ᠮᠠᠨ᠎ᠤ ᠤᠷᠤᠨ᠎ᠤ ᠠᠵᠤ ᠦᠢᠯᠡᠳᠪᠦᠷᠢ᠎ᠵᠢᠨ ᠦᠢᠯᠡᠳᠪᠦᠷᠢᠯᠡᠯ ᠬᠠᠷᠢᠴᠠᠡᠭᠭᠤᠢ ᠲᠦᠷᠭᠡᠨ᠎ᠵᠢᠡᠷ ᠨᠡᠮᠡᠭᠳᠡᠪᠡ
2022-05-23 09:39:05
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ᠎ᠤᠨ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ᠎ᠵᠢᠡᠷ᠂ ᠲᠦᠷᠦᠭᠦᠦ ᠤᠯᠠᠷᠢᠯ᠎ᠳᠤ᠂ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ ᠨᠢᠳᠦᠨᠤᠨ᠎ᠤ ᠠᠳᠠᠯᠢ ᠬᠤᠭᠤᠴᠠᠭᠠᠨ᠎ᠤ ᠬᠢ ᠡᠴᠡ 7.3% ᠨᠡᠮᠡᠭᠳᠡᠭᠰᠡᠨ ᠪᠠᠢᠨ᠎ᠠ᠃

ᠦᠶ᠋ᠯᠡᠳᠬᠦ᠌ ᠦᠶ᠋ᠯᠡᠰ᠎ᠦᠨ ᠲᠤᠯᠭᠠᠭᠤᠷᠢᠯᠠᠬᠤ ᠦᠢᠯᠡᠳᠦᠯ ᠴᠢᠡᠭᠭᠠᠷᠠᠪᠠ᠃ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠨᠢᠳᠦᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 10.3% ᠪᠠᠷ ᠨᠡᠮᠡᠭ᠌ᠳᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ᠎ᠢ ᠵᠠᠭᠤᠨ᠎ᠤ ᠬᠠᠷᠢᠴᠠᠯ᠎ᠵᠢᠡᠷ 3.9 ᠬᠤᠪᠢ ᠳᠠᠢᠴᠢᠯᠠᠨ᠂ ᠬᠤᠪᠢ ᠨᠡᠮᠡᠷᠢ ᠦᠵᠡᠭᠦᠯᠦᠭ᠌ᠰᠡᠨ ᠨᠣᠷᠮ᠎ᠠ 54.1%᠎ᠳ᠋ᠤ ᠬᠦᠷᠴᠦ᠂ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠲᠣᠭ᠍ᠲᠠᠭᠤᠨ ᠠᠵᠢᠯᠯᠠᠭᠠᠨ᠎ᠳᠤ ᠬᠦᠴᠦᠲᠡᠶ ᠲᠤᠯᠭᠠᠭᠤᠷᠢᠯᠠᠯ ᠬᠠᠩᠭᠠᠵᠠᠢ᠃ ᠡᠨᠧᠷᠭᠢ᠎ᠶ᠋ᠢᠨ ᠡᠬᠢ ᠰᠤᠷᠪᠤᠯᠵᠢ᠎ᠶ᠋ᠢᠨ ᠡᠯᠧᠮᠧᠨ᠋ᠲ᠎ᠦᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠪᠠ᠃ ᠪᠥᠬᠥ᠌ ᠣᠷᠣᠨ᠎ᠤ ᠡᠨᠧᠷᠭᠢ᠎ᠶ᠋ᠢᠨ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ ᠨᠢᠳᠦᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 5.1%᠎ᠪᠠᠷ ᠨᠡᠮᠡᠭ᠌ᠳᠡᠪᠡ᠃ ᠡᠭᠦᠨ᠎ᠳᠦ᠂ ᠨᠡᠭᠦᠷᠡᠰᠦᠨ᠎ᠦ ᠠᠵᠢᠯ ᠲᠥᠷᠥᠯ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ᠎ᠢ ᠵᠠᠭᠤᠨ᠎ᠤ ᠬᠠᠷᠢᠴᠠᠯ᠎ᠵᠢᠡᠷ 2.3 ᠬᠤᠪᠢ ᠳᠠᠢᠴᠢᠯᠠᠵᠤ᠂ ᠬᠤᠪᠢ ᠨᠡᠮᠡᠷᠢ ᠦᠵᠡᠭᠦᠯᠦᠭ᠌ᠰᠡᠨ ᠨᠣᠷᠮ᠎ᠠ 31.4%᠎ᠳᠦ ᠬᠦᠷᠴᠠᠢ; ᠴᠠᠬᠢᠯᠭᠠᠨ ᠬᠦᠴᠦᠨ᠂ ᠢᠯᠴᠢ᠎ᠶ᠋ᠢᠨ ᠡᠨᠧᠷᠭᠢ ᠪᠠ ᠱᠢᠲᠠᠮᠠᠬᠠᠶ ᠬᠡᠶ᠎ᠶ᠋ᠢᠨ ᠠᠵᠢᠯ ᠲᠥᠷᠥᠯ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ᠎ᠢ ᠵᠠᠭᠤᠨ᠎ᠤ ᠬᠠᠷᠢᠴᠠᠯ᠎ᠵᠢᠡᠷ 0.3 ᠬᠤᠪᠢ ᠳᠠᠢᠴᠢᠯᠠᠵᠤ᠂ ᠬᠤᠪᠢ ᠨᠡᠮᠡᠷᠢ ᠦᠵᠡᠭᠦᠯᠦᠭ᠌ᠰᠡᠨ ᠨᠣᠷᠮ᠎ᠠ 3.7% ᠬᠦᠷᠦᠭᠰᠡᠨ ᠪᠠᠢᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢᠨ ᠠᠯᠬᠤᠴᠠ ᠲᠦᠷᠭᠡᠳᠪᠡ᠃ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠦᠶ᠋ᠯᠡᠰ᠎ᠦᠨ ᠨᠡᠮᠡᠭ᠌ᠳᠡᠯ ᠥᠷᠲᠡᠭ ᠨᠢᠳᠦᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 25.5%᠎ᠪᠠᠷ ᠨᠡᠮᠡᠭᠳᠡᠵᠡᠢ; ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠪᠣᠶ ᠪᠣᠯᠤᠭ᠍ᠰᠠᠨ ᠠᠵᠤ ᠦᠶ᠋ᠯᠡᠰ 12.6% ᠎ᠪᠠᠷ ᠨᠡᠮᠡᠭᠳᠡᠵᠦ᠂ ᠨᠡᠭᠦᠷᠡᠰᠦᠨ᠎ᠦ ᠪᠤᠰᠤ ᠠᠵᠤ ᠦᠶ᠋ᠯᠡᠰ 7.9% ᠎ᠪᠠᠷ ᠨᠡᠮᠡᠭᠳᠡᠵᠡᠢ᠃ ᠦᠶ᠋ᠯᠡᠳᠬᠦᠨ᠎ᠦ ᠭᠠᠷᠤᠯᠲᠠ᠎ᠵᠢᠨ ᠲᠠᠯ᠎ᠠ ᠪᠡᠷ᠂ ᠪᠥᠬᠥ᠌ ᠣᠷᠣᠨ᠎ᠤ 232 ᠵᠦᠶ᠋ᠯ᠎ᠦᠨ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠳᠤᠲᠤᠷ᠎ᠠ ᠡᠴᠡ 126 ᠵᠦᠶ᠋ᠯ᠎ᠦᠨ ᠭᠠᠷᠤᠯᠲᠠ᠎ᠨᠢ ᠨᠢᠳᠦᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠨᠡᠮᠡᠭ᠌ᠳᠡᠵᠦ᠍᠂ 85 ᠵᠦᠶ᠋ᠯ᠎ᠦᠨ ᠨᠡᠮᠡᠭ᠌ᠳᠡᠯ᠎ᠦᠨ ᠬᠤᠷᠳᠤᠴᠠ᠎ᠨᠢ 10% ᠎ᠶ᠋ᠢ ᠲᠠᠪᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号