ᠤᠯᠤᠰ ᠤ᠋ᠨ ᠡᠭᠦᠳᠡ᠎ᠪᠡᠨ ᠰᠠᠢᠲᠤᠷ ᠰᠠᠬᠢᠨ ᠱᠢᠷᠭᠠᠭᠤ ᠪᠣᠳᠠᠲᠠᠶ ᠠᠵᠢᠯᠯᠠᠵᠤ ᠮᠠᠨᠵᠤᠤᠷ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ
2022-04-07 10:05:24
ᠵᠣᠬᠢᠶᠠᠭ᠍ᠴᠢ᠄
ᠯᠢ ᠢᠦᠶ ᠵᠦᠸᠸ
ᠣᠩᠱᠢᠭ᠍ᠰᠠᠨ ᠣᠳᠠᠭ᠎ᠠ᠄
★★★☆☆

— ᠬᠥᠯᠥᠨ ᠪᠤᠢᠷ ᠬᠤᠳᠠ ᠵᠢᠨ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠰᠢᠭᠦᠨ ᠮᠠᠨᠵᠤᠤᠷ ᠬᠤᠳᠠ ᠵᠢᠨ ᠨᠠᠮ ᠤ᠋ᠨ ᠬᠤᠷᠢᠶᠠᠨ ᠤ᠋ ᠱᠦᠵᠢ ᠢᠦᠢ ᠸᠧᠢ ᠳ᠋ᠦᠩ ᠢ᠋ ᠰᠤᠷᠪᠤᠯᠵᠢᠯᠠᠭᠰᠠᠨ ᠨᠢ

ᠪᠦᠬᠦ ᠤᠷᠤᠨ ᠵᠢᠡᠷ ᠵᠢᠡᠨ ᠶᠡᠷᠦᠩᠬᠡᠢ ᠱᠦᠵᠢ ᠰᠢ ᠶ᠋ᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠪᠠᠢᠭ᠎ᠠ ᠲᠠᠱᠢᠷᠠᠮ᠎ᠳᠤ᠂ ᠰᠤᠷᠪᠤᠯᠵᠢᠯᠠᠭ᠍ᠴᠢ ᠬᠥᠯᠥᠨ ᠪᠤᠢ᠌ᠷ ᠬᠤᠳᠠ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠱᠢᠭᠦᠨ᠂ ᠮᠠᠨᠵᠤᠤᠷ ᠬᠤᠳᠠ ᠶ᠋ᠢᠨ ᠨᠠᠮ ᠤ᠋ᠨ ᠬᠣᠷᠢᠶᠠᠨ ᠤ᠋ ᠱᠦᠵᠢ ᠢᠦᠢ ᠸᠧᠢ ᠳ᠋ᠦᠩ ᠢ᠋ ᠰᠤᠷᠪᠤᠯᠵᠢᠯᠠᠪᠠ᠃

《ᠶᠡᠷᠦᠩᠬᠡᠢ ᠱᠦᠵᠢ ᠰᠢ ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠎ᠳᠠᠭᠠᠨ᠂ ᠱᠢᠨ᠎ᠡ ᠴᠠᠭ ᠦᠶ᠎ᠡ ᠶ᠋ᠢᠨ ᠨᠠᠮ ᠪᠣᠯᠤᠨ ᠠᠷᠠᠳ ᠲᠦᠮᠡᠨ ᠤ᠋ ᠡᠷᠡᠮᠡᠬᠡᠢᠯᠡᠨ ᠤᠷᠤᠭ᠍ᠰᠢᠯᠠᠭ᠍ᠰᠠᠨ ᠲᠡᠦᠬᠡᠨ ᠶᠠᠪᠤᠴᠠ ᠶ᠋ᠢ ᠡᠷᠭᠢᠴᠡᠭᠦᠯᠵᠦ᠍᠂ 〈ᠲᠠᠪᠤᠨ ᠵᠠᠢᠯᠠᠰᠢ ᠦᠬᠡᠢ ᠵᠠᠮᠨᠠᠬᠤ ᠵᠠᠮ〉 ᠵᠢᠡᠷ ᠪᠦᠬᠦ᠌ ᠨᠠᠮ ᠪᠦᠬᠦ᠌ ᠤᠯᠤᠰ ᠤ᠋ᠨ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠤ᠋ ᠱᠢᠨ᠎ᠡ ᠠᠶᠠᠨ᠎ᠳᠤ ᠤᠷᠤᠭ᠍ᠰᠢᠯᠠᠬᠤ ᠵᠠᠮ ᠢ᠋ ᠵᠢᠭᠠᠵᠤ ᠥᠭ᠌ᠪᠡ᠃ ᠪᠢᠳᠡ ᠬᠢᠯᠢ ᠶ᠋ᠢᠨ ᠪᠣᠭᠣᠮᠲᠠ ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠤ᠋ᠨ ᠬᠥᠭ᠌ᠵᠢᠯᠲᠡ ᠶ᠋ᠢᠨ ᠡᠯ᠎ᠡ ᠵᠦᠢᠯ ᠤ᠋ᠨ ᠠᠵᠢᠯ ᠢ᠋ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠰᠢ ᠶ᠋ᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨ ᠤ᠋ ᠡᠯ᠎ᠡ ᠵᠦᠢᠯ ᠤ᠋ᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠵᠤ᠂ ᠱᠢᠯᠢᠳᠡᠭ ᠠᠮᠵᠢᠯᠲᠠ᠎ᠪᠠᠷ ᠵᠢᠡᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ ᠶ᠋ᠢ ᠤᠭ᠍ᠲᠤᠨ᠎ᠠ 》 ᠭᠡᠵᠦ᠍ ᠢᠦᠢ ᠸᠧᠢ ᠳ᠋ᠦᠩ ᠢᠯᠡᠷᠬᠡᠢᠯᠡᠪᠡ᠃

ᠨᠢᠭᠡ᠎ᠳᠦ᠂ ᠠᠮᠤᠷ ᠲᠦᠪᠱᠢᠨ ᠪᠣᠯᠤᠨ ᠬᠥᠭ᠌ᠵᠢᠯᠲᠡ ᠶ᠋ᠢ ᠨᠢᠭᠡᠳᠦᠯᠲᠡᠶ ᠲᠥᠯᠥᠪᠵᠢᠭᠦᠯᠵᠦ᠍ ᠂ ᠬᠢᠵᠢᠭ ᠤ᠋ᠨ ᠪᠠᠢᠳᠠᠯ ᠳᠠᠬᠢᠨ ᠡᠭᠦᠰᠭᠦ ᠥᠬᠡᠶ ᠪᠠᠢᠬᠤ ᠬᠣᠷᠢᠭ᠎ᠠ ᠱᠤᠭᠤᠮ ᠢ᠋ ᠪᠠᠲᠤ ᠰᠠᠬᠢᠨ᠎ᠠ᠃ ᠪᠣᠭᠣᠮᠲᠠ ᠶ᠋ᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠲᠤᠰᠭᠠᠶ ᠴᠡᠭ᠌ᠴᠡᠯᠡᠨ ᠵᠠᠰᠠᠬᠤ ᠠᠵᠢᠯ ᠵᠢᠴᠢ 《ᠭᠤᠷᠪᠠ ᠶ᠋ᠢ ᠰᠡᠷᠭᠡᠢᠯᠡᠵᠦ᠍ ᠭᠤᠷᠪᠠ᠎ᠳᠤ ᠴᠣᠬᠢᠯᠲᠠ ᠥᠭ᠌ᠬᠦ》ᠲᠤᠰᠭᠠᠶ ᠠᠵᠢᠯᠯᠠᠭ᠎ᠠ ᠶ᠋ᠢ ᠦᠷᠭᠦᠯᠵᠢᠯᠡᠨ ᠭᠦᠨᠵᠡᠭᠡᠶ ᠥᠷᠨᠢᠭᠦᠯᠵᠦ᠍᠂ ᠪᠣᠭᠣᠮᠲᠠ ᠶ᠋ᠢᠨ ᠠᠶᠤᠯ ᠲᠦᠭ᠌ᠰᠢᠭᠦᠷᠢ ᠬᠡᠮ ᠰᠣᠭᠣᠭ ᠢ᠋ ᠪᠥᠬᠥ᠌ ᠲᠠᠯ᠎ᠠ᠎ᠪᠠᠷ ᠠᠷᠢᠯᠭᠠᠨ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠶ᠋ᠢ ᠪᠠᠢᠩᠭᠤᠵᠢᠭᠤᠯᠬᠤ ᠨᠢᠭ᠍ᠲᠠ ᠴᠢᠩᠭ᠎ᠠ ᠰᠡᠷᠭᠡᠢᠯᠡᠯᠲᠡ ᠶ᠋ᠢᠨ ᠱᠤᠭᠤᠮ ᠢ᠋ ᠪᠠᠲᠤ ᠴᠣᠭ᠍ᠴᠠᠯᠠᠨ᠎ᠠ᠃ ᠪᠢᠲᠡᠭᠦᠮᠵᠢᠯᠡᠭ᠌ᠰᠡᠨ ᠲᠠᠯᠠᠪᠤᠷ ᠥᠷᠲᠡᠭᠡᠨ ᠤ᠋ ᠬᠠᠮᠢᠶᠠᠷᠤᠯᠲᠠ ᠶ᠋ᠢ ᠲᠠᠰᠤᠷᠠᠯᠲᠠ ᠥᠬᠡᠶ ᠴᠢᠩᠭᠠᠳᠭᠠᠵᠤ᠂ 《ᠭᠤᠷᠪᠠᠨ ᠰᠡᠷᠭᠡᠢᠯᠡᠯᠲᠡ ᠶ᠋ᠢᠨ ᠱᠤᠭᠤᠮ》 ᠢ᠋ ᠪᠠᠲᠤ ᠰᠠᠬᠢᠨ᠂ ᠬᠢᠵᠢᠭ ᠤ᠋ᠨ ᠳᠠᠷᠬᠠᠨ ᠳᠡᠯᠭᠡᠷᠡᠬᠦ᠌ ᠶ᠋ᠢ ᠡᠷᠡᠰ ᠰᠡᠷᠭᠡᠢᠯᠡᠵᠦ᠍᠂ ᠪᠣᠭᠣᠮᠲᠠ ᠶ᠋ᠢᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌ ᠶ᠋ᠢ ᠦᠨᠡᠨ ᠬᠦ᠌ ᠪᠠᠲᠤᠯᠠᠨ᠎ᠠ᠃ ᠡᠳ᠋ ᠪᠣᠳᠠᠰ ᠨᠥᠭᠡᠴᠡᠯᠡᠬᠦ᠌ ᠶ᠋ᠢ ᠴᠢᠩᠭᠠᠳᠭᠠᠵᠤ᠂ ᠤᠬᠠᠭᠤᠯᠵᠤ ᠬᠥᠲᠥᠯᠥᠨ ᠵᠢᠯᠣᠭᠣᠳᠭᠤ᠎ᠪᠠᠨ ᠴᠢᠩᠭᠠᠳᠭᠠᠨ᠂ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ ᠶ᠋ᠢ ᠪᠠᠲᠤ ᠰᠠᠬᠢᠵᠤ᠂ ᠣᠯᠠᠨ ᠵᠢᠡᠷ ᠵᠢᠡᠨ ᠰᠡᠷᠭᠡᠢᠯᠡᠵᠦ᠍ ᠣᠯᠠᠨ ᠵᠢᠡᠷ ᠵᠢᠡᠨ ᠡᠵᠡᠮᠳᠡᠬᠦ᠌ ᠲᠤᠤᠷ ᠢ᠋ ᠨᠢᠭ᠍ᠲᠠ ᠰᠦᠯᠵᠢᠨ᠂ ᠰᠡᠷᠭᠡᠢᠯᠡᠨ ᠡᠵᠡᠮᠳᠡᠬᠦ᠌ ᠶ᠋ᠢ ᠪᠠᠢᠩᠭᠤᠵᠢᠭᠤᠯᠬᠤ ᠪᠠ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠦᠨ᠎ᠠ᠃

ᠬᠣᠶᠠᠷ᠎ᠲᠤ᠂ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ ᠶ᠋ᠢ ᠲᠠᠰᠤᠷᠠᠯᠲᠠ ᠥᠬᠡᠶ ᠠᠬᠢᠭᠤᠯᠤᠨ᠎ᠠ᠃ ᠬᠠᠮᠠᠭᠠᠯᠠᠬᠤ ᠳᠤᠮᠳᠠ ᠬᠥᠭ᠌ᠵᠢᠭᠦᠯᠬᠦ᠌᠂ ᠬᠥᠭ᠌ᠵᠢᠭᠦᠯᠬᠦ᠌ ᠳᠤᠮᠳᠠ ᠬᠠᠮᠠᠭᠠᠯᠠᠬᠤ ᠶ᠋ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠱᠢᠰᠲ᠋ᠧᠮ᠎ᠲᠡᠶ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠤᠨ᠂ ᠬᠠᠷᠢᠶ᠎ᠠ ᠣᠷᠣᠨ ᠳ᠋ᠡᠬᠢ ᠬᠥᠯᠥᠨ ᠨᠠᠭᠤᠷ ᠤ᠋ᠨ ᠠᠮᠢ ᠠᠬᠤᠢ ᠶ᠋ᠢ ᠶᠡᠷᠦᠩᠬᠡᠢᠯᠡᠨ ᠵᠠᠰᠠᠬᠤ ᠡᠭᠦᠷᠭᠡ ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠠᠵᠢᠯ ᠢ᠋ ᠭᠦᠨᠵᠡᠭᠡᠢ ᠠᠬᠢᠭᠤᠯᠤᠨ᠎ᠠ᠃《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢᠨ ᠲᠣᠭᠣᠷᠢᠨ᠎ᠳᠤ ᠪᠣᠭᠣᠮᠲᠠ ᠶ᠋ᠢᠨ ᠣᠷᠣᠨ ᠪᠠᠢᠷᠢ ᠶ᠋ᠢᠨ ᠳᠠᠪᠠᠭᠤᠯᠢᠭ ᠎ᠲᠠᠭᠠᠨ ᠰᠠᠭᠤᠷᠢᠯᠠᠵᠤ᠂ ᠬᠣᠶᠠᠷ ᠵᠠᠬ᠎ᠠ ᠳᠡᠯᠭᠡᠭᠦᠷ᠎ᠲᠦ ᠲᠦᠱᠢᠭ᠌ᠯᠡᠨ᠂ ᠬᠣᠶᠠᠷ ᠵᠦᠶ᠋ᠯ ᠤ᠋ᠨ ᠡᠬᠢ ᠪᠠᠶᠠᠯᠢᠭ ᠢ᠋ ᠰᠠᠢᠲᠤᠷ ᠬᠡᠷᠡᠭ᠌ᠯᠡᠵᠦ᠍᠂ ᠪᠣᠭᠣᠮᠲᠠ ᠶ᠋ᠢᠨ ᠠᠵᠤ ᠠᠬᠤᠶ ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠶ᠋ᠢ ᠦᠨᠡᠨ ᠬᠦ᠌ ᠠᠬᠢᠭᠤᠯᠤᠨ᠎ᠠ᠃ ᠠᠮᠢ ᠠᠬᠤᠶ ᠶ᠋ᠢ ᠤᠷᠢᠳ ᠵᠢᠡᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ᠂ ᠣᠯᠠᠨ ᠡᠱᠢᠵᠢᠭ᠌ᠰᠡᠨ ᠠᠷᠭ᠎ᠠ ᠬᠡᠯᠪᠡᠷᠢ ᠶ᠋ᠢ ᠬᠠᠢᠨ ᠰᠦᠪᠡᠭ᠌ᠴᠢᠯᠡᠵᠦ᠍᠂ ᠠᠷᠠᠯᠵᠢᠶ᠎ᠠ ᠠᠵᠤ ᠦᠶ᠋ᠯᠡᠳᠪᠦᠷᠢ ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠶ᠋ᠢ ᠠᠬᠢᠭᠤᠯᠤᠨ᠂ 《ᠵᠢᠭᠤᠯᠴᠢᠯᠠᠯ+》 ᠪᠠᠢᠯᠳᠤᠬᠤ ᠪᠣᠳᠣᠯᠭ᠎ᠠ ᠶ᠋ᠢ ᠶᠡᠬᠡ᠎ᠪᠡᠷ ᠬᠡᠷᠡᠭ᠌ᠵᠢᠭᠦᠯᠵᠦ᠍᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ᠎ᠲᠠᠶ ᠵᠣᠬᠢᠴᠠᠭ᠍ᠰᠠᠨ ᠪᠣᠭᠣᠮᠲᠠ ᠶ᠋ᠢᠨ ᠤᠨᠴᠠᠯᠢᠬ᠍ᠳᠤ ᠳᠠᠪᠠᠭᠤᠯᠢᠭ ᠠᠵᠤ ᠦᠶ᠋ᠯᠡᠰ ᠤ᠋ᠨ ᠱᠢᠰᠲ᠋ᠧᠮ ᠢ᠋ ᠲᠦᠷᠭᠡᠳᠭᠡᠨ ᠪᠦᠷᠢᠯᠳᠦᠭᠦᠯᠦᠨ᠎ᠡ᠃ 《ᠣᠷᠴᠢᠨ ᠲᠣᠭᠣᠷᠢᠨ ᠢ᠋ ᠱᠢᠯᠢᠳᠡᠭ᠌ᠵᠢᠭᠦᠯᠬᠦ᠌᠂ ᠠᠷᠠᠯᠵᠢᠶᠠᠴᠢᠨ ᠤᠷᠢᠬᠤ ᠶ᠋ᠢ ᠠᠬᠢᠭᠤᠯᠬᠤ᠂ ᠲᠥᠷᠥᠯ ᠵᠦᠶ᠋ᠯ ᠢ᠋ ᠠᠳᠭᠤᠬᠤ》 ᠠᠵᠢᠯ ᠢ᠋ ᠥᠷᠨᠢᠭᠦᠯᠵᠦ᠍᠂ ᠪᠣᠭᠣᠮᠲᠠ ᠶ᠋ᠢᠨ ᠠᠵᠤ ᠠᠬᠤᠶ ᠶ᠋ᠢᠨ ᠲᠣᠭ᠍ᠲᠠᠭᠤᠨ ᠤ᠋ ᠳᠤᠮᠳᠠ ᠰᠠᠢᠵᠢᠷᠠᠬᠤ ᠶ᠋ᠢ ᠪᠠᠲᠤᠯᠠᠨ᠎ᠠ᠃             

ᠭᠤᠷᠪᠠ᠎ᠳᠤ᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ᠎ᠳᠤ ᠢᠳᠡᠪᠬᠢᠲᠡᠢ ᠠᠭᠤᠰᠤᠯᠴᠠᠵᠤ᠂ ᠨᠡᠭᠡᠭᠡᠯᠲᠡ ᠶ᠋ᠢᠨ ᠲᠦᠪᠱᠢᠨ ᠢ᠋ ᠤᠯᠠᠮ ᠴᠢᠨᠠᠭ᠍ᠰᠢᠳᠠ ᠳᠡᠭᠡᠭ᠌ᠰᠢᠯᠡᠭᠦᠯᠦᠨ᠎ᠡ᠃ ᠬᠣᠯᠪᠣᠯᠳᠤᠨ ᠨᠡᠪᠲᠡᠷᠡᠯᠴᠡᠬᠦ᠌᠂ ᠭᠦᠨᠵᠡᠭᠡᠶ ᠨᠡᠭᠡᠭᠡᠯᠲᠡ ᠬᠢᠬᠦ᠌᠂ ᠬᠢᠯᠢ ᠬᠢᠵᠠᠭᠠᠷ ᠪᠠ ᠳᠤᠲᠤᠷ᠎ᠠ ᠭᠠᠵᠠᠷ ᠨᠢᠭᠡ ᠴᠣᠭ᠍ᠴᠠᠵᠢᠭ᠍ᠰᠠᠨ ᠨᠡᠭᠡᠭᠡᠯᠲᠡ ᠶ᠋ᠢᠨ ᠪᠠᠢᠷᠢᠱᠢᠯ ᠢ᠋ ᠲᠦᠷᠭᠡᠳᠭᠡᠨ ᠪᠠᠢᠭᠤᠯᠵᠤ᠂ ᠪᠣᠭᠣᠮᠲᠠ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠤᠨ᠎ᠠ᠃ ᠡᠬᠡ ᠬᠠᠭᠤᠷᠠᠶ ᠶ᠋ᠢᠨ ᠬᠢᠯᠢ ᠶ᠋ᠢᠨ ᠪᠣᠭᠣᠮᠲᠠ ᠶ᠋ᠢᠨ ᠬᠡᠯᠪᠡᠷᠢ ᠶ᠋ᠢᠨ ᠤᠯᠤᠰ ᠤ᠋ᠨ ᠪᠠᠷᠠᠭᠠᠨ ᠤ᠋ ᠭᠦᠶ᠋ᠯᠭᠡᠭᠡ ᠵᠢᠨ ᠬᠦᠶ᠋ᠰᠦ ᠶ᠋ᠢᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠵᠦ᠍᠂ ᠬᠢᠯᠢ ᠶ᠋ᠢᠨ ᠪᠣᠭᠣᠮᠲᠠ ᠶ᠋ᠢᠨ ᠨᠥᠯᠥᠭᠡᠯᠡᠨ ᠳᠠᠢᠴᠢᠯᠠᠬᠤ ᠴᠢᠳᠠᠪᠤᠷᠢ ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠬᠠᠷᠢᠯᠴᠠᠨ ᠠᠷᠠᠯᠵᠢᠶᠠᠯᠠᠬᠤ ᠲᠣᠭᠣᠷᠢᠭ᠂ ᠬᠠᠮᠲᠤᠷᠠᠯᠴᠠᠬᠤ ᠲᠣᠭᠣᠷᠢᠭ᠂ ᠶᠡᠷᠦᠩᠬᠡᠢᠯᠡᠭ᠌ᠰᠡᠨ ᠪᠠᠲᠤᠯᠠᠭ᠎ᠠ ᠶ᠋ᠢᠨ ᠲᠣᠭᠣᠷᠢᠭ ᠵᠡᠷᠭᠡ ᠨᠡᠭᠡᠭᠡᠯᠲᠡ ᠶ᠋ᠢᠨ ᠲᠠᠪᠴᠠᠩ ᠤ᠋ᠨ ᠳᠠᠪᠠᠭᠤᠯᠢᠭ ᠵᠢᠡᠨ ᠬᠠᠷᠢᠯᠴᠠᠨ ᠨᠥᠬᠥᠪᠥᠷᠢᠯᠡᠬᠦ᠌᠂ ᠬᠣᠯᠪᠣᠭᠠᠯᠠᠨ ᠬᠥᠭ᠌ᠵᠢᠬᠦ᠌ ᠶ᠋ᠢ ᠪᠥᠬᠥ᠌ ᠬᠦᠴᠦᠨ ᠵᠢᠡᠷ ᠠᠬᠢᠭᠤᠯᠤᠨ᠎ᠠ᠃ ᠣᠷᠣᠰ ᠮᠣᠩᠭᠣᠯ᠎ᠯᠤᠭ᠎ᠠ ᠶ᠋ᠢᠨ ᠪᠥᠬᠥ᠌ ᠲᠠᠯ᠎ᠠ ᠶ᠋ᠢᠨ᠂ ᠣᠯᠠᠨ ᠬᠦᠷᠢᠶ᠎ᠡ ᠴᠠᠷᠠᠭ᠎ᠠ ᠶ᠋ᠢᠨ ᠪᠣᠳᠠᠲᠠᠶ ᠶ᠋ᠢ ᠡᠷᠬᠢᠮᠯᠡᠬᠦ᠌ ᠬᠠᠮᠲᠤᠷᠠᠯᠴᠠᠭ᠎ᠠ ᠶ᠋ᠢ ᠭᠦᠨᠵᠡᠭᠡᠶ ᠠᠬᠢᠭᠤᠯᠵᠤ᠂ ᠵᠡᠭᠦᠨ ᠡᠮᠦᠨᠡᠲᠦ ᠲᠡᠯᠡᠶ ᠳᠠᠭᠠᠤ ᠤᠷᠤᠨ᠂ ᠵᠡᠭᠦᠨ ᠬᠣᠢᠲᠤ ᠣᠷᠣᠨ᠂ ᠣᠷᠣᠨ ᠤ᠋ ᠳᠣᠲᠣᠷᠠᠬᠢ ᠠᠢᠮᠠᠭ ᠬᠣᠲᠠ ᠪᠣᠯᠤᠨ ᠬᠥᠷᠰᠢ ᠵᠡᠷᠭᠡᠯᠡᠳᠡᠭᠡ ᠬᠣᠱᠢᠭᠤ ᠬᠣᠲᠠ ᠲᠣᠭᠣᠷᠢᠭ᠎ᠯᠤᠭ᠎ᠠ ᠶ᠋ᠢᠨ ᠡᠬᠢ ᠪᠠᠶᠠᠯᠢᠭ ᠤ᠋ᠨ ᠲᠥᠷᠥ ᠶ᠋ᠢᠨ ᠪᠣᠳᠣᠯᠭ᠎ᠠ ᠶ᠋ᠢᠨ ᠳᠠᠪᠠᠭᠤᠯᠢᠭ ᠵᠢᠡᠨ ᠬᠠᠷᠢᠯᠴᠠᠨ ᠨᠥᠬᠥᠪᠥᠷᠢᠯᠡᠬᠦ᠌᠂ ᠪᠣᠳᠠᠲᠠᠶ ᠶ᠋ᠢ ᠡᠷᠬᠢᠮᠯᠡᠬᠦ᠌ ᠬᠠᠮᠲᠤᠷᠠᠯᠴᠠᠭ᠎ᠠ ᠶ᠋ᠢ ᠴᠢᠩᠭᠠᠳᠭᠠᠨ᠂ ᠥᠷᠭᠡᠨ ᠬᠡᠪᠴᠢᠶᠡᠨ ᠤ᠋ ᠪᠣᠭᠣᠮᠲᠠ ᠶ᠋ᠢᠨ ᠠᠵᠤ ᠠᠬᠤᠶ ᠶ᠋ᠢᠨ ᠬᠦᠷᠢᠶ᠎ᠡ ᠶ᠋ᠢ ᠪᠣᠶ ᠪᠣᠯᠭᠠᠵᠤ᠂ ᠡᠬᠡ ᠬᠠᠭᠤᠷᠠᠶ ᠪᠠ ᠲᠡᠯᠡᠶ ᠵᠢᠨ ᠵᠦᠭᠡᠭᠡᠪᠦᠷᠢ ᠵᠢᠨ ᠬᠣᠯᠪᠣᠭᠠᠯᠠᠨ ᠲᠡᠭᠡᠭᠡᠪᠦᠷᠢᠯᠡᠬᠦ᠌ ᠱᠢᠨ᠎ᠡ ᠵᠠᠮ ᠢ᠋ ᠪᠣᠶ ᠪᠣᠯᠭᠠᠨ᠎ᠠ᠃

ᠳᠥᠷᠪᠡ᠎ᠳᠦ᠂ ᠠᠷᠠᠳ ᠲᠦᠮᠡᠨ ᠵᠢᠡᠷ ᠭᠣᠣᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠠᠷᠠᠳ ᠤ᠋ᠨ ᠠᠮᠢᠳᠤᠷᠠᠯ ᠢ᠋ ᠪᠦᠬᠦ᠌ ᠬᠦᠴᠦᠨ ᠵᠢᠡᠷ ᠪᠠᠲᠤᠯᠠᠨ ᠰᠠᠢᠵᠢᠷᠠᠭᠤᠯᠤᠨ᠎ᠠ᠃ ᠠᠷᠠᠳ ᠤ᠋ᠨ ᠠᠮᠢᠳᠤᠷᠠᠯ᠎ᠳᠠᠬᠢ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠠᠷᠠᠳ ᠤ᠋ᠨ ᠲᠥᠯᠥᠭᠡ ᠪᠣᠳᠠᠲᠠᠢ ᠠᠵᠢᠯ ᠬᠢᠬᠦ᠌ ᠤᠷᠳᠤ ᠬᠤᠭᠤᠴᠠᠭᠠᠨ ᠤ᠋ ᠪᠦᠲᠦᠮᠵᠢᠲᠡᠢ ᠲᠣᠭ᠍ᠲᠠᠴᠠ ᠶ᠋ᠢ ᠲᠡᠭᠦᠯᠳᠡᠷᠵᠢᠭᠦᠯᠦᠨ᠂ ᠬᠥᠭ᠌ᠵᠢᠯᠲᠡ ᠶ᠋ᠢᠨ ᠦᠷ᠎ᠡ ᠪᠦᠲᠦᠭᠡᠯ ᠢ᠋ ᠥᠷᠭᠡᠨ ᠤᠯᠠᠨ ᠠᠷᠠᠳ ᠲᠦᠮᠡᠨ᠎ᠳᠦ ᠨᠡᠩ ᠤᠯᠠᠨ ᠨᠡᠩ ᠲᠦᠪ ᠭᠣᠣᠯᠴᠢ᠎ᠪᠠᠷ ᠬᠦᠷᠲᠡᠭᠡᠨ᠎ᠡ ᠃ ᠠᠵᠢᠯ ᠣᠯᠭᠣᠯᠲᠠ᠂ ᠡᠮ ᠡᠮᠨᠡᠯᠭᠡ᠂ ᠨᠠᠰᠤᠵᠢᠯ ᠤ᠋ᠨ ᠠᠰᠠᠷᠠᠮᠵᠢ᠂ ᠨᠡᠢᠭᠡᠮ ᠤ᠋ᠨ ᠠᠪᠤᠷᠠᠨ ᠲᠤᠰᠠᠯᠠᠯᠲᠠ᠂ ᠬᠠᠷᠠᠭᠠᠯᠵᠠᠨ ᠲᠥᠪᠬᠢᠨᠡᠭᠦᠯᠬᠦ᠌ ᠨᠡᠢᠭᠡᠮ ᠤ᠋ᠨ ᠪᠠᠲᠤᠯᠠᠭ᠎ᠠ ᠶ᠋ᠢᠨ ᠲᠣᠣᠷ ᠢ᠋ ᠨᠢᠭ᠍ᠲᠠ ᠪᠥᠭᠡᠳ ᠪᠠᠲᠤ ᠪᠡᠬᠢ ᠰᠦᠯᠵᠢᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ ᠨᠡᠢᠭᠡᠮ ᠤ᠋ᠨ ᠦᠢᠯᠡᠰ ᠢ᠋ ᠯᠠᠪᠳᠠᠭᠤᠨ ᠪᠠᠲᠤᠲᠠᠢ ᠰᠠᠢᠲᠤᠷ ᠡᠷᠬᠢᠯᠡᠨ᠂ ᠣᠯᠠᠨ ᠨᠡᠢᠲᠡ ᠶ᠋ᠢᠨ ᠦᠢᠯᠡᠴᠢᠯᠡᠭᠡᠨ ᠤ᠋ ᠬᠢᠷᠢ ᠲᠦᠪᠱᠢᠨ ᠢ᠋ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠪᠠᠬᠢ ᠴᠤᠬᠴᠠᠯᠠᠨ᠂ ᠤᠯᠤᠰ ᠤ᠋ᠨ ᠲᠠᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠶ᠋ᠢᠨ ᠵᠢᠱ᠌ᠢᠶ᠎ᠡ ᠦᠵᠡᠭᠦᠯᠬᠦ᠌ ᠬᠣᠲᠠ ᠶ᠋ᠢ ᠡᠭᠦᠳᠦᠨ ᠪᠠᠢᠭᠤᠯᠵᠤ᠂ ᠦᠨᠳᠦᠰᠦᠲᠡᠨ ᠤ᠋ ᠪᠦᠯᠬᠦᠮᠳᠡᠯ ᠤ᠋ᠨ ᠴᠡᠴᠡᠭ ᠢ᠋ ᠪᠤᠭᠤᠮᠳᠠ᠂ ᠬᠢᠯᠢ ᠬᠢᠵᠠᠭᠠᠷ᠎ᠲᠤ ᠪᠠᠢᠩᠭᠤ ᠳᠡᠯᠭᠡᠷᠡᠭᠦᠯᠦᠨ᠎ᠡ᠃

ᠲᠠᠪᠤ᠎ᠳᠤ᠂ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ ᠶ᠋ᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠬᠥᠭ᠌ᠵᠢᠯᠲᠡ ᠶ᠋ᠢᠨ ᠣᠷᠴᠢᠨ ᠢ᠋ ᠪᠤᠢ ᠪᠣᠯᠭᠠᠨ᠎ᠠ᠃ ᠤᠯᠤᠰ ᠲᠦᠷᠦ᠍ ᠬᠠᠤᠯᠢ ᠴᠠᠭᠠᠵᠠ᠂ ᠮᠥᠩᠭᠥᠨ ᠭᠦᠢᠯᠭᠡᠭᠡᠨ᠂ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ᠂ ᠬᠠᠩᠭᠠᠨ ᠪᠣᠷᠣᠯᠠᠭᠤᠯᠬᠤ ᠵᠡᠷᠭᠡ ᠬᠦᠷᠢᠶᠡᠨ᠎ᠳᠡᠬᠢ ᠢᠯᠵᠠᠷᠠᠯ ᠤ᠋ᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠶ᠋ᠢᠨ ᠠᠮᠢ ᠠᠬᠤᠢ ᠶ᠋ᠢ ᠴᠢᠷᠮᠠᠢᠨ ᠪᠤᠢ ᠪᠣᠯᠭᠠᠨ᠎ᠠ᠃ ᠨᠠᠮ ᠤ᠋ᠨ ᠤᠯᠤᠰ ᠲᠦᠷᠦ᠍ ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍ ᠶ᠋ᠢᠨ ᠶᠣᠰᠣ ᠲᠦᠷᠢᠮ ᠢ᠋ ᠴᠢᠩᠭ᠎ᠠ ᠰᠠᠬᠢᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠳᠤᠷ᠎ᠠ ᠵᠣᠷᠢᠭ ᠤ᠋ᠨ᠂ ᠦᠩᠭᠡᠨ ᠲᠡᠳᠦᠢ᠂ ᠰᠤᠯᠠ ᠶᠡᠷᠦᠮᠳᠡᠭ᠂ ᠪᠣᠯᠬᠢ ᠪᠦᠳᠦᠬᠦᠯᠢᠭ ᠠᠰᠠᠭᠤᠳᠠᠯ ᠢ᠋ ᠬᠦᠴᠦᠯᠡᠨ ᠱᠢᠢᠳᠪᠦᠷᠢᠯᠡᠨ᠎ᠡ᠃ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠪᠠᠢᠩᠭᠤᠵᠢᠭᠤᠯᠬᠤ᠂ ᠤᠷᠳᠤ ᠬᠤᠭᠤᠴᠠᠭ᠎ᠠ ᠪᠡᠷ ᠪᠦᠲᠦᠮᠵᠢᠲᠡᠢ ᠪᠣᠯᠭᠠᠬᠤ ᠶ᠋ᠢ ᠦᠷᠭᠦᠯᠵᠢᠯᠡᠨ ᠠᠬᠢᠭᠤᠯᠵᠤ᠂ ᠠᠵᠢᠯ ᠬᠢᠵᠦ᠍ ᠦᠢᠯᠡᠰ ᠪᠤᠰᠭᠠᠬᠤ ᠭᠦᠨ ᠵᠤᠵᠠᠭᠠᠨ ᠠᠭᠤᠷ ᠠᠮᠢᠰᠭᠤᠯ ᠢ᠋ ᠴᠢᠷᠮᠠᠢᠨ ᠪᠤᠢ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号