《ᠪᠦᠬᠦ ᠤᠷᠤᠨ ᠤ᠋ ᠰᠦ ᠶ᠋ᠢᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠵᠤ᠂ ᠪᠦᠬᠦ᠌ ᠤᠯᠤᠰ ᠲᠦ᠍ ᠲᠦᠷᠦᠭᠦᠯᠡᠨ ᠰᠦ ᠶ᠋ᠢᠨ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ ᠵᠢᠨ ᠲᠦᠯᠦᠬᠡ ᠂ ᠮᠠᠨ ᠤ᠋ ᠤᠷᠤᠨ ᠭᠤᠤᠯᠳᠠᠭᠤ ᠭᠤᠷᠪᠠᠨ ᠲᠠᠯ᠎ᠠ ᠵᠢᠨ ᠪᠤᠳᠠᠳᠠᠢ ᠠᠷᠭ᠎ᠠ ᠬᠡᠮᠵᠢᠶ᠎ᠠ ᠠᠪᠴᠦ᠂ ᠴᠠᠭᠠᠨ ᠢᠳᠡᠭᠡᠨ ᠤ᠋ ᠳᠠᠭᠠᠭᠤᠯᠤᠭᠴᠢ ᠠᠵᠤ ᠠᠬᠤᠢᠯᠠᠯ ᠤ᠋ᠨ ᠦᠢᠯᠡᠳᠪᠦᠷᠢᠯᠡᠯ ᠤ᠋ᠨ ᠴᠢᠳᠠᠪᠤᠷᠢ ᠪᠠᠨ ᠪᠠᠳᠠᠷᠠᠭᠤᠯᠬᠤ ᠵᠢ ᠳᠡᠮᠵᠢᠵᠤ ᠪᠠᠢᠨ᠎ᠠ》 ᠬᠡᠵᠤ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ ᠤ᠋ᠨ ᠬᠡᠷᠡᠭᠯᠡᠭᠡᠨ ᠤ᠋ ᠡᠳ᠋ ᠤ᠋ᠨ ᠠᠵᠤ ᠦᠢᠯᠡᠳᠪᠦᠷᠢ ᠵᠢᠨ ᠭᠠᠵᠠᠷ ᠤ᠋ᠨ ᠳᠠᠷᠤᠭ᠎ᠠ ᠶᠠᠩ ᠰᠢᠶᠣᠤ ᠲᠢᠶᠠᠨ ᠶᠠᠷᠢᠯ᠎ᠠ ᠃
ᠶᠠᠩ ᠰᠢᠶᠣᠤ ᠲᠢᠶᠠᠨ ᠤ᠋ ᠬᠡᠯᠡᠬᠦ ᠪᠡᠷ᠂ ᠣᠳᠣᠬᠠᠨ ᠳ᠋ᠦ᠍ ᠮᠠᠨ ᠤ᠋ ᠣᠷᠣᠨ ᠤ᠋ ᠴᠠᠭᠠᠨ ᠢᠳᠡᠭᠡᠨ ᠤ᠋ ᠳᠠᠭᠠᠭᠤᠯᠤᠭᠴᠢ ᠠᠵᠤ ᠠᠬᠤᠢᠯᠠᠯ ᠤ᠋ᠨ ᠬᠥᠭᠵᠢᠨ ᠪᠤᠵᠠᠭᠠᠢᠷᠠᠬᠤ ᠵᠢ ᠬᠦᠯᠢᠶᠡᠰᠤᠯᠡᠵᠤ ᠪᠠᠢᠭ᠎ᠠ ᠭᠤᠤᠯ ᠠᠰᠠᠭᠤᠳᠠᠯ ᠪᠤᠯ ᠠᠵᠤ ᠠᠬᠤᠢᠯᠠᠯ ᠤ᠋ᠨ ᠡᠳ᠋ᠰᠢᠭᠦᠯᠤᠨ ᠪᠤᠯᠪᠠᠰᠤᠷᠠᠭᠤᠯᠬᠤ ᠴᠢᠳᠠᠪᠤᠷᠢ ᠬᠢᠭᠡᠳ ᠰᠦ ᠵᠢᠨ ᠢᠷᠡᠯᠲᠡ ᠵᠢᠨ ᠬᠠᠩᠭᠠᠯᠭ᠎ᠠ ᠵᠢᠨ ᠬᠡᠮᠵᠢᠶ᠎ᠡ ᠵᠣᠬᠢᠴᠠᠯᠳᠤᠬᠤ ᠥᠬᠡᠢ ᠪᠠᠢᠵᠤ᠂ ᠠᠵᠤ ᠠᠬᠤᠢᠯᠠᠯ ᠤ᠋ᠨ ᠦᠢᠯᠡᠳᠪᠦᠷᠢᠯᠡᠯ ᠤ᠋ᠨ ᠴᠢᠳᠠᠪᠤᠷᠢ ᠵᠢ ᠬᠦᠢᠴᠡᠳ ᠪᠠᠳᠠᠷᠠᠭᠤᠯᠤᠭᠰᠠᠨ ᠦᠭᠡᠢ ᠶᠠᠪᠤᠳᠠᠯ ᠪᠤᠯᠤᠨ᠎ᠠ᠃ ᠡᠬᠦᠨ ᠳ᠋ᠤ ᠴᠢᠭᠯᠡᠬᠦᠯᠦᠨ᠂ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ ᠡᠴᠡ ᠠᠵᠤ ᠠᠬᠤᠢᠯᠠᠯ ᠤ᠋ᠨ ᠦᠢᠯᠡᠳᠪᠦᠷᠢᠯᠡᠯ ᠤ᠋ᠨ ᠴᠢᠳᠠᠪᠤᠷᠢ ᠪᠠᠨ ᠪᠠᠳᠠᠷᠠᠭᠤᠯᠬᠤ ᠵᠢ ᠭᠤᠷᠪᠠᠨ ᠲᠠᠯ᠎ᠠ ᠪᠡᠷ ᠲᠠᠮᠵᠢᠵᠤ ᠪᠠᠢᠨ᠎ᠠ ᠃ ᠨᠢᠭᠡ ᠳ᠋ᠦ᠍᠂ ᠪᠦᠬᠦ ᠣᠷᠣᠨ ᠤ᠋ ᠴᠠᠭᠠᠨ ᠢᠳᠡᠭᠡᠨ ᠪᠤᠯᠪᠠᠰᠤᠷᠠᠭᠤᠯᠬᠤ ᠠᠵᠢᠯ ᠲᠥᠷᠥᠯ ᠤ᠋ᠨ ᠪᠠᠢᠴᠠᠭᠠᠨ ᠰᠤᠳᠤᠯᠤᠯᠲᠠ ᠵᠢ ᠵᠣᠬᠢᠶᠠᠨ ᠪᠠᠢᠭᠤᠯᠤᠨ ᠥᠷᠨᠢᠭᠦᠯᠵᠦ ᠂ ᠡᠯ᠎ᠡ ᠠᠢᠮᠠᠭ ᠬᠣᠲᠠ ᠵᠢᠨ ᠴᠠᠭᠠᠨ ᠢᠳᠡᠭᠡᠨ ᠤ᠋ ᠦᠢᠯᠡᠰ ᠢ᠋ ᠬᠥᠭᠵᠢᠭᠦᠯᠦᠨ ᠮᠠᠨᠳᠤᠭᠤᠯᠬᠤ ᠲᠥᠷᠥ ᠵᠢᠨ ᠪᠣᠳᠣᠯᠭ᠎ᠠ ᠵᠢ ᠠᠬᠢᠭᠤᠯᠬᠤ ᠶᠠᠪᠤᠴᠠ ᠳ᠋ᠦ᠍ ᠣᠷᠣᠰᠢᠵᠤ ᠪᠠᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠵᠢ ᠭᠣᠣᠯᠳᠠᠯᠭ᠎ᠠ ᠲᠠᠢ ᠣᠢᠯᠠᠭᠠᠨ ᠂ ᠠᠵᠤ ᠠᠬᠤᠢᠯᠠᠯ ᠢ᠋ ᠬᠠᠪᠰᠤᠷᠤᠨ ᠬᠢᠵᠢᠭ ᠤ᠋ᠨ ᠪᠠᠢᠳᠠᠯ ᠡᠴᠡ ᠪᠣᠯᠤᠭᠰᠠᠨ ᠠᠰᠢᠭ ᠥᠬᠡᠢ ᠨᠥᠯᠥᠭᠡ ᠵᠢ ᠲᠡᠪᠴᠢᠵᠦ᠂ ᠠᠵᠤ ᠠᠬᠤᠢᠯᠠᠯ ᠤ᠋ᠨ ᠲᠥᠷᠥᠯ ᠵᠦᠢᠯ ᠤ᠋ᠨ ᠠᠵᠢᠯ ᠢ᠋ᠶ᠋ᠠᠨ ᠰᠡᠷᠭᠦᠭᠡᠵᠦ ᠦᠢᠯᠡᠳᠪᠦᠷᠢᠯᠡᠯ ᠵᠢᠨᠨ ᠰᠡᠷᠭᠦᠭᠡᠬᠦ ᠵᠢ ᠵᠣᠬᠢᠴᠠᠭᠤᠯᠤᠨ ᠠᠬᠢᠭᠤᠯᠵᠤ ᠪᠠᠢᠨ᠎ᠠ᠃ ᠬᠣᠶᠠᠷ ᠲᠦ᠍ ᠂ ᠡᠳ᠋ ᠤ᠋ᠨ ᠵᠠᠰᠠᠭ ᠤ᠋ᠨ ᠪᠡᠯᠡ ᠮᠥᠩᠭᠥ ᠵᠢᠨ ᠬᠥᠲᠥᠯᠦᠨ ᠳᠠᠭᠠᠭᠤᠯᠬᠤ ᠦᠢᠯᠡᠳᠦᠯ ᠢ᠋ ᠪᠠᠳᠠᠷᠠᠭᠤᠯᠤᠨ᠂ ᠴᠠᠭᠠᠨ ᠢᠳᠡᠭᠡᠨ ᠤ᠋ ᠠᠵᠤ ᠠᠬᠤᠢᠯᠠᠯ ᠤ᠋ᠨ ᠲᠣᠭᠠᠴᠢᠯᠠᠭᠰᠠᠨ ᠮᠡᠷᠭᠡᠵᠢᠯ ᠢ᠋ ᠠᠰᠢᠭᠯᠠᠨ ᠤᠯᠠᠮᠵᠢᠯᠠᠯᠲᠤ ᠭᠠᠷ ᠤᠷᠠᠯᠠᠯ ᠤ᠋ᠨ ᠲᠣᠨᠣᠭ ᠲᠥᠬᠥᠭᠡᠷᠦᠮᠵᠢ ᠪᠠᠨ ᠥᠭᠡᠷᠡᠴᠢᠯᠡᠨ ᠳᠡᠰ ᠳᠡᠪᠰᠢᠭᠦᠯᠬᠦ ᠵᠢ ᠳᠡᠮᠵᠢᠵᠦ ᠂ ᠣᠶᠤᠨᠴᠢ ᠦᠢᠯᠡᠳᠬᠡᠯ ᠂ ᠪᠣᠬᠢᠷᠲᠤᠯ ᠥᠬᠡᠢ ᠦᠢᠯᠡᠳᠬᠡᠯ ᠪᠠ 5G + ᠠᠵᠤ ᠦᠢᠯᠡᠳᠪᠦᠷᠢ ᠵᠢᠨ ᠢᠨᠲ᠋ᠸᠷ ᠰᠦᠯᠵᠢᠶ᠎ᠡ ᠵᠢ ᠬᠥᠭᠵᠢᠭᠦᠯᠵᠦ ᠂ ᠦᠢᠯᠡᠳᠪᠦᠷᠢᠯᠡᠯ ᠤ᠋ᠨ ᠴᠢᠳᠠᠪᠤᠷᠢ ᠪᠠ ᠦᠢᠯᠡᠳᠬᠦᠨ ᠤ᠋ ᠶᠠᠰᠤ ᠴᠢᠨᠠᠷ ᠵᠢᠡᠨ ᠳᠡᠭᠡᠭᠰᠢᠯᠡᠭᠦᠯᠬᠦ ᠵᠢ ᠨᠢ ᠠᠬᠢᠭᠤᠯᠵᠤ ᠪᠠᠢᠨ᠎ᠠ᠃ ᠭᠤᠷᠪᠠ ᠳ᠋ᠦ᠍᠂ ᠥᠪᠡᠷᠲᠡᠭᠡᠨ ᠵᠠᠰᠠᠬᠤ ᠣᠷᠣᠨ ᠤ᠋ ᠰᠦ ᠵᠢᠨ ᠦᠢᠯᠡᠰ ᠢ᠋ ᠬᠥᠭᠵᠢᠭᠦᠯᠦᠨ ᠮᠠᠨᠳᠤᠭᠤᠯᠬᠤ ᠬᠠᠮᠲᠤᠷᠠᠭᠰᠠᠨ ᠬᠤᠷᠠᠯ ᠤ᠋ᠨ ᠲᠣᠭᠲᠠᠴᠠ ᠳ᠋ᠦ᠍ ᠲᠦᠰᠢᠭᠯᠡᠨ ᠬᠣᠯᠪᠣᠭᠳᠠᠯ ᠪᠦᠬᠦᠢ ᠰᠠᠯᠠᠭ᠎ᠠ ᠮᠥᠴᠢᠷ ᠢ᠋ ᠵᠣᠯᠭᠠᠯᠴᠠᠭᠤᠯᠵᠤ᠂ ᠰᠦ ᠵᠢᠨ ᠦᠢᠯᠡᠰ ᠢ᠋ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠡᠯ᠎ᠡ ᠵᠦᠢᠯ ᠤ᠋ᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠨᠠᠢᠳᠠᠪᠤᠷᠢᠵᠢᠭᠤᠯᠤᠯᠲᠠ ᠵᠢ ᠵᠣᠬᠢᠴᠠᠭᠤᠯᠤᠨ ᠠᠬᠢᠭᠤᠯᠵᠤ ᠪᠠᠢᠨ᠎ᠠ ᠃
ᠤᠢᠯᠠᠭᠠᠭᠰᠠᠨ ᠵᠢᠡᠷ ᠂ ᠮᠠᠨ ᠤ᠋ ᠤᠷᠤᠨ ᠡᠨᠡ ᠵᠢᠯ ᠡᠴᠡ ᠡᠬᠢᠯᠡᠨ 2025 ᠣᠨ ᠪᠣᠯᠲᠠᠯ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠴᠠᠭᠠᠨ ᠢᠳᠡᠭᠡᠨ ᠤ᠋ ᠳᠠᠭᠠᠭᠤᠯᠤᠬᠴᠢ ᠠᠵᠤ ᠠᠬᠤᠢᠯᠠᠯ ᠤ᠋ᠨ ᠲᠦᠭᠦᠬᠡᠶ ᠰᠦ ᠵᠢ ᠨᠡᠮᠡᠵᠤ ᠡᠳ᠋ᠱᠢᠭᠦᠯᠬᠦ ᠬᠡᠮᠵᠢᠶ᠎ᠡ ᠳ᠋ᠤ ᠨᠥᠬᠥᠪᠥᠷᠢ ᠣᠯᠭᠣᠵᠤ᠂ ᠳᠡᠭᠡᠷ᠎ᠡ ᠨᠢᠭᠡ ᠵᠢᠯ ᠤ᠋ᠨ ᠲᠦᠭᠦᠬᠡᠶ ᠰᠦ ᠡᠳ᠋ᠱᠢᠭᠦᠯᠦᠭᠰᠡᠨ ᠬᠡᠮᠵᠢᠶ᠎ᠡ ᠪᠡᠷ ᠨᠢ ᠰᠠᠭᠤᠷᠢ ᠲᠣᠭ᠎ᠠ ᠪᠣᠯᠭᠠᠨ 1 ᠲᠣᠨ ᠲᠦᠭᠦᠬᠡᠶ ᠰᠦ ᠨᠡᠮᠡᠵᠤ ᠡᠳ᠋ᠱᠢᠭᠦᠯᠬᠦ᠌ ᠪᠦᠷᠢ 200 ᠲᠥᠭᠥᠷᠢᠭ ᠤ᠋ᠨ ᠨᠥᠬᠥᠪᠥᠷᠢ ᠤᠯᠭᠤᠵᠤ᠂ ᠰᠦ ᠶ᠋ᠢᠨ ᠢᠷᠡᠯᠲᠡ ᠶ᠋ᠢᠨ ᠭᠠᠵᠠᠷ ᠤ᠋ᠨ ᠪᠥᠲᠥᠭᠡᠨ ᠪᠠᠢᠭᠤᠯᠤᠯᠲᠠ ᠳ᠋ᠤ ᠬᠡᠷᠡᠭ᠌ᠯᠡᠭᠦᠯᠬᠦ ᠪᠡᠷ ᠲᠤᠭᠳᠠᠪᠠ᠃ ᠨᠦᠬᠦᠪᠦᠷᠢ ᠮᠦᠩᠬᠦ ᠵᠢ ᠥᠪᠡᠷᠲᠡᠭᠡᠨ ᠵᠠᠰᠠᠬᠤ ᠣᠷᠣᠨ ᠪᠠ ᠠᠢᠮᠠᠭ ᠬᠣᠲᠠ ᠲᠣᠰ ᠲᠣᠰ 50% ᠪᠡᠷ ᠬᠤᠪᠢᠶᠠᠨ ᠡᠭᠦᠷᠭᠡᠯᠡᠵᠤ᠂ ᠠᠢᠮᠠᠭ ᠬᠣᠲᠠ ᠡᠴᠡ ᠡᠭᠦᠷᠭᠡᠯᠡᠬᠦ ᠨᠥᠬᠥᠪᠥᠷᠢ ᠮᠥᠩᠭᠥ ᠵᠢ ᠠᠢᠮᠠᠭ ᠬᠣᠲᠠ ᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ ᠡᠴᠡ ᠲᠤᠰ ᠱᠠᠲᠤᠨ ᠤ᠋ ᠠ᠋ᠳ᠋ ᠤ᠋ᠨ ᠵᠠᠰᠠᠭ ᠤ᠋ᠨ ᠰᠠᠯᠠᠭ᠎ᠠ ᠮᠥᠴᠢᠷ ᠲᠦ᠍ ᠮᠡᠳᠡᠭᠦᠯᠦᠨ ᠤᠷᠢᠳ ᠵᠢᠡᠷ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠡᠴᠡ ᠡᠭᠦᠷᠭᠡᠯᠡᠬᠦ ᠨᠥᠬᠥᠪᠥᠷᠢ ᠮᠥᠩᠭᠥ ᠵᠢ ᠥᠪᠡᠷᠲᠡᠭᠡᠨ ᠵᠠᠰᠠᠬᠤ ᠣᠷᠣᠨ ᠤ᠋ ᠭᠣᠣᠯᠳᠠᠯᠭ᠎ᠠ ᠲᠠᠢ ᠠᠵᠤ ᠦᠢᠯᠡᠰ ᠤ᠋ᠨ ᠬᠥᠭᠵᠢᠯᠲᠡ ᠵᠢᠨ ᠲᠤᠰᠭᠠᠢ ᠪᠡᠯᠡ ᠮᠥᠩᠭᠥ ᠵᠢᠨ ᠳᠣᠲᠣᠷ᠎ᠠ ᠡᠴᠡ ᠭᠠᠷᠭᠠᠬᠤ ᠪᠤᠯᠤᠨ᠎ᠠ ᠃