ᠮᠠᠨ ᠤ᠋ ᠤᠷᠤᠨ ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ ᠢ᠋ ᠰᠢᠯᠢᠳᠡᠭᠵᠢᠬᠦᠯᠦᠨ ᠨᠡᠢᠳᠬᠡᠵᠤ ᠶᠠᠰᠤ ᠴᠢᠨᠠᠷ ᠢ᠋ ᠮᠡᠳᠡᠭᠳᠡᠮ᠎ᠠ ᠳᠡᠭᠡᠭᠰᠢᠯᠡᠬᠦᠯᠪᠡ
2022-05-17 09:09:20
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

《ᠥᠩᠭᠡᠷᠡᠭ᠌ᠰᠡᠨ ᠳ᠋ᠤ ᠬᠡᠰᠡᠭ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠲᠦ᠍ ᠠᠵᠤ ᠦᠶ᠋ᠯᠡᠰ ᠢ᠋ ᠪᠦᠭᠡᠮᠨᠡᠷᠡᠬᠦᠯᠦᠭᠰᠡᠨ ᠬᠡᠮᠵᠢᠶ᠎ᠡ ᠥᠨᠳᠥᠷ ᠪᠢᠰᠢ ᠂ ᠠᠴᠢᠶᠠᠯᠠᠬᠤ ᠴᠢᠳᠠᠪᠤᠷᠢ ᠴᠢᠩᠭ᠎ᠠ ᠪᠢᠰᠢ ᠂ ᠱᠢᠨ᠎ᠡ ᠶ᠋ᠢ ᠡᠭᠦᠳᠬᠦ᠌ ᠴᠢᠳᠠᠪᠤᠷᠢ ᠬᠦᠷᠦᠯᠴᠡᠬᠦ᠌ ᠥᠬᠡᠶ ᠵᠡᠷᠭᠡ ᠠᠰᠠᠭᠤᠳᠠᠯ ᠣᠷᠣᠱᠢᠵᠤ᠂ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ ᠶ᠋ᠢ ᠬᠦᠨᠳᠦ ᠨᠣᠴᠢᠲᠠᠶ ᠬᠢᠵᠠᠭᠠᠷᠯᠠᠵᠤ ᠪᠠᠢᠪᠠ 》 ᠭᠡᠵᠦ᠍ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶ᠋ᠢᠨ ᠲᠢᠩᠬᠢᠮ ᠤ᠋ᠨ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠭᠠᠵᠠᠷ ᠤ᠋ᠨ ᠳᠠᠷᠤᠭ᠎ᠠ ᠵᠠᠩ ᠵᠢᠤᠢ ᠹᠦ᠋ ᠡᠷᠬᠢᠴᠡᠬᠦᠯᠦᠨ ᠶᠠᠷᠢᠨ᠎ᠠ᠃ ᠡᠢᠮᠤᠷᠬᠦᠤ ᠪᠠᠢᠳᠠᠯ ᠲᠤᠤᠷ᠎ᠠ ᠮᠠᠨ ᠤ᠋ ᠤᠷᠤᠨ ᠤᠤᠯ ᠤ᠋ᠨ 112 ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ ᠢ᠋ 56 ᠪᠤᠯᠭᠠᠨ ᠰᠢᠯᠢᠳᠡᠭᠵᠢᠬᠦᠯᠦᠨ ᠨᠡᠢᠳᠬᠡᠬᠡᠳ ᠬᠦᠷᠢᠶᠡᠯᠡᠩ ᠲᠣᠭᠣᠷᠢᠭ ᠤ᠋ᠨ ᠡᠷᠴᠢᠮᠵᠢᠭ᠌ᠰᠡᠨ ᠪᠦᠭᠡᠮᠨᠡᠷᠡᠭᠰᠡᠨ ᠬᠡᠮᠵᠢᠶ᠎ᠠ ᠪᠠ ᠠᠴᠢᠶᠠᠯᠠᠬᠤ ᠴᠢᠳᠠᠪᠤᠷᠢ ᠵᠢ ᠳᠡᠭᠡᠭᠰᠢᠯᠡᠬᠦᠯᠵᠤ ᠂ ᠠᠵᠤ ᠦᠢᠯᠡᠳᠪᠤᠷᠢ ᠶ᠋ᠢᠨ ᠠᠵᠤ ᠠᠬᠤᠢᠯᠠᠯ ᠳ᠋ᠤ ᠨᠡᠩ ᠰᠠᠢᠳᠦᠷ ᠦᠢᠯᠡᠴᠢᠯᠡᠵᠦ ᠳᠡᠢᠯᠬᠦ ᠪᠤᠯᠭᠠᠵᠠᠢ᠃

ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠪᠣᠯ ᠠᠵᠤ ᠦᠢᠯᠡᠳᠪᠤᠷᠢ ᠶ᠋ᠢᠨ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠡ ᠶ᠋ᠢᠨ ᠵᠠᠩᠬᠢᠯᠠᠭ᠎ᠠ ᠶ᠋ᠢᠨ ᠲᠤᠯᠭᠠᠭᠤᠷᠢᠯᠠᠯ ᠮᠦᠨ᠃ ᠤᠢᠷ᠎ᠠ ᠶ᠋ᠢᠨ ᠵᠢᠯ ᠳ᠋ᠤ ᠮᠠᠨ ᠤ᠋ ᠤᠷᠤᠨ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠶ᠋ᠢ ᠪᠠᠳᠠᠷᠠᠭᠤᠯᠤᠨ ᠂ ᠠᠵᠤ ᠠᠬᠤᠢ ᠶ᠋ᠢᠨ ᠬᠦᠭᠵᠢᠯᠳᠡ ᠶ᠋ᠢᠨ ᠭᠤᠤᠯ ᠵᠢᠭᠰᠠᠭᠠᠯ ᠤ᠋ᠨ ᠭᠠᠵᠠᠷ ᠤ᠋ᠨ ᠦᠢᠯᠡᠳᠦᠯ ᠢ᠋ ᠨᠢ ᠰᠠᠢᠳᠦᠷ ᠪᠠᠳᠠᠷᠠᠭᠤᠯᠬᠤ ᠪᠡᠷ ᠵᠤᠷᠢᠯᠳᠠ ᠪᠤᠯᠭᠠᠨ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠢ᠋ ᠱᠢᠯᠢᠳᠡᠭ᠌ᠵᠢᠭᠦᠯᠦᠨ ᠨᠡᠢᠳᠭᠡᠬᠦ ᠶ᠋ᠢ ᠠᠬᠢᠭᠤᠯᠤᠭᠰᠠᠨ ᠶ᠋ᠢᠡᠷ ᠪᠦᠬᠦ ᠤᠷᠤᠨ ᠤ᠋ ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ ᠤ᠋ᠨ ᠲᠤᠭ᠎ᠠ ᠴᠦᠬᠡᠷᠡᠭᠰᠡᠨ ᠪᠤᠯᠪᠠᠴᠤ ᠶᠠᠰᠤ ᠴᠢᠨᠠᠷ ᠦᠷ᠎ᠠ ᠠᠰᠢᠭ ᠨᠢ ᠳᠡᠭᠡᠭᠰᠢᠯᠡᠭᠰᠡᠨ ᠰᠠᠢᠨ ᠰᠠᠢᠬᠠᠨ ᠪᠠᠢᠳᠠᠯ ᠢ᠋ ᠪᠤᠢ ᠪᠤᠯᠭᠠᠵᠠᠢ᠃

2021 ᠣᠨ ᠳ᠋ᠤ ᠂ ᠨᠠᠮ ᠤ᠋ᠨ ᠲᠥᠪ ᠬᠣᠷᠢᠶ᠎ᠠ᠂ ᠲᠥᠷᠥ ᠶ᠋ᠢᠨ ᠶᠠᠪᠤᠳᠠᠯ ᠤ᠋ᠨ ᠬᠤᠷᠢᠶᠠᠨ ᠤ᠋ ᠨᠡᠭᠡᠭᠡᠯᠲᠡ ᠶ᠋ᠢᠨ ᠲᠣᠭᠣᠷᠢᠭ ᠢ᠋ ᠱᠢᠯᠢᠳᠡᠭ᠌ᠵᠢᠭᠦᠯᠦᠨ ᠲᠣᠬᠢᠷᠠᠭᠤᠯᠬᠤ ᠶ᠋ᠢ ᠠᠬᠢᠭᠤᠯᠬᠤ ᠲᠤᠬᠠᠶ ᠪᠢᠴᠢᠭ ᠮᠠᠲ᠋ᠧᠷᠢᠶᠠᠯ ᠤ᠋ᠨ ᠵᠣᠷᠢᠭ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠡᠴᠡ ᠪᠦᠬᠦ ᠤᠷᠤᠨ ᠤ᠋ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠪᠠᠢᠷᠢᠱᠢᠭᠤᠯᠤᠯᠲᠠ ᠳ᠋ᠤ ᠲᠣᠬᠢᠷᠠᠭᠤᠯᠤᠯᠳᠠ ᠬᠢᠵᠦ᠍ ᠂《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠡᠭᠡᠭᠡᠯᠲᠡ ᠶ᠋ᠢᠨ ᠲᠣᠭᠣᠷᠢᠭ ᠢ᠋ ᠱᠢᠯᠢᠳᠡᠭ᠌ᠵᠢᠭᠦᠯᠦᠨ ᠲᠣᠬᠢᠷᠠᠭᠤᠯᠬᠤ ᠲᠤᠬᠠᠢ ᠬᠡᠷᠡᠭ᠌ᠵᠢᠭᠦᠯᠬᠦ᠌ ᠲᠥᠰᠦᠯ 》 ᠢ᠋ ᠲᠣᠭ᠍ᠲᠠᠭᠠᠨ᠂ ᠨᠡᠭᠡᠭᠡᠯᠲᠡ ᠶ᠋ᠢᠨ ᠲᠣᠭᠣᠷᠢᠭ ᠢ᠋ ᠬᠢᠨᠠᠨ ᠰᠢᠯᠭᠠᠬᠤ ᠠᠯᠪᠠᠨ ᠵᠠᠷᠯᠠᠯ ᠨᠡᠢᠲᠡᠯᠡᠵᠦ᠍ ᠂ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠨᠡᠷᠡᠢᠳᠦᠯ ᠂ ᠬᠦᠷᠢᠶᠡᠯᠡᠩ ᠲᠣᠭᠣᠷᠢᠭ ᠤ᠋ᠨ ᠲᠠᠰ ᠂ ᠣᠷᠣᠨ ᠬᠡᠰᠡᠭ ᠤ᠋ᠨ ᠨᠡᠷᠡᠢᠳᠦᠯ ᠪᠠ ᠭᠤᠤᠯᠯᠠᠬᠤ ᠠᠵᠤ ᠦᠶ᠋ᠯᠡᠰ ᠢ᠋ ᠲᠤᠳᠤᠷᠬᠠᠢᠯᠠᠪᠠ᠃ ᠬᠡᠷᠡᠭ᠌ᠵᠢᠭᠦᠯᠬᠦ᠌ ᠲᠥᠰᠦᠯ ᠶᠤᠰᠤᠭᠠᠷ ᠂ ᠮᠠᠨ ᠤ᠋ ᠣᠷᠣᠨ ᠡᠯ᠎ᠡ ᠭᠠᠵᠠᠷ ᠤ᠋ᠨ ᠠᠵᠤ ᠦᠶ᠋ᠯᠡᠰ ᠤ᠋ᠨ ᠴᠢᠳᠠᠮᠵᠢ ᠪᠠ ᠪᠠᠢᠷᠢ ᠲᠣᠭ᠍ᠲᠠᠭᠠᠯᠲᠠ ᠶ᠋ᠢ ᠦᠨᠳᠦᠰᠦᠯᠡᠨ ᠂ ᠨᠡᠭᠡᠭᠡᠯᠲᠡ ᠶ᠋ᠢᠨ ᠲᠣᠭᠣᠷᠢᠭ ᠢ᠋ ᠱᠢᠯᠢᠳᠡᠭ᠌ᠵᠢᠭᠦᠯᠬᠦ ᠪᠠᠢᠷᠢᠰᠢᠭᠤᠯᠤᠯᠳᠠ ᠬᠢᠵᠠᠢ᠃ ᠣᠷᠣᠵᠤ ᠰᠠᠭᠤᠭ᠍ᠰᠠᠨ ᠠᠵᠤ ᠠᠬᠤᠢᠯᠠᠯ ᠴᠥᠭᠡᠨ᠂ ᠪᠠᠢᠭᠤᠯᠵᠤ ᠪᠠᠢᠭ᠎ᠠ ᠲᠥᠷᠥᠯ ᠵᠦᠢᠯ ᠴᠥᠭᠡᠨ ᠂ ᠠᠷᠠᠯᠵᠢᠶᠡᠴᠢᠨ ᠤᠷᠢᠵᠤ ᠪᠡᠯᠡ ᠮᠦᠩᠬᠦ ᠣᠷᠣᠭᠤᠯᠤᠭ᠍ᠰᠠᠨ ᠦᠷ᠎ᠡ ᠪᠦᠲᠦᠮᠵᠢ ᠪᠡᠷ ᠠᠨᠠᠢ ᠨᠢᠭᠡ ᠪᠦᠯᠦᠭ ᠨᠡᠭᠡᠭᠡᠯᠲᠡ ᠶ᠋ᠢᠨ ᠲᠣᠭᠣᠷᠢᠭ ᠢ᠋ ᠬᠠᠰᠤᠵᠤ ᠂ ᠦᠢᠯᠡᠳᠬᠦᠨ ᠤ᠋ ᠶᠡᠷᠦᠩᠬᠡᠶ ᠥᠷᠲᠡᠭ ᠨᠢ 10 ᠳ᠋ᠦᠩᠱᠢᠭᠤᠷ ᠲᠥᠭᠥᠷᠢᠭ ᠲᠦ᠍ ᠬᠦᠷᠬᠦ ᠦᠭᠡᠢ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠢ᠋ ᠵᠠᠷᠴᠢᠮ ᠳᠡᠭᠡᠷ᠎ᠡ ᠪᠡᠨ ᠪᠦᠬᠦᠨ ᠢ᠋ ᠦᠭᠡᠢᠰᠭᠡᠪᠡ᠃ ᠪᠠᠰᠠ ᠣᠷᠣᠨ ᠪᠠᠢᠷᠢ ᠨᠢ ᠣᠢᠷᠠᠯᠴᠠᠭ᠎ᠠ ᠪᠤᠶᠤ ᠬᠥᠷᠱᠢᠯᠡᠵᠦ᠍ ᠪᠠᠢᠭ᠎ᠠ ᠂ ᠠᠵᠤ ᠦᠢᠯᠡᠰ ᠠᠳᠠᠯᠢᠪᠳᠤᠷ ᠪᠠᠢᠬᠤ ᠨᠡᠭᠡᠭᠡᠯᠲᠡ ᠶ᠋ᠢᠨ ᠲᠣᠭᠣᠷᠢᠭ ᠢ᠋ ᠬᠣᠱᠢᠭᠤ ᠱᠢᠶᠠᠨ ᠲᠣᠭᠣᠷᠢᠭ ᠠᠯᠤᠰᠯᠠᠨ ᠨᠡᠢᠳᠭᠡᠵᠦ᠂ ᠨᠢᠭᠡ ᠬᠣᠱᠢᠭᠤ ᠱᠢᠶᠠᠨ(ᠬᠣᠲᠠ ᠂ ᠲᠣᠭᠣᠷᠢᠭ)ᠤ᠋ ᠳᠣᠲᠣᠷᠠᠬᠢ ᠣᠯᠠᠨ ᠨᠡᠭᠡᠭᠡᠯᠲᠡ ᠶ᠋ᠢᠨ ᠲᠣᠭᠣᠷᠢᠭ ᠢ᠋ ᠱᠢᠯᠢᠳᠡᠭ᠌ᠵᠢᠭᠦᠯᠦᠨ ᠨᠡᠢᠳᠭᠡᠵᠦ ᠨᠢᠭᠡ ᠪᠣᠯᠭᠠᠨ ᠂ ᠵᠠᠷᠴᠢᠮ ᠳᠡᠭᠡᠷ᠎ᠡ ᠪᠡᠨ ᠨᠢᠭᠡ ᠬᠣᠱᠢᠭᠤ ᠱᠢᠶᠠᠨ(ᠬᠣᠲᠠ ᠂ ᠲᠣᠭᠣᠷᠢᠭ)ᠳ᠋ᠤ ᠨᠢᠭᠡ ᠯᠡ ᠨᠡᠭᠡᠭᠡᠯᠲᠡ ᠶ᠋ᠢᠨ ᠲᠣᠭᠣᠷᠢᠭ ᠪᠠᠢᠬᠤ ᠶ᠋ᠢ ᠪᠡᠶᠡᠯᠡᠭᠦᠯᠪᠡ᠃ ᠡᠭᠦᠨ ᠤ᠋ ᠬᠠᠮᠲᠤ ᠂ ᠤᠢᠷ᠎ᠠ ᠬᠠᠪᠢ ᠶ᠋ᠢᠨ ᠡᠳ᠋ ᠪᠠᠷᠠᠭᠠᠨ ᠤ᠋ ᠭᠦᠶ᠋ᠯᠭᠡᠭᠡ ᠵᠢᠨ ᠬᠦᠷᠢᠶᠡᠯᠡᠩ ᠲᠣᠭᠣᠷᠢᠭ ᠢ᠋ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠢᠵᠢ ᠳᠦᠬᠦᠷᠵᠢᠭᠦᠯᠬᠦ ᠦᠶ᠋ᠯᠡᠴᠢᠯᠡᠭᠡᠨ ᠤ᠋ ᠲᠣᠭᠣᠷᠢᠭ ᠤ᠋ᠨ ᠬᠤᠪᠢ ᠪᠡᠷ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠲᠦ᠍ ᠨᠡᠢᠳᠭᠡᠵᠦ ᠤᠷᠤᠭᠤᠯᠪᠠ᠃ ᠤᠳᠤ ᠮᠠᠨ᠎ᠤ ᠤᠷᠤᠨ ᠠᠵᠤ ᠦᠶ᠋ᠯᠡᠰ ᠪᠥᠭᠡᠮᠨᠡᠷᠡᠭᠰᠡᠨ᠂ ᠪᠦᠲᠦᠴᠡ ᠲᠣᠳᠣᠷᠬᠠᠶ ᠂ ᠪᠠᠢᠷᠢᠱᠢᠭᠤᠯᠤᠯᠲᠠ ᠵᠦᠶ ᠵᠣᠬᠢᠰᠲᠠᠶ ᠂ ᠰᠣᠯᠪᠢᠴᠠᠨ ᠬᠥᠭ᠌ᠵᠢᠭ᠌ᠰᠡᠨ᠂ ᠴᠢᠳᠠᠮᠵᠢ ᠨᠢ ᠵᠣᠬᠢᠴᠠᠩᠭᠤᠶ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠠᠯᠬᠤᠮ ᠠᠯᠬᠤᠮ ᠶ᠋ᠢᠡᠷ ᠪᠦᠷᠢᠯᠳᠦᠭᠦᠯᠵᠤ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号