ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠡᠭᠦᠷᠭᠡ ᠬᠠᠷᠢᠭᠤᠴᠠᠯᠭ᠎ᠠ᠎ᠪᠠᠨ ᠦᠯᠦ᠍ ᠭᠤᠲᠤᠭᠠᠵᠥ ᠶᠡᠬᠡ ᠲᠠᠯ᠎ᠠ᠎ᠳᠤ ᠦᠢᠯᠡᠴᠢᠯᠡᠬᠦ᠌ ᠳᠤᠮᠳᠠ ᠬᠢᠯᠢ ᠵᠢᠨ ᠪᠣᠭᠣᠮᠲᠠ᠎ᠶ᠋ᠢᠨ ᠡᠭᠦᠷᠭᠡᠯᠡᠯ᠎ᠢᠶᠡᠨ ᠴᠢᠩᠭᠠᠳᠭᠠᠵᠤ ᠬᠢᠯᠢ ᠵᠢᠨ ᠪᠣᠭᠣᠮᠲᠠ᠎ᠶ᠋ᠢᠨ ᠬᠦᠴᠦᠨ ᠴᠢᠳᠠᠯ ᠵᠢᠡᠨ ᠡᠷᠬᠦᠨ᠎ᠡ
2022-04-06 10:21:27
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

— ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ ᠵᠢᠨ ᠭᠡᠱᠢᠭᠦᠨ᠂ ᠡᠷᠢᠶᠡᠨ ᠬᠤᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠯᠢᠦ ᡁᠢ ᠫᠢᠩ᠎ᠢ ᠰᠤᠷᠪᠤᠯᠵᠢᠯᠠᠭ᠍ᠰᠠᠨ ᠨᠢ

ᠪᠦᠬᠦ᠌ ᠤᠯᠤᠰ᠎ᠤᠨ《ᠬᠣᠶᠠᠷ ᠬᠤᠷᠠᠯ》 ᠠᠮᠵᠢᠯᠲᠠ᠎ᠲᠠᠶ ᠲᠡᠭᠦᠰᠦᠭ᠌ᠰᠡᠨ᠎ᠦ ᠳᠠᠷᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ ᠵᠢᠨ ᠭᠡᠱᠢᠭᠦᠨ᠂ ᠡᠷᠢᠶᠡᠨ ᠬᠤᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠯᠢᠦ ᡁᠢ ᠫᠢᠩ ᠲᠤᠰ ᠰᠣᠨᠢᠨ᠎ᠤ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠪᠡ᠃

ᠯᠢᠦ ᡁᠢ ᠫᠢᠩ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠶᠡᠷᠦᠩᠬᠡᠢ ᠱᠠᠭᠠᠷᠳᠠᠯᠭ᠎ᠠ ᠳᠤᠷᠠᠳᠴᠤ᠌᠂ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠪᠢᠳᠡᠨ᠎ᠦ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠨᠡᠩ ᠰᠠᠢᠲᠤᠷ ᠠᠬᠢᠭᠤᠯᠬᠤ ᠶᠡᠷᠦᠩᠬᠡᠢ ᠵᠢᠷᠤᠮᠯᠠᠯ᠂ ᠶᠡᠷᠦᠩᠬᠡᠢ ᠵᠢᠯᠣᠭᠣᠳᠤᠮᠵᠢ᠂ ᠶᠡᠷᠦᠩᠬᠡᠢ ᠵᠦᠭ᠌ᠯᠡᠭᠦᠷ ᠪᠣᠯᠤᠨ᠎ᠠ᠃ ᠮᠠᠨ᠎ᠤ ᠤᠯᠤᠰ᠎ᠤᠨ ᠮᠣᠩᠭᠣᠯ ᠤᠯᠤᠰ᠎ᠯᠤᠭ᠎ᠠ ᠨᠡᠭᠡᠭᠡᠯᠲᠡ ᠬᠢᠭ᠌ᠰᠡᠨ ᠬᠠᠮᠤᠭ᠎ᠤᠨ ᠲᠣᠮᠣ ᠬᠢᠯᠢ ᠵᠢᠨ ᠪᠣᠭᠣᠮᠲᠠ ᠵᠢᠨ ᠬᠣᠲᠠ ᠪᠣᠯᠤᠭ᠍ᠰᠠᠨ᠎ᠤ ᠬᠤᠪᠢ᠎ᠳᠤ᠂ ᠡᠷᠢᠶᠡᠨ ᠬᠣᠲᠠ ᠪᠣᠯ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠮᠦᠨ᠎ᠡ ᠹᠷᠤᠨᠲ ᠪᠠ ᠴᠣᠩᠬᠣᠪᠴᠢ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠵᠠᠮ ᠪᠠ ᠬᠦᠶ᠋ᠰᠦ ᠪᠣᠯᠤᠨ᠎ᠠ᠃ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠦᠨ ᠰᠤᠷᠭᠠᠯ᠎ᠢ ᠪᠠᠲᠤ ᠴᠡᠭᠡᠵᠢᠯᠡᠵᠦ᠍᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ᠌ ᠳᠤᠮᠳᠠ ᠬᠢᠯᠢ ᠵᠢᠨ ᠪᠣᠭᠣᠮᠲᠠ᠎ᠶ᠋ᠢᠨ ᠡᠭᠦᠷᠭᠡᠯᠡᠯ᠎ᠢᠶᠡᠨ ᠴᠢᠩᠭᠠᠳᠭᠠᠵᠤ᠂ ᠬᠢᠯᠢ ᠵᠢᠨ ᠪᠣᠭᠣᠮᠲᠠ᠎ᠶ᠋ᠢᠨ ᠬᠦᠴᠦᠨ ᠴᠢᠳᠠᠯ᠎ᠢᠶᠠᠨ ᠡᠷᠭᠦᠵᠦ᠍᠂ ᠬᠢᠯᠢ ᠵᠢᠨ ᠪᠣᠭᠣᠮᠲᠠ᠎ᠶ᠋ᠢᠨ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠦᠨ᠎ᠡ᠃

ᠨᠢᠭᠡ᠂ 《ᠲᠠᠪᠤᠨ ᠵᠠᠢᠯᠠᠰᠢ ᠦᠬᠡᠢ ᠵᠠᠮᠨᠠᠬᠤ ᠵᠠᠮ》 ᠵᠢᠡᠷ ᠡᠷᠡᠰ ᠪᠠᠲᠤ ᠤᠬᠠᠮᠰᠠᠷ ᠡᠴᠡ᠎ᠪᠠᠨ ᠰᠠᠢᠲᠤᠷ ᠵᠠᠮᠨᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠲᠣᠳᠣᠷᠬᠠᠢᠯᠠᠨ ᠦᠬᠦᠯᠡᠭᠰᠡᠨ《ᠲᠠᠪᠤᠨ ᠵᠠᠢᠯᠠᠰᠢ ᠦᠬᠡᠢ ᠵᠠᠮᠨᠠᠬᠤ ᠵᠠᠮ》 ᠨᠢ ᠳᠤᠮᠳᠠᠳᠤ ᠤᠯᠤᠰ᠎ᠤᠨ ᠱᠢᠯᠭᠠᠯᠲᠠ᠎ᠶ᠋ᠢᠨ ᠬᠠᠭᠤᠳᠠᠰᠤ᠎ᠶ᠋ᠢᠨ ᠠᠷᠤ᠎ᠳᠠᠬᠢ ᠠᠮᠵᠢᠯᠲᠠ ᠤᠯᠤᠬᠰᠠᠨ ᠨᠢᠭᠤᠴᠠ ᠨᠣᠮᠧᠷ᠎ᠢ ᠭᠦᠨᠵᠡᠭᠡᠢ ᠢᠯᠡᠷᠡᠭᠦᠯᠵᠦ᠍᠂ ᠴᠢᠭ᠌ᠯᠡᠯ᠎ᠦᠨ ᠴᠢᠨᠠᠷᠲᠠᠢ᠂ ᠦᠨᠳᠦᠰᠦᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠴᠢᠬᠤᠯᠠ ᠶᠡᠬᠡ ᠨᠤᠲᠠᠯᠠᠯᠲᠠ ᠪᠠᠢᠵᠤ᠂ ᠪᠢᠳᠡᠨ᠎ᠦ《ᠥᠩᠭᠡᠷᠡᠭ᠌ᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ》ᠳᠣᠲᠣᠭᠠᠳᠤ ᠯᠣᠭᠢᠭ᠎ᠢ ᠲᠣᠳᠣᠷᠬᠠᠢ ᠣᠢᠯᠠᠭᠠᠬᠤ᠎ᠳᠤ ᠱᠢᠨᠵᠢᠯᠡᠬᠦ᠌ ᠤᠬᠠᠭᠠᠨᠴᠢ ᠬᠠᠷᠢᠭᠤᠯᠲᠠ ᠬᠠᠩᠭᠠᠭ᠍ᠰᠠᠨ ᠪᠥᠭᠡᠳ ᠪᠠᠰᠠ《ᠢᠷᠡᠭᠡᠳᠦᠢ᠎ᠳᠦ ᠪᠢᠳᠡ ᠶᠠᠭᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠬᠤ》ᠳ᠋ᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠱᠢᠨ᠎ᠡ ᠠᠶᠠᠨ᠎ᠳᠤ᠂ ᠪᠢᠳᠡ ᠡᠷᠬᠡᠪᠰᠢ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠲᠠᠪᠤᠨ ᠵᠠᠢᠯᠠᠰᠢ ᠦᠬᠡᠢ ᠵᠠᠮᠨᠠᠬᠤ  ᠵᠠᠮ》 ᠵᠢᠡᠷ ᠰᠠᠢᠲᠤᠷ ᠵᠠᠮᠨᠠᠬᠤ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭᠠᠨ᠎ᠤ ᠤᠬᠠᠮᠰᠠᠷ᠎ᠢᠶᠠᠨ ᠲᠠᠰᠤᠷᠠᠯᠲᠠ ᠥᠬᠡᠶ ᠴᠢᠩᠭᠠᠳᠬᠠᠨ᠎ᠠ᠃ ᠶᠡᠷᠦᠩᠬᠡᠶ ᠱᠦᠵᠢ᠎ᠶ᠋ᠢᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠶᠣᠰᠣᠭᠠᠷ᠂ ᠭᠠᠳᠠᠭᠠᠳᠤ ᠠᠷᠠᠯᠵᠢᠶ᠎ᠠ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌᠂ ᠤᠨᠴᠠᠯᠢᠬ᠍ᠳᠤ ᠠᠵᠤ ᠦᠶ᠋ᠯᠡᠰ᠎ᠢ ᠪᠣᠢᠵᠢᠭᠤᠯᠬᠤ᠂ ᠬᠦᠷᠢᠶᠡᠯᠡᠩ ᠲᠣᠭᠣᠷᠢᠭ᠎ᠤᠨ ᠲᠠᠪᠴᠠᠩ᠎ᠳᠤ ᠬᠦᠴᠦ ᠨᠡᠮᠡᠷᠢᠯᠡᠬᠦ᠌᠂ ᠬᠢᠯᠢ ᠵᠢᠨ ᠪᠣᠭᠣᠮᠲᠠ᠎ᠶ᠋ᠢᠨ ᠬᠦᠶ᠋ᠰᠦ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠳᠣᠲᠣᠭᠠᠳᠤ ᠭᠠᠳᠠᠭᠠᠳᠤ᠎ᠶ᠋ᠢ ᠣᠷᠴᠢᠯᠳᠤᠭᠤᠯᠤᠨ ᠬᠥᠳᠡᠯᠦᠯᠴᠡᠬᠦ᠌᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ ᠱᠢᠪᠲᠤᠯᠤᠯᠲᠠ ᠬᠢᠬᠦ᠌᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠨᠡᠭᠡᠭᠡᠯᠲᠡ ᠬᠢᠵᠦ᠍ ᠰᠣᠯᠢᠯᠴᠠᠭ᠎ᠠ ᠬᠢᠵᠦ᠍ ᠬᠠᠮᠲᠤᠷᠠᠯᠴᠠᠬᠤ 《ᠨᠠᠶ᠋ᠮᠠᠨ ᠵᠦᠶ᠋ᠯ᠎ᠦᠨ ᠭᠤᠤᠯᠳᠠᠯᠭ᠎ᠠ᠎ᠲᠠᠶ ᠢᠨᠵᠧᠨᠧᠷᠢᠩ》 ᠢ᠋ ᠶᠡᠬᠡ᠎ᠪᠡᠷ ᠬᠡᠷᠡᠭ᠌ᠵᠢᠭᠦᠯᠵᠦ᠍᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠤᠯᠬᠤ ᠴᠡᠭ᠎ᠢ ᠲᠦᠷᠭᠡᠳᠭᠡᠨ ᠪᠠᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠨ᠎ᠠ᠃

ᠬᠣᠶᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠴᠣᠭ᠍ᠴᠠᠯᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ᠌ ᠮᠥᠷᠲᠡᠭᠡᠨ ᠪᠠᠰᠠ ᠶᠡᠬᠡ ᠬᠡᠮᠵᠢᠶᠡᠨ᠎ᠦ 《ᠵᠦᠭᠡᠯᠡᠨ ᠪᠤᠷᠤᠭᠠᠨ ᠲᠦᠮᠡᠨ ᠪᠤᠳᠠᠰ᠎ᠢ ᠤᠮᠳᠠᠯᠠᠬᠤ》 ᠶᠠᠪᠤᠳᠠᠯ᠎ᠢ ᠬᠢᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃ ᠡᠷᠢᠶᠡᠨ ᠬᠣᠲᠠ᠎ᠶ᠋ᠢᠨ ᠨᠡᠭᠦᠳᠡᠯ ᠬᠥᠮᠦᠨ ᠠᠮᠠ ᠣᠯᠠᠨ᠂ ᠭᠠᠳᠠᠨ᠎ᠠ᠎ᠡᠴᠡ ᠢᠷᠡᠭ᠌ᠰᠡᠨ ᠬᠥᠮᠦᠨ ᠠᠮᠠ ᠠᠷᠪᠢᠨ ᠪᠣᠯᠬᠣᠷ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠱᠠᠭᠠᠷᠳᠠᠯᠭ᠎ᠠ᠎ᠶ᠋ᠢ ᠲᠡᠦᠬᠡ ᠰᠣᠶᠣᠯ᠎ᠤᠨ ᠤᠬᠠᠭᠤᠯᠭ᠎ᠠ ᠬᠥᠮᠦᠵᠢᠯ᠂ ᠣᠯᠠᠨ ᠨᠡᠢᠲᠡ᠎ᠶ᠋ᠢᠨ ᠰᠣᠶᠣᠯ᠎ᠤᠨ ᠲᠦᠬᠦᠭᠡᠷᠤᠮᠵᠢ ᠵᠢᠨ ᠪᠥᠲᠥᠭᠡᠨ ᠪᠠᠢᠭᠤᠯᠤᠯᠲᠠ᠂ ᠬᠣᠲᠠ ᠶ᠋ᠢᠨ ᠪᠡᠯᠭᠡ ᠲᠡᠮᠳᠡᠭ᠎ᠦᠨ ᠴᠢᠨᠠᠷᠲᠠᠶ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠂ ᠵᠢᠭᠤᠯᠴᠢᠯᠠᠯ ᠎ᠤᠨ ᠦᠵᠡᠮᠵᠢ᠎ᠶ᠋ᠢᠨ ᠦᠵᠡᠭᠦᠯᠭᠡ ᠵᠡᠷᠭᠡ ᠡᠯ᠎ᠡ ᠲᠠᠯ᠎ᠠ᠎ᠳᠤ ᠲᠤᠭᠤᠰᠢᠯᠠᠭᠤᠯᠵᠤ᠂ ᠺᠠᠳ᠋ᠷ᠎ᠤᠨ ᠪᠣᠯᠪᠠᠰᠤᠷᠠᠯ᠂ ᠰᠤᠷᠤᠭ᠍ᠴᠢᠳ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠂ ᠬᠣᠲᠠ ᠶ᠋ᠢᠨ ᠠᠷᠠᠳ᠎ᠤᠨ ᠡᠳᠦᠷ ᠲᠤᠲᠤᠮ᠎ᠤᠨ ᠤᠬᠠᠭᠤᠯᠤᠨ ᠲᠠᠢᠯᠪᠤᠷᠢᠯᠠᠬᠤ ᠵᠡᠷᠭᠡ ᠡᠯ᠎ᠡ ᠬᠦᠷᠢᠶᠡᠨ᠎ᠳᠦ ᠠᠭᠤᠰᠤᠯᠴᠠᠭᠤᠯᠵᠤ᠂ ᠡᠯ᠎ᠡ ᠵᠦᠶ᠋ᠯ᠎ᠦᠨ ᠠᠵᠢᠯ᠎ᠢ ᠪᠣᠳᠠᠲᠠᠶ ᠪᠥᠭᠡᠳ ᠨᠠᠷᠢᠯᠢᠭ ᠠᠳᠭᠤᠵᠤ᠂ ᠦᠨᠡᠨ ᠬᠦ᠌ ᠢᠯᠡ ᠲᠣᠳᠣ᠂ ᠲᠥᠷᠥᠭ᠌ᠳᠡᠯ᠎ᠲᠡᠶ᠂ ᠪᠦᠲᠦᠮᠵᠢᠲᠡᠶ ᠥᠷᠨᠢᠭᠦᠯᠬᠦ᠌᠎ᠶ᠋ᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠶ᠋ᠢᠨ ᠳᠦᠷᠢᠮ᠎ᠢ ᠭᠦᠨᠵᠡᠭᠡᠶ ᠲᠤᠭᠤᠰᠢᠯᠠᠭᠤᠯᠵᠤ᠂ ᠪᠦᠬᠦ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠡᠭᠦᠳᠦᠨ ᠪᠠᠢᠭᠤᠯᠬᠤ᠎ᠪᠠᠷ ᠬᠠᠷᠠᠯᠲᠠ ᠪᠣᠯᠭᠠᠨ᠂ ᠨᠡᠢᠭᠡᠮ ᠲᠣᠭᠣᠷᠢᠭ᠂ ᠰᠤᠷᠭᠠᠭᠤᠯᠢ ᠵᠡᠷᠭᠡ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠎ᠲᠤ ᠲᠦᠱᠢᠭ᠌ᠯᠡᠵᠦ᠍᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ ᠵᠡᠷᠭᠡ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠡᠬᠢ ᠪᠣᠶ ᠪᠣᠯᠭᠠᠨ᠎ᠠ᠃

ᠭᠤᠷᠪᠠ᠂ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠬᠣᠷᠢᠭ᠎ᠠ ᠱᠤᠭᠤᠮ᠎ᠢ ᠡᠷᠡᠰ ᠰᠠᠬᠢᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠪᠠ ᠭᠡᠨᠡᠳᠲᠡ᠎ᠶ᠋ᠢᠨ ᠴᠢᠨᠠᠷᠲᠠᠶ ᠬᠢᠵᠢᠭ᠎ᠦᠨ ᠪᠠᠢᠳᠠᠯ᠎ᠢ ᠪᠠᠴᠢᠮ ᠠᠷᠭᠠᠴᠠᠭᠠᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠢᠯᠢ ᠵᠢᠨ ᠪᠣᠭᠣᠮᠲᠠ᠎ᠶ᠋ᠢᠨ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠭᠤᠤᠯᠳᠠᠯᠭ᠎ᠠ᠎ᠶ᠋ᠢ ᠳᠣᠪᠣᠢᠯᠭᠠᠵᠤ᠂ ᠬᠢᠵᠢᠭ᠎ᠦᠨ ᠪᠠᠢᠳᠠᠯ ᠳᠠᠬᠢᠨ ᠡᠭᠦᠰᠭᠦ ᠥᠬᠡᠶ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠪᠢᠳᠡ《ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠳᠠᠬᠢᠨ ᠡᠭᠦᠰᠬᠦ᠎ᠶ᠋ᠢ ᠰᠡᠷᠭᠡᠢᠯᠡᠬᠦ᠌》 ᠶᠡᠷᠦᠩᠬᠡᠶ ᠠᠷᠭ᠎ᠠ ᠪᠣᠳᠣᠯᠭ᠎ᠠ ᠪᠣᠯᠤᠨ 《ᠡᠪᠡᠳᠴᠢᠨ ᠤ᠋ ᠵᠢᠱ᠌ᠢᠶ᠎ᠡ ᠵᠢ ᠳᠠᠷᠤᠢ ᠲᠦᠷᠭᠡᠨ ᠦᠭᠡᠢ ᠪᠤᠯᠭᠠᠬᠤ》 ᠶᠡᠷᠦᠩᠬᠡᠶ ᠴᠢᠭ᠌ᠯᠡᠯᠲᠡ᠎ᠶ᠋ᠢ ᠢᠮᠠᠭ᠍ᠲᠠ ᠭᠤᠢᠪᠢᠰᠢ ᠥᠬᠡᠶ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠂ ᠤᠳᠠᠭᠠᠨ ᠳᠠᠭᠠᠭᠠᠮᠠᠭᠠᠶ ᠳᠠᠢᠯᠠᠯᠳᠤᠭᠠᠨ᠎ᠢ ᠡᠷᠡᠰ ᠬᠦᠴᠦᠲᠡᠶ ᠰᠠᠢᠲᠤᠷ ᠬᠢᠵᠦ᠍ ᠢᠯᠠᠯᠲᠠ ᠣᠯᠤᠨ᠎ᠠ᠃ ᠨᠢᠭᠡ ᠲᠠᠯ᠎ᠠ᠎ᠪᠠᠷ᠂ ᠬᠢᠯᠢ᠎ᠳᠦ ᠣᠷᠣᠬᠤ ᠬᠢᠯᠢ᠎ᠶ᠋ᠢᠨ ᠪᠠᠢᠴᠠᠭᠠᠯᠲᠠ᠎ᠶ᠋ᠢᠨ ᠲᠠᠯᠠᠪᠠᠶ ᠪᠠ《ᠲᠡᠭ ᠺᠢᠯᠣᠮᠧᠲ᠋ᠷ》᠎ᠤ᠋ᠨ ᠠᠵᠢᠯ᠎ᠤᠨ ᠲᠣᠭᠣᠷᠢᠭ᠂ ᠬᠢᠯᠢ ᠵᠢᠨ ᠪᠣᠭᠣᠮᠲᠠ᠎ᠶ᠋ᠢᠨ ᠪᠢᠲᠡᠭᠦᠮᠵᠢᠯᠡᠭᠰᠡᠨ ᠬᠠᠮᠢᠶᠠᠷᠤᠯᠲᠠ᠎ᠶ᠋ᠢᠨ ᠲᠣᠭᠣᠷᠢᠭ᠂ ᠬᠣᠲᠠ᠎ᠶ᠋ᠢᠨ ᠣᠷᠣᠵᠤ ᠭᠠᠷᠬᠤ ᠭᠠᠵᠠᠷ ᠵᠡᠷᠭᠡ ᠭᠤᠷᠪᠠᠨ ᠲᠠᠯ᠎ᠠ᠎ᠡᠴᠡ ᠭᠠᠷᠳᠠᠵᠤ᠂ ᠬᠥᠮᠦᠨ᠎ᠦ ᠰᠡᠷᠭᠡᠢᠯᠡᠯᠲᠡ᠂ ᠪᠣᠳᠠᠰ᠎ᠤᠨ ᠰᠡᠷᠭᠡᠢᠯᠡᠯᠲᠡ᠂ ᠮᠡᠷᠭᠡᠵᠢᠯ᠎ᠦᠨ ᠰᠡᠷᠭᠡᠢᠯᠡᠯᠲᠡ᠎ᠶ᠋ᠢᠨ 《ᠬᠠᠮᠠᠭᠠᠯᠠᠯᠲᠠ᠎ᠶ᠋ᠢᠨ ᠲᠤᠤᠷ》 ᠢ᠋ ᠤᠯᠠᠮ ᠨᠢᠭᠡ ᠠᠯᠬᠤᠮ ᠪᠠᠲᠤ ᠪᠠᠬᠢ ᠰᠦᠯᠵᠢᠵᠦ᠍᠂ 《ᠦᠯᠦ ᠬᠠᠯᠳᠠᠪᠤᠷᠢᠯᠠᠨ ᠣᠷᠣᠵᠤ ᠢᠷᠡᠬᠦ᠂ ᠭᠠᠳᠠᠭᠰᠢ ᠪᠡᠨ ᠦᠯᠦ ᠲᠠᠷᠬᠠᠵᠦ ᠲᠡᠯᠭᠡᠷᠡᠬᠦ》 ᠶ᠋ᠢ ᠦᠨᠡᠨ ᠬᠦ᠌ ᠪᠠᠲᠤᠯᠠᠨ᠎ᠠ᠃ ᠨᠥᠭᠥᠭᠡ ᠲᠠᠯ᠎ᠠ᠎ᠪᠠᠷ᠂ ᠪᠣᠭᠣᠮᠲᠠ᠎ᠪᠠᠷ ᠥᠩᠭᠡᠷᠡᠬᠦ᠌ ᠵᠠᠭ᠍ᠪᠤᠷ᠎ᠲᠤ ᠥᠭᠡᠷᠡᠴᠢᠯᠡᠯᠲᠡ ᠬᠢᠬᠦ᠌᠂ ᠠᠷᠢᠭᠤᠳᠭᠠᠬᠤ ᠲᠠᠷᠠᠭᠠᠯᠠᠯ᠎ᠢ ᠵᠢᠷᠤᠮᠵᠢᠭᠤᠯᠬᠤ᠂ ᠪᠥᠭᠡᠮ ᠬᠦᠴᠢᠯ᠎ᠦᠨ ᠪᠠᠢᠴᠠᠭᠠᠨ ᠬᠡᠮᠵᠢᠯᠲᠡ᠎ᠶ᠋ᠢ ᠨᠢᠭᠤᠴᠠᠯᠠᠬᠤ᠂ ᠨᠠᠷᠢᠨ ᠣᠨᠣᠪᠴᠢᠲᠠᠶ ᠪᠡᠷ ᠲᠠᠬᠤᠯ ᠡᠪᠡᠳᠴᠢᠨ᠎ᠢ ᠪᠠᠢᠴᠠᠭᠠᠨ ᠡᠬᠢ ᠡᠭᠦᠰᠦᠯ ᠢ᠋ ᠮᠦᠷᠳᠡᠬᠦ ᠵᠡᠷᠭᠡ ᠲᠠᠯ᠎ᠠ᠎ᠡᠴᠡ ᠭᠠᠷᠳᠠᠵᠤ᠂ 《ᠬᠥᠮᠦᠨ᠂ ᠪᠣᠳᠠᠰ᠂ ᠣᠷᠴᠢᠨ ᠲᠣᠭᠣᠷᠢᠨ᠎ᠤ ᠬᠠᠮᠲᠤ᠎ᠪᠠᠷ ᠰᠡᠷᠭᠡᠢᠯᠡᠬᠦ᠌》ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠴᠢᠩᠭᠠᠳᠭᠠᠵᠤ᠂ ᠪᠠᠢᠩᠭᠤᠵᠢᠭ᠍ᠰᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃

ᠲᠦᠷᠪᠡ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ ᠡᠭᠦᠷᠢᠳᠡ ᠵᠤᠬ᠍ᠰᠤᠰᠢ ᠦᠭᠡᠢ ᠪᠠᠢᠬᠤ ᠰᠡᠷᠭᠡᠭ ᠪᠥᠭᠡᠳ ᠡᠷᠡᠰ ᠪᠠᠲᠤ ᠪᠠᠢᠬᠤ ᠵᠢ ᠪᠠᠷᠢᠮᠳᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠪᠢᠳᠡ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠰᠠᠢᠲᠤᠷ ᠬᠡᠷᠡᠭ᠌ᠯᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ ᠡᠨᠡ ᠬᠦ᠌ ᠰᠠᠭᠤᠷᠢ ᠴᠢᠨᠠᠷᠲᠠᠶ ᠢᠨᠵᠧᠨᠧᠷᠢᠩ᠎ᠢ ᠨᠠᠷᠢᠨ ᠬᠢᠨᠠᠮᠠᠭᠠᠶ ᠰᠠᠢᠲᠤᠷ ᠠᠳᠭᠤᠵᠤ᠂ ᠭᠤᠤᠯᠳᠠᠯᠭ᠎ᠠ᠎ᠲᠠᠶ ᠠᠰᠠᠭᠤᠳᠠᠯ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌《ᠲᠤᠩᠬᠠᠭ ᠨᠡᠢᠲᠡᠯᠡᠨ ᠲᠦᠷᠦᠭᠦᠯᠡᠨ ᠬᠢᠬᠦ》ᠠᠵᠢᠯ᠎ᠢ ᠨᠠᠷᠢᠨ ᠨᠢᠮᠪᠠᠶ ᠪᠠᠢᠷᠢᠯᠠᠭᠤᠯᠤᠨ ᠰᠠᠢᠲᠤᠷ ᠥᠷᠨᠢᠭᠦᠯᠵᠦ᠍᠂《ᠭᠤᠷᠪᠠᠨ ᠬᠦᠴᠦᠷᠬᠡᠭ ᠭᠤᠷᠪᠠᠨ ᠱᠢᠯᠢᠳᠡᠭ》ᠤ᠋ᠨ ᠱᠠᠭᠠᠷᠳᠠᠯᠭ᠎ᠠ ᠶᠣᠰᠣᠭᠠᠷ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠦᠨᠡᠨ ᠬᠦ᠌ ᠪᠠᠲᠤ ᠴᠢᠩᠭ᠎ᠠ ᠳᠠᠢᠴᠢᠨ ᠪᠡᠬᠢᠯᠡᠯᠲᠡ ᠪᠣᠯᠭᠠᠬᠤ᠎ᠶ᠋ᠢ ᠠᠬᠢᠭᠤᠯᠤᠨ᠎ᠠ᠃ ᠢᠯᠵᠠᠷᠠᠬᠤ᠎ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠰᠠᠨᠠᠯ ᠵᠥᠪᠯᠡᠯᠭᠡ᠎ᠪᠡᠷ ᠥᠭᠡᠷᠡᠴᠢᠯᠡᠯᠲᠡ᠎ᠶ᠋ᠢ ᠠᠬᠢᠭᠤᠯᠬᠤ ᠪᠠ ᠮᠥᠩᠭᠥᠨ ᠭᠦᠢᠯᠭᠡᠭᠡ᠂ ᠠᠮᠤ ᠪᠤᠳᠠᠭ᠎ᠠ᠂ ᠬᠠᠩᠭᠠᠨ ᠪᠣᠷᠣᠯᠠᠭᠤᠯᠬᠤ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠢᠯᠵᠠᠷᠠᠯ᠎ᠤᠨ ᠲᠤᠰᠭᠠᠢ ᠵᠠᠰᠠᠯᠲᠠ᠎ᠶ᠋ᠢ ᠭᠦᠨᠵᠡᠭᠡᠢ ᠥᠷᠨᠢᠭᠦᠯᠵᠦ᠍᠂ ᠺᠠᠳ᠋ᠷ᠎ᠤᠨ ᠡᠳᠦᠷ ᠲᠤᠳᠤᠮ᠎ᠤᠨ ᠬᠢᠨᠠᠯᠲᠠ᠎ᠶ᠋ᠢ ᠴᠢᠩᠭᠠᠳᠭᠠᠵᠤ᠂ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号