ᠮᠠᠨ ᠤ᠋ ᠤᠷᠤᠨ 8 ᠲᠠᠯ᠎ᠠ ᠶ᠋ᠢᠨ ᠠᠵᠢᠯ ᠢ᠋ ᠭᠤᠤᠯᠳᠠᠯᠭ᠎ᠠ ᠲᠠᠢ ᠠᠳᠬᠤᠨ ᠠᠵᠤ ᠦᠶ᠋ᠯᠡᠳᠪᠦᠷᠢ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠵᠤ ᠪᠠᠢᠨ᠎ᠠ
2022-05-25 09:05:30
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ ᠂ ᠥᠪᠡᠷᠲᠡᠭᠡᠨ ᠵᠠᠰᠠᠬᠤ ᠣᠷᠣᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠳᠠ ᠶ᠋ᠢᠨ ᠲᠢᠩᠬᠢᠮ ᠡᠴᠡ《 2022 ᠣᠨ ᠤ᠋ ᠠᠵᠤ ᠦᠶ᠋ᠯᠡᠳᠪᠦᠷᠢ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠤᠨ ᠲᠥᠷᠥᠯ ᠲᠡᠮᠳᠡᠭ ᠡᠭᠦᠳᠬᠦ ᠠᠵᠢᠯ ᠢ᠋ ᠴᠢᠩᠭᠠᠳᠭᠠᠬᠤ  ᠲᠤᠬᠠᠶ ᠮᠡᠳᠡᠭ᠌ᠳᠡᠯ 》 ᠪᠠᠭᠤᠯᠭᠠᠵᠤ ᠂ 8  ᠲᠠᠯ᠎ᠠ  ᠶ᠋ᠢᠨ ᠭᠤᠤᠯᠳᠠᠯᠭ᠎ᠠ  ᠲᠠᠶ  ᠠᠵᠢᠯ  ᠢ᠋ ᠲᠣᠳᠣᠷᠬᠠᠢᠯᠠᠵᠠᠢ ᠃

— ᠠᠵᠤ ᠠᠬᠤᠢᠯᠠᠯ ᠤ᠋ᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠱᠢᠰᠲ᠋ᠧᠮ ᠤ᠋ᠨ ᠲᠠᠰ ᠳᠡᠪᠱᠢᠬᠦ᠌ ᠶ᠋ᠢ ᠠᠬᠢᠭᠤᠯᠤᠨ᠎ᠠ ᠃ ᠪᠥᠬᠥ᠌ ᠲᠠᠯ᠎ᠠ ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠱᠢᠰᠲ᠋ᠧᠮ ᠤ᠋ᠨ ᠪᠠᠢᠭᠤᠯᠤᠯᠲᠠ ᠶ᠋ᠢ ᠲᠦᠷᠭᠡᠳᠭᠡᠵᠦ᠍ ᠂ ᠠᠵᠤ ᠦᠢᠯᠡᠰ ᠤ᠋ᠨ ᠬᠡᠯᠬᠢᠶᠡᠨ ᠤ᠋ ᠡᠬᠢᠨ ᠤ᠋ ᠦᠢᠯᠡᠳᠭᠦᠨ ᠪᠠ ᠡᠴᠤᠰ ᠤ᠋ᠨ ᠦᠢᠯᠡᠳᠭᠦᠨ ᠤ᠋ ᠬᠠᠮᠵᠢᠯᠴᠠᠨ ᠱᠢᠨ᠎ᠡ ᠶ᠋ᠢ ᠡᠭᠦᠳᠬᠦ᠌ ᠪᠠ ᠶᠠᠰᠤ ᠴᠢᠨᠠᠷ ᠤ᠋ᠨ ᠬᠠᠮᠢᠶᠠᠷᠤᠯᠲᠠ ᠳ᠋ᠤ ᠬᠣᠯᠪᠣᠭᠠᠯᠠᠨ ᠬᠥᠳᠡᠯᠦᠯᠴᠡᠬᠦ᠌ ᠶ᠋ᠢ ᠴᠢᠩᠭᠠᠳᠭᠠᠨ᠂ ᠬᠡᠷᠡᠭᠯᠡᠭᠴᠢ ᠪᠡᠷ ᠲᠦᠪ ᠪᠤᠯᠭᠠᠭᠰᠠᠨ ᠶᠠᠰᠤ  ᠴᠢᠨᠠᠷ ᠤ᠋ᠨ ᠬᠠᠮᠢᠶᠠᠷᠤᠯᠳᠠ ᠵᠢᠨ ᠦᠵᠡᠯ  ᠰᠠᠨᠠᠭ᠎ᠠ ᠶ᠋ᠢ ᠴᠢᠩᠭᠠᠳᠬᠠᠨ᠎ᠠ ᠃

— ᠠᠵᠤ ᠠᠬᠤᠢᠯᠠᠯ ᠳ᠋ᠤ ᠲᠡᠷᠢᠭᠦᠨ ᠤ᠋ ᠬᠠᠮᠢᠶᠠᠷᠤᠯᠲᠠ ᠶ᠋ᠢᠨ ᠬᠡᠷᠡᠭᠰᠡᠯ ᠪᠠ ᠬᠠᠮᠢᠶᠠᠷᠤᠯᠲᠠ ᠶ᠋ᠢᠨ ᠠᠷᠭ᠎ᠠ ᠬᠡᠷᠡᠭᠯᠡᠬᠦ ᠶ᠋ᠢ ᠬᠦᠲᠦᠯᠦᠨ ᠵᠢᠯᠤᠭᠤᠳᠤᠨ᠎ᠠ ᠃ 《ᠵᠢᠷᠭᠤᠭᠠᠨ σ ᠶ᠋ᠢᠨ ᠬᠠᠮᠢᠶᠠᠷᠤᠯᠲᠠ》 ᠂ 《ᠨᠠᠷᠢᠯᠢᠭ ᠬᠠᠮᠢᠶᠠᠷᠤᠯᠲᠠ》 ᠂ 《ᠭᠠᠷᠮᠠᠭᠠᠶ ᠠᠮᠵᠢᠯᠲᠠ ᠶ᠋ᠢᠨ ᠵᠠᠭᠪᠤᠷ》 ᠵᠡᠷᠭᠡ ᠶ᠋ᠢ ᠬᠡᠷᠡᠭᠵᠢᠭᠦᠯᠬᠦ ᠶ᠋ᠢ ᠭᠦᠨᠵᠡᠭᠡᠢᠷᠡᠭᠦᠯᠦᠨ ᠂ ᠦᠶ᠋ᠯᠡᠳᠬᠦᠨ ᠨᠢ ᠤᠨᠴᠠ ᠰᠠᠢᠨ ᠂ ᠲᠦᠷᠦᠯ ᠲᠡᠮᠳᠡᠭ ᠨᠢ ᠭᠤᠢᠳᠠ ᠰᠠᠢᠨ ᠂ ᠲᠡᠷᠢᠭᠦᠨ ᠤ᠋ ᠱᠢᠨ᠎ᠡ᠎ᠡᠭᠦᠳᠦᠯᠳᠡ ᠲᠠᠢ ᠂ ᠣᠲᠣ  ᠦᠶ᠎ᠡ ᠶ᠋ᠢᠨ ᠵᠠᠰᠠᠯᠲᠠ ᠲᠠᠶ ᠂ ᠭᠤᠤᠯᠯᠠᠬᠤ  ᠥᠷᠢᠰᠦᠯᠳᠦᠬᠦ᠌  ᠬᠦᠴᠦᠨ  ᠲᠡᠶ  ᠰᠢᠯᠢᠳᠡᠭ  ᠠᠵᠤ  ᠠᠬᠤᠢᠯᠠᠯ ᠢ᠋  ᠴᠤᠭᠴᠠᠯᠠᠨ᠎ᠠ ᠃

— ᠦᠢᠯᠡᠳᠬᠦ᠌ ᠦᠢᠯᠡᠰ ᠤ᠋ᠨ ᠲᠤᠭᠠᠴᠢᠯᠠᠭᠰᠠᠨ ᠶᠠᠰᠤ ᠴᠢᠨᠠᠷ ᠤ᠋ᠨ ᠬᠠᠮᠢᠶᠠᠷᠤᠯᠲᠠ᠎ᠶ᠋ᠢᠨ ᠠᠵᠢᠯᠯᠠᠭ᠎ᠠ ᠶ᠋ᠢ ᠬᠡᠷᠡᠭ᠌ᠵᠢᠭᠦᠯᠦᠨ᠎ᠡ᠃ ᠠᠮᠢᠳᠤ ᠪᠣᠳᠠᠰ ᠤ᠋ᠨ ᠡᠮ ᠡᠮᠨᠡᠯᠭᠡ᠂ ᠱᠢᠨ᠎ᠡ ᠮᠠᠲ᠋ᠧᠷᠢᠶᠠᠯ᠂ ᠡᠯᠧᠺᠲ᠋ᠷᠣᠨ ᠦᠶ᠋ᠯᠡᠳᠭᠡᠯ ᠂ ᠱᠢᠨ᠎ᠡ ᠡᠨᠧᠷᠭᠢ ᠵᠡᠷᠭᠡ ᠭᠤᠤᠯᠳᠠᠯᠭ᠎ᠠ ᠲᠠᠶ ᠠᠵᠢᠯ ᠲᠥᠷᠥᠯ ᠳ᠋ᠤ 5G ᠂ ᠲᠣᠮᠣ ᠳ᠋ᠠᠢᠲ᠋ᠠ ᠵᠡᠷᠭᠡ ᠱᠢᠨ᠎ᠡ ᠨᠢᠭᠡ ᠦᠶ᠎ᠡ ᠶ᠋ᠢᠨ ᠮᠡᠳᠡᠭᠡ ᠵᠠᠩᠭᠢ ᠶ᠋ᠢᠨ ᠮᠡᠷᠭᠡᠵᠢᠯ ᠬᠢᠭᠡᠳ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠠᠭᠤᠰᠤᠯᠴᠠᠯ  ᠢ᠋ ᠠᠬᠢᠭᠤᠯᠤᠨ᠎ᠠ ᠃

— ᠦᠶ᠋ᠯᠡᠳᠬᠦ᠌ ᠦᠶ᠋ᠯᠡᠰ ᠤ᠋ᠨ ᠵᠠᠩᠭᠢᠯᠠᠭ᠎ᠠ ᠶ᠋ᠢᠨ ᠶᠠᠪᠤᠴᠠ ᠶ᠋ᠢᠨ ᠶᠠᠰᠤ ᠴᠢᠨᠠᠷ ᠢ᠋ ᠡᠵᠡᠮᠳᠡᠬᠦ᠌ ᠴᠢᠳᠠᠪᠤᠷᠢ ᠶ᠋ᠢ ᠳᠡᠭᠡᠭ᠌ᠰᠢᠯᠡᠭᠦᠯᠦᠨ᠎ᠡ ᠃ ᠮᠠᠰᠢᠨ ᠮᠧᠬᠠᠨᠢᠭ ᠂ ᠡᠯᠧᠺᠲ᠋ᠷᠣᠨ ᠦᠢᠯᠡᠳᠭᠦᠨ᠂ ᠮᠠᠱᠢᠨ ᠲᠡᠷᠭᠡ ᠵᠡᠷᠭᠡ ᠭᠤᠤᠯᠳᠠᠯᠭ᠎ᠠ ᠲᠠᠶ ᠠᠵᠢᠯ ᠲᠥᠷᠥᠯ ᠤ᠋ᠨ ᠦᠶ᠋ᠯᠡᠳᠬᠦᠨ ᠤ᠋ ᠶᠠᠰᠤ ᠴᠢᠨᠠᠷ ᠲᠦ᠍ ᠱᠢᠶ᠋ᠳᠪᠦᠷᠢᠯᠡᠭ᠌ᠴᠢ ᠴᠢᠨᠠᠷᠲᠠᠶ ᠨᠥᠯᠥᠭᠡ ᠦᠵᠡᠭᠦᠯᠬᠦ᠌ ᠦᠶ᠋ᠯᠡᠳᠪᠤᠷᠢᠯᠡᠯ ᠤ᠋ᠨ ᠶᠠᠪᠤᠴᠠ ᠶ᠋ᠢ ᠲᠤᠰᠬᠠᠢ ᠮᠡᠷᠭᠡᠵᠢᠯ ᠤ᠋ᠨ ᠪᠠᠢᠭᠤᠯᠤᠮᠵᠢ ᠪᠡᠷ ᠭᠦᠨᠵᠡᠭᠡᠶ ᠵᠠᠳᠠᠯᠬᠤ ᠶ᠋ᠢ ᠳᠡᠮᠵᠢᠵᠦ᠍ ᠂ ᠦᠶ᠋ᠯᠡᠳᠪᠤᠷᠢᠯᠡᠬᠦ ᠶᠠᠪᠤᠴᠠ ᠶ᠋ᠢᠨ ᠶᠠᠰᠤ ᠴᠢᠨᠠᠷ ᠢ᠋ ᠡᠵᠡᠮᠳᠡᠬᠦ᠌ ᠴᠢᠳᠠᠪᠤᠷᠢ ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠤᠨ᠂ ᠭᠤᠤᠯᠳᠠᠯᠭ᠎ᠠ ᠲᠠᠶ ᠦᠶ᠋ᠯᠡᠳᠬᠦᠨ ᠤ᠋ ᠶᠠᠰᠤ ᠴᠢᠨᠠᠷ ᠢ᠋ ᠰᠠᠢᠵᠢᠷᠠᠭᠤᠯᠬᠤ  ᠪᠤᠭᠤᠮᠢ ᠶ᠋ᠢ ᠰᠢᠪᠳᠤᠯᠬᠤ ᠪᠡᠷ ᠴᠢᠷᠮᠠᠢᠨ᠎ᠠ ᠃

— ᠶᠠᠰᠤ ᠴᠢᠨᠠᠷ ᠤ᠋ᠨ ᠤᠯᠠᠨ ᠨᠡᠢᠲᠡ ᠶ᠋ᠢᠨ ᠦᠢᠯᠡᠴᠢᠯᠡᠭᠡᠨ ᠤ᠋ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠦᠨ᠎ᠡ ᠃ ᠳᠡᠯᠡᠬᠡᠢ ᠶ᠋ᠢᠨ ᠪᠠ ᠤᠯᠤᠰ ᠤ᠋ᠨ ᠪᠠᠷᠢᠮᠵᠢᠶᠠᠵᠢᠭᠤᠯᠤᠯᠳᠠ ᠵᠢᠨ ᠠᠵᠢᠯ ᠳ᠋ᠤ ᠢᠳᠡᠪᠬᠢᠲᠡᠶ ᠣᠷᠣᠯᠴᠠᠨ ᠂ ᠥᠨᠳᠥᠷ ᠲᠦᠪᠱᠢᠨ ᠪᠥᠬᠥᠶ ᠶᠠᠰᠤ ᠴᠢᠨᠠᠷ ᠤ᠋ᠨ ᠪᠠᠷᠢᠮᠵᠢᠶ᠎ᠠ ᠬᠠᠩᠭᠠᠬᠤ ᠠᠵᠢᠯ ᠢ᠋ ᠠᠬᠢᠭᠤᠯᠵᠤ ᠂ ᠥᠨᠳᠥᠷ ᠪᠠᠷᠢᠮᠵᠢᠶ᠎ᠠ ᠪᠠᠷ ᠴᠢᠨᠠᠷ ᠰᠠᠢᠳᠠᠢ ᠪᠠᠢᠬᠤ ᠶ᠋ᠢ ᠬᠥᠲᠥᠯᠦᠨ ᠳᠠᠭᠠᠭᠤᠯᠤᠨ᠎ᠠ ᠃ ᠠᠵᠤ  ᠠᠬᠤᠢᠯᠠᠯ  ᠢ᠋ ᠬᠥᠲᠥᠯᠦᠨ ᠵᠢᠯᠣᠭᠣᠳᠴᠤ᠌ ᠪᠠᠢᠭᠠᠳ ᠶᠠᠰᠤ ᠴᠢᠨᠠᠷ ᠢ᠋ ᠵᠠᠳᠠᠯᠤᠨ ᠬᠠᠷᠢᠴᠠᠭᠤᠯᠬᠤ ᠂ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠪᠣᠯᠪᠠᠰᠤᠷᠠᠯ ᠬᠦᠷᠳᠡᠭᠡᠬᠦ ᠂ ᠲᠥᠷᠥᠯ ᠲᠡᠮᠳᠡᠭ᠌ ᠡᠭᠦᠳᠬᠦ ᠵᠡᠷᠭᠡ  ᠠᠵᠢᠯᠯᠠᠭ᠎ᠠ  ᠥᠷᠨᠢᠭᠦᠯᠤᠨ᠎ᠠ ᠃

— ᠭᠣᠣᠯᠳᠠᠯᠭ᠎ᠠ ᠲᠠᠶ ᠠᠵᠢᠯ ᠲᠦᠷᠦᠯ ᠤ᠋ᠨ ᠶᠠᠰᠤ ᠴᠢᠨᠠᠷ ᠤ᠋ᠨ ᠳᠡᠭᠡᠭ᠌ᠰᠢᠯᠡᠯᠲᠡ ᠶ᠋ᠢ ᠠᠬᠢᠭᠤᠯᠤᠨ᠎ᠠ᠃ ᠲᠦᠭᠦᠬᠡᠶ ᠮᠠᠲ᠋ᠧᠷᠢᠶᠠᠯ ᠤ᠋ᠨ ᠠᠵᠢᠯ ᠲᠥᠷᠥᠯ ᠳ᠋ᠤ ᠶᠠᠰᠤ ᠴᠢᠨᠠᠷ ᠢ᠋ ᠱᠢᠯᠭᠠᠨ ᠦᠨᠡᠯᠡᠬᠦ᠌ ᠲᠠᠪᠴᠠᠩ ᠤ᠋ᠨ ᠣᠷᠣᠨ ᠪᠦᠰᠡ ᠶ᠋ᠢᠨ ᠲᠥᠪ ᠢ᠋ ᠲᠦᠰᠦᠪᠯᠡᠵᠦ ᠪᠠᠢᠷᠢᠱᠢᠭᠤᠯᠤᠨ᠎ᠠ᠃ ᠱᠦᠶ᠋ᠨᠢ ᠶ᠋ᠢᠨ ᠠᠵᠢᠯ ᠲᠥᠷᠥᠯ ᠤ᠋ᠨ ᠤᠶᠤᠨᠴᠢᠯᠠᠭᠰᠠᠨ ᠪᠣᠬᠢᠷᠲᠤᠯ ᠥᠬᠡᠶ ᠪᠠᠢᠬᠤ ᠥᠭᠡᠷᠡᠴᠢᠯᠡᠯᠲᠡ ᠶ᠋ᠢ ᠠᠬᠢᠭᠤᠯᠤᠨ᠎ᠠ ᠃ ᠲᠣᠨᠣᠭᠯᠠᠯ ᠦᠢᠯᠡᠳᠬᠦ ᠠᠵᠢᠯ ᠲᠥᠷᠥᠯ ᠳ᠋ᠤ ᠠᠵᠤ  ᠦᠶ᠋ᠯᠡᠳᠪᠦᠷᠢ ᠶ᠋ᠢᠨ ᠮᠠᠱᠢᠨ ᠬᠥᠮᠦᠨ ᠤ᠋ ᠭᠤᠤᠯ ᠵᠠᠩᠭᠢᠯᠠᠭ᠎ᠠ ᠶ᠋ᠢᠨ ᠮᠡᠷᠭᠡᠵᠢᠯ ᠢ᠋ ᠱᠢᠯᠭᠠᠨ ᠪᠠᠲᠤᠯᠠᠬᠤ ᠪᠠ ᠲᠤᠯᠭᠠᠭᠤᠷᠢᠯᠠᠨ ᠪᠠᠲᠤᠯᠠᠬᠤ ᠦᠶ᠋ᠯᠡᠴᠢᠯᠡᠭᠡᠨ ᠤ᠋ ᠲᠠᠪᠴᠠᠩ ᠤ᠋ᠨ ᠪᠠᠢᠭᠤᠯᠤᠯᠲᠠ ᠶ᠋ᠢ ᠳᠡᠮᠵᠢᠨ᠎ᠠ ᠃ ᠬᠡᠷᠡᠭ᠌ᠯᠡᠭᠡᠨ ᠤ᠋ ᠪᠤᠳᠠᠰ ᠤ᠋ᠨ ᠠᠵᠢᠯ ᠲᠥᠷᠥᠯ ᠳ᠋ᠤ ᠠᠵᠤ ᠠᠬᠤᠢᠯᠠᠯ ᠢ᠋ ᠬᠥᠲᠥᠯᠦᠨ ᠵᠢᠯᠣᠭᠣᠳᠴᠤ᠌ ᠪᠠᠢᠭᠠᠳ ᠬᠡᠷᠡᠭ᠌ᠯᠡᠭᠡᠨ ᠤ᠋  ᠲᠠᠰ ᠳᠡᠪᠰᠢᠯᠳᠠ ᠳ᠋ᠤ ᠵᠤᠬᠢᠴᠠᠭᠰᠠᠨ ᠨᠠᠩ  ᠣᠯᠠᠨ ᠦᠶ᠋ᠯᠡᠳᠬᠦᠨ ᠢ᠋ ᠰᠤᠳᠤᠯᠤᠨ ᠦᠢᠯᠡᠳᠦᠨ᠎ᠠ ᠃

— ᠠᠵᠤ ᠦᠶ᠋ᠯᠡᠳᠪᠦᠷᠢ ᠶ᠋ᠢᠨ ᠲᠥᠷᠥᠯ  ᠲᠡᠮᠳᠡᠭ᠌  ᠡᠭᠦᠳᠬᠦ ᠶ᠋ᠢ ᠠᠬᠢᠭᠤᠯᠤᠨ᠎ᠠ ᠃ ᠱᠢᠯᠢᠳᠡᠭ ᠲᠥᠷᠥᠯ ᠲᠡᠮᠳᠡᠭ ᠤ᠋ᠨ ᠲᠤᠷᠰᠢᠯᠭ᠎ᠠ ᠶ᠋ᠢ ᠳ᠋ᠦᠩᠨᠡᠨ ᠳᠡᠯᠭᠡᠷᠡᠭᠦᠯᠵᠤ ᠂ ᠥᠷᠢᠰᠦᠯᠳᠦᠬᠦ᠌  ᠬᠦᠴᠦᠨ ᠶ᠋ᠢᠡᠷ ᠴᠢᠩᠭ᠎ᠠ ᠂ ᠦᠨᠡᠯᠡᠯᠳᠡ ᠰᠠᠢᠳᠠᠢ ᠣᠷᠣᠨ ᠪᠦᠰᠡ ᠶ᠋ᠢᠨ ᠲᠥᠷᠥᠯ  ᠲᠡᠮᠳᠡᠭ᠌ ᠢ᠋ ᠡᠭᠦᠳᠦᠨ᠎ᠠ᠃ ᠲᠣᠨᠣᠭᠯᠠᠯ ᠦᠶ᠋ᠯᠡᠳᠬᠦ᠌ ᠦᠶ᠋ᠯᠡᠰ ᠲᠦ᠍ ᠰᠢᠰᠲ᠋ᠧᠮᠵᠢᠭᠰᠡᠨ ᠨᠡᠢᠳᠭᠡᠭᠰᠡᠨ ᠤᠶᠤᠨᠳᠤ  ᠦᠢᠯᠡᠴᠢᠯᠡᠭᠡᠨ ᠤ᠋ ᠬᠡᠯᠪᠡᠷᠢ ᠶ᠋ᠢᠨ ᠲᠦᠷᠦᠯ  ᠲᠡᠮᠳᠡᠭ ᠡᠭᠦᠳᠬᠦ᠎ᠶᠢ ᠬᠦᠲᠦᠯᠦᠨ ᠵᠢᠯᠤᠭᠤᠳᠤᠨ᠎ᠠ᠃ ᠭᠤᠶᠤᠯᠠᠯ ᠤ᠋ᠨ ᠡᠳ᠋ ᠂ ᠬᠤᠪᠴᠠᠰᠤ ᠬᠤᠨᠠᠷ ᠂ ᠴᠠᠭᠠᠨ ᠢᠳᠡᠭᠡᠨ ᠵᠡᠷᠭᠡ ᠬᠦᠷᠢᠶᠡᠨ ᠤ᠋ ᠲᠥᠷᠥᠯ ᠲᠡᠮᠳᠡᠭ ᠡᠭᠦᠳᠬᠦ  ᠶ᠋ᠢ  ᠴᠢᠩᠭᠠᠳᠭᠠᠨ᠎ᠠ ᠃

— ᠲᠥᠷᠥᠯ ᠲᠡᠮᠳᠡᠭ ᠤ᠋ᠨ ᠨᠡᠷ᠎ᠠ ᠨᠦᠯᠦᠭᠡ ᠵᠢ  ᠦᠷᠭᠦᠯᠵᠢᠯᠡᠨ ᠰᠠᠢᠵᠢᠷᠠᠭᠤᠯᠤᠨ᠎ᠠ᠃ 《ᠥᠪᠥᠷ ᠮᠣᠩᠭᠣᠯ ᠤ᠋ᠨ ᠦᠢᠯᠡᠳᠭᠡᠯ》 ᠤ᠋ᠨ ᠦᠯᠢᠭᠡᠷ ᠢ᠋ ᠰᠠᠢᠲᠤᠷ ᠶᠠᠷᠢᠵᠤ ᠂ ᠭᠤᠤᠯ ᠵᠠᠭᠤᠴᠢᠯᠠᠭᠤᠷ ᠤ᠋ᠨ ᠬᠢᠨ ᠲᠠᠢ ᠬᠠᠮᠲᠤᠷᠠᠯᠴᠠᠨ ᠮᠠᠨ ᠤ᠋ ᠣᠷᠣᠨ ᠤ᠋ ᠱᠢᠯᠢᠳᠡᠭ ᠲᠥᠷᠥᠯ ᠲᠡᠮᠳᠡᠭ᠌ ᠢ᠋ ᠶᠡᠬᠡ ᠪᠡᠷ ᠤᠬᠠᠭᠤᠯᠤᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号