— ᠬᠡᠪᠴᠢᠶᠠᠵᠢᠯ ᠡᠴᠡ ᠳᠡᠭᠡᠭᠰᠢᠬᠢ ᠠᠵᠤ ᠦᠢᠯᠡᠳᠪᠤᠷᠢ ᠶ᠋ᠢᠨ ᠠᠵᠤ ᠠᠬᠤᠢᠯᠠᠯ ᠤ᠋ᠨ ᠦᠢᠯᠡᠳᠪᠤᠷᠢᠯᠡᠯ ᠤ᠋ᠨ ᠲᠤᠨᠤᠭ ᠲᠦᠬᠦᠭᠡᠷᠦᠮᠵᠢ ᠶ᠋ᠢᠨ ᠲᠤᠭᠠᠴᠢᠯᠠᠭᠰᠠᠨ ᠨᠤᠷᠮ᠎ᠠ ᠶ᠋ᠢ 60% ᠶ᠋ᠢ ᠳᠠᠪᠠᠭᠤᠯᠤᠨ᠎ᠠ ;
— ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠳᠠᠪᠴᠠᠩ ᠤ᠋ᠨ ᠲᠦᠭᠡᠮᠡᠯᠵᠢᠯᠳᠡ ᠶ᠋ᠢᠨ ᠨᠤᠷᠮ᠎ᠠ ᠶ᠋ᠢ 45% ᠶ᠋ᠢ ᠳᠠᠪᠠᠭᠤᠯᠤᠨ᠎ᠠ ;
— ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ ᠢ᠋ ᠪᠦᠬᠦᠨ ᠢ᠋ ᠤᠶᠤᠨᠴᠢᠯᠠᠭᠰᠠᠨ ᠬᠦᠷᠢᠶᠡᠯᠡᠩ ᠲᠤᠭᠤᠷᠢᠭ ᠪᠤᠯᠭᠠᠨ ᠪᠦᠲᠦᠭᠡᠨ ᠪᠠᠢᠭᠤᠯᠤᠨ᠎ᠠ ᠃
᠁
ᠡᠨᠡ ᠪᠤᠯ ᠮᠠᠨ ᠤ᠋ ᠤᠷᠤᠨ ᠤ᠋ 2025 ᠤᠨ ᠪᠤᠯᠳᠠᠯᠠᠬᠢ ᠠᠵᠤ ᠦᠢᠯᠡᠳᠪᠤᠷᠢ ᠶ᠋ᠢᠨ ᠠᠵᠤ ᠠᠬᠤᠢ ᠶ᠋ᠢᠨ ᠲᠤᠭᠠᠴᠢᠯᠠᠭᠰᠠᠨ ᠬᠦᠭᠵᠢᠯᠳᠡ ᠶ᠋ᠢᠨ ᠭᠤᠤᠯ ᠬᠠᠷᠠᠯᠳᠠ ᠨᠤᠭᠤᠳ ᠪᠤᠯᠤᠨ᠎ᠠ᠃ ᠡᠨᠡ ᠬᠦ᠌ ᠬᠠᠷᠠᠯᠳᠠ ᠨᠢ ᠤᠶᠤᠨᠴᠢᠯᠠᠯᠳᠠ ᠪᠤᠯ ᠮᠠᠨ ᠤ᠋ ᠤᠷᠤᠨ ᠤ᠋ ᠠᠵᠤ ᠦᠢᠯᠡᠳᠪᠤᠷᠢ ᠶ᠋ᠢᠨ ᠠᠵᠤ ᠠᠬᠤᠢ ᠶ᠋ᠢᠨ ᠬᠦᠭᠵᠢᠯᠳᠡ ᠶ᠋ᠢᠨ ᠶᠡᠬᠡ ᠬᠠᠨᠳᠤᠰᠢ ᠪᠤᠯᠬᠤ ᠶ᠋ᠢ ᠲᠤᠳᠤᠷᠬᠠᠢᠯᠠᠨᠠ ᠃
ᠡᠨᠡ ᠵᠢᠯ ᠤ᠋ᠨ ᠡᠬᠢᠨ ᠳ᠋ᠤ ᠵᠡᠭᠦᠨᠭᠠᠷ ᠬᠤᠰᠢᠭᠤᠨ ᠳ᠋ᠡᠬᠢ ᠦᠪᠦᠷ ᠮᠤᠩᠭᠤᠯ ᠤ᠋ᠨ ᡁᠢ ᠨᠧᠩ ᠨᠡᠭᠦᠷᠡᠰᠤᠨ ᠤ᠋ ᠠᠵᠤ ᠦᠢᠯᠡᠰ ᠤ᠋ᠨ ᠬᠢᠵᠠᠭᠠᠷᠳᠦ ᠺᠤᠮᠫᠠᠨᠢ ᠶ᠋ᠢᠨ ᠮᠠ ᠳ᠋ᠢ ᠯᠢᠶᠠᠩ ᠨᠡᠭᠦᠷᠡᠰᠦᠨ ᠠᠭᠤᠷᠬᠠᠢ ᠶ᠋ᠢᠨ ᠦᠢᠯᠡᠳᠪᠤᠷᠢᠯᠡᠯ ᠤ᠋ᠨ ᠲᠤᠭᠤᠷᠢᠭ ᠲᠦ᠍᠂ ᠮᠡᠷᠭᠡᠵᠢᠯ ᠤ᠋ᠨ ᠠᠵᠢᠯᠳᠠᠤᠨ ᠠᠯᠤᠰ ᠡᠴᠡ ᠬᠠᠮᠳᠤᠷᠠᠨ ᠤᠨᠤᠰᠢᠯᠠᠬᠤ ᠰᠢᠰᠲ᠋ᠧᠮ ᠶ᠋ᠢᠡᠷ ᠳᠠᠮᠵᠢᠨ ᠠᠭᠤᠷᠬᠠᠢ ᠶ᠋ᠢᠨ ᠳᠤᠳᠤᠷᠠᠬᠢ ᠨᠡᠭᠦᠷᠡᠰᠦ ᠮᠠᠯᠳᠠᠬᠤ ᠮᠠᠰᠢᠨ ᠤ᠋ ᠴᠢᠮᠡᠭᠡ ᠨᠡᠪᠳᠡᠷᠡᠯᠭᠡ ᠶ᠋ᠢᠨ ᠲᠦᠬᠦᠭᠡᠷᠦᠮᠵᠢ ᠶ᠋ᠢᠨ ᠭᠡᠮ ᠰᠤᠭᠤᠭ ᠢ᠋ ᠬᠡᠳᠦᠬᠡᠨ ᠮᠢᠨᠦ᠋ᠲ ᠤ᠋ᠨ ᠲᠤᠳᠤᠷ᠎ᠠ ᠠᠷᠢᠯᠭᠠᠵᠤ᠂ ᠤᠶᠤᠨᠴᠢᠯᠠᠭᠰᠠᠨ ᠠᠭᠤᠷᠬᠠᠢ ᠶ᠋ᠢᠨ ᠭᠠᠢᠬᠠᠮᠰᠢᠭ ᠢ᠋ ᠬᠦᠮᠦᠰ ᠲᠦ᠍ ᠬᠠᠷᠠᠭᠤᠯᠵᠠᠢ᠃
ᠮᠠ ᠳ᠋ᠢ ᠯᠢᠶᠠᠩ ᠨᠡᠭᠦᠷᠡᠰᠦᠨ ᠠᠭᠤᠷᠬᠠᠢ ᠶ᠋ᠢᠨ ᠤᠶᠤᠨᠳᠤ ᠤᠷᠢᠳᠴᠢᠯᠡᠨ ᠰᠡᠷᠡᠮᠵᠢᠯᠡᠭᠦᠯᠬᠦ ᠰᠢᠰᠲ᠋ᠧᠮ ᠨᠢ ᠠᠭᠤᠷᠬᠠᠢ ᠶ᠋ᠢᠨ ᠲᠤᠳᠤᠷᠠᠬᠢ ᠲᠤᠨᠤᠭ ᠲᠦᠬᠦᠭᠡᠷᠦᠮᠵᠢ ᠶ᠋ᠢᠨ ᠠᠵᠢᠯᠯᠠᠭᠠᠨ ᠤ᠋ ᠪᠠᠢᠳᠠᠯ ᠢ᠋ ᠪᠦᠬᠦ ᠶᠠᠪᠤᠴᠠ ᠪᠡᠷ ᠮᠦᠷᠳᠡᠨ ᠡᠵᠡᠮᠳᠡᠬᠦ ᠴᠢᠳᠠᠮᠵᠢ ᠲᠠᠢ ᠪᠠᠢᠵᠤ ᠂ ᠭᠡᠮ ᠰᠤᠭᠤᠭ ᠢ᠋ ᠳᠠᠷᠤᠢ ᠲᠦᠷᠭᠡᠨ ᠠᠷᠢᠯᠭᠠᠬᠤ ᠶ᠋ᠢ ᠪᠡᠶᠡᠯᠡᠭᠦᠯᠵᠦ ᠳᠡᠢᠯᠳᠡᠭ ᠶ᠋ᠢᠡᠷ ᠪᠦᠬᠦ ᠤᠯᠤᠰ ᠤ᠋ᠨ ᠠᠩᠬᠠᠳᠠᠭᠴᠢ ᠪᠠᠢᠴᠠᠭᠠᠨ ᠰᠡᠯᠪᠢᠬᠦ ᠠᠩᠬᠢ ᠪᠠ ᠰᠦᠨᠢ ᠶ᠋ᠢᠨ ᠵᠢᠵᠢᠭᠦᠷ ᠢ᠋ ᠦᠭᠡᠢᠰᠭᠡᠭᠰᠡᠨ ᠨᠡᠭᠦᠷᠡᠰᠦᠨ ᠠᠭᠤᠷᠬᠠᠢ ᠪᠤᠯᠵᠠᠢ᠃ ᠲᠤᠰ ᠠᠭᠤᠷᠬᠠᠢ ᠶ᠋ᠢᠨ ᠠᠵᠢᠯᠳᠠᠨ ᠤ᠋ ᠲᠤᠭ᠎ᠠ ᠤᠤᠯ ᠤ᠋ᠨ ᠬᠢ ᠡᠴᠡ ᠪᠡᠨ 30% ᠪᠡᠷ ᠬᠠᠰᠤᠭᠳᠠᠭᠰᠠᠨ ᠪᠤᠯᠪᠠᠴᠤ ᠦᠷ᠎ᠠ ᠠᠰᠢᠭ ᠨᠢ ᠬᠠᠷᠢᠨ 20% ᠪᠡᠷ ᠨᠡᠮᠡᠭᠳᠡᠭᠰᠡᠨ ᠪᠠᠢᠳᠠᠭ ᠃
ᠪᠤᠭᠤᠳᠤ ᠬᠤᠳᠠ ᠶ᠋ᠢᠨ ᠬᠤᠪᠤᠷ ᠰᠢᠷᠤᠢ ᠶ᠋ᠢᠨ ᠳᠡᠭᠡᠳᠦ ᠰᠢᠨ᠎ᠠ ᠮᠡᠷᠭᠡᠵᠢᠯ ᠤ᠋ᠨ ᠲᠤᠭᠤᠷᠢᠭ ᠲᠡᠬᠢ ᠷᠦᠢ ᠰᠢᠨ ᠺᠤᠮᠫᠠᠨᠢ ᠪᠤᠯ ᠤᠯᠤᠰ ᠤ᠋ᠨ ᠲᠤᠳᠤᠭᠠᠳᠤ ᠶ᠋ᠢᠨ ᠬᠠᠮᠤᠭ ᠤ᠋ᠨ ᠲᠤᠮᠤ ᠫᠷᠠᠽᠧᠸᠤᠳ᠋ᠢᠮ ᠨᠧᠤᠳ᠋ᠢᠮᠳᠤ ᠦᠢᠯᠡᠳᠪᠤᠷᠢᠯᠡᠬᠦ ᠠᠵᠤ ᠠᠬᠤᠢᠯᠠᠯ ᠪᠤᠯᠤᠨ᠎ᠠ᠃ ᠲᠤᠰ ᠺᠤᠮᠫᠠᠨᠢ ᠡᠨᠡ ᠵᠢᠯ《ᠡᠭᠦᠯᠡᠨ ᠬᠠᠷᠠᠭ᠎ᠠ》ᠤᠶᠤᠨᠳᠤ ᠳᠠᠪᠴᠠᠩ ᠢ᠋ ᠨᠡᠪᠳᠡᠷᠡᠭᠦᠯᠤᠨ᠂ ᠦᠢᠯᠡᠳᠪᠤᠷᠢᠯᠡᠯ ᠤ᠋ᠨ ᠶᠠᠪᠤᠴᠠ ᠳ᠋ᠡᠬᠢ ᠡᠨᠧᠷᠬᠢ ᠶ᠋ᠢᠨ ᠬᠤᠷᠤᠭᠳᠠᠭᠤᠯᠤᠯ ᠤ᠋ᠨ ᠲᠤᠭ᠎ᠠ ᠪᠠᠷᠢᠮᠳᠠ ᠶ᠋ᠢ ᠬᠦᠳᠡᠯᠦᠩᠭᠦᠢ ᠪᠡᠷ ᠬᠢᠨᠡᠨ ᠡᠵᠡᠮᠳᠡᠬᠦ ᠪᠠ ᠠᠯᠤᠰ ᠡᠴᠡ ᠳᠠᠮᠵᠢᠭᠤᠯᠬᠤ ᠶ᠋ᠢ ᠪᠡᠶᠡᠯᠡᠭᠦᠯᠵᠦ ᠂ ᠦᠢᠯᠡᠳᠪᠤᠷᠢᠯᠡᠯ ᠤ᠋ᠨ ᠦᠪᠡᠷ ᠤ᠋ᠨ ᠦᠷᠳᠡᠭ ᠢ᠋ ᠦᠩᠬᠡᠷᠡᠭᠰᠡᠨ ᠤ᠋ ᠬᠢ ᠡᠴᠡ ᠪᠠᠨ ᠵᠢᠯ ᠤ᠋ᠨ 15% ᠭᠠᠷᠤᠢ ᠪᠡᠷ ᠠᠷᠪᠢᠯᠠᠬᠤ ᠪᠤᠯᠵᠠᠢ ᠃
᠁
ᠤᠢᠷ᠎ᠠ ᠶ᠋ᠢᠨ ᠵᠢᠯ ᠳ᠋ᠤ ᠮᠠᠨ ᠤ᠋ ᠤᠷᠤᠨ ᠪᠤᠳᠠᠳᠠᠢ ᠪᠠᠢᠳᠠᠯ ᠲᠠᠢ ᠪᠡᠨ ᠤᠶᠠᠯᠳᠤᠭᠤᠯᠤᠨ ᠴᠢᠨᠠᠷ ᠰᠠᠢᠳᠠᠢ ᠬᠦᠭᠵᠢᠯᠳᠡ ᠶ᠋ᠢᠨ ᠱᠠᠭᠠᠷᠳᠠᠯᠭ᠎ᠠ ᠳ᠋ᠤ ᠨᠡᠢᠴᠡᠭᠦᠯᠵᠤ ᠂《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋〈ᠠᠷᠪᠠᠨ ᠳᠦᠷᠪᠡᠳᠦᠭᠡᠷ ᠳᠠᠪᠤᠨ ᠵᠢᠯ〉 ᠤ᠋ᠨ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ ᠶ᠋ᠢᠨ ᠬᠦᠭᠵᠢᠯᠳᠡ ᠶ᠋ᠢᠨ ᠲᠦᠯᠦᠪᠵᠢᠭᠦᠯᠭᠡ》᠂ 《ᠦᠪᠡᠷᠳᠡᠭᠡᠨ ᠵᠠᠰᠠᠬᠤ ᠤᠷᠤᠨ ᠤ᠋ ᠠᠵᠤ ᠦᠢᠯᠡᠳᠪᠤᠷᠢ ᠶ᠋ᠢᠨ ᠲᠤᠭᠠᠴᠢᠯᠠᠭᠰᠠᠨ ᠲᠡᠢᠰᠢ ᠬᠡᠯᠪᠡᠷᠢ ᠪᠡᠨ ᠬᠤᠪᠢᠷᠠᠭᠤᠯᠬᠤ ᠲᠤᠬᠠᠢ ᠬᠡᠷᠡᠭᠵᠢᠭᠦᠯᠬᠦ ᠲᠦᠰᠦᠯ(2021 — 2025 ᠤᠨ)》᠂《ᠦᠶ᠋ᠯᠡᠳᠬᠦ᠌ ᠦᠶ᠋ᠯᠡᠰ ᠦ᠋ᠨ ᠳᠡᠭᠡᠳᠦ ᠳᠡᠰᠵᠢᠭᠰᠡᠨ ᠤᠶᠤᠨᠴᠢᠯᠠᠭᠰᠠᠨ ᠪᠣᠬᠢᠷᠲᠤᠯ ᠥᠬᠡᠶ ᠬᠥᠭ᠌ᠵᠢᠯᠳᠠ ᠶ᠋ᠢ ᠠᠬᠢᠭᠤᠯᠬᠤ ᠲᠤᠬᠠᠶ ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠠᠨᠠᠯ》᠂ 《ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠤ᠋ᠨ〈ᠡᠭᠦᠯᠡᠨ ᠲᠠᠪᠴᠠᠩ ᠳ᠋ᠤ ᠭᠠᠷᠬᠤ〉ᠠᠵᠢᠯ ᠤ᠋ᠨ ᠲᠥᠰᠦᠯ(2022 — 2025 ᠤᠨ)》ᠵᠡᠷᠭᠡ ᠲᠦᠯᠦᠪᠵᠢᠭᠦᠯᠭᠡ ᠲᠦᠷᠦ ᠶ᠋ᠢᠨ ᠪᠤᠳᠤᠯᠭ᠎ᠠ ᠶ᠋ᠢ ᠳᠤᠭᠳᠠᠭᠠᠨ ᠨᠡᠢᠳᠡᠯᠡᠵᠦ᠂ ᠰᠢᠨ᠎ᠠ ᠨᠢᠭᠡ ᠦᠶ᠎ᠠ ᠶ᠋ᠢᠨ ᠮᠡᠳᠡᠭᠡ ᠵᠠᠩᠬᠢ ᠶ᠋ᠢᠨ ᠮᠡᠷᠭᠡᠵᠢᠯ ᠪᠤᠯᠤᠨ ᠦᠢᠯᠡᠳᠬᠦ ᠦᠢᠯᠡᠰ ᠢ᠋ ᠭᠦᠨᠵᠡᠭᠡᠢ ᠠᠭᠤᠰᠤᠯᠴᠠᠭᠤᠯᠤᠨ ᠬᠦᠭᠵᠢᠭᠦᠯᠬᠦ ᠪᠡᠷ ᠭᠤᠤᠯ ᠰᠢᠵᠢᠮ ᠪᠤᠯᠭᠠᠨ᠂ ᠤᠶᠤᠨᠳᠤ ᠦᠢᠯᠡᠳᠭᠡᠯ ᠶ᠋ᠢᠡᠷ ᠭᠤᠤᠯ ᠰᠢᠪᠳᠤᠯᠬᠤ ᠴᠢᠭᠯᠡᠯ ᠪᠤᠯᠭᠠᠵᠤ᠂ ᠲᠤᠷᠰᠢᠯᠳᠠ ᠶ᠋ᠢᠨ ᠴᠡᠭ ᠶ᠋ᠢᠡᠷ ᠬᠦᠲᠦᠯᠦᠨ ᠳᠠᠭᠠᠭᠤᠯᠬᠤ ᠠᠷᠭ᠎ᠠ ᠬᠡᠯᠪᠡᠷᠢ ᠪᠡᠷ ᠠᠵᠤ ᠦᠢᠯᠡᠳᠪᠤᠷᠢ ᠶ᠋ᠢᠨ ᠬᠦᠷᠢᠶᠡᠨ ᠤ᠋ ᠠᠵᠢᠯ ᠲᠦᠷᠦᠯ ᠤ᠋ᠨ ᠲᠤᠭᠠᠴᠢᠯᠠᠭᠰᠠᠨ ᠳᠡᠢᠰᠢ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ ᠶ᠋ᠢ ᠠᠬᠢᠭᠤᠯᠵᠤ᠂ ᠦᠢᠯᠡᠳᠬᠦ ᠦᠢᠯᠡᠰ ᠤ᠋ᠨ ᠲᠤᠭᠠᠴᠢᠯᠠᠭᠰᠠᠨ ᠰᠦᠯᠵᠢᠶᠡᠴᠢᠯᠡᠭᠰᠡᠨ ᠤᠶᠤᠨᠴᠢᠯᠠᠭᠰᠠᠨ ᠲᠡᠢᠰᠢ ᠬᠡᠯᠪᠡᠷᠢ ᠪᠡᠨ ᠬᠤᠪᠢᠷᠠᠭᠤᠯᠬᠤ ᠶ᠋ᠢ ᠲᠠᠰᠤᠷᠠᠯᠳᠠ ᠦᠭᠡᠢ ᠠᠬᠢᠭᠤᠯᠵᠠᠢ᠃
ᠤᠳᠤᠬᠠᠨ ᠳ᠋ᠤ᠂ ᠮᠠᠨ ᠤ᠋ ᠤᠷᠤᠨ ᠤᠯᠤᠰ ᠤ᠋ᠨ ᠳᠡᠰ ᠤ᠋ᠨ ᠠᠵᠢᠯ ᠲᠦᠷᠦᠯ ᠤ᠋ᠨ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠳᠠᠪᠴᠠᠩ 1᠂ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠠᠵᠢᠯ ᠲᠦᠷᠦᠯ ᠤ᠋ᠨ ᠠᠵᠤ ᠦᠢᠯᠡᠳᠪᠤᠷᠢ ᠶ᠋ᠢᠨ ᠢᠨᠲᠧᠷ ᠰᠦᠯᠵᠢᠶᠠᠨ ᠤ᠋ ᠳᠠᠪᠴᠠᠩᠢ 10 ᠪᠠᠢᠭᠤᠯᠵᠤ᠂ ᠶᠠᠭ ᠪᠠᠢᠭᠤᠯᠵᠤ ᠪᠠᠢᠭ᠎ᠠ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠳᠠᠪᠴᠠᠩ ᠪᠠᠰᠠ 5 ᠪᠠᠢᠵᠤ᠂ ᠵᠤᠬᠢᠬᠤ ᠤᠷᠤᠨ ᠪᠦᠰᠡ ᠶ᠋ᠢᠨ ᠨᠦᠯᠦᠭᠡᠯᠡᠬᠦ ᠬᠦᠴᠦᠨ ᠪᠠ ᠠᠵᠢᠯ ᠲᠦᠷᠦᠯ ᠤ᠋ᠨ ᠨᠦᠯᠦᠭᠡᠯᠡᠬᠦ ᠬᠦᠴᠦᠨ ᠪᠦᠬᠦᠢ ᠠᠵᠢᠯ ᠲᠦᠷᠦᠯ ᠬᠦᠷᠢᠶ᠎ᠠ ᠴᠠᠷᠠᠭ᠎ᠠ ᠰᠤᠨᠳᠠᠯᠠᠬᠰᠡᠨ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠢᠨᠲ᠋ᠧᠷ ᠰᠦᠯᠵᠢᠶᠠᠨ ᠤ᠋ ᠳᠠᠪᠴᠠᠩ ᠢ᠋ ᠨᠢᠭᠡᠨᠳᠡ ᠪᠦᠷᠢᠯᠳᠦᠭᠦᠯᠪᠡ᠃ ᠪᠦᠬᠦ ᠤᠷᠤᠨ ᠤ᠋ ᠤᠶᠤᠨᠴᠢᠯᠠᠯᠳᠠ ᠵᠢᠨ ᠪᠦᠲᠦᠭᠡᠨ ᠪᠠᠢᠭᠤᠯᠤᠯᠳᠠ ᠬᠢᠵᠦ ᠪᠠᠢᠭ᠎ᠠ ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ 45 ᠪᠠᠢᠵᠤ᠂ ᠡᠨᠡ ᠵᠢᠯ ᠦᠯᠡᠳᠡᠭᠰᠡᠨ 10 ᠬᠦᠷᠢᠶᠡᠯᠡᠩ ᠲᠤᠭᠤᠷᠢᠭ ᠴᠦ᠍ ᠤᠶᠤᠨᠴᠢᠯᠠᠯᠳᠠ ᠵᠢᠨ ᠪᠦᠲᠦᠭᠡᠨ ᠪᠠᠢᠭᠤᠯᠤᠯᠳᠠ ᠪᠡᠨ ᠡᠬᠢᠯᠡᠭᠦᠯᠬᠦ ᠪᠡᠷ ᠪᠤᠢ ᠃
ᠪᠤᠭᠤᠳᠤ ᠬᠤᠳᠠ ᠳ᠋ᠤ ᠠᠩᠬᠠᠳᠠᠭᠴᠢ ᠤᠶᠤᠨᠳᠤ ᠪᠡᠷ ᠰᠢᠷᠠᠮᠤ ᠬᠠᠢᠯᠤᠭᠤᠯᠬᠤ ᠲᠤᠷᠰᠢᠯᠳᠠ ᠶ᠋ᠢᠨ ᠴᠡᠭ ᠤ᠋ᠨ ᠲᠦᠷᠦᠯ ᠵᠦᠢᠯ ᠠᠰᠢᠭᠯᠠᠯᠳᠠ ᠳ᠋ᠤ ᠤᠷᠤᠵᠤ᠂ ᠦᠨᠳᠦᠷ ᠵᠤᠤᠬᠠᠨ ᠤ᠋ ᠴᠢᠨᠠᠷ ᠰᠠᠢᠳᠠᠢ᠂ ᠡᠨᠧᠷᠬᠢ ᠶ᠋ᠢᠨ ᠬᠤᠷᠤᠭᠳᠠᠭᠤᠯᠤᠯ ᠵᠢᠡᠷ ᠪᠠᠭ᠎ᠠ᠂ ᠠᠶᠤᠯᠬᠦᠢ ᠦᠢᠯᠡᠳᠪᠤᠷᠢᠯᠡᠯ ᠳ᠋ᠤ ᠪᠠᠳᠤ ᠰᠠᠭᠤᠷᠢ ᠲᠠᠯᠪᠢᠯ᠎ᠠ;
ᠲᠦᠩᠯᠢᠶᠤᠤ ᠬᠤᠳᠠ ᠳ᠋ᠤ ᠤᠮᠠᠷᠠᠳᠦ ᠶ᠋ᠢᠨ ᠵᠠᠳᠠᠭᠠᠢ ᠨᠡᠭᠦᠷᠡᠰᠦᠨ ᠠᠭᠤᠷᠬᠠᠢ ᠳ᠋ᠤ ᠵᠢᠯᠤᠭᠤᠴᠢ ᠦᠭᠡᠢ ᠠᠭᠤᠷᠬᠠᠢ ᠶ᠋ᠢᠨ ᠮᠠᠰᠢᠨ ᠨᠠᠭᠠᠰᠢ ᠴᠠᠭᠠᠰᠢ ᠵᠤᠷᠴᠢᠨ ᠶᠠᠭᠠᠷᠠᠯᠳᠠᠢ ᠠᠵᠢᠯᠯᠠᠨ᠎ᠠ;
ᠬᠢᠩᠭᠠᠨ ᠠᠢᠮᠠᠭ ᠲᠦ᠍ ᠯᠠᠢᠰᠧᠷ ᠮᠡᠷᠭᠡᠵᠢᠯ᠂ ᠠᠮᠦᠷ ᠪᠤᠳᠠᠭ᠎ᠠ ᠶ᠋ᠢ ᠴᠡᠪᠡᠷᠰᠢᠭᠦᠯᠬᠦ ᠮᠡᠷᠭᠡᠵᠢᠯ ᠵᠡᠷᠭᠡ ᠶ᠋ᠢ ᠪᠠᠭᠳᠠᠭᠠᠭᠰᠠᠨ ᠤᠶᠤᠨᠴᠢ ᠦᠢᠯᠡᠳᠪᠤᠷᠢᠯᠡᠯ ᠤ᠋ᠨ ᠱᠤᠭᠤᠮ ᠶ᠋ᠢᠡᠷ ᠦᠢᠯᠡᠳᠪᠤᠷᠢᠯᠡᠵᠦ ᠭᠠᠷᠭᠠᠭᠰᠠᠨ ᠭᠤᠯᠢᠷ ᠤ᠋ᠨ ᠶᠠᠰᠤ ᠴᠢᠨᠠᠷ ᠨᠢ ᠨᠡᠩ ᠳᠤᠭᠳᠠᠭᠤᠨ᠂ ᠨᠡᠩ ᠰᠠᠢᠨ ᠪᠤᠯᠪᠠ᠃
᠁
《ᠮᠠᠨ ᠤ᠋ ᠤᠷᠤᠨ ᠦᠷᠭᠦᠯᠵᠢᠯᠡᠨ ᠲᠤᠮᠤ ᠳ᠋ᠠᠢᠲ᠋ᠠ᠂ ᠢᠨᠲᠧᠷ ᠰᠦᠯᠵᠢᠶ᠎ᠠ ᠵᠡᠷᠭᠡ ᠮᠡᠷᠭᠡᠵᠢᠯ ᠶ᠋ᠢᠡᠷ ᠲᠠᠮᠵᠢᠨ ᠪᠦᠬᠦ ᠲᠠᠯ᠎ᠠ᠂ ᠪᠦᠬᠦ ᠬᠠᠷᠠᠭᠠᠰᠤ᠂ ᠪᠦᠬᠦ ᠬᠡᠯᠬᠢᠶ᠎ᠠ ᠡᠴᠡ ᠠᠵᠤ ᠦᠢᠯᠡᠳᠪᠤᠷᠢ ᠶ᠋ᠢᠨ ᠠᠵᠤ ᠠᠬᠤᠢ ᠶ᠋ᠢᠨ ᠬᠦᠭᠵᠢᠯᠳᠡ ᠳ᠋ᠤ ᠬᠦᠳᠡᠯᠭᠡᠬᠦ ᠬᠦᠴᠦᠨ ᠨᠡᠮᠡᠷᠢᠯᠡᠵᠦ᠂ ᠠᠵᠤ ᠦᠢᠯᠡᠳᠪᠤᠷᠢ ᠶ᠋ᠢᠨ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠤᠨ᠎ᠠ᠃ ᠤᠶᠤᠨᠳᠤ ᠦᠢᠯᠡᠳᠭᠡᠯ ᠤ᠋ᠨ ᠲᠤᠷᠰᠢᠯᠳᠠ ᠶ᠋ᠢᠨ ᠴᠡᠭ ᠤ᠋ᠨ ᠪᠦᠲᠦᠭᠡᠨ ᠪᠠᠢᠭᠤᠯᠤᠯᠳᠠ ᠶ᠋ᠢ ᠠᠬᠢᠭᠤᠯᠵᠤ᠂ ᠭᠤᠤᠯᠳᠠᠯᠭ᠎ᠠ ᠲᠠᠢ ᠠᠵᠢᠯ ᠲᠦᠷᠦᠯ ᠤ᠋ᠨ〈ᠮᠠᠰᠢᠨ ᠶ᠋ᠢᠡᠷ ᠬᠦᠮᠦᠨ ᠢ᠋ ᠤᠷᠤᠯᠠᠭᠤᠯᠬᠤ〉 ᠲᠦᠷᠦᠯ ᠵᠦᠢᠯ ᠳ᠋ᠤ ᠦᠵᠡᠭᠦᠯᠬᠦ ᠳᠡᠮᠵᠢᠯᠭᠡ ᠵᠢ ᠴᠢᠩᠭᠠᠳᠬᠠᠨ᠂ ᠦᠨᠳᠦᠰᠦᠨ ᠪᠠᠳᠤᠯᠠᠭ᠎ᠠ᠂ ᠤᠶᠤᠨᠳᠤ ᠦᠢᠯᠡᠳᠪᠤᠷᠢ᠂ ᠬᠠᠮᠳᠤ ᠪᠡᠷ ᠡᠳ᠋ᠯᠡᠬᠦ ᠦᠢᠯᠡᠴᠢᠯᠡᠭᠡ ᠵᠡᠷᠭᠡ ᠲᠠᠯ᠎ᠠ ᠪᠡᠷ ᠮᠡᠳᠡᠭᠡ ᠵᠠᠩᠬᠢ ᠶ᠋ᠢᠨ ᠮᠡᠷᠭᠡᠵᠢᠯ ᠪᠤᠯᠤᠨ ᠡᠯ᠎ᠠ ᠵᠦᠢᠯ ᠤ᠋ᠨ ᠡᠬᠢ ᠪᠠᠶᠠᠯᠢᠭ ᠢ᠋ ᠨᠡᠢᠳᠭᠡᠵᠤ᠂ ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ ᠤ᠋ᠨ ᠤᠶᠤᠨᠴᠢᠯᠠᠭᠰᠠᠨ ᠲᠦᠪᠰᠢᠨ ᠢ᠋ ᠳᠡᠭᠡᠭᠰᠢᠯᠡᠭᠦᠯᠦᠨ᠎ᠠ》 ᠭᠡᠵᠦ ᠦᠪᠡᠷᠳᠡᠭᠡᠨ ᠵᠠᠰᠠᠬᠤ ᠤᠷᠤᠨ ᠤ᠋ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶ᠋ᠢᠨ ᠲᠢᠩᠬᠢᠮ ᠤ᠋ᠨ ᠮᠡᠳᠡᠭᠡ ᠵᠠᠩᠬᠢᠴᠢᠯᠠᠯᠳᠠ ᠪᠠ ᠰᠤᠹᠲ ᠤ᠋ᠨ ᠦᠢᠯᠡᠴᠢᠯᠡᠭᠡᠨ ᠤ᠋ ᠭᠠᠵᠠᠷ ᠤ᠋ᠨ ᠳᠠᠷᠤᠭ᠎ᠠ ᠵᠠᠩ ᡁᠢ ᠯᠢ ᠬᠡᠯᠡᠨ᠎ᠠ ᠃