ᠠᠵᠤ ᠦᠢᠯᠡᠳᠪᠤᠷᠢ ᠶ᠋ᠢᠨ ᠢᠨᠲᠧᠷ ᠰᠦᠯᠵᠢᠶ᠎ᠠ ᠪᠤᠯ ᠰᠢᠨ᠎ᠠ ᠨᠢᠭᠡ ᠦᠶ᠎ᠠ ᠶ᠋ᠢᠨ ᠮᠡᠳᠡᠭᠡ ᠵᠠᠩᠬᠢ ᠴᠢᠮᠡᠭᠡ ᠨᠡᠪᠳᠡᠷᠡᠯᠭᠡ ᠶ᠋ᠢᠨ ᠮᠡᠷᠭᠡᠵᠢᠯ ᠬᠢᠭᠡᠳ ᠦᠢᠯᠡᠳᠬᠦ ᠦᠢᠯᠡᠰ ᠤ᠋ᠨ ᠭᠦᠨᠵᠡᠭᠡᠢ ᠠᠭᠤᠰᠤᠯᠴᠠᠬᠤ ᠵᠠᠩᠬᠢᠯᠠᠭ᠎ᠠ ᠶ᠋ᠢᠨ ᠰᠠᠭᠤᠷᠢ ᠲᠦᠭᠦᠭᠡᠷᠦᠮᠵᠢ ᠪᠤᠯᠤᠨ᠎ᠠ᠃ ᠤᠢᠷ᠎ᠠ ᠶ᠋ᠢᠨ ᠵᠢᠯ ᠳ᠋ᠤ᠂ ᠪᠦᠬᠦ ᠤᠷᠤᠨ ᠤ᠋ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠬᠦᠭᠵᠢᠯᠳᠡ ᠢᠳᠡᠪᠬᠢᠳᠠᠢ ᠦᠷ᠎ᠠ ᠪᠦᠲᠦᠮᠵᠢ ᠤᠯᠵᠤ᠂ ᠠᠵᠤ ᠦᠢᠯᠡᠳᠪᠤᠷᠢ ᠶ᠋ᠢᠨ ᠢᠨᠲᠧᠷ ᠰᠦᠯᠵᠢᠶ᠎ᠠ ᠪᠤᠯᠤᠨ ᠠᠵᠤ ᠦᠢᠯᠡᠳᠪᠤᠷᠢ ᠶ᠋ᠢᠨ ᠢᠨᠲ᠋ᠧᠷ ᠰᠦᠯᠵᠢᠶᠠᠨ ᠤ᠋ ᠱᠤᠰᠢᠭ᠎ᠠ ᠳᠡᠮᠳᠡᠭ ᠤ᠋ᠨ ᠵᠠᠳᠠᠯᠤᠯᠳᠠ ᠶ᠋ᠢᠨ ᠰᠢᠰᠲ᠋ᠧᠮ ᠨᠢᠭᠡᠨᠳᠡ ᠮᠠᠨ ᠤ᠋ ᠤᠷᠤᠨ ᠤ᠋ ᠠᠵᠤ ᠦᠢᠯᠡᠳᠪᠤᠷᠢ ᠶ᠋ᠢᠨ ᠠᠵᠤ ᠠᠬᠤᠢ ᠶ᠋ᠢᠨ ᠲᠡᠷᠢᠭᠦᠨ ᠴᠢᠬᠤᠯᠠ 《ᠰᠢᠨ᠎ᠠ ᠰᠠᠭᠤᠷᠢ ᠲᠦᠭᠦᠭᠡᠷᠦᠮᠵᠢ》 ᠪᠤᠯᠪᠠ ᠃
ᠤᠳᠤᠬᠠᠨ ᠳ᠋ᠤ᠂ ᠪᠦᠬᠦ ᠤᠷᠤᠨ ᠳ᠋ᠤ ᠤᠯᠤᠰ ᠤ᠋ᠨ ᠳᠡᠰ ᠤ᠋ᠨ ᠠᠵᠢᠯ ᠲᠦᠷᠦᠯ ᠤ᠋ᠨ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠳᠠᠪᠴᠠᠩ 1᠂ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠳᠠᠪᠴᠠᠩ10 ᠶ᠋ᠢ ᠪᠠᠢᠭᠤᠯᠵᠤ᠂ ᠶᠠᠭ ᠪᠠᠢᠭᠤᠯᠵᠤ ᠪᠠᠢᠭ᠎ᠠ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠳᠠᠪᠴᠠᠩ 5 ᠪᠤᠢ᠃ 2021 ᠤᠨ ᠳ᠋ᠤ᠂ ᠦᠪᠡᠷᠳᠡᠭᠡᠨ ᠵᠠᠰᠠᠬᠤ ᠤᠷᠤᠨ ᠡᠴᠡ 7244 ᠲᠦᠮᠡᠨ ᠲᠦᠭᠦᠷᠢᠭ ᠤ᠋ᠨ ᠪᠡᠯᠡ ᠮᠦᠩᠬᠦ ᠳᠤᠬᠢᠷᠠᠭᠤᠯᠤᠨ ᠠᠵᠤ ᠦᠢᠯᠡᠳᠪᠤᠷᠢ ᠶ᠋ᠢᠨ ᠬᠦᠷᠢᠶᠡᠨ ᠤ᠋ 5G + ᠲᠤᠭᠠᠴᠢᠯᠠᠯᠳᠠ ᠶ᠋ᠢᠨ 33 ᠲᠦᠷᠦᠯ ᠵᠦᠢᠯ ᠢ᠋ ᠳᠡᠳᠭᠦᠨ ᠳᠡᠮᠵᠢᠪᠡ ᠃ ᠤᠳᠤ ᠨᠢᠭᠡᠨᠳᠡ ᠵᠤᠬᠢᠬᠤ ᠤᠷᠤᠨ ᠪᠦᠰᠡ ᠶ᠋ᠢᠨ ᠨᠦᠯᠦᠭᠡᠯᠡᠬᠦ ᠬᠦᠴᠦᠨ ᠪᠠ ᠠᠵᠢᠯ ᠲᠦᠷᠦᠯ ᠤ᠋ᠨ ᠨᠦᠯᠦᠭᠡᠯᠡᠬᠦ ᠬᠦᠴᠦᠨ ᠪᠦᠬᠦᠢ ᠠᠵᠢᠯ ᠲᠦᠷᠦᠯ ᠬᠦᠷᠢᠶ᠎ᠠ ᠴᠠᠷᠠᠭ᠎ᠠ ᠠᠯᠤᠰᠯᠠᠭᠰᠠᠨ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠢᠨᠲ᠋ᠧᠷ ᠰᠦᠯᠵᠢᠶᠠᠨ ᠤ᠋ ᠳᠠᠪᠴᠠᠩ ᠢ᠋ ᠪᠦᠷᠢᠯᠳᠦᠭᠦᠯᠵᠦ᠂ ᠳᠠᠪᠴᠠᠩ ᠤ᠋ᠨ ᠬᠠᠩᠭᠠᠯᠭ᠎ᠠ ᠶ᠋ᠢᠨ ᠴᠢᠳᠠᠪᠤᠷᠢ ᠲᠠᠰᠤᠷᠠᠯᠳᠠ ᠦᠭᠡᠢ ᠴᠢᠩᠭᠠᠷᠠᠵᠤ ᠪᠠᠢᠨ᠎ᠠ᠃ ᠡᠬᠦᠨ ᠢ᠋ ᠲᠠᠭᠠᠯᠳᠤᠨ ᠤᠶᠤᠨᠳᠤ ᠴᠠᠬᠢᠯᠭᠠᠨ ᠬᠦᠴᠦ᠂ ᠤᠶᠤᠨᠳᠤ ᠲᠠᠷᠢᠶᠠᠯᠠᠩ᠂ ᠤᠶᠤᠨᠳᠤ ᠡᠮᠴᠢᠯᠡᠭᠡᠨ᠂ ᠤᠶᠤᠨᠳᠤ ᠰᠤᠷᠭᠠᠨ ᠬᠦᠮᠦᠵᠢᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠪᠠ ᠤᠨᠴᠠᠯᠢᠭᠳᠦ ᠠᠵᠤ ᠦᠢᠯᠡᠰ ᠤ᠋ᠨ ᠬᠦᠷᠢᠶᠡᠨ ᠤ᠋ ᠳᠠᠪᠴᠠᠩ ᠤ᠋ᠨ ᠪᠠᠢᠭᠤᠯᠤᠯᠳᠠ ᠴᠦ᠍ ᠲᠦᠷᠭᠡᠳᠴᠤ ᠪᠤᠢ᠃ ᠪᠤᠭᠤᠳᠤ ᠬᠤᠳᠠ ᠰᠦᠯᠵᠢᠶ᠎ᠠ ᠪᠡᠷ ᠬᠠᠮᠵᠢᠯᠴᠠᠨ ᠦᠢᠯᠡᠳᠬᠦ ᠳᠠᠪᠴᠠᠩ ᠵᠢᠡᠷ ᠲᠠᠮᠵᠢᠨ ᠮᠠᠰᠢᠨ ᠮᠧᠬᠠᠨᠢᠭ ᠲᠤᠨᠤᠭᠯᠠᠯ ᠦᠢᠯᠡᠳᠬᠦ ᠦᠢᠯᠡᠰ ᠲᠦ᠍ ᠲᠤᠭᠠᠴᠢᠯᠠᠭᠰᠠᠨ ᠡᠵᠡᠮᠳᠡᠯ ᠤ᠋ᠨ ᠰᠠᠭᠤᠷᠢ ᠲᠦᠬᠦᠭᠡᠷᠦᠮᠵᠢ ᠶ᠋ᠢᠨ ᠦᠭᠡᠷᠡᠴᠢᠯᠡᠯᠳᠡ ᠂ ᠳᠡᠰ ᠳᠡᠪᠰᠢᠯᠳᠠ ᠪᠠ ᠰᠦᠯᠵᠢᠶᠠᠨ ᠳ᠋ᠤ ᠤᠷᠤᠭᠤᠯᠬᠤ ᠢᠨᠵᠧᠨᠧᠷᠢᠩ ᠢ᠋ ᠬᠡᠷᠡᠭᠵᠢᠭᠦᠯᠤᠭᠡᠳ ᠠᠵᠤ ᠠᠬᠤᠢᠯᠠᠯ ᠤ᠋ᠨ ᠳᠤᠮᠳᠠᠴᠢ ᠦᠢᠯᠡᠳᠪᠤᠷᠢᠯᠡᠯ ᠤ᠋ᠨ ᠨᠤᠷᠮ᠎ᠠ ᠶ᠋ᠢ 2 ᠳᠠᠬᠢᠨ ᠤᠷᠴᠢᠮ ᠳᠡᠭᠡᠭᠰᠢᠯᠡᠭᠦᠯᠵᠤ᠂ ᠦᠢᠯᠡᠳᠪᠤᠷᠢᠯᠡᠵᠤ ᠰᠤᠳᠤᠯᠤᠨ ᠬᠦᠭᠵᠢᠬᠦᠯᠬᠦ ᠦᠶᠡᠯᠡᠯ ᠤ᠋ᠨ ᠬᠤᠭᠤᠴᠠᠭ᠎ᠠ ᠶ᠋ᠢ 3% ᠤᠷᠴᠢᠮ ᠪᠤᠭᠤᠨᠢᠰᠬᠠᠨ᠂ ᠡᠳ᠋ᠰᠢᠭᠦᠯᠭᠡ ᠶ᠋ᠢᠨ ᠨᠠᠷᠢᠯᠢᠭ ᠤ᠋ᠨ ᠬᠡᠮᠵᠢᠶ᠎ᠠ ᠶ᠋ᠢ 50% ᠤᠷᠴᠢᠮ ᠳᠡᠭᠡᠭᠰᠢᠯᠡᠭᠦᠯᠪᠡ ᠃ ᠦᠪᠡᠷᠳᠡᠭᠡᠨ ᠵᠠᠰᠠᠬᠤ ᠤᠷᠤᠨ ᠤ᠋ ᠠᠩᠬᠠᠳᠠᠭᠴᠢ ᠤᠯᠤᠰ ᠤ᠋ᠨ ᠳᠡᠰ ᠤ᠋ᠨ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠱᠤᠰᠢᠭ᠎ᠠ ᠳᠡᠮᠳᠡᠭ ᠤ᠋ᠨ ᠵᠠᠳᠠᠯᠤᠯᠳᠠ ᠶ᠋ᠢᠨ ᠶᠡᠷᠦᠩᠬᠡᠢᠯᠡᠭᠰᠡᠨ ᠬᠡᠯᠪᠡᠷᠢ ᠶ᠋ᠢᠨ ᠬᠤᠶᠠᠳᠤᠭᠠᠷ ᠳᠡᠰ ᠤ᠋ᠨ ᠵᠠᠩᠬᠢᠯᠠᠭ᠎ᠠ ᠶ᠋ᠢᠨ ᠴᠡᠭ ᠠᠰᠢᠭᠯᠠᠯᠳᠠ ᠳ᠋ᠤ ᠤᠷᠤᠵᠤ ᠂ 4 ᠰᠠᠷ᠎ᠠ ᠶ᠋ᠢᠨ ᠰᠡᠭᠦᠯᠴᠢ ᠪᠤᠯᠳᠠᠯ᠎ᠠ 225 ᠠᠵᠤ ᠠᠬᠤᠢᠯᠠᠯ ᠰᠢᠰᠲ᠋ᠧᠮ ᠳ᠋ᠤ ᠤᠷᠤᠵᠤ ᠂ 331.4 ᠲᠦᠮᠡᠨ ᠬᠤᠪᠢ ᠱᠤᠰᠢᠭ᠎ᠠ ᠲᠡᠮᠳᠡᠭ ᠢ᠋ ᠬᠠᠳᠠᠭᠠᠯᠠᠨ᠂ 11 ᠲᠦᠮᠡᠨ ᠤᠳᠠᠭ᠎ᠠ ᠱᠤᠰᠢᠭ᠎ᠠ ᠲᠡᠮᠳᠡᠭ ᠤ᠋ᠨ ᠵᠠᠳᠠᠯᠤᠯᠳᠠ ᠬᠢᠵᠦ ᠂ ᠠᠵᠤ ᠠᠬᠤᠢᠯᠠᠯ ᠳ᠋ᠤ 5G + ᠠᠵᠤ ᠦᠢᠯᠡᠳᠪᠤᠷᠢ ᠶ᠋ᠢᠨ ᠢᠨᠲ᠋ᠧᠷ ᠰᠦᠯᠵᠢᠶ᠎ᠠ ᠶ᠋ᠢ ᠲᠦᠭᠡᠮᠡᠯᠵᠢᠭᠦᠯᠬᠦ ᠳ᠋ᠤ ᠰᠠᠭᠤᠷᠢ ᠲᠠᠯᠪᠢᠵᠠᠢ᠃ ᠤᠳᠤ ᠮᠠᠨ ᠤ᠋ ᠤᠷᠤᠨ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠱᠤᠰᠢᠭ᠎ᠠ ᠳᠡᠮᠳᠡᠭ ᠤ᠋ᠨ ᠵᠠᠳᠠᠯᠤᠯᠳᠠ ᠶ᠋ᠢᠨ ᠶᠡᠷᠦᠩᠬᠡᠢᠯᠡᠭᠰᠡᠨ ᠬᠡᠯᠪᠡᠷᠢ ᠶ᠋ᠢᠨ ᠬᠤᠶᠠᠳᠤᠭᠠᠷ ᠳᠡᠰ ᠤ᠋ᠨ ᠵᠠᠩᠬᠢᠯᠠᠭ᠎ᠠ ᠶ᠋ᠢᠨ ᠴᠡᠭ ᠢ᠋ 2 ᠪᠠᠢᠭᠤᠯᠤᠭᠠᠳ ᠪᠤᠢ ᠃
ᠤᠢᠯᠠᠭᠠᠭᠰᠠᠨ ᠵᠢᠡᠷ᠂ 2025 ᠤᠨ ᠪᠤᠯᠬᠤ ᠳ᠋ᠤ ᠮᠠᠨ ᠤ᠋ ᠤᠷᠤᠨ ᠠᠵᠤ ᠠᠬᠤᠢᠯᠠᠯ ᠤ᠋ᠨ ᠳᠡᠰ ᠤ᠋ᠨ᠂ ᠠᠵᠢᠯ ᠲᠦᠷᠦᠯ ᠤ᠋ᠨ ᠳᠡᠰ ᠤ᠋ᠨ ᠪᠠ ᠤᠷᠤᠨ ᠪᠦᠰᠡ ᠶ᠋ᠢᠨ ᠳᠡᠰ ᠤ᠋ᠨ 30 ᠭᠠᠷᠤᠢ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠳᠠᠪᠴᠠᠩ ᠢ᠋ ᠪᠠᠢᠭᠤᠯᠵᠤ ᠠᠰᠢᠭᠯᠠᠯᠳᠠ ᠳ᠋ᠤ ᠤᠷᠤᠭᠤᠯᠤᠨ᠂ ᠬᠡᠪᠴᠢᠶᠠᠵᠢᠯ ᠡᠴᠡ ᠳᠡᠭᠡᠭᠰᠢᠬᠢ 1000 ᠠᠵᠤ ᠦᠢᠯᠡᠳᠪᠤᠷᠢ ᠶ᠋ᠢᠨ ᠠᠵᠤ ᠠᠬᠤᠢᠯᠠᠯ ᠢᠨᠲᠧᠷ ᠰᠦᠯᠵᠢᠶᠠᠨ ᠤ᠋ ᠳᠠᠪᠴᠠᠩ ᠢ᠋ ᠬᠡᠷᠡᠭᠯᠡᠬᠦ ᠶ᠋ᠢ ᠪᠡᠶᠡᠯᠡᠭᠦᠯᠵᠦ᠂ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠳᠠᠪᠴᠠᠩ ᠤ᠋ᠨ ᠲᠦᠭᠡᠮᠡᠯᠵᠢᠯᠳᠡ ᠶ᠋ᠢᠨ ᠨᠤᠷᠮ᠎ᠠ ᠶ᠋ᠢ 45% ᠶ᠋ᠢ ᠳᠠᠪᠠᠭᠤᠯᠤᠨ᠎ᠠ ᠃ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠱᠤᠰᠢᠭ᠎ᠠ ᠳᠡᠮᠳᠡᠭ ᠤ᠋ᠨ ᠵᠠᠳᠠᠯᠤᠯᠳᠠ ᠶ᠋ᠢᠨ ᠶᠡᠷᠦᠩᠬᠡᠢᠯᠡᠭᠰᠡᠨ ᠬᠡᠯᠪᠡᠷᠢ ᠶ᠋ᠢᠨ ᠬᠤᠶᠠᠳᠤᠭᠠᠷ ᠳᠡᠰ ᠤ᠋ᠨ ᠵᠠᠩᠬᠢᠯᠠᠭ᠎ᠠ ᠶ᠋ᠢᠨ ᠴᠡᠭ ᠢ᠋ 6 — 8 ᠪᠠᠢᠭᠤᠯᠵᠤ ᠂ ᠦᠢᠯᠡᠴᠢᠯᠡᠭᠡᠨ ᠤ᠋ ᠴᠢᠳᠠᠪᠤᠷᠢ ᠶ᠋ᠢ ᠨᠢ ᠳᠡᠭᠡᠭᠰᠢᠯᠡᠭᠦᠯᠤᠨ ᠂ ᠱᠤᠰᠢᠭ᠎ᠠ ᠳᠡᠮᠳᠡᠭ ᠤ᠋ᠨ ᠵᠠᠳᠠᠯᠤᠯᠳᠠ ᠶ᠋ᠢᠨ ᠰᠢᠰᠲ᠋ᠧᠮ ᠬᠢᠭᠡᠳ ᠠᠵᠤ ᠦᠢᠯᠡᠳᠪᠤᠷᠢ ᠶ᠋ᠢᠨ ᠢᠨᠲᠧᠷ ᠰᠦᠯᠵᠢᠶᠡᠨ ᠤ᠋ ᠳᠠᠪᠴᠠᠩ᠂ ᠠᠵᠤ ᠦᠢᠯᠡᠳᠪᠤᠷᠢ ᠶ᠋ᠢᠨ APP ᠵᠡᠷᠭᠡ ᠶ᠋ᠢ ᠠᠭᠤᠰᠤᠯᠴᠠᠭᠤᠯᠤᠨ ᠬᠡᠷᠡᠭᠯᠡᠭᠡᠨ ᠳ᠋ᠤ ᠤᠷᠤᠭᠤᠯᠬᠤ ᠶ᠋ᠢ ᠠᠬᠢᠭᠤᠯᠬᠤ ᠪᠤᠯᠤᠨ᠎ᠠ᠃