— ᠠᠵᠤ ᠦᠢᠯᠡᠳᠪᠤᠷᠢ ᠶ᠋ᠢᠨ ᠵᠢᠯ ᠤ᠋ᠨ ᠦᠢᠯᠡᠳᠭᠦᠨ ᠤ᠋ ᠦᠷᠳᠡᠭ ᠲᠡᠬᠢ ᠤᠳᠤ ᠦᠶ᠎ᠠ ᠶ᠋ᠢᠨ ᠲᠤᠨᠤᠭᠯᠠᠯ ᠦᠢᠯᠡᠳᠬᠦ ᠦᠢᠯᠡᠰ ᠤ᠋ᠨ ᠦᠢᠯᠡᠳᠭᠦᠨ ᠤ᠋ ᠦᠷᠳᠡᠭ ᠤ᠋ᠨ ᠬᠠᠷᠢᠴᠠᠯ ᠢ᠋ 10% ᠤᠷᠴᠢᠮ᠂ ᠰᠢᠨ᠎ᠠ ᠮᠠᠲᠧᠷᠢᠶᠠᠯ ᠤ᠋ᠨ ᠦᠢᠯᠡᠳᠭᠦᠨ ᠤ᠋ ᠦᠷᠳᠡᠭ ᠤ᠋ᠨ ᠬᠠᠷᠢᠴᠠᠯ ᠢ᠋ 13% ᠤᠷᠴᠢᠮ ᠳ᠋ᠤ ᠬᠦᠷᠭᠡᠨ᠎ᠠ᠃
— ᠬᠡᠪᠴᠢᠶᠠᠵᠢᠯ ᠡᠴᠡ ᠳᠡᠭᠡᠭᠰᠢᠬᠢ ᠠᠵᠤ ᠦᠢᠯᠡᠳᠪᠤᠷᠢ ᠶ᠋ᠢᠨ ᠠᠵᠤ ᠠᠬᠤᠢᠯᠠᠯ ᠤ᠋ᠨ ᠦᠢᠯᠡᠳᠪᠤᠷᠢᠯᠡᠯ ᠤ᠋ᠨ ᠲᠤᠨᠤᠭ ᠲᠦᠭᠦᠭᠡᠷᠦᠮᠵᠢ ᠶ᠋ᠢᠨ ᠲᠤᠭᠠᠴᠢᠯᠠᠭᠰᠠᠨ ᠨᠤᠷᠮ᠎ᠠ ᠶ᠋ᠢ 60% ᠳ᠋ᠤ ᠬᠦᠷᠭᠡᠵᠦ᠂ ᠵᠠᠩᠬᠢᠯᠠᠭ᠎ᠠ ᠶ᠋ᠢᠨ ᠠᠵᠢᠯ ᠤ᠋ᠨ ᠭᠤᠭᠴᠤᠭ᠎ᠠ ᠳ᠋ᠡᠬᠢ ᠲᠤᠭᠠᠴᠢᠯᠠᠭᠰᠠᠨ ᠡᠵᠡᠮᠰᠢᠯ ᠤ᠋ᠨ ᠨᠤᠷᠮ᠎ᠠ ᠶ᠋ᠢ 68% ᠳ᠋ᠤ ᠬᠦᠷᠭᠡᠨ᠂ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠳᠠᠪᠴᠠᠩ ᠤ᠋ᠨ ᠲᠦᠭᠡᠮᠡᠯᠵᠢᠯᠳᠡ ᠶ᠋ᠢᠨ ᠨᠤᠷᠮ᠎ᠠ ᠶ᠋ᠢ 45% ᠳ᠋ᠤ ᠬᠦᠷᠭᠡᠨ᠎ᠠ᠃
— ᠦᠢᠯᠡᠳᠬᠦ ᠦᠢᠯᠡᠰ ᠤ᠋ᠨ ᠬᠦᠷᠢᠶᠡᠨ ᠳ᠋ᠤ 500 ᠲᠦᠮᠡᠨ ᠲᠤᠨ ᠡᠴᠡ ᠳᠡᠭᠡᠭᠰᠢ ᠪᠠᠷᠢᠮᠵᠢᠶ᠎ᠠ ᠨᠡᠭᠦᠷᠡᠰᠦ ᠶ᠋ᠢ ᠠᠷᠪᠢᠯᠠᠬᠤ ᠶ᠋ᠢ ᠪᠡᠶᠡᠯᠡᠭᠦᠯᠵᠦ ᠂ ᠭᠤᠤᠯᠳᠠᠯᠭ᠎ᠠ ᠲᠠᠢ ᠠᠵᠢᠯ ᠲᠦᠷᠦᠯ ᠤ᠋ᠨ ᠨᠢᠭᠡᠴᠢ ᠦᠢᠯᠡᠳᠭᠦᠨ ᠤ᠋ ᠡᠨᠧᠷᠬᠢ ᠶ᠋ᠢᠨ ᠬᠤᠷᠤᠭᠳᠠᠭᠤᠯᠤᠯ ᠨᠢ ᠪᠠᠷᠢᠮᠵᠢᠶ᠎ᠠ ᠲᠦᠪᠰᠢᠨ ᠳ᠋ᠤ ᠬᠦᠷᠦᠭᠰᠡᠨ ᠦᠢᠯᠡᠳᠪᠤᠷᠢᠯᠡᠯ ᠤ᠋ᠨ ᠴᠢᠳᠠᠪᠤᠷᠢ ᠶ᠋ᠢᠨ ᠬᠠᠷᠢᠴᠠᠯ ᠢ᠋ 30% ᠪᠡᠷ ᠳᠡᠭᠡᠭᠰᠢᠯᠡᠭᠦᠯᠤᠨ᠂ ᠲᠦᠮᠡᠨ ᠲᠦᠭᠦᠷᠢᠭ ᠤ᠋ᠨ ᠠᠵᠤ ᠦᠢᠯᠡᠳᠪᠤᠷᠢ ᠶ᠋ᠢᠨ ᠨᠡᠮᠡᠭᠳᠡᠯ ᠦᠷᠳᠡᠭ ᠪᠦᠷᠢ ᠶ᠋ᠢᠨ ᠤᠰᠤ ᠬᠡᠷᠡᠭᠯᠡᠬᠦ ᠬᠡᠮᠵᠢᠶ᠎ᠠ ᠶ᠋ᠢ 13% ᠪᠡᠷ ᠪᠠᠭᠤᠷᠠᠭᠤᠯᠤᠨ᠎ᠠ᠃
᠁
ᠡᠳᠡᠬᠡᠷ ᠪᠤᠯ ᠮᠠᠨ ᠤ᠋ ᠤᠷᠤᠨ ᠤ᠋ ᠦᠢᠯᠡᠳᠬᠦ᠌ ᠦᠢᠯᠡᠰ ᠤ᠋ᠨ ᠬᠦᠭᠵᠢᠯᠳᠡ ᠶ᠋ᠢᠨ 2025 ᠤᠨ ᠤ᠋ ᠬᠠᠷᠠᠯᠳᠠ ᠶᠤᠮᠰᠠᠨ᠂ ᠡᠨᠡ ᠵᠢᠯ ᠤ᠋ᠨ 2 ᠰᠠᠷ᠎ᠠ ᠳ᠋ᠤ ᠨᠡᠢᠳᠡᠯᠡᠭᠰᠡᠨ《ᠦᠢᠯᠡᠳᠬᠦ᠌ ᠦᠢᠯᠡᠰ ᠤ᠋ᠨ ᠳᠡᠭᠡᠳᠦ ᠳᠡᠰᠵᠢᠭᠰᠡᠨ ᠤᠶᠤᠨᠴᠢᠯᠠᠭᠰᠠᠨ ᠪᠣᠬᠢᠷᠲᠤᠯ ᠦᠬᠡᠢ ᠬᠥᠭ᠌ᠵᠢᠯᠲᠡᠶ᠋ᠢ ᠠᠬᠢᠭᠤᠯᠬᠤ ᠲᠤᠬᠠᠢ ᠥᠪᠥᠷ ᠮᠣᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠠᠨᠠᠯ》 ᠳ᠋ᠤ ᠡᠢᠨ ᠬᠦ᠌ ᠲᠤᠭᠳᠠᠭᠠᠵᠠᠢ᠃
ᠣᠢᠷᠠᠶ᠋ᠢᠨ ᠵᠢᠯ ᠳ᠋ᠤ ᠮᠠᠨ ᠤ᠋ ᠤᠷᠤᠨ ᠠᠯᠢ ᠣᠯᠠᠨ ᠲᠥᠷᠥ᠎ᠶ᠋ᠢᠨ ᠪᠣᠳᠣᠯᠭᠠᠶ᠋ᠢᠨ ᠴᠢᠨᠠᠷᠲᠠᠶ ᠪᠢᠴᠢᠭ ᠮᠠᠲ᠋ᠧᠷᠢᠶᠠᠯ ᠭᠠᠷᠭᠠᠵᠤ᠂ ᠳᠡᠭᠡᠳᠦ ᠳᠡᠰᠵᠢᠭᠰᠡᠨ ᠤᠶᠤᠨᠴᠢᠯᠠᠭᠰᠠᠨ ᠪᠤᠬᠢᠷᠳᠦᠯ ᠦᠭᠡᠢ ᠬᠦᠭᠵᠢᠯᠳᠡ ᠪᠡᠷ ᠭᠤᠤᠯᠳᠠᠯᠭ᠎ᠠ ᠪᠤᠯᠭᠠᠨ ᠲᠤᠨᠤᠭᠯᠠᠯ ᠦᠢᠯᠡᠳᠬᠦ ᠦᠢᠯᠡᠰ ᠤ᠋ᠨ ᠬᠦᠭᠵᠢᠯᠳᠡ ᠶ᠋ᠢ ᠪᠥᠬᠦ᠌ ᠬᠦᠴᠦᠨ ᠶ᠋ᠢᠡᠷ ᠠᠬᠢᠭᠤᠯᠤᠭᠰᠠᠨ ᠠᠵᠢ᠃
—《ᠳᠡᠭᠡᠳᠦ ᠲᠡᠰᠵᠢᠬᠦᠯᠬᠦ᠌》 ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠤᠳᠤ ᠦᠶ᠎ᠡ ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠰ ᠤ᠋ᠨ ᠪᠦᠯᠦᠭ᠌ᠵᠢᠯ ᠢ᠋ ᠥᠨᠳᠥᠷ ᠪᠠᠷᠢᠮᠵᠢᠶ᠎ᠠ ᠪᠡᠷ ᠪᠤᠢᠵᠢᠭᠤᠯᠤᠨ᠂ ᠱᠢᠨ᠎ᠡ ᠡᠨᠧᠷᠭᠢ ᠶ᠋ᠢᠨ ᠲᠣᠨᠣᠭ᠍ᠯᠠᠯ ᠦᠢᠯᠡᠳᠬᠦ᠌ ᠪᠠ ᠱᠢᠨ᠎ᠡ ᠡᠨᠧᠷᠭᠢ ᠶ᠋ᠢᠨ ᠮᠠᠱᠢᠨ ᠲᠡᠷᠭᠡ ᠦᠢᠯᠡᠳᠬᠦ᠌ ᠬᠤᠶᠠᠷ ᠶᠡᠬᠡ ᠮᠢᠩᠭᠠᠨ ᠳ᠋ᠦᠩᠱᠢᠭᠤᠷ ᠤ᠋ᠨ ᠳᠡᠰ ᠤ᠋ᠨ ᠠᠵᠤ ᠦᠢᠯᠡᠰ ᠢ᠋ ᠭᠤᠣᠯᠳᠠᠯᠭ᠎ᠠ ᠲᠠᠢ ᠬᠥᠭ᠌ᠵᠢᠭᠦᠯᠵᠤ᠂ ᠠᠵᠤ ᠦᠢᠯᠡᠰ ᠤ᠋ᠨ ᠬᠡᠯᠬᠢᠶ᠎ᠡ ᠶ᠋ᠢ ᠡᠴᠤᠰ ᠤ᠋ᠨ ᠦᠢᠯᠡᠳᠭᠦᠨ ᠲᠡᠢᠰᠢ ᠤᠷᠲᠤᠳᠭᠠᠬᠤ᠂ ᠥᠷᠲᠡᠭ ᠤ᠋ᠨ ᠬᠡᠯᠬᠢᠶ᠎ᠡ ᠶ᠋ᠢ ᠳᠤᠮᠳᠠ ᠳᠡᠭᠡᠳᠦ ᠳᠡᠰ ᠲᠡᠢᠰᠢ ᠳᠡᠭᠡᠭ᠌ᠰᠢᠯᠡᠭᠦᠯᠬᠦ᠌ ᠶ᠋ᠢ ᠠᠬᠢᠭᠤᠯᠵᠤ᠂ ᠠᠵᠤ ᠦᠢᠯᠡᠰ ᠤ᠋ᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢᠨ ᠣᠳᠣᠬᠢᠴᠢᠯᠠᠯᠲᠠ ᠶ᠋ᠢᠨ ᠲᠦᠪᠱᠢᠨ ᠢ᠋ ᠳᠡᠭᠡᠭ᠌ᠰᠢᠯᠡᠭᠦᠯᠵᠤ ᠪᠠᠢᠨ᠎ᠠ᠃
— 《ᠤᠶᠤᠨᠴᠢᠯᠠᠬᠤ》 ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠱᠢᠨ᠎ᠡ ᠬᠡᠯᠪᠡᠷᠢ ᠶ᠋ᠢᠨ ᠰᠠᠭᠤᠷᠢ ᠲᠥᠬᠦᠭᠡᠷᠦᠮᠵᠢ ᠶ᠋ᠢ ᠲᠦᠷᠭᠡᠨ ᠲᠡᠭᠦᠯᠳᠡᠷᠵᠢᠭᠦᠯᠵᠦ᠍᠂ ᠤᠶᠤᠨᠴᠢ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶ᠋ᠢᠨ ᠢᠨᠲᠧᠷ ᠰᠦᠯᠵᠢᠶ᠎ᠡ᠂ ᠤᠶᠤᠨᠲᠤ ᠦᠢᠯᠡᠳᠪᠦᠷᠢ ᠪᠠ ᠤᠶᠤᠨᠴᠢ ᠠᠭᠤᠷᠬᠠᠢ ᠳ᠋ᠡᠬᠢ 5G ᠶ᠋ᠢᠨ ᠮᠡᠷᠭᠡᠵᠢᠯ᠂ ᠲᠤᠮᠤ ᠳ᠋ᠠᠢᠲ᠋ᠠ ᠵᠡᠷᠭᠡ ᠱᠢᠨ᠎ᠡ ᠨᠢᠭᠡ ᠦᠶ᠎ᠡ ᠶ᠋ᠢᠨ ᠮᠡᠳᠡᠭᠡ ᠵᠠᠩᠭᠢ ᠶ᠋ᠢᠨ ᠮᠡᠷᠭᠡᠵᠢᠯ ᠤ᠋ᠨ ᠬᠡᠷᠡᠭ᠌ᠯᠡᠭᠡ ᠶ᠋ᠢ ᠶᠡᠭᠡ ᠪᠡᠷ ᠠᠬᠢᠭᠤᠯᠵᠤ᠂ ᠠᠵᠤ ᠦᠢᠯᠡᠰ ᠤ᠋ᠨ ᠲᠣᠭᠠᠴᠢᠯᠠᠭ᠍ᠰᠠᠨ ᠲᠡᠢᠰᠢ ᠬᠡᠯᠪᠡᠷᠢ ᠪᠡᠨ ᠬᠤᠪᠢᠷᠠᠭᠤᠯᠬᠤ᠂ ᠤᠶᠤᠨᠴᠢᠯᠠᠬᠤ ᠲᠡᠢᠰᠢ ᠲᠡᠰ ᠳᠡᠪᠱᠢᠬᠦ᠌ ᠶ᠋ᠢ ᠠᠬᠢᠭᠤᠯᠵᠤ ᠪᠠᠢᠨ᠎ᠠ᠃
—《ᠪᠣᠬᠢᠷᠲᠤᠯ ᠥᠬᠡᠶ ᠪᠤᠯᠭᠠᠬᠤ》ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠡᠨᠧᠷᠭᠢ ᠶ᠋ᠢᠨ ᠬᠤᠷᠣᠭ᠍ᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ ᠠᠵᠤ ᠦᠢᠯᠡᠰ ᠤ᠋ᠨ ᠨᠡᠮᠡᠭᠳᠡᠯ ᠢ᠋ ᠴᠢᠩᠭ᠎ᠠ ᠬᠢᠵᠠᠭᠠᠷᠯᠠᠨ᠂ ᠦᠷ᠎ᠡ ᠠᠰᠢᠭ ᠵᠢᠡᠷ ᠠᠨᠠᠢ ᠦᠯᠡᠭᠦᠳᠡᠭ᠌ᠰᠡᠨ ᠦᠢᠯᠡᠳᠪᠤᠷᠢᠯᠡᠯ ᠤ᠋ᠨ ᠴᠢᠳᠠᠪᠤᠷᠢ ᠶ᠋ᠢ ᠰᠢᠬᠰᠢᠭᠳᠡᠬᠦᠯᠵᠤ᠂ ᠠᠵᠤ ᠦᠢᠯᠡᠳᠪᠤᠷᠢ ᠶ᠋ᠢᠨ ᠲᠦᠷᠦᠯ ᠵᠦᠢᠯ ᠤ᠋ᠨ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶ᠋ᠢ ᠴᠢᠩᠭᠠᠳᠭᠠᠨ᠂ ᠬᠦᠷᠢᠶᠡᠯᠡᠩ ᠲᠣᠭᠤᠷᠢᠭ ᠤ᠋ᠨ ᠭᠠᠵᠠᠷ ᠱᠢᠷᠣᠶ ᠶ᠋ᠢ ᠡᠷᠴᠢᠮᠵᠢᠭᠦᠯᠦᠨ ᠠᠷᠪᠢᠯᠠᠨ ᠭᠠᠮᠨᠠᠵᠤ ᠠᠱᠢᠭ᠍ᠯᠠᠬᠤ ᠶ᠋ᠢ ᠴᠢᠩᠭᠠᠳᠭᠠᠵᠤ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠨᠡᠭᠦᠷᠡᠰᠦᠲᠥ᠋ᠷᠥᠭ᠌ᠴᠢ ᠦᠯᠦ ᠭᠠᠳᠠᠭ᠍ᠰᠢᠯᠠᠭᠤᠯᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ ᠢ᠋ ᠡᠭᠦᠳᠦᠨ ᠪᠠᠢᠭᠤᠯᠵᠤ᠂ ᠠᠵᠤ ᠦᠢᠯᠡᠰ ᠤ᠋ᠨ ᠪᠣᠬᠢᠷᠲᠤᠯ ᠥᠬᠡᠶ ᠲᠡᠢᠰᠢ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠵᠤ ᠪᠠᠢᠨ᠎ᠠ᠃
《ᠥᠪᠥᠷ ᠮᠣᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠣᠲᠣ ᠦᠶ᠎ᠡ ᠶ᠋ᠢᠨ ᠲᠣᠨᠤᠭᠯᠠᠯ ᠦᠢᠯᠡᠳᠬᠦ ᠠᠵᠤ ᠦᠢᠯᠡᠰ ᠤ᠋ᠨ ᠬᠥᠭ᠌ᠵᠢᠯᠲᠡ ᠶ᠋ᠢᠨ ᠲᠥᠯᠥᠪᠵᠢᠭᠦᠯᠭᠡ (2013 — 2020 ᠤᠨ)》 ᠡᠴᠡ 《ᠣᠲᠣ ᠦᠶ᠎ᠡ ᠶ᠋ᠢᠨ ᠲᠣᠨᠤᠭᠯᠠᠯ ᠦᠢᠯᠡᠳᠬᠦ ᠦᠢᠯᠡᠰ ᠤ᠋ᠨ ᠲᠦᠷᠭᠡᠨ ᠬᠥᠭ᠌ᠵᠢᠯᠲᠡ ᠶ᠋ᠢ ᠤᠯᠠᠮ ᠨᠢᠭᠡ ᠠᠯᠬᠤᠮ ᠳᠡᠮᠵᠢᠬᠦ᠌ ᠲᠤᠬᠠᠶ ᠰᠠᠨᠠᠯ ᠤ᠋ᠳ》 ᠬᠦᠷᠲᠡᠯ᠎ᠡ᠂ ᠳᠠᠬᠢᠭᠠᠳ 《ᠥᠪᠥᠷ ᠮᠣᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠡᠨᠧᠷᠭᠢ ᠶ᠋ᠢᠨ ᠲᠣᠨᠤᠭᠯᠠᠯ ᠦᠢᠯᠡᠳᠬᠦ ᠦᠢᠯᠡᠰ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠬᠡᠷᠡᠭ᠌ᠵᠢᠭᠦᠯᠬᠦ᠌ ᠲᠥᠰᠦᠯ(2021— 2025 ᠣᠨ)》 ᠬᠦᠷᠲᠡᠯ᠎ᠡ ᠁ ᠬᠦᠭᠵᠢᠯᠳᠡ ᠶ᠋ᠢᠨ ᠰᠡᠳᠬᠢᠮᠵᠢ ᠠᠭᠠᠵᠢᠮ ᠶ᠋ᠢᠡᠷ ᠲᠣᠳᠣᠷᠬᠠᠶ ᠪᠤᠯᠵᠤ᠂ ᠴᠢᠭ᠌ᠯᠡᠯᠨᠡᠩ ᠲᠣᠳᠣᠷᠬᠠᠶ ᠪᠤᠯᠵᠤ᠂ ᠠᠷᠭ᠎ᠠ ᠬᠡᠮᠵᠢᠶ᠎ᠡ ᠶᠠᠪᠤᠬᠤ ᠲᠤᠳᠤᠮ ᠪᠣᠳᠠᠲᠠᠶ ᠪᠣᠯᠪᠠ᠃《ᠥᠪᠥᠷ ᠮᠣᠩᠭᠤᠯ ᠶ᠋ᠢᠡᠨ ᠮᠠᠨ ᠤ᠋ ᠤᠯᠤᠰ ᠤ᠋ᠨ ᠤᠳᠤ ᠦᠶ᠎ᠡ ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠰ ᠤ᠋ᠨ ᠰᠠᠭᠤᠷᠢᠨ ᠪᠣᠯᠭᠠᠨ ᠪᠦᠳᠦᠭᠡᠨ ᠪᠠᠢᠭᠤᠯᠬᠤ ᠪᠡᠷ ᠴᠢᠷᠮᠠᠢᠨ᠎ᠠ》 ᠭᠡᠬᠦ ᠠᠯᠤᠰ ᠤ᠋ᠨ ᠲᠥᠰᠦᠪ ᠶᠠᠭ ᠠᠯᠬᠤᠮ ᠠᠯᠬᠤᠮ ᠶ᠋ᠢᠡᠷ ᠪᠤᠳᠠᠳᠠᠢᠵᠢᠵᠤ ᠪᠠᠢᠨ᠎ᠠ᠃
2021 ᠤᠨ ᠤ᠋ ᠰᠡᠬᠦᠯᠴᠢ ᠪᠤᠯᠬᠤ ᠳ᠋ᠤ᠂ ᠮᠠᠨ ᠤ᠋ ᠤᠷᠤᠨ ᠨᠢᠭᠡᠨᠳᠡ ᠤᠯᠤᠰ ᠤ᠋ᠨ ᠣᠲᠣ ᠶ᠋ᠢᠨ ᠪᠠᠢᠭ᠎ᠠ 8 ᠭᠤᠤᠯ ᠪᠤᠯᠬᠤ ᠲᠣᠨᠤᠭᠯᠠᠯ ᠦᠢᠯᠡᠳᠬᠦ ᠠᠵᠢᠯ ᠲᠥᠷᠥᠯ ᠢ᠋ ᠴᠦᠮ ᠪᠦᠷᠢᠳᠦᠭᠦᠯᠵᠦ᠂ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠰᠠᠯᠬᠢᠨ ᠬᠦᠴᠦᠨ ᠤ᠋ ᠴᠠᠬᠢᠯᠭᠠᠨ ᠪᠠᠬᠡᠷᠡᠯᠴᠢ ᠴᠡᠨᠡᠭ ᠤ᠋ᠨ ᠲᠤᠨᠤᠭ ᠲᠥᠬᠦᠭᠡᠷᠦᠮᠵᠢ᠂ ᠪᠠᠷᠢᠯᠭ᠎ᠠ ᠶ᠋ᠢᠨ ᠮᠠᠱᠢᠨ ᠮᠧᠬᠠᠨᠢᠭ᠂ ᠲᠡᠮᠦᠷ ᠵᠠᠮ ᠤ᠋ᠨ ᠲᠡᠷᠭᠡ ᠬᠥᠰᠭᠡ᠂ ᠴᠠᠬᠢᠯᠭᠠᠨ ᠬᠦᠴᠦᠨ ᠤ᠋ ᠲᠤᠨᠤᠭ ᠲᠥᠬᠦᠭᠡᠷᠦᠮᠵᠢ ᠶ᠋ᠢᠨ ᠦᠢᠯᠡᠳᠪᠤᠷᠢᠯᠡᠯ ᠢ᠋ ᠬᠦᠭᠵᠢᠭᠦᠯᠬᠦ ᠴᠢᠳᠠᠪᠤᠷᠢ ᠲᠠᠢ ᠪᠤᠯᠵᠠᠢ᠃ ᠪᠥᠬᠦ᠌ ᠣᠷᠣᠨ ᠤ᠋ 56 ᠠᠵᠤ ᠦᠢᠯᠡᠳᠪᠤᠷᠢ ᠶ᠋ᠢᠨ ᠬᠦᠷᠢᠶᠡᠯᠡᠩ ᠲᠣᠭᠤᠷᠢᠭ ᠲᠦ᠍ 12 ᠲᠤᠨᠤᠭᠯᠠᠯ ᠦᠢᠯᠡᠳᠬᠦ ᠲᠣᠭᠤᠷᠢᠭ ᠪᠠᠭᠳᠠᠵᠤ᠂ ᠪᠤᠭᠤᠲᠤ ᠶ᠋ᠢᠨ ᠲᠣᠨᠤᠭᠯᠠᠯ ᠦᠢᠯᠡᠳᠬᠦ ᠠᠵᠤ ᠦᠢᠯᠡᠰ ᠤ᠋ᠨ ᠬᠦᠷᠢᠶᠡᠯᠡᠩ ᠨᠢ ᠮᠠᠨ ᠤ᠋ ᠤᠷᠤᠨ ᠤ᠋ ᠠᠩᠬᠠᠳᠠᠭ᠍ᠴᠢ ᠦᠢᠯᠡᠳᠭᠦᠨ ᠤ᠋ ᠥᠷᠲᠡᠭ ᠨᠢ ᠮᠢᠩᠭᠠᠨ ᠳ᠋ᠦᠩᠱᠢᠭᠤᠷ ᠲᠥᠭᠦᠷᠢᠭ ᠢ᠋ ᠳᠠᠪᠠᠭ᠍ᠰᠠᠨ ᠲᠣᠨᠤᠭᠯᠠᠯ ᠦᠢᠯᠡᠳᠬᠦ ᠬᠦᠷᠢᠶᠡᠯᠡᠩ ᠲᠣᠭᠤᠷᠢᠭ ᠪᠣᠯᠵᠣ᠂ ᠣᠷᠳᠣᠰ ᠤ᠋ᠨ ᠲᠣᠨᠤᠭᠯᠠᠯ ᠦᠢᠯᠡᠳᠬᠦ ᠠᠵᠤ ᠦᠢᠯᠡᠳᠪᠤᠷᠢ ᠶ᠋ᠢᠨ ᠬᠦᠷᠢᠶᠡᠯᠡᠩ ᠲᠣᠭᠤᠷᠢᠭ ᠨᠢ ᠤᠯᠤᠰ ᠤ᠋ᠨ ᠭᠠᠳᠠᠭᠠᠳᠤ ᠠᠷᠠᠯᠵᠢᠶᠠᠨ ᠤ᠋ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦ᠌ ᠰᠠᠭᠤᠷᠢᠨ ᠶ᠋ᠢᠡᠷ ᠦᠨᠡᠯᠡᠭ᠌ᠳᠡᠵᠦ᠍᠂ ᠥᠪᠥᠷ ᠮᠣᠩᠭᠤᠯ ᠤ᠋ᠨ ᠵᠥᠩ ᠬᠤᠸᠠᠨ ᠠᠵᠤ ᠦᠢᠯᠡᠰ ᠤ᠋ᠨ ᠬᠦᠷᠢᠶᠡᠯᠡᠩ ᠨᠢ ᠥᠨᠳᠥᠷ ᠦᠷ᠎ᠠ ᠠᠰᠢᠭᠳᠦ ᠲᠠᠩ ᠲᠠᠯᠠᠰᠲᠤ ᠴᠠᠬᠢᠭᠤᠷ ᠤ᠋ᠨ ᠢᠯᠲᠠᠰᠤ᠂ ᠬᠡᠷᠡᠯᠴᠢ ᠴᠡᠨᠡᠭ ᠤ᠋ᠨ ᠴᠠᠬᠢᠯᠭᠠᠨ ᠭᠠᠷᠭᠠᠬᠤ ᠱᠢᠰᠲ᠋ᠧᠮ ᠪᠠ ᠬᠤᠯᠪᠣᠭ᠍ᠳᠠᠯ ᠪᠦᠬᠦᠢ ᠢᠵᠢ ᠪᠥᠷᠢᠳᠦᠭᠦᠯᠬᠦ ᠦᠢᠯᠡᠳᠭᠦᠨ ᠢ᠋ ᠬᠠᠮᠤᠷᠤᠭᠰᠠᠨ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠬᠡᠷᠡᠯᠴᠢ ᠴᠡᠨᠡᠭ ᠤ᠋ᠨ ᠲᠣᠨᠤᠭᠯᠠᠯ ᠦᠢᠯᠡᠳᠬᠦ ᠠᠵᠤ ᠦᠢᠯᠡᠰ ᠤ᠋ᠨ ᠬᠡᠯᠬᠢᠶ᠎ᠡ ᠶ᠋ᠢ ᠪᠦᠷᠢᠳᠦᠭᠦᠯᠪᠡ ᠁ ᠲᠣᠨᠤᠭᠯᠠᠯ ᠦᠢᠯᠡᠳᠬᠦ ᠦᠢᠯᠡᠰ ᠨᠢᠭᠡᠨᠲᠡ ᠮᠠᠨ ᠤ᠋ ᠣᠷᠣᠨ ᠤ᠋ ᠬᠥᠭ᠌ᠵᠢᠯᠲᠡ ᠶ᠋ᠢᠨ ᠬᠤᠷᠳᠤᠴᠠ ᠪᠡᠷ ᠬᠠᠷᠢᠴᠠᠩᠭᠤᠢ ᠲᠦᠷᠭᠡᠨ ᠦᠪᠡᠷᠮᠢᠴᠡ ᠤᠨᠴᠠᠯᠢᠬ ᠲᠠᠢ ᠲᠠᠪᠠᠭᠤᠯᠢᠭᠳᠤ ᠠᠵᠤ ᠦᠢᠯᠡᠰ ᠤ᠋ᠨ ᠨᠢᠭᠡ ᠪᠣᠯᠵᠠᠶ᠃
ᠳᠡᠯᠡᠭᠡᠢ ᠳᠡᠭᠡᠷᠡᠬᠢ ᠠᠩᠬᠠᠳᠠᠭᠴᠢ 120 ᠲᠤᠨ ᠤ᠋ ᠳᠡᠰ ᠤ᠋ᠨ ᠴᠡᠪᠡᠷ ᠴᠠᠬᠢᠯᠭᠠᠨ ᠬᠦᠳᠡᠯᠭᠡᠭᠦᠷᠳᠦ ᠠᠦ᠋ᠲ᠋ᠤ᠋ ᠪᠡᠷ ᠲᠡᠷᠭᠡ ᠪᠠᠭᠤᠯᠭᠠᠬᠤ ᠠᠭᠤᠷᠬᠠᠢ ᠵᠢᠨ ᠮᠠᠰᠢᠨ ᠬᠢᠨᠠᠨ ᠰᠢᠯᠭᠠᠯᠳᠠ ᠵᠢ ᠦᠩᠭᠡᠷᠡᠬᠦᠯᠵᠤ᠂ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ L4 ᠲᠠᠰ ᠤ᠋ᠨ ᠣᠶᠤᠨᠳᠤ ᠵᠢᠯᠣᠭᠤᠴᠢ ᠥᠬᠡᠶ ᠴᠢᠩᠭᠡᠯᠢᠭ ᠤ᠋ᠨ ᠠᠴᠢᠶᠠᠨ ᠤ᠋ ᠮᠠᠱᠢᠨ ᠮᠡᠨᠳᠤᠯᠡᠪᠡ᠃
ᠬᠥᠬᠡᠬᠤᠲᠠ ᠲᠡᠷᠢᠭᠦᠨ ᠤ᠋ ᠴᠠᠬᠢᠭᠤᠷ ᠮᠠᠲ᠋ᠧᠷᠢᠶᠠᠯ᠂ ᠣᠶᠤᠨᠳᠤ ᠮᠡᠷᠭᠡᠵᠢᠯ ᠶ᠋ᠢᠡᠷ ᠤᠳᠤᠷᠢᠳᠤᠮᠵᠢ ᠪᠣᠯᠭᠠᠭ᠍ᠰᠠᠨ ᠱᠢᠨ᠎ᠡ ᠮᠠᠲ᠋ᠧᠷᠢᠶᠠᠯ ᠪᠠ ᠣᠲᠣ ᠦᠶᠡᠶ᠋ᠢᠨ ᠲᠤᠨᠤᠭᠯᠠᠯ ᠦᠢᠯᠡᠳᠬᠦ ᠠᠵᠤ ᠦᠢᠯᠡᠰ ᠤ᠋ᠨ ᠪᠦᠯᠦᠭ᠌ᠵᠢᠯ ᠢ᠋ ᠬᠦᠴᠦᠯᠡᠨ ᠪᠤᠢᠵᠢᠭᠤᠯᠵᠤ᠂ ᠵᠥᠩ ᠬᠤᠸᠠᠨ ᠠᠵᠤ ᠦᠢᠯᠡᠰ ᠤ᠋ᠨ ᠬᠤᠲᠠ ᠶ᠋ᠢᠨ ᠲᠥᠷᠥᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢ ᠡᠬᠢᠯᠡᠭᠦᠯᠪᠡ᠃
ᠲᠦᠩᠯᠢᠶᠣᠤ ᠬᠤᠲᠠ᠂ 185 ᠳ᠋ᠦᠩᠱᠢᠭᠤᠷ ᠲᠥᠭᠦᠷᠢᠭ ᠤ᠋ᠨ ᠶᠡᠷᠦᠩᠬᠡᠢ ᠪᠠᠯᠠ ᠣᠷᠣᠭᠤᠯᠤᠯᠳᠠ ᠪᠦᠬᠦᠢ 19 ᠲᠥᠷᠥᠯ ᠵᠦᠢᠯ ᠢ᠋ ᠡᠬᠢᠯᠡᠭᠦᠯᠵᠦ ᠂ ᠯᠦᠩ ᠮᠠ ᠪᠦᠯᠦᠭ᠌ᠯᠡᠯ ᠶ᠋ᠢᠡᠷ ᠭᠤᠤᠯ ᠪᠣᠯᠭᠠᠭ᠍ᠰᠠᠨ᠂ ᠬᠤᠯᠪᠣᠭ᠍ᠳᠠᠯ ᠪᠦᠬᠦᠢ ᠠᠵᠤ ᠠᠬᠤᠢᠯᠠᠯ ᠲᠥᠪᠯᠡᠷᠡᠭ᠌ᠰᠡᠨ ᠪᠦᠯᠦᠭᠵᠢᠭᠰᠡᠨ ᠢᠵᠢ ᠪᠥᠷᠢᠳᠦᠭ᠌ᠰᠡᠨ ᠬᠥᠭ᠌ᠵᠢᠯᠲᠡ ᠶ᠋ᠢᠨ ᠵᠠᠭ᠍ᠪᠤᠷ ᠢ᠋ ᠪᠣᠶ ᠪᠣᠯᠭᠠᠬᠤᠪᠡᠷ ᠬᠦᠴᠦᠯᠡᠨ ᠴᠢᠷᠮᠠᠢᠵᠤ᠂ ᠪᠦᠬᠦ ᠠᠵᠤ ᠦᠢᠯᠡᠰ ᠤ᠋ᠨ ᠬᠡᠯᠬᠢᠢᠠ ᠪᠠ ᠪᠦᠬᠦ ᠦᠶᠡᠯᠡᠯ ᠤ᠋ᠨ ᠬᠤᠭᠤᠴᠠᠭᠠᠨ ᠤ᠋ ᠳᠡᠭᠡᠳᠦ ᠳᠡᠰ ᠤ᠋ᠨ ᠰᠠᠯᠬᠢᠨ ᠬᠦᠴᠦᠨ ᠤ᠋ ᠴᠠᠬᠢᠯᠭᠠᠨ ᠤ᠋ ᠲᠤᠨᠤᠭᠯᠠᠯ ᠦᠢᠯᠡᠳᠬᠦ ᠰᠠᠭᠤᠷᠢᠨ ᠢ᠋ ᠱᠠᠯᠠᠪᠳᠠᠨ ᠪᠠᠢᠭᠤᠯᠵᠤ ᠪᠤᠢ᠃
᠁
ᠬᠠᠮᠤᠭ ᠪᠤᠳᠠᠰ ᠠᠮᠢᠯᠠᠨ ᠲᠦᠯᠵᠢᠬᠦ ᠬᠠᠪᠤᠷ ᠤ᠋ᠨ ᠰᠠᠢᠬᠠᠨ ᠤᠯᠠᠷᠢᠯ ᠳ᠋ᠤ᠂ ᠦᠢ ᠤᠯᠠᠨ ᠲᠥᠷᠥᠯ ᠵᠦᠢᠯ ᠪᠡᠷᠢᠯᠭ᠎ᠠ ᠡᠬᠢᠯᠡᠬᠦᠯᠵᠦ ᠂ ᠲᠦᠭ ᠲᠦᠮᠡᠨ ᠦᠢᠯᠡᠳᠪᠤᠷᠢ ᠶ᠋ᠢᠨ ᠲᠠᠰᠤᠭ ᠰᠦᠨᠳᠡᠷᠯᠡᠨ ᠪᠤᠰᠤᠯ᠎ᠠ᠃ ᠡᠬᠦᠨ ᠢ᠋ ᠲᠠᠭᠠᠯᠳᠤᠨ ᠮᠠᠨ ᠤ᠋ ᠤᠯᠤᠰ ᠤ᠋ᠨ ᠤᠳᠤ ᠦᠶ᠎ᠡ ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠰ ᠤ᠋ᠨ ᠰᠠᠭᠤᠷᠢᠨ ᠦᠪᠤᠷ ᠮᠤᠩᠭᠤᠯ ᠤ᠋ᠨ ᠲᠠᠯ᠎ᠠ ᠨᠤᠳᠤᠭ ᠲᠦ᠍ ᠰᠡᠬᠦᠢᠨ ᠰᠦᠨᠳᠡᠷᠯᠡᠬᠦ ᠨᠢ ᠯᠠᠪᠳᠠᠢ!