ᠮᠠᠨ ᠤ᠋ ᠤᠷᠤᠨ ᠡᠨᠡ ᠵᠢᠯ 10 ᠳ᠋ᠦᠩᠰᠢᠭᠤᠷ ᠲᠦᠭᠦᠷᠢᠭ ᠡᠴᠡ ᠳᠡᠭᠡᠭᠰᠢᠬᠢ ᠪᠡᠯᠡ ᠤᠷᠤᠭᠤᠯᠤᠯᠳᠠ ᠪᠦᠬᠦᠢ 414 ᠴᠢᠬᠤᠯᠠ ᠶᠡᠬᠡ ᠲᠦᠷᠦᠯ ᠵᠦᠢᠯ ᠢ᠋ ᠬᠡᠷᠡᠭᠵᠢᠭᠦᠯᠦᠨ᠎ᠠ
2022-04-08 10:38:12
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠡᠨᠡ ᠵᠢᠯ 10 ᠳ᠋ᠦᠩᠰᠢᠭᠤᠷ ᠲᠦᠭᠦᠷᠢᠭ ᠡᠴᠡ ᠳᠡᠭᠡᠭᠰᠢᠬᠢ ᠪᠡᠯᠡ ᠤᠷᠤᠭᠤᠯᠤᠯᠳᠠ ᠪᠦᠬᠦᠢ 414 ᠴᠢᠬᠤᠯᠠ ᠶᠡᠬᠡ ᠲᠦᠷᠦᠯ ᠵᠦᠢᠯ (ᠭᠡᠷ ᠭᠠᠵᠠᠷ ᠤ᠋ᠨ ᠬᠦᠷᠦᠩᠭᠡ ᠶ᠋ᠢᠨ ᠲᠦᠷᠦᠯ ᠵᠦᠢᠯ ᠡᠴᠡ ᠪᠤᠰᠤᠳ) ᠢ᠋ ᠬᠡᠷᠡᠭᠵᠢᠭᠦᠯᠵᠤ᠂ ᠲᠤᠰ ᠵᠢᠯ ᠳ᠋ᠡᠭᠡᠨ ᠨᠡᠢᠳᠡ 3011.54 ᠳ᠋ᠦᠩᠰᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠶ᠋ᠢ ᠪᠡᠶᠡᠯᠡᠭᠦᠯᠬᠦ ᠪᠡᠷ ᠲᠦᠯᠦᠪᠯᠡᠵᠦ ᠪᠤᠢ᠃

ᠡᠳᠡᠭᠡᠷ ᠲᠦᠷᠦᠯ ᠵᠦᠢᠯ ᠨᠢ ᠵᠠᠮ ᠬᠠᠷᠢᠯᠴᠠᠭ᠎ᠠ᠂ ᠡᠨᠧᠷᠬᠢ᠂ ᠤᠳᠤ ᠦᠶ᠎ᠠ ᠶ᠋ᠢᠨ ᠲᠠᠷᠢᠶᠠᠯᠠᠩ᠂ ᠲᠤᠭᠠᠴᠢᠯᠠᠭᠰᠠᠨ ᠠᠵᠤ ᠠᠬᠤᠢ᠂ ᠰᠠᠭᠤᠷᠢ ᠲᠦᠬᠦᠭᠡᠷᠦᠮᠵᠢ᠂ ᠡᠨᠧᠷᠬᠢ ᠠᠷᠪᠢᠯᠠᠵᠤ ᠤᠷᠴᠢᠨ ᠲᠤᠭᠤᠷᠢᠨ᠎ᠢ ᠬᠠᠮᠠᠭᠠᠯᠠᠬᠤ᠂ ᠰᠤᠶᠤᠯ ᠵᠢᠭᠤᠯᠴᠢᠯᠠᠯ ᠡᠷᠡᠭᠦᠯᠵᠢᠯ ᠠᠰᠠᠷᠠᠮᠵᠢ ᠵᠡᠷᠬᠡ ᠬᠦᠷᠢᠶᠡᠨ ᠳ᠋ᠤ ᠬᠤᠯᠪᠤᠭᠳᠠᠵᠤ᠂ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠴᠢᠬᠤᠯᠠ ᠶᠡᠬᠡ ᠲᠦᠷᠦᠯ ᠵᠦᠢᠯ 19 ᠪᠠᠢᠵᠤ᠂ ᠲᠤᠰ ᠵᠢᠯ ᠳ᠋ᠡᠭᠡᠨ ᠨᠡᠢᠳᠡ 299.70 ᠳ᠋ᠦᠩᠰᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠶ᠋ᠢ ᠪᠡᠶᠡᠯᠡᠭᠦᠯᠬᠦ ᠪᠡᠷ ᠲᠦᠯᠦᠪᠯᠡᠵᠦ ᠪᠠᠢᠨ᠎ᠠ᠃ ᠠᠢᠮᠠᠭ ᠬᠤᠳᠠ ᠶ᠋ᠢᠨ ᠬᠤᠪᠢ ᠳ᠋ᠤ᠂ ᠬᠦᠬᠡᠬᠤᠳᠠ 61 ᠲᠦᠷᠦᠯ ᠵᠦᠢᠯ᠂ ᠪᠤᠭᠤᠳᠤ ᠬᠤᠳᠠ 60 ᠲᠦᠷᠦᠯ ᠵᠦᠢᠯ᠂ ᠬᠦᠯᠦᠨ ᠪᠤᠢᠷ ᠬᠤᠳᠠ 15 ᠲᠦᠷᠦᠯ ᠵᠦᠢᠯ᠂ ᠬᠢᠩᠭᠠᠨ ᠠᠢᠮᠠᠭ 20 ᠲᠦᠷᠦᠯ ᠵᠦᠢᠯ᠂ ᠲᠦᠩᠯᠢᠶᠤᠤ ᠬᠤᠳᠠ 23 ᠲᠦᠷᠦᠯ ᠵᠦᠢᠯ᠂ ᠤᠯᠠᠭᠠᠨᠬᠠᠳᠠ ᠬᠤᠳᠠ 25 ᠲᠦᠷᠦᠯ ᠵᠦᠢᠯ᠂ ᠰᠢᠯᠢ ᠶ᠋ᠢᠨ ᠭᠤᠤᠯ ᠠᠢᠮᠠᠭ 20 ᠲᠦᠷᠦᠯ ᠵᠦᠢᠯ ᠂ ᠤᠯᠠᠭᠠᠨᠴᠠᠪ ᠬᠤᠳᠠ 42 ᠲᠦᠷᠦᠯ ᠵᠦᠢᠯ᠂ ᠤᠷᠳᠤᠰ ᠬᠤᠳᠠ 69 ᠲᠦᠷᠦᠯ ᠵᠦᠢᠯ᠂ ᠪᠠᠶᠠᠨᠨᠠᠭᠤᠷ ᠬᠤᠳᠠ 19 ᠲᠦᠷᠦᠯ ᠵᠦᠢᠯ᠂ ᠦᠬᠠᠢ ᠬᠤᠳᠠ 20 ᠲᠦᠷᠦᠯ ᠵᠦᠢᠯ᠂ ᠠᠯᠠᠱᠠ ᠠᠢᠮᠠᠭ 21 ᠲᠦᠷᠦᠯ ᠵᠦᠢᠯ ᠢ᠋ ᠬᠡᠷᠡᠭᠵᠢᠭᠦᠯᠬᠦ ᠪᠡᠷ ᠲᠦᠯᠦᠪᠯᠡᠵᠦ ᠪᠠᠢᠨ᠎ᠠ᠃

ᠬᠠᠮᠤᠭ ᠤ᠋ᠨ ᠰᠢᠨ᠎ᠠ ᠳᠤᠬᠢᠷᠠᠭᠤᠯᠤᠯᠳᠠ ᠶ᠋ᠢ ᠦᠨᠳᠦᠰᠦᠯᠡᠪᠡᠯ᠂ ᠡᠨᠡ ᠵᠢᠯ ᠮᠠᠨ ᠤ᠋ ᠤᠷᠤᠨ ᠪᠠᠰᠠ ᠵᠠᠰᠠᠭ ᠤ᠋ᠨ ᠤᠷᠳᠤᠨ ᠡᠴᠡ ᠪᠡᠯᠡ ᠤᠷᠤᠭᠤᠯᠤᠭᠰᠠᠨ 5000 ᠲᠦᠮᠡᠨ ᠲᠦᠭᠦᠷᠢᠭ ᠡᠴᠡ ᠳᠡᠭᠡᠭᠰᠢᠬᠢ᠂ ᠠᠵᠤ ᠠᠬᠤᠢᠯᠠᠯ ᠡᠴᠡ ᠪᠡᠯᠡ ᠤᠷᠤᠭᠤᠯᠤᠭᠰᠠᠨ ᠳ᠋ᠦᠩᠰᠢᠭᠤᠷ ᠲᠦᠭᠦᠷᠢᠭ ᠡᠴᠡ ᠳᠡᠭᠡᠭᠰᠢᠬᠢ 3289 ᠴᠢᠬᠤᠯᠠ ᠶᠡᠬᠡ ᠲᠦᠷᠦᠯ ᠵᠦᠢᠯ ᠢ᠋ ᠬᠡᠷᠡᠭᠵᠢᠭᠦᠯᠵᠦ᠂ ᠪᠦᠬᠦ ᠵᠢᠯ ᠳ᠋ᠤ ᠨᠡᠢᠳᠡ 5868 ᠳ᠋ᠦᠩᠰᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠵᠢ ᠪᠡᠶᠡᠯᠡᠭᠦᠯᠬᠦ ᠪᠡᠷ ᠲᠦᠯᠦᠪᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号