ᠨᠠᠷᠠᠨᠲᠤᠶᠠᠭ᠎ᠠ᠄ ᠨᠠᠮ᠎ᠤᠨ ᠲᠥᠪ ᠬᠣᠷᠢᠶᠠᠨ᠎ᠤ ᠬᠠᠢᠷ᠎ᠠ ᠬᠠᠯᠠᠮᠵᠢ᠎ᠶᠢ ᠳᠡᠷᠭᠡᠳᠡᠬᠢ ᠬᠥᠮᠦᠨ ᠨᠢᠭᠡᠪᠦᠷᠢ᠎ᠳᠡᠭᠡᠨ ᠬᠦᠷᠭᠡᠨ᠎ᠡ
2022-04-06 10:34:40
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 30 ᠤ᠋ ᠡᠳᠦᠷ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ᠎ᠶᠢᠨ ᠪᠠᠭᠰᠢ ᠨᠠᠷᠠᠨᠲᠤᠶᠠᠭ᠎ᠠ ᠤᠷᠠᠳ᠎ᠤᠨ ᠡᠮᠦᠨᠡᠲᠦ ᠬᠣᠰᠢᠭᠤᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ᠎ᠳᠤ ᠬᠦᠷᠴᠦ᠂ ᠦᠨᠳᠦᠰᠦᠨ ᠱᠠᠲᠤᠨ᠎ᠤ ᠭᠠᠢᠯᠢ᠎ᠶᠢᠨ ᠶᠠᠪᠤᠳᠠᠯ᠎ᠤᠨ ᠠᠵᠢᠯᠲᠠᠳ᠎ᠲᠤ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠵᠤ᠂ ᠨᠠᠮ᠎ᠤᠨ ᠲᠥᠪ ᠬᠣᠷᠢᠶ᠎ᠠ ᠪᠣᠯᠤᠨ ᠤᠯᠤᠰ᠎ᠤᠨ ᠰᠠᠢᠨ ᠲᠥᠷᠥ᠎ᠶᠢᠨ ᠪᠣᠳᠣᠯᠭ᠎ᠠ᠂ ᠰᠠᠢᠨ ᠴᠢᠮᠡᠭᠡ᠎ᠵᠢ ᠦᠨᠳᠦᠰᠦᠨ ᠱᠠᠲᠤᠨ᠎ᠳᠤ ᠳᠠᠮᠵᠢᠭᠤᠯᠪᠠ᠃

ᠨᠠᠷᠠᠨᠲᠤᠶᠠᠭ᠎ᠠ ᠵᠢᠷᠤᠭ ᠦᠰᠦᠭ᠎ᠢ ᠬᠤᠤᠰᠯᠠᠭᠤᠯᠤᠭᠰᠠᠨ PPT ᠎ᠵᠢᠡᠷ ᠳᠡᠮᠵᠢᠭᠤᠯᠵᠦ᠂ ᠲᠥᠬᠥᠮ ᠣᠢᠯᠠᠭᠠᠮᠵᠢᠲᠠᠶ ᠦᠭᠡ ᠬᠡᠯᠡ᠎ᠪᠡᠷ ᠶᠡᠬᠡ ᠬᠤᠷᠠᠯ᠎ᠤᠨ ᠦᠨᠳᠦᠰᠦᠨ ᠪᠠᠢᠳᠠᠯ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠬᠡ ᠬᠤᠷᠠᠯ᠎ᠤᠨ ᠡᠯ᠎ᠡ ᠵᠦᠢᠯ᠎ᠦᠨ ᠮᠡᠳᠡᠭᠦᠯᠦᠯᠲᠡ᠂ ᠬᠤᠷᠠᠯ᠎ᠤᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠠᠵᠢᠯᠯᠠᠭ᠎ᠠ᠎ᠶᠢᠨ ᠪᠠᠢᠳᠠᠯ ᠵᠡᠷᠭᠡ ᠳᠥᠷᠪᠡᠨ ᠲᠠᠯ᠎ᠠ᠎ᠡᠴᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠣᠷᠢᠭ ᠰᠠᠨᠠᠭ᠎ᠠ ᠪᠣᠯᠤᠨ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠬᠤᠷᠠᠯ᠎ᠤᠨ ᠵᠣᠷᠢᠭ ᠰᠠᠨᠠᠭ᠎ᠠ᠎ᠶᠢ ᠠᠮᠢᠳᠤᠯᠢᠭ ᠪᠥᠭᠡᠳ ᠪᠥᠬᠥ ᠲᠠᠯ᠎ᠠ᠎ᠪᠠᠷ ᠲᠣᠳᠣᠷᠬᠠᠢᠯᠠᠨ ᠥᠭᠦᠯᠡᠵᠦ᠂ ᠲᠤᠬᠠᠶ᠎ᠶᠢᠨ ᠲᠠᠯᠠᠪᠠᠶ᠎ᠳᠤ ᠶᠠᠷᠢᠶ᠎ᠠ ᠢᠯᠡᠳᠬᠡᠯ ᠰᠣᠨᠣᠰᠤᠭᠰᠠᠨ ᠬᠥᠮᠦᠰ ᠲᠦ᠍ ᠯᠤᠳᠤ ᠶᠡᠬᠡ ᠵᠣᠷᠢᠭᠵᠢᠭᠤᠯᠤᠯ ᠤᠯᠭᠤᠭᠰᠠᠨ ᠪᠠᠢᠨ᠎ᠠ᠃ ᠤᠯᠠᠨ᠎ᠢᠶᠠᠷ᠎ᠢᠶᠠᠨ᠂ ᠨᠠᠷᠠᠨᠲᠤᠶᠠᠭ᠎ᠠ ᠪᠠᠭᠰᠢ ᠮᠠᠰᠢ ᠰᠠᠢᠬᠠᠨ ᠶᠠᠷᠢᠯ᠎ᠠ᠂ ᠪᠠᠭᠰᠢ᠎ᠶᠢᠨ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶᠢᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠶ ᠪᠣᠯᠵᠠᠢ᠂ ᠬᠣᠢᠰᠢᠳᠠ ᠯᠠᠪᠲᠠᠢ ᠥᠪᠡᠷ᠎ᠦᠨ ᠠᠵᠢᠯ᠎ᠲᠠᠶ᠎ᠪᠠᠨ ᠤᠶᠠᠯᠳᠤᠭᠤᠯᠵᠤ᠂ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ ᠨᠠᠢᠳᠠᠪᠤᠷᠢᠵᠢᠭᠤᠯᠤᠨ᠎ᠠ ᠭᠡᠵᠦ ᠢᠯᠡᠳᠬᠡᠵᠡᠭᠡᠪᠡ᠃

ᠤᠷᠠᠳ᠎ᠤᠨ ᠡᠮᠦᠨᠡᠲᠦ ᠬᠣᠰᠢᠭᠤᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶᠠᠨ᠎ᠤ ᠨᠠᠮ᠎ᠤᠨ ᠬᠣᠷᠢᠶᠠᠨ᠎ᠤ ᠱᠦᠵᠢ ᠲᠣᠪᠴᠢᠶᠠᠨ ᠳᠠᠷᠤᠭ᠎ᠠ ᠭᠦᠸᠧ ᠵᠢᠶᠦ᠋ᠨ᠄ 《ᠨᠠᠷᠠᠨᠲᠤᠶᠠᠭ᠎ᠠ ᠪᠠᠭᠰᠢ ᠨᠠᠩ ᠰᠢᠭᠤᠳ ᠬᠠᠷᠠᠭᠠᠰᠤ᠎ᠠᠴᠠ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶᠢ ᠪᠢᠳᠡᠨ ᠳ᠋ᠦ ᠰᠣᠨᠣᠰᠬᠠᠵᠦ ᠰᠤᠷᠤᠯᠴᠠᠭᠤᠯᠪᠠ᠂ ᠪᠢᠳᠡ ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠪᠥᠬᠥ ᠲᠠᠯ᠎ᠠ᠎ᠶᠢᠨ ᠭᠠᠢᠯᠢ ᠲᠠᠲᠠᠪᠤᠷᠢ᠎ᠶᠢᠨ ᠠᠵᠢᠯ᠎ᠤᠨ ᠤᠯᠤᠰ ᠲᠥᠷᠥ᠎ᠶᠢᠨ ᠵᠣᠭᠰᠣᠴᠠ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 〈ᠬᠣᠶᠠᠷ ᠬᠤᠷᠠᠯ〉 ᠎ᠤ᠋ᠨ ᠵᠣᠷᠢᠭ ᠰᠠᠨᠠᠭᠠᠨ᠎ᠤ ᠮᠥᠨ ᠴᠢᠨᠠᠷ ᠪᠣᠯᠤᠨ ᠭᠤᠤᠯ ᠠᠭᠤᠯᠭ᠎ᠠ᠎ᠶᠢ ᠭᠦᠨᠵᠡᠭᠡᠶ ᠤᠢᠯᠠᠭᠠᠨ ᠡᠵᠡᠮᠰᠢᠵᠦ᠂ ᠭᠠᠢᠯᠢ ᠲᠠᠲᠠᠪᠤᠷᠢ᠎ᠶᠢᠨ ᠠᠵᠢᠯ᠎ᠤᠨ ᠪᠠᠢᠷᠢ ᠲᠣᠭᠲᠠᠭᠠᠯᠲᠠ᠎ᠶᠢ ᠣᠨᠣᠪᠴᠢᠲᠠᠶ ᠤᠯᠬᠤ᠎ᠶᠢᠨ ᠬᠠᠮᠲᠤ᠂ ᠣᠷᠣᠨ ᠨᠤᠲᠤᠭ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠠᠩ ᠣᠨᠣᠴᠠᠲᠠᠶ ᠰᠠᠢᠲᠤᠷ ᠦᠢᠯᠡᠴᠢᠯᠡᠨ᠎ᠡ᠃ 2022 ᠣᠨ ᠪᠣᠯ ᠠᠷᠠᠳ ᠎ᠲᠤ ᠲᠥᠬᠥᠮ ᠦᠵᠡᠭᠦᠯᠬᠦ ᠭᠠᠢᠯᠢ ᠭᠦᠢᠴᠡᠳᠬᠡᠬᠦ ᠤᠷᠢᠬᠠᠨ ᠰᠠᠯᠬᠢᠨ᠎ᠤ ᠠᠵᠢᠯᠯᠠᠭ᠎ᠠ᠎ᠶᠢ ᠬᠡᠷᠡᠭᠵᠢᠭᠦᠯᠬᠦ ᠶᠢᠰᠦᠳᠦᠭᠡᠷ ᠵᠢᠯ᠂ ᠭᠠᠢᠯᠢ ᠲᠠᠲᠠᠪᠤᠷᠢ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠣᠭᠣᠮᠲᠠ ᠰᠢᠪᠲᠤᠯᠬᠤ ᠵᠢᠯ ᠪᠠᠢᠵᠤ᠂ ᠨᠠᠩ᠎ᠴᠤ ᠬᠠᠮ ᠬᠡᠯᠪᠡᠷᠢ᠎ᠶᠢᠨ ᠭᠠᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠠᠩᠭᠢᠯᠠᠭ᠎ᠠ᠎ᠶᠢᠨ ᠵᠢᠯ ᠮᠥᠨ᠃ ᠮᠠᠨ᠎ᠤ ᠭᠠᠢᠯᠢ᠎ᠶᠢᠨ ᠶᠠᠪᠤᠳᠠᠯ᠎ᠤᠨ ᠠᠵᠢᠯᠲᠠᠨ 〈ᠬᠣᠶᠠᠷ ᠬᠤᠷᠠᠯ〉᠎ᠤ᠋ᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠠᠵᠤ ᠠᠬᠤᠶ᠎ᠶᠢᠨ ᠬᠥᠭᠵᠢᠯᠲᠡ᠎ᠶᠢᠨ ᠰᠢᠨ᠎ᠡ ᠪᠠᠢᠳᠠᠯ᠂ ᠭᠠᠢᠯᠢ ᠲᠠᠲᠠᠪᠤᠷᠢ᠎ᠶᠢᠨ ᠠᠵᠢᠯ᠎ᠤᠨ ᠰᠢᠨ᠎ᠡ ᠡᠭᠦᠷᠭᠡ᠂ ᠠᠷᠠᠳ ᠣᠯᠠᠨ᠎ᠤ ᠰᠢᠨ᠎ᠡ ᠬᠡᠷᠡᠭᠴᠡᠭᠡ᠎ᠶᠢ ᠣᠨᠣᠪᠴᠢᠲᠠᠶ ᠡᠵᠡᠮᠳᠡᠵᠦ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠬᠤ ᠳᠤᠮᠳᠠ᠂ ᠭᠠᠢᠯᠢ ᠲᠠᠲᠠᠪᠤᠷᠢ᠎ᠶᠢᠨ ᠠᠵᠢᠯ᠎ᠤᠨ ᠴᠢᠨᠠᠷ ᠰᠠᠢᠲᠠᠶ ᠬᠥᠭᠵᠢᠯᠲᠡ᠎ᠶᠢ ᠲᠠᠰᠤᠷᠠᠯᠲᠠ ᠥᠬᠡᠶ ᠠᠬᠢᠭᠤᠯᠵᠤ᠂ ᠬᠡᠬᠦᠳᠡᠭ ᠳᠦᠭᠦᠷᠡᠩ ᠵᠣᠷᠢᠭ ᠰᠠᠨᠠᠭ᠎ᠠ᠂ ᠪᠣᠳᠠᠲᠠᠶ᠎ᠶᠢ ᠡᠷᠬᠢᠮᠯᠡᠬᠦ ᠰᠤᠷᠲᠠᠯ᠂ ᠯᠠᠪᠳᠠᠭᠤᠨ ᠪᠠᠲᠤᠲᠠᠶ ᠠᠮᠵᠢᠯᠲᠠ ᠪᠦᠲᠦᠮᠵᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶᠢ ᠤᠭᠲᠤᠬᠤ ᠪᠣᠯᠤᠨ᠎ᠠ》 ᠬᠡᠵᠦ  ᠬᠡᠯᠡᠨ᠎ᠡ᠃

ᠨᠠᠷᠠᠨᠲᠤᠶᠠᠭ᠎ᠠ᠄《ᠥᠨᠥᠳᠦᠷ ᠤᠯᠠᠨ᠎ᠲᠠᠶ ᠬᠠᠮᠲᠤ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠤᠨ ᠬᠢᠨᠡᠨ ᠵᠦᠪᠯᠡᠬᠦ᠎ᠳᠦ ᠤᠷᠤᠯᠴᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶᠢ ᠲᠠᠪᠲᠠᠨ ᠰᠤᠷᠤᠯᠴᠠᠬᠰᠠᠨ᠎ᠳᠠᠭᠠᠨ ᠮᠠᠰᠢ ᠪᠠᠶᠠᠷᠯᠠᠵᠤ ᠪᠠᠢᠨ᠎ᠠ᠂ ᠬᠢᠯᠢ ᠬᠢᠵᠠᠭᠠᠷ᠎ᠤᠨ ᠴᠥᠭᠡᠨ ᠲᠣᠭᠠᠲᠤ ᠦᠨᠳᠦᠰᠦᠲᠡᠨ᠎ᠦ ᠭᠠᠵᠠᠷ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ ᠎ᠳᠤ᠂ ᠨᠠᠮ᠎ᠤᠨ ᠲᠥᠪ ᠬᠣᠷᠢᠶᠠᠨ᠎ᠤ ᠬᠠᠢᠷ᠎ᠠ ᠬᠠᠯᠠᠮᠵᠢᠯᠠᠯ᠎ᠢ ᠳᠡᠷᠭᠡᠳᠡᠬᠢ ᠬᠥᠮᠦᠨ ᠨᠢᠭᠡᠪᠦᠷᠢ ᠎ᠳᠡᠭᠡᠨ ᠤᠯᠠᠮᠵᠢᠯᠠᠬᠤ ᠪᠤᠯ ᠮᠢᠨᠤ ᠡᠭᠦᠷᠭᠡ ᠬᠠᠷᠢᠭᠤᠴᠠᠯᠭ᠎ᠠ ᠶᠤᠮ᠃ ᠬᠠᠮᠤᠭ᠎ᠤᠨ ᠦᠨᠳᠦᠰᠦᠨ ᠱᠠᠲᠤᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠥᠪᠡᠷ᠎ᠦᠨ ᠠᠮᠢᠳᠤᠷᠠᠯ ᠠᠵᠢᠯ ᠳᠤᠮᠳᠠ᠎ᠪᠠᠨ ᠠᠭᠤᠰᠤᠯᠴᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠬᠦ᠎ᠶᠢ ᠬᠦᠰᠡᠵᠦ ᠪᠠᠢᠨ᠎ᠠ》 ᠭᠡᠵᠦ ᠶᠠᠷᠢᠨ᠎ᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠳᠠᠭᠤᠰᠤᠭᠰᠠᠨ᠎ᠤ ᠲᠠᠷᠠᠭ᠎ᠠ᠂ ᠨᠠᠷᠠᠨᠲᠤᠶᠠᠭ᠎ᠠ ᠪᠠᠰᠠ ᠭᠠᠢᠯᠢ᠎ᠶᠢᠨ ᠶᠠᠪᠤᠳᠠᠯ᠎ᠤᠨ ᠲᠣᠪᠴᠢᠶᠠᠨ᠎ᠤ ᠠᠵᠢᠯᠲᠠᠳ᠎ᠲᠠᠶ ᠳᠣᠲᠣᠨᠣ᠎ᠪᠠᠷ ᠶᠠᠷᠢᠯᠴᠠᠵᠤ᠂ ᠲᠡᠳᠡᠨ᠎ᠦ ᠳᠤᠷᠠᠳᠤᠭᠰᠠᠨ ᠠᠰᠠᠭᠤᠳᠠᠯ ᠨᠢᠭᠡᠪᠦᠷᠢ᠎ᠶᠢ ᠬᠦᠯᠢᠴᠡᠩᠭᠦᠢ᠎ᠪᠡᠷ ᠬᠠᠷᠢᠭᠤᠯᠵᠤ᠂ ᠲᠡᠳᠡᠨ᠎ᠦ ᠪᠤᠳᠤᠯ ᠲᠦᠷᠦᠭᠳᠡᠯ᠎ᠢ ᠰᠣᠨᠣᠰᠤᠭᠰᠠᠨ ᠪᠥᠭᠡᠳ ᠤᠯᠠᠨ᠎ᠳᠤ ᠥᠪᠡᠷ᠎ᠦᠨ ᠰᠤᠷᠤᠯᠴᠠᠭᠰᠠᠨ ᠲᠦᠷᠦᠭᠳᠡᠯ ᠪᠣᠯᠤᠨ ᠬᠣᠶᠠᠷ ᠬᠤᠷᠠᠯ᠎ᠳᠤ ᠣᠷᠣᠯᠴᠠᠭᠰᠠᠨ ᠲᠦᠷᠦᠭᠳᠡᠯ᠎ᠢᠶᠡᠨ ᠬᠤᠪᠢᠶᠠᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号