ᠪᠠᠢᠭᠰᠠᠨ ᠵᠠᠰᠠᠭ ᠤ᠋ᠨ ᠤᠷᠳᠤᠨ ᠡᠴᠡ ᠪᠡᠯᠡ ᠤᠷᠤᠭᠤᠯᠬᠤ 5000 ᠲᠦᠮᠡᠨ ᠲᠦᠭᠦᠷᠢᠭ ᠡᠴᠡ ᠳᠡᠭᠡᠭᠰᠢᠬᠢ ᠴᠢᠬᠤᠯᠡ ᠶᠡᠬᠡ ᠲᠦᠷᠦᠯ ᠵᠦᠢᠯ ᠪᠤᠯᠤᠨ ᠠᠵᠤ ᠠᠬᠤᠢᠯᠠᠯ ᠡᠴᠡ ᠪᠡᠯᠡ ᠤᠷᠤᠭᠤᠯᠬᠤ ᠳ᠋ᠦᠩᠰᠢᠭᠤᠷ ᠲᠦᠭᠦᠷᠢᠭ ᠡᠴᠡ ᠳᠡᠭᠡᠭᠰᠢᠬᠢ ᠴᠢᠬᠤᠯᠠ ᠶᠡᠬᠡ ᠲᠦᠷᠦᠯ ᠵᠦᠢᠯ ᠤ᠋ᠨ ᠨᠠᠷᠢᠨ ᠳᠠᠩᠰᠠ ᠶ᠋ᠢ ᠬᠦᠳᠡᠯᠦᠩᠭᠦᠢ ᠪᠡᠷ ᠡᠮᠬᠢᠯᠡᠨ᠂《ᠨᠢᠭᠡ ᠲᠦᠷᠦᠯ ᠵᠦᠢᠯ ᠳ᠋ᠤ ᠨᠢᠭᠡ ᠠᠷᠭ᠎ᠠ ᠪᠤᠳᠤᠯᠭ᠎ᠠ ᠵᠢ ᠬᠡᠷᠡᠭᠵᠢᠬᠦᠯᠬᠦ》 ᠬᠡᠯᠪᠡᠷᠢ ᠪᠡᠷ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢ ᠪᠦᠬᠦ ᠶᠠᠪᠤᠴᠠ ᠪᠡᠷ ᠨᠠᠷᠢᠯᠢᠭᠵᠢᠭᠤᠯᠤᠨ ᠬᠠᠮᠢᠶᠠᠷᠴᠦ ᠪᠠᠢᠨ᠎ᠠ ᠃
— ᠴᠢᠬᠤᠯᠠ ᠶᠡᠬᠡ ᠲᠦᠷᠦᠯ ᠵᠦᠢᠯ ᠢ᠋ ᠲᠦᠯᠦᠪᠵᠢᠭᠦᠯᠦᠨ ᠨᠦᠭᠡᠴᠡᠯᠡᠬᠦ ᠠᠵᠢᠯ ᠢ᠋ ᠰᠠᠢᠳᠦᠷ ᠬᠢᠵᠤ ᠪᠠᠢᠨ᠎ᠠ ᠃ 《ᠠᠷᠪᠡᠨ ᠳᠦᠷᠪᠡᠳᠦᠭᠡᠷ ᠳᠠᠪᠤᠨ ᠵᠢᠯ》ᠤ᠋ᠨ ᠬᠤᠭᠤᠴᠠᠭᠠᠨ ᠤ᠋ ᠤᠯᠤᠰ ᠤ᠋ᠨ 102 ᠵᠦᠢᠯ ᠤ᠋ᠨ ᠴᠢᠬᠤᠯᠠ ᠶᠡᠬᠡ ᠢᠨᠵᠧᠨᠧᠷᠢᠩ ᠪᠤᠯᠤᠨ ᠦᠪᠡᠷᠳᠡᠭᠡᠨ ᠵᠠᠰᠠᠬᠤ ᠤᠷᠤᠨ ᠤ᠋ 459 ᠵᠦᠢᠯ ᠤ᠋ᠨ ᠴᠢᠬᠤᠯᠠ ᠶᠡᠬᠡ ᠲᠦᠷᠦᠯ ᠵᠦᠢᠯ ᠂ ᠢᠨᠵᠧᠨᠧᠷᠢᠩ ᠪᠠ ᠳᠠᠪᠴᠠᠩ ᠲᠠᠢ ᠨᠢᠭᠳᠠ ᠤᠶᠠᠯᠳᠤᠭᠤᠯᠵᠤ ᠂ ᠠᠵᠤ ᠦᠢᠯᠡᠰ ᠤ᠋ᠨ ᠬᠡᠯᠬᠢᠶ᠎ᠠ ᠂ ᠬᠠᠩᠭᠠᠯᠭ᠎ᠠ ᠶ᠋ᠢᠨ ᠬᠡᠯᠬᠢᠶ᠎ᠠ ᠂ ᠰᠢᠨ᠎ᠠ ᠶ᠋ᠢ ᠡᠭᠦᠳᠬᠦ ᠬᠡᠯᠬᠢᠶ᠎ᠠ ᠲᠠᠢ ᠨᠢᠭᠳᠠ ᠤᠶᠠᠯᠳᠤᠭᠤᠯᠤᠨ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢ ᠲᠦᠯᠦᠪᠵᠢᠭᠦᠯᠦᠨ ᠠᠬᠢᠭᠤᠯᠵᠤ᠂ ᠠᠵᠤ ᠦᠢᠯᠡᠳᠪᠤᠷᠢ ᠶ᠋ᠢᠨ ᠮᠡᠷᠭᠡᠵᠢᠯ ᠤ᠋ᠨ ᠦᠭᠡᠷᠡᠴᠢᠯᠡᠯᠳᠡ᠂ ᠲᠡᠷᠢᠭᠦᠨ ᠤ᠋ ᠦᠢᠯᠡᠳᠬᠦ ᠦᠢᠯᠡᠰ᠂ ᠰᠢᠨ᠎ᠠ ᠪᠡᠷ ᠮᠠᠨᠳᠤᠭᠰᠠᠨ ᠠᠵᠤ ᠦᠢᠯᠡᠰ ᠪᠠ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠤᠯᠠᠷᠢᠭᠤᠯᠤᠨ ᠤᠨᠳᠤᠤᠰᠢᠭᠤᠯᠬᠤ ᠲᠠᠯ᠎ᠠ ᠪᠡᠷ ᠬᠢ ᠪᠡᠯᠡ ᠤᠷᠤᠭᠤᠯᠤᠯᠳᠠ ᠵᠢ ᠶᠡᠬᠡ ᠪᠡᠷ ᠲᠠᠬᠡᠭᠰᠢᠯᠡᠬᠦᠯᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠬᠤ ᠠᠵᠢᠯ ᠢ᠋ ᠴᠢᠩᠭᠠᠳᠬᠠᠵᠤ ᠪᠠᠢᠨ᠎ᠠ ᠃
— ᠪᠡᠯᠡ ᠮᠦᠩᠬᠦᠨ ᠤ᠋ ᠴᠢᠬᠤᠯᠠ ᠡᠯᠧᠮᠧᠨ᠋ᠲ ᠤ᠋ᠨ ᠪᠠᠳᠤᠯᠠᠭ᠎ᠠ ᠶ᠋ᠢᠨ ᠠᠵᠢᠯ ᠢ᠋ ᠰᠠᠢᠳᠦᠷ ᠬᠢᠵᠤ ᠪᠠᠢᠨ᠎ᠠ᠃ ᠤᠯᠤᠰ ᠤ᠋ᠨ ᠬᠦᠭᠵᠢᠭᠦᠯᠦᠯᠳᠠ ᠪᠠ ᠦᠭᠡᠷᠡᠴᠢᠯᠡᠯᠳᠡ ᠶ᠋ᠢᠨ ᠵᠦᠪᠯᠡᠯ ᠂ ᠡᠳ᠋ ᠤ᠋ᠨ ᠵᠠᠰᠠᠭ ᠤ᠋ᠨ ᠶᠠᠮᠤᠨ᠂ ᠪᠠᠢᠭᠠᠯᠢ ᠶ᠋ᠢᠨ ᠡᠬᠢ ᠪᠠᠶᠠᠯᠢᠭ ᠤ᠋ᠨ ᠶᠠᠮᠤᠨ ᠤ᠋ ᠬᠤᠯᠪᠤᠭᠳᠠᠯ ᠪᠦᠬᠦᠢ ᠱᠠᠭᠠᠷᠳᠠᠯᠭ᠎ᠠ ᠪᠡᠷ ᠂ ᠤᠷᠤᠨ ᠨᠤᠳᠤᠭ ᠤ᠋ᠨ ᠵᠠᠰᠠᠭ ᠤ᠋ᠨ ᠤᠷᠳᠤᠨ ᠤ᠋ ᠲᠤᠰᠬᠠᠢ ᠲᠦᠷᠦᠯ ᠤ᠋ᠨ ᠵᠢᠭᠡᠯᠡᠯᠭᠡ ᠶ᠋ᠢᠨ ᠲᠡᠮᠳᠡᠭᠳᠦ᠂ ᠲᠦᠪ ᠤ᠋ᠨ ᠲᠦᠰᠦᠪ ᠤ᠋ᠨ ᠲᠤᠳᠤᠷᠠᠬᠢ ᠪᠡᠯᠡ ᠤᠷᠤᠭᠤᠯᠤᠯᠳᠠ ᠂ ᠴᠢᠬᠤᠯᠠ ᠶᠡᠬᠡ ᠲᠦᠷᠦᠯ ᠵᠦᠢᠯ ᠤ᠋ᠨ ᠰᠢᠨ᠎ᠠ ᠪᠡᠷ ᠨᠡᠮᠡᠭᠳᠡᠬᠦ ᠭᠠᠵᠠᠷ ᠰᠢᠷᠤᠢ ᠶ᠋ᠢᠨ ᠬᠡᠷᠡᠭᠴᠡᠭᠡ ᠵᠡᠷᠭᠡ ᠪᠡᠯᠡ ᠮᠦᠩᠬᠦᠨ ᠤ᠋ ᠴᠢᠬᠤᠯᠠ ᠡᠯᠧᠮᠧᠨ᠋ᠲ ᠢ᠋ ᠡᠷᠡᠮᠡᠯᠵᠡᠯᠡᠬᠦ ᠠᠵᠢᠯ ᠢ᠋ ᠰᠠᠢᠳᠦᠷ ᠬᠢᠵᠦ ᠂ ᠭᠠᠵᠠᠷ ᠰᠢᠷᠤᠢ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤ᠋ᠨ ᠳᠤᠬᠢᠷᠠᠭᠤᠯᠤᠯᠳᠠᠶᠢ ᠤᠷᠢᠳᠴᠢᠯᠡᠨ ᠪᠠᠢᠷᠢᠯᠠᠭᠤᠯᠵᠤ ᠂ ᠠᠵᠢᠯᠳᠠᠨ ᠬᠡᠷᠡᠭᠯᠡᠬᠦ᠂ ᠮᠠᠲ᠋ᠧᠷᠢᠶᠠᠯ ᠬᠡᠷᠡᠭᠯᠡᠬᠦ ᠂ ᠡᠳ᠋ ᠪᠠᠷᠠᠭᠠᠨ ᠤ᠋ ᠭᠦᠢᠯᠭᠡᠭᠡ ᠂ ᠪᠡᠯᠡ ᠮᠦᠩᠬᠦ ᠵᠡᠷᠭᠡ ᠨᠦᠬᠦᠴᠡᠯᠢ ᠰᠠᠢᠳᠦᠷ ᠵᠤᠬᠢᠴᠠᠭᠤᠯᠤᠨ ᠪᠠᠳᠤᠯᠠᠵᠤ ᠂ ᠴᠠᠭ ᠤ᠋ᠨ ᠬᠢᠵᠠᠭᠠᠷ ᠢ᠋ ᠴᠢᠩᠭ᠎ᠠ ᠵᠢᠷᠦᠮᠯᠠᠨ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢ ᠠᠬᠢᠭᠤᠯᠵᠤ ᠂ ᠲᠦᠷᠦᠯ ᠵᠦᠢᠯ ᠤ᠋ᠨ ᠪᠡᠯᠡ ᠤᠷᠤᠭᠤᠯᠤᠯᠳᠠ ᠶ᠋ᠢᠨ ᠡᠷᠴᠢᠮ ᠢ᠋ ᠴᠢᠩᠭᠠᠷᠠᠭᠤᠯᠵᠤ ᠪᠠᠢᠨ᠎ᠠ ᠃