ᠠᠷᠭ᠎ᠠ ᠪᠤᠳᠤᠯᠭ᠎ᠠ — ᠠᠵᠤ ᠦᠢᠯᠡᠳᠪᠤᠷᠢ ᠵᠢᠨ ᠠᠵᠤ ᠠᠬᠤᠢ ᠵᠢᠨ ᠨᠤᠶᠠᠨ ᠨᠢᠷᠤᠭᠤ
2022-04-05 19:46:04
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

10 ᠳ᠋ᠦᠩᠱᠢᠭᠤᠷ ᠲᠥᠭᠥᠷᠢᠭ ᠵᠢᠴᠢ ᠲᠡᠭᠦᠨ ᠡᠴᠡ ᠳᠡᠭᠡᠭ᠌ᠰᠢᠬᠢ ᠪᠡᠯᠡ ᠣᠷᠣᠭᠤᠯᠤᠯᠲᠠ ᠲᠠᠢ ᠮᠦᠷᠳᠡᠬᠡᠨ ᠲᠤᠰ ᠵᠢᠯ ᠳ᠋ᠡᠭᠡᠨ ᠠᠱᠢᠭ᠍ᠯᠠᠯᠲᠠ ᠳ᠋ᠤ ᠣᠷᠣᠭᠤᠯᠤᠭ᠍ᠰᠠᠨ ᠲᠡᠷᠢᠭᠦᠨ ᠤ᠋ ᠦᠢᠯᠡᠳᠬᠦ᠌ ᠦᠢᠯᠡᠰ ᠤ᠋ᠨ ᠪᠦᠯᠦᠭᠵᠢᠯ ᠪᠤᠯᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠤ᠋ᠨ ᠬᠡᠯᠬᠢᠶ᠎ᠡ ᠶ᠋ᠢᠨ ᠪᠦᠲᠦᠭᠡᠨ ᠪᠠᠢᠭᠤᠯᠤᠯᠲᠠ ᠶ᠋ᠢᠨ ᠭᠣᠣᠯᠳᠠᠯᠭ᠎ᠠ ᠲᠠᠶ ᠲᠥᠷᠥᠯ ᠵᠦᠢᠯ ᠳ᠋ᠤ ᠬᠠᠮᠤᠭ ᠤ᠋ᠨ ᠦᠨᠳᠦᠷ ᠲᠡᠭᠡᠨ 500 ᠲᠦᠮᠡᠨ ᠲᠥᠭᠥᠷᠢᠭ ᠤ᠋ᠨ ᠳᠠᠮ ᠬᠦᠦ᠍ ᠮᠦᠩᠬᠦ ᠶ᠋ᠢᠨ ᠨᠥᠬᠥᠪᠥᠷᠢ ᠣᠯᠭᠣᠨ᠎ᠠ᠃

ᠰᠢᠨ᠎ᠠ ᠪᠡᠷ ᠦᠨᠡᠯᠡᠨ ᠳᠤᠭᠳᠠᠭᠠᠭᠰᠠᠨ ᠤᠯᠤᠰ ᠤ᠋ᠨ ᠳᠡᠰ ᠤ᠋ᠨ ᠪᠤᠬᠢᠷᠳᠦᠯ ᠦᠭᠡᠢ ᠦᠢᠯᠡᠳᠪᠤᠷᠢ᠂  ᠪᠤᠬᠢᠷᠳᠦᠯ ᠦᠭᠡᠢ ᠪᠦᠲᠦᠭᠡᠭᠳᠡᠭᠦᠨ᠂ ᠪᠤᠬᠢᠷᠳᠦᠯ ᠦᠭᠡᠢ ᠬᠠᠩᠭᠠᠯᠭ᠎ᠠ ᠵᠢᠨ ᠬᠡᠯᠬᠢᠶ᠎ᠠ᠂ ᠡᠨᠧᠷᠬᠢ ᠵᠢᠨ ᠦᠷ᠎ᠠ ᠠᠰᠢᠭ ᠤ᠋ᠨ ᠬᠤᠰᠢᠭᠤᠴᠢ᠂ ᠤᠰᠤᠨ ᠤ᠋ ᠦᠷ᠎ᠠ ᠠᠰᠢᠭ ᠤ᠋ᠨ ᠬᠤᠰᠢᠭᠤᠴᠢ ᠠᠵᠤ ᠠᠬᠤᠢᠯᠠᠯ ᠳ᠋ᠤ 100 ᠲᠦᠮᠡᠨ ᠲᠦᠭᠦᠷᠢᠭ ᠤ᠋ᠨ ᠨᠢᠭᠡ ᠯᠡ ᠤᠳᠠᠭ᠎ᠠ ᠵᠢᠨ ᠴᠢᠨᠠᠷᠳᠠᠢ ᠱᠠᠩᠨᠠᠯ ᠨᠦᠬᠦᠪᠤᠷᠢ ᠤᠯᠭᠤᠨ᠎ᠠ᠃

5G ᠵᠡᠷᠭᠡ ᠰᠢᠨ᠎ᠠ ᠨᠢᠭᠡ ᠦᠶ᠎ᠠ ᠶ᠋ᠢᠨ ᠮᠡᠳᠡᠭᠡ ᠵᠠᠩᠬᠢ ᠵᠢᠨ ᠮᠡᠷᠭᠡᠵᠢᠯ ᠤ᠋ᠨ ᠠᠵᠤ ᠦᠢᠯᠡᠳᠪᠤᠷᠢ ᠵᠢᠨ ᠬᠦᠷᠢᠶᠡᠨ ᠳ᠋ᠡᠬᠢ ᠨᠡᠢᠳᠡᠯᠢᠭ ᠬᠡᠷᠡᠭᠯᠡᠭᠡᠨ ᠤ᠋ ᠲᠦᠷᠦᠯ ᠵᠦᠢᠯ ᠳ᠋ᠤ ᠬᠠᠮᠤᠭ ᠤ᠋ᠨ ᠦᠨᠳᠦᠷ ᠲᠡᠭᠡᠨ 500 ᠲᠦᠮᠡᠨ ᠲᠦᠭᠦᠷᠢᠭ ᠤ᠋ᠨ ᠱᠠᠩᠨᠠᠯ ᠤᠯᠭᠤᠨ᠎ᠠ᠃

 ᠁

2 ᠰᠠᠷ᠎ᠠ ᠶ᠋ᠢᠨ 21 ᠤ᠋ ᠡᠳᠦᠷ᠂ ᠪᠥᠬᠥ᠌ ᠣᠷᠣᠨ ᠤ᠋ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢᠨ ᠶᠡᠬᠡ ᠬᠤᠷᠠᠯ ᠬᠥᠬᠡᠬᠣᠲᠠ ᠳ᠋ᠤ ᠬᠤᠷᠠᠯᠳᠤᠵᠤ᠂ 3 ᠠᠵᠢᠯᠯᠠᠭᠠᠨ ᠤ᠋ ᠲᠥᠯᠥᠪᠯᠡᠭᠡ᠂ 8 ᠬᠡᠷᠡᠭ᠌ᠵᠢᠭᠦᠯᠬᠦ᠌ ᠲᠥᠰᠦᠯ ᠪᠠ 1 ᠢᠵᠢ ᠳᠡᠮᠵᠢᠯᠭᠡ ᠶ᠋ᠢᠨ ᠲᠥᠷᠥ ᠶ᠋ᠢᠨ ᠪᠣᠳᠣᠯᠭ᠎ᠠ ᠪᠠᠷ ᠲᠤᠯᠭᠠᠭᠤᠷᠢᠯᠠᠯ ᠪᠤᠯᠭᠠᠭᠰᠠᠨ ᠠᠯᠢ ᠤᠯᠠᠨ ᠠᠷᠭ᠎ᠠ ᠪᠣᠳᠣᠯᠭ᠎ᠠ ᠪᠠ ᠳᠤᠭᠳᠠᠭᠠᠯ ᠢ᠋ ᠨᠡᠢᠳᠡᠯᠡᠵᠠᠢ᠃ ᠤᠢᠷ᠎ᠠ ᠳ᠋ᠤ ᠦᠪᠡᠷᠳᠡᠬᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠡᠴᠡ ᠲᠠᠷᠤᠮᠠᠯᠯᠠᠨ ᠲᠠᠷᠬᠠᠭᠠᠭᠰᠠᠨ《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ 2022 ᠤᠨ ᠳ᠋ᠤ ᠳᠤᠭᠳᠠᠭᠤᠨ ᠤ᠋ ᠳᠤᠮᠳᠠ ᠤᠷᠤᠭᠰᠢᠯᠠᠨ ᠳᠠᠪᠰᠢᠬᠤ ᠵᠢ ᠪᠠᠷᠢᠮᠳᠠᠯᠠᠵᠤ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠲᠦᠷᠦ ᠵᠢᠨ ᠪᠤᠳᠤᠯᠭ᠎ᠠ ᠵᠢᠨ ᠨᠠᠷᠢᠨ ᠳᠠᠩᠰᠠ》ᠵᠢᠨ ᠲᠤᠳᠤᠷᠠᠬᠢ 30 ᠭᠠᠷᠤᠢ ᠵᠤᠷᠪᠤᠰ ᠨᠢ ᠠᠵᠤ ᠦᠢᠯᠡᠳᠪᠤᠷᠢ ᠵᠢᠨ ᠠᠵᠤ ᠠᠬᠤᠢ ᠵᠢ ᠬᠦᠭᠵᠢᠬᠦᠯᠬᠦ ᠲᠠᠢ ᠬᠤᠯᠪᠤᠭᠳᠠᠭᠰᠠᠨ ᠪᠢᠯᠡ᠃

ᠪᠦᠬᠦ ᠤᠷᠤᠨ ᠤ᠋ ᠬᠤᠯᠪᠤᠭᠳᠠᠯ ᠪᠦᠬᠦᠢ ᠰᠠᠯᠠᠭ᠎ᠠ ᠮᠥᠴᠢᠷ ᠤ᠋ᠨ ᠬᠢᠨ ᠴᠦ᠍ ᠬᠣᠢᠨ᠎ᠠ ᠬᠣᠢᠨ᠎ᠠ ᠡᠴᠡ ᠪᠠᠨ ᠠᠯᠢ ᠤᠯᠠᠨ ᠨᠠᠷᠢᠯᠢᠭ ᠤᠨᠤᠴᠠᠳᠠᠢ ᠠᠷᠭ᠎ᠠ ᠬᠡᠮᠵᠢᠶ᠎ᠡ ᠵᠢ ᠨᠡᠢᠳᠡᠯᠡᠨ ᠬᠡᠷᠡᠭᠵᠢᠬᠦᠯᠵᠤ ᠂ ᠠᠵᠤ ᠦᠶ᠋ᠯᠡᠳᠪᠦᠷᠢ ᠶ᠋ᠢᠨ ᠠᠵᠤ ᠠᠬᠤᠢ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠪᠦᠬᠦ ᠬᠦᠴᠦᠨ ᠵᠢᠡᠷ ᠵᠢᠡᠨ ᠲᠠᠮᠵᠢᠵᠤ ᠪᠠᠢᠨ᠎ᠠ᠃

— ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶ᠋ᠢᠨ ᠲᠢᠩᠬᠢᠮ ᠬᠠᠮᠢᠶ᠎ᠠ ᠪᠥᠬᠥᠶ ᠮᠥᠩᠭᠥᠨ ᠭᠦᠶ᠋ᠯᠭᠡᠭᠡᠨ ᠤ᠋ ᠪᠠᠢᠭᠤᠯᠤᠮᠵᠢ  ᠶ᠋ᠢ  ᠵᠣᠬᠢᠴᠠᠭᠤᠯᠵᠤ᠂ ᠪᠠᠯᠠ ᠬᠤᠷᠠᠮᠳᠤᠭᠤᠯᠭ᠎ᠠ ᠶ᠋ᠢᠨ ᠰᠠᠭᠠᠳ ᠥᠬᠡᠶ ᠨᠡᠪᠲᠡᠷᠡᠬᠦ᠌ ᠵᠠᠮ ᠢ᠋ ᠨᠡᠭᠡᠭᠡᠪᠡ᠃

— ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 90 ᠵᠤᠷᠪᠤᠰ ᠬᠠᠳᠠᠭᠤ ᠴᠢᠩᠭ᠎ᠠ ᠠᠷᠭ᠎ᠠ ᠬᠡᠮᠵᠢᠶ᠎ᠡ ᠭᠠᠷᠭᠠᠵᠤ᠂ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠳ᠋ᠤ ᠲᠤᠯᠭᠠᠷᠠᠵᠤ ᠪᠠᠢᠭ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠲᠣᠪᠣᠢᠮ᠎ᠠ ᠠᠰᠠᠭᠤᠳᠠᠯ ᠢ᠋ ᠱᠢᠶ᠋ᠳᠪᠦᠷᠢᠯᠡᠵᠤ ᠪᠠᠢᠨ᠎ᠠ᠃

— ᠤᠯᠤᠰ ᠤ᠋ᠨ ᠭᠠᠢᠯᠢ ᠶ᠋ᠢᠨ ᠶᠠᠪᠤᠳᠠᠯ ᠤ᠋ᠨ ᠶᠡᠷᠦᠩᠬᠡᠶ ᠲᠣᠪᠴᠢᠶ᠎ᠠ ᠶ᠋ᠢᠨ ᠥᠪᠥᠷ ᠮᠣᠩᠭᠣᠯ ᠤ᠋ᠨ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠭᠠᠢᠯᠢ ᠲᠤᠰᠢᠶᠠᠬᠤ ᠳ᠋ᠤ ᠬᠤᠯᠪᠤᠭᠳᠠᠭᠰᠠᠨ ᠲᠦᠷᠦᠭᠦᠦ ᠪᠦᠯᠦᠭ ᠤ᠋ᠨ 80 ᠵᠤᠷᠪᠤᠰ ᠠᠵᠤ ᠠᠬᠤᠢᠯᠠᠯ ᠳ᠋ᠤ ᠠᠱᠢᠭ ᠬᠦᠷᠲᠡᠭᠡᠵᠤ ᠠᠷᠠᠳ ᠲᠦ᠍ ᠳᠦᠭᠦᠮ ᠦᠵᠡᠭᠦᠯᠬᠦ ᠠᠷᠭ᠎ᠠ ᠬᠡᠮᠵᠢᠶ᠎ᠡ ᠶ᠋ᠢ ᠨᠡᠢᠳᠡᠯᠡᠪᠡ᠃

ᠡᠢᠨ ᠬᠦ᠌ ᠤᠯᠠᠨ ᠴᠢᠩᠭ᠎ᠠ ᠬᠦᠴᠦᠳᠠᠢ ᠠᠷᠭ᠎ᠠ ᠪᠤᠳᠤᠯᠭ᠎ᠠ᠂ ᠦᠨᠡᠨ ᠪᠤᠳᠠᠳᠠᠢ ᠠᠷᠭ᠎ᠠ ᠬᠡᠮᠵᠢᠶ᠎ᠠ ᠵᠢᠨ ᠠᠬᠢᠭᠤᠯᠤᠯ ᠲᠤᠤᠷ᠎ᠠ᠂ ᠡᠯ᠎ᠡ ᠭᠠᠵᠠᠷ ᠤ᠋ᠨ ᠬᠢᠨ ᠬᠢᠵᠢᠭ ᠤ᠋ᠨ ᠪᠠᠢᠳᠠᠯ ᠤ᠋ᠨ ᠨᠦᠯᠦᠭᠡ ᠵᠢ ᠬᠦᠯᠢᠴᠡᠨ᠂ ᠠᠵᠢᠯ ᠦᠢᠯᠡᠳᠪᠤᠷᠢᠯᠡᠯ ᠶ᠋ᠢᠡᠨ ᠰᠡᠷᠭᠦᠭᠡᠵᠦ᠂ ᠴᠢᠬᠤᠯᠠ ᠶᠡᠬᠡ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠠᠵᠢᠯ ᠢ᠋ ᠰᠦᠷ ᠳᠠᠯᠠᠢᠴᠠᠳᠠᠢ ᠦᠷᠨᠢᠭᠦᠯᠵᠤ ᠪᠠᠢᠨ᠎ᠠ᠃

2 ᠰᠠᠷ᠎ᠠ ᠶ᠋ᠢᠨ ᠰᠡᠭᠦᠯᠴᠢ ᠪᠡᠷ᠂ ᠦᠬᠠᠢ ᠬᠤᠳᠠ ᠶᠡᠷᠦᠩᠬᠡᠢ ᠪᠡᠯᠡ ᠣᠷᠣᠭᠤᠯᠤᠯᠲᠠ ᠨᠢ 460.4 ᠳ᠋ᠦᠩᠱᠢᠭᠤᠷ ᠲᠥᠭᠥᠷᠢᠭ ᠲᠦ᠍ ᠬᠦᠷᠬᠦ 28 ᠭᠣᠣᠯᠳᠠᠯᠭ᠎ᠠ ᠲᠠᠶ ᠲᠦᠷᠦᠯ ᠵᠦᠢᠯ ᠢ᠋ ᠲᠥᠪᠯᠡᠷᠡᠭᠦᠯᠦᠨ ᠪᠠᠷᠢᠯᠭ᠎ᠠ ᠡᠬᠢᠯᠡᠭᠦᠯᠪᠡ᠃

3 ᠰᠠᠷ᠎ᠠ ᠶ᠋ᠢᠨ ᠡᠬᠢ ᠪᠡᠷ᠂ ᠪᠤᠭᠤᠲᠤ ᠬᠣᠲᠠ ᠬᠠᠪᠤᠷ ᠤ᠋ᠨ ᠤᠯᠠᠷᠢᠯ ᠤ᠋ᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠲᠥᠷᠥᠯ ᠵᠦᠶ᠋ᠯ ᠤ᠋ᠨ ᠲᠥᠪᠯᠡᠷᠡᠭᠦᠯᠦᠨ ᠭᠡᠷ᠎ᠡ ᠲᠣᠭ᠍ᠲᠠᠬᠤ ᠶᠡᠬᠡ ᠬᠤᠷᠠᠯ ᠶ᠋ᠢᠡᠷ ᠳᠠᠮᠵᠢᠨ ᠲᠡᠮᠦᠷᠯᠢᠭ ᠪᠤᠰᠤ ᠮᠠᠲ᠋ᠧᠷᠢᠶᠠᠯ᠂ ᠲᠣᠨᠣᠭᠯᠠᠯ ᠦᠶ᠋ᠯᠡᠳᠬᠦ᠌᠂ ᠡᠬᠢ ᠪᠠᠶᠠᠯᠢᠭ ᠢ᠋ ᠡᠷᠭᠢᠯᠳᠦᠭᠦᠯᠦᠨ ᠠᠱᠢᠭ᠍ᠯᠠᠬᠤ ᠵᠡᠷᠭᠡ 11 ᠬᠦᠷᠢᠶᠡᠨ ᠤ᠋ 27 ᠲᠥᠷᠥᠯ ᠵᠦᠶ᠋ᠯ ᠤ᠋ᠨ ᠵᠦᠪᠯᠡᠯᠴᠡᠭᠡᠷ ᠲᠣᠭ᠍ᠲᠠᠵᠤ᠂ ᠶᠡᠷᠦᠩᠬᠡᠶ ᠪᠠᠯᠠ ᠣᠷᠣᠭᠤᠯᠤᠯᠲᠠ ᠨᠢ 697.4 ᠳ᠋ᠦᠩᠱᠢᠭᠤᠷ ᠲᠥᠭᠥᠷᠢᠭ ᠲᠦ᠍ ᠬᠦᠷᠴᠠᠢ᠃

3 ᠰᠠᠷ᠎ᠠ ᠶ᠋ᠢᠨ ᠳᠤᠮᠳᠠᠴᠢ ᠪᠠᠷ᠂ ᠣᠷᠳᠣᠰ ᠬᠣᠲᠠ ᠬᠠᠪᠤᠷ ᠤ᠋ᠨ ᠤᠯᠠᠷᠢᠯ ᠤ᠋ᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠲᠥᠷᠥᠯ ᠵᠦᠶ᠋ᠯ ᠤ᠋ᠨ ᠲᠥᠪᠯᠡᠷᠡᠭᠦᠯᠦᠨ ᠭᠡᠷ᠎ᠡ ᠲᠣᠭ᠍ᠲᠠᠬᠤ ᠶᠡᠬᠡ ᠬᠤᠷᠠᠯ ᠶ᠋ᠢᠡᠷ ᠳᠠᠮᠵᠢᠨ ᠨᠡᠭᠦᠷᠡᠰᠦ ᠪᠡᠷ ᠰᠠᠭᠤᠷᠢ ᠪᠣᠯᠭᠠᠭ᠍ᠰᠠᠨ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠳᠪᠦᠷᠢ ᠪᠡᠷ ᠭᠤᠤᠯ ᠪᠣᠯᠭᠠᠭ᠍ᠰᠠᠨ ᠠᠯᠢ ᠣᠯᠠᠨ ᠠᠵᠤ ᠦᠶ᠋ᠯᠡᠰ ᠤ᠋ᠨ ᠪᠦᠯᠦᠭ᠌ᠵᠢᠯ ᠢ᠋ ᠬᠠᠮᠤᠷᠤᠭᠰᠠᠨ161 ᠲᠥᠷᠥᠯ ᠵᠦᠶ᠋ᠯ ᠤ᠋ᠨ ᠵᠦᠪᠯᠡᠯᠴᠡᠭᠡᠷ ᠲᠣᠭ᠍ᠲᠠᠵᠤ᠂ ᠶᠡᠷᠦᠩᠬᠡᠶ ᠪᠠᠯᠠ ᠣᠷᠣᠭᠤᠯᠤᠯᠲᠠ ᠨᠢ 3046.79 ᠳ᠋ᠦᠩᠱᠢᠭᠤᠷ ᠲᠥᠭᠥᠷᠢᠭ᠎ᠲᠦ ᠬᠦᠷᠴᠠᠢ᠃

3 ᠰᠠᠷ᠎ᠠ ᠶ᠋ᠢᠨ ᠰᠡᠭᠦᠯᠴᠢ ᠪᠡᠷ᠂ ᠬᠥᠬᠡᠬᠣᠳᠠ ᠭᠤᠤᠯᠳᠠᠯᠭ᠎ᠠ ᠲᠠᠶ ᠠᠵᠤ ᠦᠶ᠋ᠯᠡᠰ ᠤ᠋ᠨ ᠲᠥᠷᠥᠯ ᠵᠦᠶ᠋ᠯ ᠢ᠋ ᠲᠥᠪᠯᠡᠷᠡᠭᠦᠯᠦᠨ ᠪᠠᠷᠢᠯᠭ᠎ᠠ ᠡᠬᠢᠯᠡᠭᠦᠯᠬᠦ᠌ ᠳᠠᠢᠴᠢᠯᠠᠯᠲᠠ ᠶ᠋ᠢᠨ ᠬᠤᠷᠠᠯ ᠶ᠋ᠢᠡᠷ ᠳᠠᠮᠵᠢᠨ 23 ᠭᠤᠤᠯᠳᠠᠯᠭ᠎ᠠ᠎ᠲᠠᠶ ᠲᠥᠷᠥᠯ ᠵᠦᠶ᠋ᠯ ᠢ᠋ ᠲᠥᠪᠯᠡᠷᠡᠭᠦᠯᠦᠨ ᠪᠠᠷᠢᠯᠭ᠎ᠠ ᠡᠬᠢᠯᠡᠭᠦᠯᠪᠡ ᠃

3 ᠰᠠᠷ᠎ᠠ ᠵᠢᠨ ᠰᠡᠭᠦᠯᠴᠢ ᠪᠡᠷ᠂ ᠦᠪᠡᠷᠳᠡᠭᠡᠨ ᠵᠠᠰᠠᠬᠤ ᠤᠷᠤᠨ ᠤ᠋ ᠨᠡᠢᠳᠡᠯᠡᠭᠰᠡᠨ ᠶᠡᠷᠦᠩᠬᠡᠢ ᠪᠡᠯᠡ ᠤᠷᠤᠭᠤᠯᠤᠯᠳᠠ ᠨᠢ 5000 ᠳ᠋ᠦᠩᠰᠢᠭᠤᠷ ᠲᠦᠭᠦᠷᠢᠭ ᠲᠦ᠍ ᠬᠦᠷᠬᠦ 347 ᠭᠤᠤᠯᠳᠠᠯᠭ᠎ᠠ ᠲᠠᠢ ᠠᠵᠤ ᠠᠬᠤᠢ ᠵᠢᠨ ᠬᠠᠮᠳᠤᠷᠠᠯᠴᠠᠭᠠᠨ ᠤ᠋ ᠲᠦᠷᠦᠯ ᠵᠦᠢᠯ ᠤ᠋ᠨ ᠶᠡᠬᠡᠩᠬᠢ ᠨᠢ ᠠᠵᠤ ᠦᠢᠯᠡᠳᠪᠤᠷᠢ ᠵᠢᠨ ᠲᠦᠷᠦᠯ ᠵᠦᠢᠯ ᠪᠠᠢᠯ᠎ᠠ᠃

 ᠁

ᠡᠢᠨ ᠬᠦ᠌ ᠦᠷᠨᠢᠭᠦᠨ ᠬᠦᠭᠵᠢᠩᠭᠦᠶ ᠪᠦᠲᠦᠭᠡᠨ ᠪᠠᠢᠭᠤᠯᠤᠯᠳᠠ ᠶ᠋ᠢᠨ ᠬᠦᠴᠦᠨ ᠳ᠋ᠤ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠵᠢᠷᠤᠭ ᠲᠦᠰᠦᠪ ᠲᠤᠳᠤᠷᠠᠭᠰᠠᠭᠠᠷ᠃

ᠬᠦᠬᠡᠬᠤᠳᠠ ᠳ᠋ᠤ᠂ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠬᠦ᠌᠂ ᠡᠯᠧᠺᠲ᠋ᠷᠣᠨ ᠴᠠᠬᠢᠭᠤᠷ ᠤ᠋ᠨ ᠮᠠᠲ᠋ᠧᠷᠢᠶᠠᠯ ᠶ᠋ᠢᠡᠷ ᠭᠤᠤᠯ ᠪᠣᠯᠭᠠᠭ᠍ᠰᠠᠨ ᠱᠢᠨ᠎ᠡ ᠮᠠᠲ᠋ᠧᠷᠢᠶᠠᠯ᠂ ᠣᠲᠣ ᠦᠶ᠎ᠡ ᠶ᠋ᠢᠨ ᠲᠣᠨᠣᠭᠯᠠᠯ ᠦᠶ᠋ᠯᠡᠳᠬᠦ᠌ ᠵᠡᠷᠭᠡ ᠠᠵᠤ ᠦᠶ᠋ᠯᠡᠰ ᠤ᠋ᠨ ᠪᠦᠯᠦᠭᠵᠢᠯ ᠶᠠᠭ ᠬᠦᠴᠦᠷᠬᠡᠭ᠌ᠵᠢᠨ ᠮᠠᠨᠳᠤᠵᠤ ᠪᠠᠢᠨ᠎ᠠ᠃

ᠪᠤᠭᠤᠳᠤ ᠬᠤᠳᠠ ᠳ᠋ᠤ᠂ ᠮᠢᠩ ᠶᠠᠩ ᠱᠢᠨ᠎ᠡ ᠡᠨᠧᠷᠭᠢ ᠶ᠋ᠢᠨ ᠣᠶᠤᠨᠴᠢ ᠦᠢᠯᠡᠳᠭᠡᠯ ᠤ᠋ᠨ ᠠᠵᠤ ᠦᠢᠯᠡᠰ ᠤ᠋ᠨ ᠬᠦᠷᠢᠶᠡᠯᠡᠩ ᠪᠠᠷᠢᠯᠭ᠎ᠠ ᠡᠬᠢᠯᠡᠪᠡ᠃ ᠲᠤᠰ ᠲᠥᠷᠥᠯ ᠵᠦᠶ᠋ᠯ ᠠᠱᠢᠭ᠍ᠯᠠᠯᠲᠠ ᠳ᠋ᠤ ᠤᠷᠤᠪᠠᠯ᠂ ᠪᠤᠭᠤᠲᠤ ᠬᠣᠲᠠ ᠤᠯᠤᠰ ᠤ᠋ᠨ ᠳᠣᠲᠣᠭᠠᠳᠤ ᠶ᠋ᠢᠨ ᠡᠬᠡ ᠬᠠᠭᠤᠷᠠᠶ ᠳᠡᠭᠡᠷᠡᠬᠢ ᠰᠠᠯᠬᠢᠨ ᠬᠦᠴᠦᠨ ᠤ᠋ ᠴᠠᠬᠢᠯᠭᠠᠨ ᠤ᠋ ᠪᠦᠬᠦᠯᠢ ᠮᠠᠱᠢᠨ ᠦᠶ᠋ᠯᠡᠳᠬᠦ᠌ ᠦᠶ᠋ᠯᠡᠳᠪᠦᠷᠢᠯᠡᠯ ᠤ᠋ᠨ ᠴᠢᠳᠠᠪᠤᠷᠢ ᠪᠠᠷ ᠬᠠᠮᠤᠭ ᠤ᠋ᠨ ᠶᠡᠬᠡ᠂ ᠭᠤᠤᠯ ᠲᠣᠨᠣᠭ᠍ᠯᠠᠯ ᠤ᠋ᠨ ᠲᠥᠪᠯᠡᠷᠡᠭ᠌ᠰᠡᠨ ᠬᠡᠮᠵᠢᠶ᠎ᠡ ᠪᠡᠷ ᠬᠠᠮᠤᠭ ᠤ᠋ᠨ ᠥᠨᠳᠥᠷ᠂ ᠲᠠᠩ ᠭᠠᠭᠴᠠ ᠮᠠᠱᠢᠨ ᠤ᠋ ᠪᠠᠭ᠍ᠲᠠᠭᠠᠮᠵᠢ ᠨᠢ ᠬᠠᠮᠤᠭ ᠤ᠋ᠨ ᠶᠡᠬᠡ᠂ ᠵᠠᠬᠢᠶᠠᠯᠠᠨ ᠦᠶ᠋ᠯᠡᠳᠬᠦ᠌ ᠬᠡᠮᠵᠢᠶ᠎ᠡ ᠪᠡᠷ ᠬᠠᠮᠤᠭ ᠤ᠋ᠨ ᠥᠨᠳᠥᠷ ᠱᠢᠨ᠎ᠡ ᠡᠨᠧᠷᠭᠢ ᠶ᠋ᠢᠨ ᠳᠡᠭᠡᠳᠦ ᠲᠠᠰ ᠤ᠋ᠨ ᠲᠣᠨᠣᠭ᠍ᠯᠠᠯ ᠢ᠋ ᠰᠤᠳᠤᠯᠤᠨ ᠬᠦᠭᠵᠢᠬᠦᠯᠵᠤ ᠦᠶ᠋ᠯᠡᠳᠬᠦ᠌ ᠰᠠᠭᠤᠷᠢᠨ ᠪᠣᠯᠵᠤ ᠰᠦᠨᠳᠡᠷᠯᠡᠬᠦ ᠪᠣᠯᠤᠨ᠎ᠠ᠃

ᠠᠯᠠᠱᠠ ᠠᠢᠮᠠᠭ ᠲᠦ᠍᠂ 160 ᠲᠦᠮᠡᠨ ᠺᠢᠯᠦᠸᠠᠲ ᠤ᠋ᠨ ᠰᠠᠯᠬᠢᠨ ᠬᠦᠴᠦᠨ ᠤ᠋ ᠴᠠᠬᠢᠯᠭᠠᠨ ᠤ᠋ ᠲᠦᠷᠦᠯ ᠵᠦᠢᠯ ᠤ᠋ᠨ ᠠᠩᠬᠠᠨ ᠤ᠋ ᠰᠠᠯᠬᠢᠨ ᠬᠦᠴᠦᠨ ᠤ᠋ ᠮᠠᠱᠢᠨ ᠢ᠋ ᠠᠮᠵᠢᠯᠲᠠ ᠲᠠᠶ ᠤᠭ᠍ᠰᠠᠷᠠᠪᠠ᠃ ᠲᠣᠰ ᠲᠥᠷᠥᠯ ᠵᠦᠶ᠋ᠯ ᠪᠣᠯ ᠤᠯᠤᠰ ᠤ᠋ᠨ ᠭᠣᠪᠢ ᠭᠠᠵᠠᠷ ᠴᠥᠯᠯᠡᠷᠬᠡᠭ ᠣᠷᠣᠨ ᠳ᠋ᠤ ᠪᠠᠢᠭᠤᠯᠤᠭᠰᠠᠨ ᠠᠩᠬᠠᠳᠠᠭ᠍ᠴᠢ ᠯᠤᠳᠤ ᠲᠣᠮᠣ ᠬᠡᠯᠪᠡᠷᠢ ᠶ᠋ᠢᠨ ᠪᠣᠬᠢᠷᠲᠤᠯ ᠥᠬᠡᠶ ᠴᠠᠬᠢᠯᠭᠠᠨ ᠬᠦᠴᠦᠨ ᠤ᠋ ᠲᠥᠷᠥᠯ ᠵᠦᠶ᠋ᠯ ᠪᠣᠯᠤᠨ᠎ᠠ᠃ ᠲᠥᠷᠥᠯ ᠵᠦᠶ᠋ᠯ ᠠᠱᠢᠭ᠍ᠯᠠᠯᠲᠠ ᠳ᠋ᠤ ᠤᠷᠤᠪᠡᠯ᠂ ᠵᠢᠯ ᠤ᠋ᠨ ᠲᠤᠤᠷ ᠲᠦ᠍ ᠨᠡᠢᠯᠡᠭᠦᠯᠬᠦ ᠴᠠᠬᠢᠯᠭᠠᠨ ᠤ᠋ ᠬᠡᠮᠵᠢᠶ᠎ᠡ 43 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍ ᠂ ᠡᠨᠡ ᠨᠢ ᠪᠠᠷᠢᠮᠵᠢᠶ᠎ᠠ ᠨᠡᠭᠦᠷᠡᠰᠦ ᠶ᠋ᠢ 157 ᠲᠦᠮᠡᠨ ᠲᠣᠨ ᠠᠷᠪᠢᠯᠠᠨ ᠂ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠢ᠋ 326 ᠲᠦᠮᠡᠨ ᠲᠣᠨ ᠳᠤᠳᠠᠭᠤ ᠭᠠᠳᠠᠭᠰᠢᠯᠠᠭᠤᠯᠬᠤ ᠪᠤᠯᠤᠨ᠎ᠠ᠃

ᠥᠨᠥᠳᠦᠷ ᠤ᠋ᠨ ᠲᠦᠷᠦᠯ ᠵᠦᠢᠯ ᠪᠣᠯ ᠮᠠᠷᠭᠠᠰᠢ ᠶ᠋ᠢᠨ ᠦᠢᠯᠡᠳᠪᠦᠷᠢᠯᠡᠯ ᠤ᠋ᠨ ᠬᠦᠴᠦᠨ᠂ ᠢᠷᠡᠭᠡᠳᠦᠢ ᠶ᠋ᠢᠨ ᠬᠥᠭ᠌ᠵᠢᠯᠲᠡ ᠶ᠋ᠢᠨ ᠰᠠᠭᠤᠷᠢ ᠪᠤᠯᠬᠤ ᠶᠤᠮ᠃ ᠠᠷᠭ᠎ᠠ ᠪᠤᠳᠤᠯᠭ᠎ᠠ ᠵᠢᠨ ᠬᠦᠴᠦᠳᠠᠢ ᠲᠤᠯᠭᠠᠭᠤᠷᠢᠯᠠᠯ ᠲᠤᠤᠷ᠎ᠠ ᠮᠠᠨ ᠤ᠋ ᠤᠷᠤᠨ ᠤ᠋ ᠠᠵᠤ ᠦᠢᠯᠡᠳᠪᠤᠷᠢ ᠵᠢᠨ ᠠᠵᠤ ᠠᠬᠤᠢ ᠵᠢᠨ ᠨᠤᠶᠠᠨ ᠨᠢᠷᠤᠭᠤ ᠠᠭᠠᠵᠢᠮ ᠵᠢᠡᠷ ᠰᠦᠨᠳᠡᠷᠯᠡᠨ ᠪᠤᠰᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号