ᠱᠠᠩᠬᠠᠶ᠄ ᠨᠠᠰᠤᠲᠠᠢᠴᠤᠳ᠎ᠤᠨ ᠱᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠸᠠᠺᠼᠢᠨ ᠪᠠ ᠬᠡᠦᠬᠡᠳ᠎ᠦᠨ ᠲᠥᠯᠥᠪᠯᠡᠭᠡᠲᠦ ᠡᠭᠡᠯᠢᠯᠡᠭᠡ᠎ᠶ᠋ᠢᠨ ᠲᠠᠷᠢᠯᠭ᠎ᠠ᠎ᠶ᠋ᠢ ᠡᠮᠬᠢ ᠵᠢᠷᠤᠮ᠎ᠲᠠᠶ᠎ᠪᠠᠷ ᠰᠡᠷᠭᠦᠭᠡᠨ᠎ᠡ
2022-05-25 15:06:40
ᠵᠣᠬᠢᠶᠠᠭ᠍ᠴᠢ᠄
ᠬᠤ᠌ ᠵᠢᠶᠧ ᠹᠸᠢ ᠶᠤᠸᠠᠨ ᠴᠢᠤᠸᠠᠨ
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠱᠠᠩᠬᠠᠶ᠎ᠶ᠋ᠢᠨ 5 ᠰᠠᠷ᠎ᠠ᠎ᠶ᠋ᠢᠨ 23 ᠎ᠤ᠋ ᠴᠠᠬᠢᠯᠭᠠᠨ ᠮᠡᠳᠡᠭᠡ  ᠱᠠᠩᠬᠠᠶ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠠᠯᠬᠤᠮ ᠠᠯᠬᠤᠮ᠎ᠢᠶᠠᠷ ᠰᠠᠢᠵᠢᠷᠠᠬᠤ᠎ᠶ᠋ᠢ ᠳᠠᠭᠠᠯᠳᠤᠨ᠂ ᠡᠯ᠎ᠡ ᠲᠥᠷᠥᠯ᠎ᠦᠨ ᠸᠠᠺᠼᠢᠨ᠎ᠤ ᠲᠠᠷᠢᠯᠭ᠎ᠠ᠎ᠶ᠋ᠢᠨ ᠦᠶ᠋ᠯᠡᠴᠢᠯᠡᠭᠡ ᠶᠠᠭ ᠡᠮᠬᠢ ᠵᠢᠷᠤᠮ᠎ᠲᠠᠶ᠎ᠪᠠᠷ ᠰᠡᠷᠭᠦᠵᠦ᠍ ᠪᠠᠢᠨ᠎ᠠ᠃ 23 ᠎ᠤ᠋ ᠡᠳᠦᠷ ᠶᠠᠪᠤᠭ᠍ᠳᠠᠭ᠍ᠰᠠᠨ ᠱᠠᠩᠬᠠᠶ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠱᠠᠩᠬᠠᠶ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠵᠣᠣ ᠳ᠋ᠠᠨ᠎ᠳ᠋ᠠᠨ᠂᠎ᠣᠳᠣᠬᠠᠨ᠎ᠳᠤ᠎ᠱᠠᠩᠬᠠᠶ᠎ᠶ᠋ᠢᠨ᠎ᠡᠯ᠎ᠡ ᠲᠣᠭᠣᠷᠢᠭ ᠶᠠᠭ ᠲᠠᠷᠢᠯᠭ᠎ᠠ ᠬᠢᠬᠦ᠌ ᠦᠶ᠋ᠯᠡᠴᠢᠯᠡᠭᠡᠨ᠎ᠦ ᠵᠠᠭ᠍ᠪᠤᠷ᠎ᠢᠶᠠᠨ ᠱᠢᠯᠢᠳᠡᠭ᠌ᠵᠢᠭᠦᠯᠵᠦ᠍᠂ ᠨᠠᠰᠤᠲᠠᠢᠴᠤᠳ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠲᠠᠷᠢᠯᠭ᠎ᠠ ᠬᠢᠬᠦ᠌ ᠠᠵᠢᠯ᠎ᠢ ᠠᠮᠤᠷ ᠲᠦᠪᠱᠢᠨ᠂ ᠵᠢᠷᠤᠮᠵᠢᠭᠤᠨ᠂ ᠡᠮᠬᠢ ᠵᠢᠷᠤᠮ᠎ᠲᠠᠶ᠎ᠪᠠᠷ ᠠᠬᠢᠭᠤᠯᠵᠤ ᠪᠠᠢᠨ᠎ᠠ ᠭᠡᠵᠦ ᠲᠠᠨᠢᠯᠴᠠᠭᠤᠯᠪᠠ᠃

ᠲᠠᠨᠢᠯᠴᠠᠭᠤᠯᠤᠭ᠍ᠰᠠᠨ᠎ᠢᠶᠠᠷ᠂ 5 ᠰᠠᠷ᠎ᠠ᠎ᠶ᠋ᠢᠨ 22 ᠎ᠤ᠋ᠨ ᠡᠳᠦᠷ ᠪᠣᠯᠲᠠᠯ᠎ᠠ᠂ ᠱᠠᠩᠬᠠᠶ᠎ᠶ᠋ᠢᠨ 60 ᠨᠠᠰᠤ ᠵᠢᠴᠢ 60 ᠨᠠᠰᠤᠨ᠎ᠡᠴᠡ ᠳᠡᠭᠡᠭ᠌ᠰᠢᠬᠢ ᠬᠥᠮᠦᠰ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠨᠡᠢᠲᠡ 961.77 ᠲᠦᠮᠡᠨ ᠤᠳᠠᠭ᠎ᠠ ᠳᠠᠷᠢᠵᠤ᠂ 375.13 ᠲᠦᠮᠡᠨ ᠬᠥᠮᠦᠨ᠎ᠢ ᠬᠠᠮᠤᠷᠴᠤ᠌᠂ ᠪᠦᠷᠬᠦᠴᠡ᠎ᠶ᠋ᠢᠨ ᠨᠣᠷᠮ᠎ᠠ᠎ᠨᠢ 64.51% ᠎ᠳ᠋ᠤ ᠬᠦᠷᠴᠡᠶ;ᠲᠠᠷᠢᠯᠭ᠎ᠠ᠎ᠶᠢᠨ ᠪᠥᠬᠥ᠌ ᠶᠠᠪᠤᠴᠠ᠎ᠵᠢ ᠳᠠᠭᠤᠰᠬᠠᠭᠰᠠᠨ ᠬᠥᠮᠥᠨ 361.20 ᠲᠦᠮᠨ ᠪᠠᠢᠵᠤ᠂ ᠲᠠᠷᠢᠯᠭ᠎ᠠ᠎ᠶᠢᠨ ᠪᠥᠬᠥ᠌ ᠶᠠᠪᠤᠴᠠ᠎ᠵᠢ ᠳᠠᠭᠤᠰᠬᠠᠭᠰᠠᠨ ᠨᠣᠷᠮ᠎ᠠ 62.11% ᠎ᠳ᠋ᠤ ᠬᠥᠷᠪᠡ; ᠴᠢᠨᠭᠭᠠᠳᠬᠠᠬᠤ ᠲᠠᠷᠢᠯᠭ᠎ᠠ ᠲᠠᠷᠢᠭᠰᠠᠨ ᠬᠥᠮᠥᠨ 228.31 ᠲᠦᠮᠡ ᠪᠠᠢᠵᠤ᠂  ᠪᠦᠷᠬᠦᠴᠡ᠎ᠶ᠋ᠢᠨ ᠨᠣᠷᠮ᠎ᠠ ᠨᠢ 39.26%  ᠳ᠋ᠦ ᠬᠦᠷᠪᠡ᠃

ᠡᠭᠦᠨ᠎ᠡᠴᠡ ᠭᠠᠳᠠᠨ᠎ᠠ᠂ ᠬᠡᠦᠬᠡᠳ᠎ᠦᠨ ᠲᠥᠯᠥᠪᠯᠡᠭᠡᠲᠦ ᠡᠭᠡᠯᠢᠯᠡᠭᠡ᠎ᠶ᠋ᠢᠨ ᠲᠠᠷᠢᠯᠭ᠎ᠠ᠎ᠶ᠋ᠢ ᠰᠡᠷᠭᠦᠭᠡᠬᠦ᠌ ᠲᠠᠯ᠎ᠠ᠎ᠪᠠᠷ᠂ ᠣᠳᠣᠬᠠᠨ᠎ᠳᠤ ᠱᠠᠩᠬᠠᠶ ᠬᠣᠲᠠ᠎ᠶ᠋ᠢᠨ 16 ᠲᠣᠭᠣᠷᠢᠭ᠎ᠤᠨ 163 ᠲᠠᠷᠢᠯᠭ᠎ᠠ᠎ᠶ᠋ᠢᠨ ᠡᠭᠦᠳᠡᠨ ᠡᠮᠨᠡᠯᠭᠡ ᠨᠢᠭᠡᠨᠲᠡ ᠡᠩ᠎ᠦᠨ ᠸᠠᠺᠼᠢᠨ᠎ᠤ ᠲᠠᠷᠢᠯᠭ᠎ᠠ ᠶ᠋ᠢᠨ ᠦᠶ᠋ᠯᠡᠴᠢᠯᠡᠭᠡ᠎ᠪᠠᠨ ᠵᠠᠯᠭᠠᠭ᠎ᠠ᠎ᠪᠠᠷ ᠰᠡᠷᠭᠦᠭᠡᠵᠦ᠍᠂ ᠪᠠᠷᠤᠭ ᠡᠩ᠎ᠦᠨ ᠲᠠᠷᠢᠯᠭ᠎ᠠ᠎ᠶ᠋ᠢᠨ ᠡᠭᠦᠳᠡᠨ ᠡᠮᠨᠡᠯᠭᠡ᠎ᠶ᠋ᠢᠨ 40% ᠵᠢ ᠡᠵᠡᠯᠡᠵᠦ᠍ ᠪᠠᠢᠨ᠎ᠠ᠂ ᠡᠭᠦᠨ᠎ᠳᠦ ᠨᠡᠢᠭᠡᠮ ᠲᠣᠭᠣᠷᠢᠭ᠎ᠤᠨ ᠲᠠᠷᠢᠯᠭ᠎ᠠ᠎ᠶ᠋ᠢᠨ ᠡᠭᠦᠳᠡᠨ ᠡᠮᠨᠡᠯᠭᠡ 105᠂ ᠨᠣᠬᠠᠶ᠎ᠶ᠋ᠢᠨ ᠱᠢᠷᠬ᠎ᠠ᠎ᠶ᠋ᠢ ᠱᠢᠶ᠋ᠳᠪᠦᠷᠢᠯᠡᠬᠦ᠌ ᠡᠭᠦᠳᠡᠨ ᠡᠮᠨᠡᠯᠭᠡ 26᠂ ᠰᠦᠷᠢᠶ᠎ᠡ᠎ᠶ᠋ᠢᠨ ᠸᠠᠺᠼᠢᠨ᠎ᠤ ᠡᠭᠦᠳᠡᠨ ᠡᠮᠨᠡᠯᠭᠡ 3᠂ ᠣᠨᠴᠠ ᠬᠡᠷᠡᠭ᠌ᠰᠡᠬᠦ᠌ ᠲᠠᠷᠢᠯᠭ᠎ᠠ᠎ᠶ᠋ᠢᠨ ᠡᠭᠦᠳᠡᠨ ᠡᠮᠨᠡᠯᠭᠡ 29 ᠪᠣᠶ᠃

ᠬᠥᠮᠦᠨ ᠬᠠᠷ᠎ᠠ ᠬᠤᠷᠠᠨ ᠴᠤᠭ᠍ᠯᠠᠷᠠᠬᠤ᠎ᠡᠴᠡ ᠵᠠᠢᠯᠠᠰᠭᠢᠬᠦ᠌᠎ᠶ᠋ᠢᠨ ᠲᠤᠰᠠᠳᠠ᠂ ᠨᠡᠢᠭᠡᠮ ᠲᠣᠭᠣᠷᠢᠭ᠎ᠤᠨ ᠲᠠᠷᠢᠯᠭ᠎ᠠ᠎ᠶ᠋ᠢᠨ ᠡᠭᠦᠳᠡᠨ ᠡᠮᠨᠡᠯᠭᠡ ᠨᠢ ᠭᠤᠤᠯᠳᠠᠭᠤ ᠪᠣᠯᠵᠣᠵᠤ ᠳᠠᠷᠢᠯᠭ᠎ᠠ ᠬᠢᠬᠦ ᠦᠶ᠋ᠯᠡᠴᠢᠯᠡᠭᠡ ᠬᠠᠩᠭᠠᠵᠤ᠂ ᠬᠣᠲᠠ᠎ᠶ᠋ᠢᠨ ᠠᠷᠠᠳ ᠨᠢ ᠭᠤᠶᠤᠴᠢᠯᠠᠨ ᠭᠦᠢᠴᠡᠳᠭᠡᠬᠦ APP᠂ ᠡᠷᠡᠭᠦᠯ ᠮᠡᠨᠳᠦ᠍᠎ᠶ᠋ᠢᠨ ᠡᠭᠦᠯᠡᠨ APP ᠵᠡᠷᠭᠡ᠎ᠪᠡᠷ ᠳᠠᠮᠵᠢᠭᠤᠯᠤᠨ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠎ᠶ᠋ᠢᠨ ᠬᠠᠮᠲᠤ ᠡᠯ᠎ᠡ ᠡᠮᠴᠢᠯᠡᠭᠡᠨ᠎ᠦ ᠪᠠᠢᠭᠤᠯᠤᠮᠵᠢ᠎ᠶ᠋ᠢᠨ ᠠᠯᠪᠠᠨ ᠵᠠᠷ ᠪᠤᠶᠤ ᠣᠬᠣᠷ ᠴᠢᠮᠡᠭᠡ᠎ᠶ᠋ᠢᠨ ᠮᠡᠳᠡᠭ᠌ᠳᠡᠯ᠎ᠢ ᠴᠠᠭ ᠲᠤᠬᠠᠶ᠎ᠳᠤᠨᠢ ᠠᠩᠬᠠᠷᠴᠤ᠌᠂ ᠬᠣᠯᠪᠣᠭ᠍ᠳᠠᠯ ᠪᠥᠬᠥᠶ ᠱᠠᠭᠠᠷᠳᠠᠯᠭ᠎ᠠ᠎ᠶ᠋ᠢ ᠦᠨᠳᠦᠰᠦᠯᠡᠨ ᠡᠷᠲᠡᠬᠡᠨ ᠣᠴᠢᠵᠤ ᠨᠥᠬᠥᠵᠦ᠍ ᠳᠠᠷᠢᠬᠤ ᠬᠡᠷᠡᠭ᠌ᠲᠡᠶ᠃

ᠵᠣᠣ ᠳ᠋ᠠᠨ ᠳ᠋ᠠᠨ᠂ ᠣᠢᠷ᠎ᠠ᠎ᠳᠤ ᠲᠠᠷᠢᠯᠭ᠎ᠠ ᠬᠢᠵᠦ᠍ ᠳᠡᠢᠯᠦᠭ᠌ᠰᠡᠨ ᠥᠬᠡᠶ ᠬᠣᠲᠠ᠎ᠶ᠋ᠢᠨ ᠠᠷᠠᠳ ᠬᠡᠷᠪᠡ ᠨᠥᠬᠥᠴᠡᠯ ᠪᠣᠯᠤᠮᠵᠢ᠎ᠲᠠᠶ ᠪᠣᠯ ᠴᠠᠭ ᠲᠤᠬᠠᠶ᠎ᠳᠤᠨᠢ ᠤᠷᠢᠳᠴᠢᠯᠠᠨ ᠪᠣᠯᠵᠣᠭ᠍ᠰᠠᠨ᠎ᠤ ᠳᠠᠷᠠᠭ᠎ᠠ ᠸᠠᠺᠼᠢᠨ ᠨᠥᠬᠥᠵᠦ᠍ ᠳᠠᠷᠢᠭᠤᠯᠬᠤ ᠬᠡᠷᠡᠭ᠌ᠲᠡᠶ᠃ ᠸᠠᠺᠼᠢᠨ᠎ᠤ ᠲᠠᠷᠢᠯᠭ᠎ᠠ ᠬᠢᠬᠦ᠌᠎ᠶ᠋ᠢ ᠬᠣᠢᠱᠢᠯᠠᠭᠤᠯᠬᠤ ᠨᠢ ᠬᠥᠮᠦᠨ᠎ᠦ ᠪᠡᠶ᠎ᠡ᠎ᠶ᠋ᠢᠨ ᠸᠠᠺᠼᠢᠨ᠎ᠤ ᠲᠤᠬᠠᠶ ᠬᠠᠷᠢᠭᠤᠯᠲᠠ᠎ᠶ᠋ᠢᠨ ᠦᠷ᠎ᠡ ᠪᠦᠲᠦᠮᠵᠢ᠎ᠶ᠋ᠢ ᠪᠠᠭᠤᠷᠠᠭᠤᠯᠬᠤ ᠥᠬᠡᠶ ᠶᠤᠮ᠃ ᠭᠡᠪᠡᠴᠦ᠍ ᠲᠠᠷᠢᠯᠭ᠎ᠠ ᠬᠢᠬᠦ᠌᠎ᠶ᠋ᠢ ᠬᠣᠢᠱᠢᠯᠠᠭᠤᠯᠬᠤ ᠬᠤᠭᠤᠴᠠᠭᠠᠨ᠎ᠳᠤ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠍᠎ᠶ᠋ᠢᠨ ᠰᠠᠢᠨ ᠰᠠᠢᠬᠠᠨ ᠳᠠᠳᠭᠠᠯ᠎ᠲᠠᠶ ᠪᠠᠢᠵᠤ᠂ ᠭᠠᠷ᠎ᠢᠶᠠᠨ ᠦᠷᠭᠦᠯᠵᠢ ᠤᠬᠢᠶᠠᠵᠤ᠂ ᠬᠡᠦᠬᠡᠳ ᠪᠠ ᠬᠡᠷ ᠪᠦᠯᠢ᠎ᠶ᠋ᠢᠨ ᠪᠦᠷᠢᠯᠳᠦᠬᠦᠨ᠎ᠦ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠨᠠᠭᠠᠴᠢᠯᠠᠭ᠎ᠠ᠎ᠡᠴᠡ᠎ᠪᠠᠨ ᠰᠠᠢᠲᠤᠷ ᠬᠢᠵᠦ᠍᠂ ᠬᠠᠯᠠᠭᠤᠷᠠᠬᠤ ᠦᠶ᠎ᠡ᠎ᠳᠦ ᠪᠡᠶ᠎ᠡ᠎ᠶ᠋ᠢᠨ ᠬᠠᠯᠠᠭᠤᠨ᠎ᠢᠶᠠᠨ ᠰᠠᠨᠠᠭᠠᠴᠢᠯᠠᠭ᠎ᠠ᠎ᠡᠴᠡ᠎ᠪᠠᠨ ᠬᠡᠮᠵᠢᠬᠦ᠌ ᠬᠡᠷᠡᠭ᠌ᠲᠡᠶ᠂ ᠬᠡᠷᠪᠡ ᠬᠡᠷ᠎ᠦᠨ ᠬᠥᠮᠦᠰ ᠴᠢᠨᠢ ᠡᠪ ᠥᠬᠡᠶ ᠪᠠᠢᠳᠠᠯ ᠢᠯᠡᠷᠡᠪᠡᠯ᠂ ᠠᠯᠢ ᠴᠢᠳᠠᠬᠤ᠎ᠪᠠᠷ ᠤᠢᠷᠠᠳᠤᠯᠴᠠᠨ ᠬᠦᠷᠦᠯᠴᠡᠬᠦ ᠪᠠᠢᠳᠠᠯ ᠵᠢᠡᠨ ᠪᠠᠭᠠᠰᠬᠠᠬᠤ ᠬᠡᠷᠡᠭ᠌ᠲᠡᠶ ᠭᠡᠵᠦ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号