— ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠰᠦᠶ ᠸᠧᠶ ᠵᠢᠶᠦ᠋ᠨ᠎ᠢ ᠰᠤᠷᠪᠤᠯᠵᠢᠯᠠᠭᠰᠠᠨ ᠨᠢ
ᠤᠢ᠍ᠢᠷ᠎ᠠ ᠳᠤ᠂ ᠤᠯᠠᠭᠠᠨᠴᠠᠪ ᠬᠤᠳᠠ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠰᠦᠢ ᠸᠧᠢ ᠵᠢᠶᠦ᠋ᠨ᠎ᠢ ᠰᠤᠷᠪᠤᠯᠵᠢᠯᠠᠪᠠ᠃
《 ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠠᠯᠤᠰ ᠬᠡᠳᠤ᠎ᠶ᠋ᠢᠨ ᠵᠣᠷᠢᠯᠲᠠ᠎ᠲᠠᠶ᠂ ᠬᠠᠷᠠᠭᠠᠰᠤ ᠥᠷᠭᠡᠨ᠂ ᠦᠵᠡᠯ ᠰᠠᠨᠠᠭ᠎ᠠ ᠭᠦᠨᠵᠡᠭᠡᠢ᠂ ᠠᠭᠤᠯᠤᠭ᠍ᠳᠠᠬᠤᠨ ᠡᠯᠪᠡᠭ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠢ ᠬᠠᠯᠠᠮᠵᠢᠯᠠᠬᠰᠠᠨ ᠭᠦᠨ ᠵᠤᠵᠠᠭᠠᠨ ᠬᠠᠢᠷ᠎ᠠ ᠰᠡᠳᠭᠢᠯᠭᠡ᠂ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠰᠢᠩᠭᠡᠵᠦ᠂ ᠪᠢᠳᠠᠨ᠎ᠢ ᠬᠦᠳᠦᠯᠥᠨ ᠳᠠᠭᠠᠭᠤᠯᠵᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠢ ᠡᠬᠢᠯᠡᠭᠦᠯᠬᠦ᠌ ᠂ ᠱᠢᠨ᠎ᠡ ᠴᠠᠭ ᠦᠶ᠎ᠡ᠎ᠶ᠋ᠢᠨ ᠤᠷᠳᠤ ᠵᠠᠮ᠎ᠤᠨ ᠠᠶᠠᠨ ᠲᠠᠢ᠌ᠨ᠎ᠢ ᠰᠠᠢᠲᠤᠷ ᠬᠢᠬᠦ᠌ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠪᠣᠯᠤᠨ᠎ᠠ》᠃ ᠰᠦᠶ ᠸᠧᠶ ᠵᠢᠶᠦ᠋ᠨ᠂ ᠤᠯᠠᠭᠠᠨᠴᠠᠪ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠬᠠᠮᠤᠭ᠎ᠤᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠲᠡᠷᠡ ᠬᠡᠪ᠎ᠢᠶᠡᠷ᠎ᠨᠢ ᠰᠤᠷᠤᠯᠴᠠᠵᠤ᠂ ᠨᠡᠪᠲᠡᠷᠡᠲᠡᠯ᠎ᠡ ᠰᠤᠷᠤᠯᠴᠠᠨ᠂ ᠪᠣᠳᠠᠲᠠᠶ᠎ᠲᠠᠶ ᠤᠶᠠᠯᠳᠤᠭᠤᠯᠤᠨ ᠰᠤᠷᠤᠯᠴᠠᠵᠤ᠂ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠦᠨᠡᠨ ᠬᠦ᠌ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂《 ᠬᠣᠶᠠᠷ ᠬᠠᠯᠬᠠᠪᠴᠢ》᠂ 《 ᠬᠣᠶᠠᠷ ᠰᠠᠭᠤᠷᠢᠨ》᠂ 《 ᠨᠢᠭᠡ ᠪᠡᠬᠢᠯᠡᠯᠲᠡ》᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠬᠦᠴᠦᠯᠡᠨ ᠪᠠᠢᠭᠤᠯᠵᠤ ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ᠎ᠳᠤ ᠤᠯᠠᠭᠠᠨᠴᠠᠪ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠤᠯᠠᠭᠠᠨᠴᠠᠪ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠲᠣᠰ ᠤᠳᠠᠭᠠᠨ᠎ᠤ ᠪᠥᠬᠥ᠌ ᠤᠯᠤᠰ᠎ᠤᠨ《ᠬᠣᠶᠠᠷ ᠬᠤᠷᠠᠯ》 ᠤ᠋ᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠤᠷᠤᠯᠴᠠᠬᠤ ᠳ᠋ᠠᠭᠠᠨ ᠶᠡᠷᠦᠩᠬᠡᠶ ᠱᠦᠵᠢ ᠰᠢ ᠵᠢᠨ ᠫᠢᠩ ᠠᠩᠬ᠎ᠠ ᠤᠳᠠᠭ᠎ᠠ 《ᠲᠠᠪᠤᠨ ᠵᠠᠢᠯᠠᠰᠢ ᠦᠬᠡᠢ ᠵᠠᠮᠨᠠᠬᠤ ᠵᠠᠮ》᠎ᠤ᠋ᠨ ᠲᠤᠬᠠᠶ ᠴᠢᠬᠤᠯᠠ ᠥᠭᠦᠯᠡᠯᠲᠡ᠎ᠶ᠋ᠢ ᠳᠤᠷᠠᠳᠪᠠ᠃ ᠡᠨᠡ ᠬᠦ᠌《ᠲᠠᠪᠤᠨ ᠵᠠᠢᠯᠠᠰᠢ ᠦᠬᠡᠢ ᠵᠠᠮᠨᠠᠬᠤ ᠵᠠᠮ》ᠪᠣᠯ ᠬᠠᠷᠢᠯᠴᠠᠨ ᠨᠥᠬᠥᠴᠡᠯᠳᠦᠵᠦ᠍᠂ ᠨᠢᠭᠡᠨ ᠱᠢᠰᠲ᠋ᠧᠮᠪᠦᠬᠦᠢ ᠣᠷᠭᠠᠨᠢᠭ ᠪᠦᠬᠦᠯᠢ ᠴᠣᠭ᠍ᠴᠠ ᠮᠥᠨ ᠂ ᠨᠠᠮ᠎ᠤᠨ ᠲᠦᠷᠦ᠍ ᠪᠠᠷᠢᠬᠤ ᠵᠢᠮ᠎ᠡ ᠶᠣᠰᠣ ᠂ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢᠨ ᠲᠤᠬᠠᠢ ᠱᠢᠨᠵᠢᠯᠡᠬᠦ᠌ ᠤᠬᠠᠭᠠᠨᠴᠢ ᠲᠠᠨᠢᠯᠲᠠ ᠪᠠᠢᠵᠤ᠂ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ ᠤᠳᠤᠷᠢᠳᠭᠤ ᠭᠣᠣᠯᠯᠠᠭ᠍ᠴᠢ᠂ ᠬᠥᠭ᠌ᠵᠢᠯᠲᠡ᠎ᠶ᠋ᠢᠨ ᠵᠠᠮ᠂ ᠬᠦᠴᠦᠨ᠎ᠦ ᠡᠬᠢ ᠰᠤᠷᠪᠤᠯᠵᠢ᠂ ᠬᠦᠳᠦᠯᠤᠨ ᠳᠠᠭᠠᠭᠤᠯᠬᠤ ᠣᠢᠯᠠᠭᠠᠭ᠍ᠳᠠᠬᠤᠨ ᠪᠠ ᠬᠦᠴᠦᠷᠬᠡᠭ ᠶᠡᠬᠡ ᠲᠤᠯᠭᠠᠭᠤᠷᠢᠯᠠᠯ᠎ᠢ ᠲᠣᠳᠣᠷᠬᠠᠢᠯᠠᠪᠠ᠃ ᠱᠢᠨ᠎ᠡ ᠱᠢᠯᠭᠠᠯᠲᠠ᠎ᠶ᠋ᠢᠨ ᠠᠶᠠᠨ᠎ᠳᠤ᠂ ᠪᠢᠳᠡ ᠡᠷᠬᠡᠪᠰᠢ《 ᠲᠠᠪᠤᠨ ᠵᠠᠢᠯᠠᠰᠢ ᠦᠬᠡᠢ ᠵᠠᠮᠨᠠᠬᠤ ᠵᠠᠮ》᠎ᠤ᠋ᠨ ᠠᠭᠤᠯᠤᠭ᠍ᠳᠠᠬᠤᠨ ᠣᠢᠯᠠᠭᠠᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂《ᠬᠣᠶᠠᠷ᠎ᠢ ᠲᠣᠭ᠍ᠲᠠᠭᠠᠭᠰᠠᠨ》᠎ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠍ ᠂ 《 ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠢᠮᠠᠭ᠍ᠲᠠ《ᠤᠯᠤᠰ᠎ᠤᠨ ᠶᠡᠬᠡ ᠶᠠᠪᠤᠳᠠᠯ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍ ᠂ ᠶᠠᠮᠠᠷᠪᠠ ᠠᠰᠠᠭᠤᠳᠠᠯ᠎ᠢ ᠦᠵᠡᠬᠦ᠂ ᠶᠠᠮᠠᠷᠪᠠ ᠱᠢᠶ᠋ᠳᠪᠦᠷᠢᠲᠦ ᠪᠣᠳᠣᠯᠭ᠎ᠠ ᠵᠢ ᠲᠣᠭ᠍ᠲᠠᠭᠠᠬᠤ᠂ ᠶᠠᠮᠠᠷᠪᠠ ᠠᠵᠢᠯ᠎ᠢ ᠠᠳᠭᠤᠬᠤ᠎ᠳᠤ ᠴᠥᠮ ᠶᠡᠷᠦᠩᠬᠡᠶ ᠱᠦᠵᠢ᠎ᠲᠡᠶ ᠨᠢᠭᠡᠳᠦᠯᠲᠡᠶ ᠪᠠᠢᠵᠤ᠂ ᠨᠠᠮ᠎ᠤᠨ ᠲᠥᠪ ᠬᠣᠷᠢᠶᠠᠨ᠎ᠤ ᠵᠢᠯᠣᠭᠣᠳᠣᠯᠭ᠎ᠠ᠎ᠶ᠋ᠢ ᠳᠠᠭᠠᠵᠤ᠂ᠨᠥᠬᠥᠴᠡᠯᠲᠤᠷᠠᠳᠬᠤ ᠥᠬᠡᠶ᠂ ᠦᠭᠡᠷᠡᠲᠦᠭᠦᠯᠦᠨ ᠬᠤᠪᠢᠷᠠᠭᠤᠯᠬᠤ ᠥᠬᠡᠶ᠂ ᠰᠣᠩᠭᠣᠯᠲᠠ ᠬᠢᠬᠦ᠌ ᠥᠬᠡᠶ ᠪᠠᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠥᠬᠡᠶ ᠡᠷᠡᠮᠡᠬᠡᠢᠯᠡᠨ ᠤᠷᠤᠭ᠍ᠰᠢᠯᠠᠨ᠎ᠠ᠃
ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠤᠤᠯ ᠱᠢᠵᠢᠮ᠎ᠢ ᠭᠦᠨᠵᠡᠭᠡᠶ ᠣᠢᠯᠠᠭᠠᠵᠤ᠂ ᠦᠨᠳᠦᠰᠦᠲᠡᠨ᠎ᠦ ᠠᠵᠢᠯ᠎ᠢ ᠪᠥᠬᠥ᠌ ᠲᠠᠯ᠎ᠠ᠎ᠪᠠᠷ ᠴᠢᠩᠭᠠᠳᠭᠠᠨ ᠰᠠᠢᠵᠢᠷᠠᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠦ᠍᠂ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ᠌ ᠮᠥᠷᠲᠡᠭᠡᠨ ᠪᠠᠰᠠ《ᠵᠦᠭᠡᠯᠡᠨ ᠪᠤᠷᠤᠭᠠᠨ ᠲᠦᠮᠡᠨ ᠪᠤᠳᠠᠰ᠎ᠢ ᠤᠮᠳᠠᠯᠠᠬᠤ》ᠶᠠᠪᠤᠳᠠᠯ᠎ᠢ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃《ᠲᠦᠷᠰᠦᠯᠢᠭ》 ᠠᠳᠭᠤᠬᠤ᠎ᠶ᠋ᠢ ᠢᠮᠠᠭ᠍ᠲᠠ ᠪᠡᠶᠡᠯᠡᠭᠦᠯᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠢ ᠡᠷᠡᠰ ᠭᠤᠢᠪᠢᠰᠢ ᠥᠬᠡᠶ ᠠᠬᠢᠭᠤᠯᠵᠤ᠂《ᠨᠠᠶ᠋ᠮᠠ᠎ᠳᠦ ᠬᠦᠨᠵᠡᠭᠡᠢᠷᠡᠬᠦ + 》᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠡᠭᠦᠳᠦᠨ ᠪᠠᠢᠭᠤᠯᠬᠤ ᠠᠭᠤᠯᠭ᠎ᠠ᠎ᠶ᠋ᠢ ᠨᠠᠷᠢᠯᠢᠭ᠍ᠵᠢᠭᠤᠯᠤᠨ᠂ ᠡᠭᠦᠳᠦᠨ ᠪᠠᠢᠭᠤᠯᠬᠤ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠡᠭᠦᠳᠦᠨ ᠪᠠᠢᠭᠤᠯᠬᠤ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠡᠬᠢᠵᠢᠭᠦᠯᠦᠨ ᠳᠡᠭᠡᠭ᠌ᠰᠢᠯᠡᠭᠦᠯᠦᠨ᠎ᠡ; ᠬᠦᠯᠢᠶᠡᠨ ᠠᠪᠤᠭ᠍ᠴᠢᠳ《ᠰᠡᠳᠬᠢᠯᠬᠡ᠎ᠲᠡᠶ ᠪᠠᠢᠬᠤ》 ᠶ᠋ᠢ ᠢᠮᠠᠭ᠍ᠲᠠ ᠪᠡᠶᠡᠯᠡᠭᠦᠯᠵᠦ᠍᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠬᠦ᠌᠎ᠶ᠋ᠢ ᠪᠣᠳᠣᠯᠬᠢᠯᠠᠨ᠂ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠣᠳᠣᠬᠢᠴᠢᠯᠠᠯᠲᠠ᠎ᠶ᠋ᠢᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠬᠦ ᠶ᠋ᠢ ᠲᠤᠬᠠᠢ᠎ᠶ᠋ᠢᠨ ᠭᠠᠵᠠᠷ᠎ᠲᠤᠨᠢ ᠲᠤᠬᠢᠷᠠᠭᠤᠯᠤᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠦᠭᠡᠢ ᠬᠠᠩᠭᠠᠨ᠎ᠠ; ᠰᠤᠷᠭᠠᠨ ᠬᠥᠮᠦᠵᠢᠯ᠎ᠢ《ᠪᠦᠲᠦᠮᠵᠢᠲᠡᠶ》 ᠪᠠᠢᠯᠭᠠᠬᠤ ᠵᠢ ᠢᠮᠠᠭ᠍ᠲᠠ ᠪᠡᠶᠡᠯᠡᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠦᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠡᠷ ᠢᠴᠢᠬᠦᠷᠢ ᠭᠤᠲᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠤᠢᠯᠠᠭᠠᠭᠳᠠᠬᠤᠨ᠎ᠢ ᠪᠣᠶ ᠪᠣᠯᠭᠠᠨ᠎ᠠ᠃
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠦᠷᠭᠦᠯᠵᠢᠯᠡᠨ ᠠᠬᠢᠭᠤᠯᠤᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠡᠷᠡᠰ ᠪᠠᠲᠤ ᠴᠣᠭ᠍ᠴᠠᠯᠠᠵᠤ᠂ ᠱᠢᠨᠵᠢᠯᠡᠬᠦ᠌ ᠤᠬᠠᠭᠠᠨᠴᠢ ᠨᠠᠷᠢᠯᠢᠭ ᠣᠨᠣᠴᠠᠲᠠᠢ᠎ᠪᠠᠷ ᠰᠡᠷᠭᠡᠢᠯᠡᠨ ᠡᠵᠡᠮᠳᠡᠬᠦ᠌ ᠲᠦᠪᠱᠢᠨ᠎ᠢᠶᠡᠨ ᠳᠡᠭᠡᠭ᠌ᠰᠢᠯᠡᠭᠦᠯᠵᠦ᠍᠂《ᠲᠣᠣᠷᠵᠢᠭᠤᠯᠤᠭ᠍ᠰᠠᠨ》 ᠬᠠᠮᠢᠶᠠᠷᠤᠯᠲᠠ᠂ 《 ᠲᠠᠯᠠᠪᠤᠷ ᠭᠠᠵᠠᠷ᠎ᠤᠨ ᠺᠣᠳ᠋》᠎ᠤ᠋ᠨ ᠬᠡᠷᠡᠭ᠌ᠯᠡᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 《ᠬᠥᠮᠦᠨ — ᠪᠣᠳᠠᠰ — ᠣᠷᠴᠢᠨ ᠲᠣᠭᠣᠷᠢᠨ》᠎ᠤ᠋ ᠬᠠᠮᠲᠤ᠎ᠪᠠᠷ ᠰᠡᠷᠭᠡᠢᠯᠡᠬᠦ᠌᠎ᠶ᠋ᠢ ᠪᠠᠷᠢᠮᠲᠠᠯᠠᠵᠤ᠂ ᠤᠯᠠᠨ ᠴᠡᠭ᠎ᠡᠴᠡ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠴᠢᠩᠭᠠᠳᠭᠠᠵᠤ᠂ ᠬᠠᠮᠤᠭ᠎ᠤᠨ ᠪᠠᠭ᠎ᠠ ᠦᠷᠡᠭᠳᠡᠯ᠎ᠢᠶᠡᠷ ᠬᠠᠮᠤᠭ᠎ᠤᠨ ᠶᠡᠬᠡ ᠰᠡᠷᠭᠡᠢᠯᠡᠨ ᠡᠵᠡᠮᠳᠡᠬᠦ᠌ ᠦᠷ᠎ᠡ ᠪᠦᠲᠦᠮᠵᠢ᠎ᠶ᠋ᠢ ᠴᠢᠷᠮᠠᠢᠨ ᠪᠡᠶᠡᠯᠡᠭᠦᠯᠵᠦ᠍᠂ ᠬᠢᠵᠢᠭ ᠤ᠋ᠨ ᠪᠠᠢᠳᠠᠯ ᠡᠴᠡ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠠ᠎ᠪᠡᠷ ᠪᠠᠭᠠᠰᠬᠠᠨ᠎ᠠ᠃ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ᠂ ᠠᠵᠤ ᠠᠬᠤᠶ᠎ᠶ᠋ᠢᠨ ᠲᠣᠭ᠍ᠲᠠᠭᠤᠨ᠎ᠢᠶᠠᠷ ᠳᠡᠭᠡᠭ᠌ᠰᠢᠯᠡᠬᠦ᠌ ᠰᠠᠢᠨ ᠰᠠᠢᠬᠠᠨ ᠪᠠᠢᠳᠠᠯ᠎ᠢ ᠪᠥᠬᠥ᠌ ᠬᠦᠴᠦᠨ᠎ᠢᠶᠡᠷ᠎ᠢᠶᠡᠨ ᠲᠣᠭ᠍ᠲᠠᠪᠤᠷᠢᠵᠢᠭᠤᠯᠵᠤ᠂ ᠲᠠᠷᠢᠶᠠᠯᠠᠬᠤ ᠴᠠᠭ᠎ᠢ ᠠᠮᠵᠢᠨ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠰᠠᠢᠲᠤᠷ ᠬᠢᠵᠦ᠍᠂ ᠠᠮᠤ ᠪᠤᠳᠠᠭ᠎ᠠ ᠪᠠ ᠲᠠᠷᠢᠶᠠᠯᠠᠩ᠎ᠤᠨ ᠡᠯᠪᠡᠭ ᠬᠤᠷᠢᠶᠠᠯᠲᠠ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠠᠵᠤ ᠠᠬᠤᠶ᠎ᠶ᠋ᠢᠨ ᠡᠷᠭᠢᠯᠳᠡ ᠵᠢ ᠵᠠᠳᠠᠯᠤᠨ ᠰᠤᠳᠤᠯᠵᠤ ᠮᠠᠭᠠᠳᠯᠠᠬᠤ ᠪᠠ ᠮᠥᠷᠳᠡᠨ ᠲᠣᠬᠢᠷᠠᠭᠤᠯᠬᠤ᠎ᠪᠠᠨ ᠴᠢᠩᠭᠠᠳᠭᠠᠵᠤ᠂ ᠲᠥᠷᠥᠯ ᠵᠦᠶ᠋ᠯ᠎ᠢ ᠠᠳᠭᠤᠬᠤ᠂ ᠠᠵᠤ ᠦᠶ᠋ᠯᠡᠰ᠎ᠢ ᠬᠥᠭ᠌ᠵᠢᠭᠦᠯᠬᠦ᠌᠂ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠂ ᠬᠡᠷᠡᠭ᠌ᠯᠡᠭᠡ᠎ᠶ᠋ᠢ ᠠᠬᠢᠭᠤᠯᠬᠤ᠂ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠎ᠪᠡᠷ ᠦᠷᠭᠦᠯᠵᠢᠯᠡᠨ ᠬᠦᠴᠦᠯᠡᠵᠦ᠍᠂ ᠠᠵᠤ ᠠᠬᠤᠢᠯᠠᠯ᠎ᠢ ᠦᠨᠡᠨ ᠰᠡᠳᠭᠢᠯ᠎ᠡᠴᠡ᠎ᠪᠡᠨ ᠬᠠᠪᠰᠤᠷᠤᠨ ᠬᠦᠴᠢᠷ ᠠᠰᠠᠭᠤᠳᠠᠯ᠎ᠢ᠎ᠨᠢ ᠱᠢᠶ᠋ᠳᠪᠦᠷᠢᠯᠡᠨ ᠦᠭᠴᠤ᠂ ᠪᠡᠷᠬᠡ ᠵᠢ ᠲᠠᠪᠠᠵᠤ᠂ ᠦᠶ᠋ᠯᠡᠳᠪᠦᠷᠢᠯᠡᠯ ᠠᠮᠢᠳᠤᠷᠠᠯ᠎ᠤᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠪᠠᠢᠬᠤ᠎ᠶ᠋ᠢ ᠪᠠᠲᠤᠯᠠᠵᠤ᠂ ᠠᠵᠤ ᠠᠬᠤᠶ᠎ᠶ᠋ᠢᠨ ᠡᠷᠭᠢᠯᠳᠡ ᠵᠢᠨ ᠲᠣᠭ᠍ᠲᠠᠭᠤᠨ᠎ᠢᠶᠠᠷ ᠬᠣᠯᠠ ᠠᠶᠠᠯᠠᠬᠤ᠎ᠶ᠋ᠢ ᠦᠨᠡᠨ ᠬᠦ᠌ ᠪᠠᠲᠤᠯᠠᠨ᠎ᠠ᠃
《ᠬᠤᠤᠰ ᠨᠡᠭᠦᠷᠡᠰᠦᠲᠥ᠋ᠷᠥᠭ᠌ᠴᠢ》ᠵᠢᠨ ᠪᠠᠢᠷᠢᠯᠠᠭᠤᠯᠤᠯᠲᠠ᠎ᠶ᠋ᠢ ᠭᠦᠨᠵᠡᠭᠡᠢ ᠣᠢᠯᠠᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠨ᠎ᠠ᠃ ᠶᠡᠷᠦᠩᠬᠡᠶ ᠱᠦᠵᠢ ᠰᠢ ᠵᠢᠨ ᠫᠢᠩ᠎ᠦᠨ《ᠱᠢᠰᠲ᠋ᠧᠮ᠎ᠤᠨ ᠦᠵᠡᠯᠲᠡ ᠵᠢ ᠴᠢᠩᠭᠠᠳᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠪᠠᠷᠢᠮᠲᠠᠯᠠᠵᠤ᠂ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠨ ᠠᠬᠢᠭᠤᠯᠬᠤ ᠵᠢ ᠪᠠᠷᠢᠮᠳᠠᠯᠠᠬᠤ》ᠴᠢᠬᠤᠯᠠ ᠱᠠᠭᠠᠷᠳᠠᠯᠭ᠎ᠠ᠎ᠶ᠋ᠢ ᠡᠷᠡᠰ ᠰᠠᠢᠲᠤᠷ ᠨᠠᠢᠳᠠᠪᠤᠷᠢᠵᠢᠭᠤᠯᠵᠤ᠂ 《 ᠭᠤᠷᠪᠠᠨ ᠨᠢᠭᠡ ᠪᠦᠯᠦᠭ 》᠂《ᠲᠠᠪᠤᠨ ᠲᠠᠯ᠎ᠠ ᠪᠡᠷ ᠥᠭᠡᠷᠡᠴᠢᠯᠡᠬᠦ᠌》 ᠪᠠᠷ ᠬᠥᠲᠥᠯᠦᠮᠵᠢ ᠪᠣᠯᠭᠠᠵᠤ᠂《ᠬᠣᠶᠠᠷ ᠶᠡᠬᠡᠳᠠᠢ》ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠰᠣᠬᠣᠷ ᠪᠠᠯᠠᠶ᠎ᠪᠠᠷ ᠡᠮᠬᠢ ᠵᠢᠷᠤᠮ ᠥᠬᠡᠶ᠎ᠪᠡᠷ ᠥᠷᠭᠡᠳᠭᠡᠬᠦ᠌᠎ᠶ᠋ᠢ ᠡᠷᠡᠰ ᠬᠣᠷᠢᠭ᠍ᠯᠠᠵᠤ᠂ ᠤᠯᠠᠮᠵᠢᠯᠠᠯᠲᠤ ᠠᠵᠤ ᠦᠶ᠋ᠯᠡᠰ᠎ᠦᠨ《 ᠪᠠᠭ᠎ᠠ ᠨᠡᠭᠦᠷᠡᠰᠦᠲᠥ᠋ᠷᠥᠭ᠌ᠴᠢᠲᠡᠢᠰᠢ ᠲᠠᠰ ᠳᠡᠪᠱᠢᠭᠦ + ᠡᠷᠭᠢᠯᠳᠦᠭᠦᠯᠦᠨ ᠠᠱᠢᠭ᠍ᠯᠠᠬᠤ + ᠪᠣᠬᠢᠷᠲᠤᠯ ᠥᠬᠡᠶ᠎ᠪᠡᠷ ᠣᠷᠣᠯᠠᠭᠤᠯᠬᠤ》ᠬᠦᠭᠵᠢᠯᠳᠡ ᠵᠢᠨ ᠵᠠᠮ ᠵᠢᠡᠷ ᠵᠠᠮᠨᠠᠬᠤ ᠵᠢ ᠠᠬᠢᠭᠤᠯᠤᠨ᠎ᠠ; ᠰᠠᠯᠬᠢᠨ ᠬᠦᠴᠦ ᠬᠡᠷᠡᠯᠴᠢ ᠴᠡᠨᠡᠭ ᠵᠡᠷᠭᠡ ᠱᠢᠨ᠎ᠡ ᠡᠨᠧᠷᠭᠢ᠎ᠶ᠋ᠢᠨ ᠳᠠᠪᠠᠭᠤᠯᠢᠭ᠎ᠢ ᠦᠷᠭᠦᠯᠵᠢᠯᠡᠨ ᠥᠷᠭᠡᠳᠭᠡᠵᠦ᠍᠂ ᠬᠣᠲᠠ᠎ᠶ᠋ᠢᠨ ᠬᠡᠪᠴᠢᠶᠡᠨ᠎ᠳᠡᠬᠢ ᠪᠤᠬᠢᠷᠳᠤᠯ ᠦᠬᠡᠢ ᠡᠨᠧᠷᠭᠢ ᠪᠤᠬᠢᠷᠳᠤᠯ ᠦᠬᠡᠢ ᠴᠠᠬᠢᠯᠭᠠᠨ᠎ᠢ ᠰᠢᠩᠭᠡᠭᠡᠨ ᠬᠡᠷᠡᠭᠯᠡᠬᠦ ᠪᠠᠢᠳᠠᠯ᠎ᠢ ᠢᠳᠡᠪᠬᠢᠲᠡᠶ ᠡᠭᠦᠳᠴᠦ᠍᠂ ᠣᠷᠭᠢᠯ᠎ᠤᠨ ᠬᠤᠭᠤᠴᠠᠭ᠎ᠠ᠎ᠶ᠋ᠢ ᠪᠦᠲᠦᠮᠵᠢᠲᠡᠶ ᠲᠣᠬᠢᠷᠠᠭᠤᠯᠬᠤ᠂ ᠣᠯᠠᠨ ᠡᠨᠧᠷᠭᠢ᠎ᠶ᠋ᠢ ᠬᠠᠷᠢᠯᠴᠠᠨ ᠨᠥᠬᠥᠪᠥᠷᠢᠯᠡᠬᠦ᠌᠂ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠌᠎ᠶ᠋ᠢ ᠪᠡᠶᠡᠯᠡᠭᠦᠯᠦᠨ᠎ᠡ᠃ ᠲᠠᠭ᠎ᠠ᠎ᠶ᠋ᠢᠨ ᠨᠠᠭᠤᠷ᠎ᠤᠨ ᠤᠰᠤᠨ᠎ᠤ ᠠᠮᠢ ᠠᠬᠤᠢ᠎ᠶ᠋ᠢᠨ ᠵᠠᠰᠠᠯᠲᠠ᠂ ᠴᠠᠭᠠᠨᠨᠠᠭᠤᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠰᠡᠷᠭᠦᠭᠡᠯᠲᠡ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠤᠯᠠᠭᠠᠨᠴᠠᠪ᠎ᠤᠨ ᠪᠣᠬᠢᠷᠲᠤᠯ ᠦᠭᠡᠢ《 ᠥᠪ ᠬᠥᠷᠥᠩᠭᠡ 》 ᠶ᠋ᠢ ᠨᠠᠩ ᠵᠤᠵᠠᠭᠠᠨ ᠪᠣᠯᠭᠠᠨ᠎ᠠ᠃
ᠨᠠᠮ ᠪᠠᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠤᠶᠤᠨ ᠤᠬᠠᠭᠠᠨ ᠪᠠ ᠬᠦᠴᠦᠨ ᠴᠢᠳᠠᠯ᠎ᠢ ᠲᠠᠰᠤᠷᠠᠯᠲᠠ ᠦᠭᠡᠢ ᠱᠢᠩᠭᠡᠭᠡᠨ ᠠᠪᠴᠤ᠌᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂《ᠴᠢᠩᠭ᠎ᠠ ᠪᠠᠢᠬᠤ》 ᠭᠣᠣᠯ ᠬᠦᠭ ᠠᠶᠠᠰ᠎ᠢ ᠢᠮᠠᠭ᠍ᠲᠠ ᠪᠠᠷᠢᠮᠲᠠᠯᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠡᠯ᠎ᠡ ᠵᠦᠢᠯ᠎ᠦᠨ ᠠᠵᠢᠯ᠎ᠢ ᠭᠦᠨᠵᠡᠭᠡᠢ ᠠᠬᠢᠭᠤᠯᠵᠤ᠂ ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠤᠯᠠᠭᠠᠨᠴᠠᠪ ᠬᠤᠳᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ᠎ᠦ ᠴᠢᠨᠠᠷ ᠬᠤᠪᠢᠷᠠᠬᠤ ᠦᠭᠡᠢ᠂ ᠦᠩᠭᠡ ᠬᠤᠪᠢᠷᠠᠬᠤ ᠦᠭᠡᠢ᠂ ᠰᠤᠷᠳᠠᠯ ᠬᠤᠪᠢᠷᠠᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠱᠢᠯᠢᠳᠡᠭ ᠰᠤᠷᠲᠠᠯ᠎ᠢ ᠢᠮᠠᠭ᠍ᠲᠠ ᠪᠠᠳᠠᠷᠠᠭᠤᠯᠵᠤ᠂《ᠪᠤᠯᠬᠢ ᠠᠯᠵᠠᠭᠤ ᠰᠤᠯᠠ ᠵᠠᠳᠠᠭᠠᠢ᠂ ᠵᠠᠢᠯᠠᠭᠤᠯᠬᠤ ᠬᠤᠢᠰᠢᠯᠠᠭᠤᠯᠬᠤ ᠲᠤᠭᠤᠷᠢᠭᠤᠯᠬᠤ᠂ ᠬᠤᠢᠷᠭᠤᠰᠢᠬᠤ ᠵᠠᠮᠪᠠᠷᠠᠭ᠎ᠠ ᠦᠭᠡᠢ ᠰᠤᠷᠳᠤᠤᠯᠠᠬᠤ》᠎ᠶ᠋ᠢ ᠴᠡᠭ᠌ᠴᠡᠯᠡᠨ ᠵᠠᠰᠠᠬᠤ ᠲᠤᠰᠭᠠᠢ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠪᠦᠬᠦ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠᠳ᠋ᠤ《ᠦᠵᠡᠭᠦᠯᠵᠤ ᠬᠠᠷᠢᠴᠠᠭᠤᠯᠬᠤ》 ᠲᠡᠷᠢᠭᠦᠨ᠎ᠦ ᠬᠢ᠎ᠶ᠋ᠢ ᠡᠭᠦᠳᠴᠦ᠍ ᠱᠢᠯᠢᠳᠡᠭ ᠪᠣᠯᠬᠤ᠎ᠪᠠᠷ ᠴᠢᠷᠮᠠᠢᠬᠤ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ 《ᠶᠠᠪᠤᠳᠠᠯ ᠪᠣᠯᠭᠠᠨ᠎ᠢ ᠳᠠᠷᠤᠢ᠎ᠳᠤ᠎ᠨᠢ ᠭᠦᠢᠴᠡᠳᠭᠡᠵᠦ᠍᠂ ᠬᠥᠮᠦᠨ ᠪᠣᠯᠭᠠᠨ ᠬᠠᠳᠠᠭᠠᠰᠤ ᠬᠠᠳᠠᠵᠤ᠂ ᠬᠦᠮᠦᠨ ᠪᠦᠬᠦᠨ ᠵᠣᠷᠢᠭ᠍ᠲᠠᠢ ᠡᠭᠦᠷᠭᠡᠯᠡᠬᠦ᠌》᠎ᠶ᠋ᠢ ᠤᠯᠠᠭᠠᠨᠴᠠᠪ ᠬᠣᠲᠠ᠎ᠶ᠋ᠢᠨ ᠨᠠᠮ᠎ᠤᠨ ᠭᠡᠱᠢᠭᠦᠨ ᠺᠠᠳ᠋ᠷ᠎ᠤᠨ ᠢᠯᠡ ᠲᠣᠳᠣ ᠱᠤᠰᠢᠭ᠎ᠠ ᠲᠡᠮᠳᠡᠭ ᠪᠣᠯᠭᠠᠵᠤ᠂ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠡᠭᠦᠳᠴᠦ᠍᠂ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠴᠦ᠍᠂ ᠱᠢᠯᠢᠳᠡᠭ ᠬᠢᠷᠢ ᠪᠦᠲᠦᠮᠵᠢ᠎ᠪᠠᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ᠃