ᠮᠠᠨ᠎ᠤ ᠣᠷᠣᠨ ᠎ᠤ ᠶᠡᠬᠡ ᠳᠡᠭᠡᠳᠦ ᠰᠤᠷᠭᠠᠭᠤᠯᠢ ᠎ᠶ᠋ᠢᠨ ᠡᠪᠯᠡᠯ ᠎ᠦᠨ ᠵᠣᠬᠢᠶᠠᠨ ᠪᠠᠢᠭᠤᠯᠤᠯᠲᠠ ᠪᠣᠯᠤᠨ ᠡᠪᠯᠡᠯ ᠎ᠦᠨ ᠭᠡᠱᠢᠭᠦᠨ ᠵᠠᠯᠠᠭᠤᠴᠤᠳ ᠦᠷᠬᠦᠯᠵᠢᠯᠡᠨ 《ᠰᠢ ᠵᠢᠨ ᠫᠢᠩ ᠬᠢᠭᠡᠳ ᠣᠶᠤᠲᠠᠨ ᠨᠠᠢᠵᠠ᠎ᠨᠠᠷ》 ᠎ᠢ᠋ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ
2022-05-07 09:35:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠰᠢ ᠵᠢᠨ ᠫᠢᠩ ᠬᠢᠭᠡᠳ ᠣᠶᠤᠲᠠᠨ ᠨᠠᠢᠵᠠ᠎ᠨᠠᠷ》 ᠱᠢᠷᠢᠰ ᠰᠤᠷᠪᠤᠯᠵᠢᠯᠠᠭ᠎ᠠ᠎ᠶ᠋ᠢᠨ ᠪᠣᠳᠠᠲᠤ ᠲᠡᠮᠳᠡᠭ᠌ᠯᠡᠯ᠎ᠢ ᠨᠡᠢᠲᠡᠯᠡᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠪᠯᠡᠯ ᠎ᠦᠨ ᠬᠣᠷᠢᠶ᠎ᠠ ᠪᠦᠬᠦ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠵᠠᠯᠠᠭᠤ ᠰᠤᠷᠤᠭ᠍ᠴᠢᠳ᠎ᠢ ᠵᠣᠬᠢᠶᠠᠨ ᠪᠠᠢᠭᠤᠯᠵᠤ ᠨᠤᠮ ᠤᠨᠭᠰᠢᠵᠤ ᠤᠯᠤᠯᠳᠠ ᠪᠠᠨ ᠬᠤᠪᠢᠶᠠᠯᠴᠠᠬᠤ ᠠᠵᠢᠯᠯᠠᠭ᠎ᠠ ᠎ᠶ᠋ᠢ ᠥᠷᠭᠡᠨ᠎ᠢᠶᠡᠷ ᠥᠷᠨᠢᠭᠦᠯᠵᠦ᠂ ᠰᠤᠷᠤᠭ᠍ᠴᠢᠳ᠎ᠤᠨ ᠶᠡᠷᠦᠩᠬᠡᠶ ᠱᠦᠵᠢ ᠰᠢ ᠵᠢᠨ ᠫᠢᠩ᠎ᠦᠨ ᠵᠠᠯᠠᠭᠤ ᠰᠤᠷᠤᠭ᠍ᠴᠢᠳ᠎ᠢ ᠬᠠᠯᠠᠮᠵᠢᠯᠠᠨ ᠬᠠᠢᠷᠠᠯᠠᠬᠤ ᠪᠠ ᠴᠢᠩ ᠰᠡᠳᠭᠢᠯ᠎ᠦᠨ ᠬᠦᠰᠡᠯ ᠨᠠᠢᠳᠠᠯᠭ᠎ᠠ ᠎ᠶ᠋ᠢ ᠭᠦᠨᠵᠡᠭᠡᠶ ᠣᠢᠯᠠᠭᠠᠬᠤ᠂ ᠶᠡᠷᠦᠩᠬᠡᠶ ᠱᠦᠵᠢ ᠰᠢ ᠵᠢᠨ ᠫᠢᠩ ᠎ᠦᠨ ᠦᠵᠡᠯ ᠰᠠᠨᠠᠭᠠᠨ᠎ᠤ ᠠᠭᠤᠤ ᠬᠦᠴᠦᠨ᠂ ᠤᠳᠤᠷᠢᠳᠤᠭ᠍ᠴᠢ᠎ᠶ᠋ᠢᠨ ᠬᠡᠪ ᠨᠠᠮᠪᠠ᠂ ᠵᠠᠩ ᠠᠷᠠᠨᠱᠢᠨ᠎ᠤ᠋ ᠲᠠᠲᠠᠬᠤ ᠬᠦᠴᠦᠨ᠎ᠢ ᠭᠦᠨᠵᠡᠭᠡᠶ ᠮᠡᠳᠡᠷᠡᠬᠦ᠂ ᠭᠣᠣᠯᠯᠠᠭ᠍ᠴᠢ᠎ᠳᠤ ᠦᠨᠡᠨᠴᠢ ᠱᠢᠳᠤᠷᠭᠤ᠂ ᠭᠣᠣᠯᠯᠠᠭ᠍ᠴᠢ᠎ᠶ᠋ᠢ ᠬᠦᠷᠢᠶᠡᠯᠡᠬᠦ᠂ ᠭᠤᠤᠯᠯᠠᠬᠴᠢ ᠳᠠᠢ ᠨᠢᠭᠡᠳᠦᠯᠳᠠᠢ ᠪᠠᠢᠬᠤ᠂ ᠭᠤᠤᠯᠯᠠᠭ᠍ᠴᠢ᠎ᠪᠠᠨ ᠬᠠᠮᠠᠭᠠᠯᠠᠬᠤ ᠤᠯᠤᠰ ᠲᠥᠷᠥ᠎ᠶ᠋ᠢᠨ᠎ᠤᠬᠠᠮᠰᠠᠷ᠂᠎ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ᠎ᠢ ᠦᠨᠡᠨ᠎ᠬᠦ᠌ ᠴᠢᠩᠭᠠᠳᠬᠠᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ ᠎ᠶ᠋ᠢᠨ ᠱᠢᠨ᠎ᠡ ᠬᠥᠮᠦᠨ ᠪᠣᠯᠬᠤ᠎ᠶᠢ ᠬᠦᠲᠦᠯᠦᠨ ᠵᠢᠯᠤᠭᠤᠳᠪᠠ᠃

ᠭᠤᠤᠯᠯᠠᠭ᠍ᠴᠢ ᠬᠦᠴᠦᠨ᠎ᠢ ᠰᠣᠩᠭᠣᠵᠤ ᠲᠠᠭᠠᠭᠤᠯᠤᠨ ᠰᠤᠷᠤᠯᠴᠠᠨ ᠤᠯᠤᠯᠳᠠ ᠪᠠᠨ ᠬᠤᠪᠢᠶᠠᠯᠴᠠᠪᠠ᠃ 2022 ᠣᠨ᠎ᠤ 4 ᠰᠠᠷ᠎ᠠ᠎ᠶ᠋ᠢᠨ 9 ᠤ᠋ ᠡᠳᠦᠷ ᠎ᠡᠴᠡ ᠡᠬᠢᠯᠡᠨ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ᠂ ᠰᠤᠷᠤᠭ᠍ᠴᠢᠳ᠎ᠤᠨ ᠬᠣᠯᠪᠣᠭ᠎ᠠ᠎ᠠᠴᠠ《ᠵᠠᠯᠠᠭᠤ ᠮᠠᠷᠺᠰ᠎ᠤᠨ ᠦᠵᠡᠯᠲᠡᠨ᠎ᠢ ᠬᠦᠮᠦᠵᠢᠬᠦᠯᠬᠦ ᠢᠨᠵᠧᠨᠧᠷᠢᠩ》᠎ᠤ᠋ᠨ ᠪᠣᠯᠪᠠᠰᠤᠷᠠᠯ᠎ᠤᠨ ᠠᠩᠭᠢ᠎ᠶ᠋ᠢᠨ ᠰᠤᠷᠤᠭ᠍ᠴᠢᠳ᠂ ᠰᠤᠷᠤᠭ᠍ᠴᠢᠳ᠎ᠤᠨ ᠡᠪᠯᠡᠯ᠎ᠦᠨ ᠭᠤᠤᠯᠯᠠᠭ᠍ᠴᠢ ᠬᠦᠴᠦᠨ᠎ᠢ ᠵᠣᠬᠢᠶᠠᠨ ᠪᠠᠢᠭᠤᠯᠵᠤ᠂ ᠭᠠᠭ᠍ᠴᠠ ᠬᠥᠮᠦᠨ ᠪᠤᠶᠤ ᠣᠯᠠᠨ ᠬᠥᠮᠦᠨ ᠬᠠᠮᠲᠤᠷᠠᠨ ᠤᠩᠱᠢᠬᠤ ᠬᠡᠯᠪᠡᠷᠢ᠎ᠪᠡᠷ᠂ ᠡᠳᠦᠷ ᠪᠦᠷᠢ ᠠᠯᠪᠠᠨ᠎ᠤ ᠲᠠᠯ᠎ᠠ᠎ᠶ᠋ᠢᠨ ᠱᠢᠨ᠎ᠡ ᠵᠠᠭᠤᠴᠢᠯᠠᠭᠤᠷ᠎ᠤᠨ ᠲᠠᠪᠴᠠᠩ ᠎ᠳᠤ ᠬᠤᠪᠢᠶᠠᠯᠴᠠᠬᠤ ᠮᠡᠳᠡᠷᠡᠬᠦ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠍᠂ ᠡᠯ᠎ᠡ ᠶᠡᠬᠡ ᠳᠡᠭᠡᠳᠦ ᠰᠤᠷᠭᠠᠭᠤᠯᠢ ᠎ᠶ᠋ᠢᠨ ᠡᠪᠯᠡᠯ᠎ᠦᠨ ᠡᠬᠦᠷ ᠰᠤᠷᠤᠬᠴᠢᠳ᠎ᠤᠨ ᠵᠦᠪᠯᠡᠯ ᠤᠩᠱᠢᠵᠤ ᠬᠤᠪᠢᠶᠠᠯᠴᠠᠬᠤ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠵᠦ᠍᠂ ᠪᠥᠬᠥ᠌ ᠣᠷᠣᠨ᠎ᠤ ᠥᠷᠭᠡᠨ ᠣᠯᠠᠨ ᠵᠠᠯᠠᠭᠤ ᠰᠤᠷᠤᠭ᠍ᠴᠢᠳ ᠎ᠤᠨ ᠳᠤᠮᠳᠠ ᠴᠢᠩᠭ᠎ᠠ ᠲᠤᠰᠭᠠᠯ ᠪᠠ ᠥᠷᠭᠡᠨ ᠳᠡᠯᠭᠡᠷ ᠬᠠᠮᠲᠦ᠎ᠶᠢᠨ ᠲᠠᠨᠢᠯᠲᠡ᠎ᠶ᠋ᠢ ᠤᠯᠪᠠ᠃ ᠪᠥᠬᠥ᠌ ᠤᠯᠤᠰ᠎ᠤᠨ ᠰᠤᠷᠤᠭ᠍ᠴᠢᠳ᠎ᠤᠨ ᠬᠣᠯᠪᠣᠭ᠎ᠠ᠎ᠶ᠋ᠢᠨ ᠵᠦᠪᠯᠡᠯ᠎ᠳᠤ ᠰᠠᠭᠤᠭ᠎ᠠ ᠭᠦᠶ᠋ᠴᠡᠳᠭᠡᠭ᠌ᠴᠢ ᠲᠡᠷᠢᠭᠦᠯᠡᠭ᠌ᠴᠢ᠂ ᠥᠪᠥᠷ ᠮᠣᠩᠭᠣᠯ ᠎ᠤᠨ ᠶᠡᠬᠡ ᠰᠤᠷᠭᠠᠭᠤᠯᠢ ᠎ᠶ᠋ᠢᠨ ᠡᠯᠧᠺᠲ᠋ᠷᠣᠨ ᠮᠡᠳᠡᠭᠡ ᠵᠠᠩᠭᠢ ᠎ᠶ᠋ᠢᠨ ᠢᠨᠵᠧᠨᠧᠷᠢᠩ ᠎ᠦᠨ ᠳᠡᠭᠡᠳᠦ ᠰᠤᠷᠭᠠᠭᠤᠯᠢ ᠎ᠶ᠋ᠢᠨ 2018 ᠣᠨ ᠎ᠤ ᠴᠢᠮᠡᠭᠡ ᠬᠣᠯᠪᠣᠭᠠᠨ ᠎ᠤ ᠢᠨᠵᠧᠨᠧᠷᠢᠩ ᠎ᠦᠨ ᠲᠤᠰᠭᠠᠶ ᠮᠡᠷᠭᠡᠵᠢᠯ ᠎ᠦᠨ ᠰᠣᠷᠣᠭ᠍ᠴᠢ ᠤᠦ ᠭᠦᠸᠧ ᠴᠢᠶᠠᠩ᠄ 《ᠦᠪᠦᠷ ᠮᠤᠩᠭᠤᠯ ᠎ᠤᠨ ᠶᠡᠬᠡ ᠰᠤᠷᠭᠠᠭᠤᠯᠢ ᠎ᠶ᠋ᠢᠨ ᠣᠶᠤᠲᠠᠨ ᠪᠠ ᠰᠣᠷᠣᠭ᠍ᠴᠢ ᠎ᠶ᠋ᠢᠨ ᠭᠤᠤᠯᠯᠠᠭ᠍ᠴᠢ ᠬᠦᠴᠦᠨ ᠪᠣᠯᠤᠭ᠍ᠰᠠᠨ᠎ᠤ ᠬᠤᠪᠢ᠎ᠳᠤ᠂ ᠪᠢ ᠶᠡᠷᠦᠩᠬᠡᠶ ᠱᠦᠵᠢ ᠰᠢ ᠵᠢᠨ ᠫᠢᠩ ᠎ᠦᠨ ᠴᠢᠩ ᠰᠡᠳᠭᠢᠯ ᠎ᠦᠨ ᠰᠤᠷᠭᠠᠯ ᠎ᠢ ᠢᠮᠠᠭ᠍ᠲᠠ ᠪᠠᠲᠤ ᠴᠡᠭᠡᠵᠢᠯᠡᠵᠦ᠍᠂ ᠴᠢᠷᠮᠠᠢᠨ ᠰᠤᠷᠤᠯᠴᠠᠵᠤ᠂ ᠴᠢᠳᠠᠪᠤᠷᠢᠲᠠᠨ ᠪᠣᠯᠵᠣ ᠤᠯᠤᠰ᠎ᠲᠠᠭᠠᠨ ᠵᠢᠳᠬᠦᠵᠦ᠍᠂ 〈ᠨᠠᠮ᠎ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢ ᠪᠤᠢ〉 ᠬᠡᠬᠦ ᠵᠠᠯᠠᠭᠤ ᠨᠠᠰᠤᠨ᠎ᠤ ᠲᠠᠩᠭᠠᠷᠢᠭ ᠎ᠢ ᠡᠷᠡᠰ ᠦᠶ᠋ᠯᠡᠳᠦᠯᠭᠡᠵᠢᠭᠦᠯᠵᠦ᠍᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠥᠬᠡᠶ᠂ ᠴᠠᠭ ᠦᠶ᠎ᠡ᠎ᠳᠦ ᠣᠰᠣᠯᠳᠠᠬᠤ ᠥᠬᠡᠶ᠂ ᠠᠷᠠᠳ ᠲᠦᠮᠡᠨ ᠎ᠳᠦ ᠣᠰᠣᠯᠳᠠᠬᠤ ᠥᠬᠡᠶ ᠪᠠᠢᠵᠤ᠂ ᠵᠠᠯᠠᠭᠤ ᠨᠠᠰᠤᠨ ᠎ᠤ ᠤᠷᠤᠯᠳᠤᠭᠠᠨ ᠎ᠤ ᠵᠠᠮ ᠳᠡᠭᠡᠷ᠎ᠡ ᠴᠢᠷᠮᠠᠢᠨ ᠲᠡᠮᠡᠴᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠬᠠᠮᠤᠭ ᠎ᠤᠨ ᠰᠠᠢᠨ ᠬᠢᠷᠢ ᠪᠦᠲᠦᠮᠵᠢ᠎ᠶ᠋ᠢ ᠤᠯᠬᠤ ᠪᠡᠷ ᠴᠢᠷᠮᠠᠢᠨ᠎ᠠ》 ᠭᠡᠪᠡ᠃

ᠭᠣᠣᠯ ᠰᠡᠳᠦᠪᠲᠦ ᠡᠪᠯᠡᠯ᠎ᠤᠨ ᠡᠳᠦᠷᠯᠢᠭ᠎ᠤᠨ ᠠᠵᠢᠯᠯᠠᠭ᠎ᠠ ᠡᠳᠦᠷ ᠢᠷᠡᠬᠦᠶ᠎ᠡ ᠠᠮᠢᠳᠤᠯᠢᠭ  ᠪᠤᠯᠵᠤ ᠪᠤᠢ ᠃ ᠪᠦᠬᠦ᠌ ᠣᠷᠣᠨ ᠎ᠤ ᠡᠯ᠎ᠡ ᠶᠡᠬᠡ ᠳᠡᠭᠡᠳᠦ ᠰᠤᠷᠭᠠᠭᠤᠯᠢ ᠵᠢᠨ ᠡᠪᠯᠡᠯ᠎ᠦᠨ ᠡᠭᠦᠷ ᠪᠣᠯᠤᠨ ᠰᠤᠷᠤᠭ᠍ᠴᠢᠳ ᠎ᠤᠨ ᠵᠥᠪᠯᠡᠯ ᠎ᠢᠶᠡᠷ ᠦᠨᠳᠦᠰᠦᠨ ᠨᠢᠭᠡᠴᠢ ᠪᠣᠯᠭᠠᠵᠤ᠂ ᠳᠡᠰ ᠳᠠᠪᠬᠤᠷᠭ᠎ᠠ ᠬᠤᠪᠢᠶᠠᠨ᠂ ᠰᠦᠯᠵᠢᠶᠡᠨ ᠳᠡᠭᠡᠷᠡᠬᠢ 《ᠰᠢ ᠵᠢᠨ ᠫᠢᠩ ᠬᠢᠭᠡᠳ ᠣᠶᠤᠲᠠᠨ ᠨᠠᠢᠵᠠ᠎ᠨᠠᠷ》 ᠭᠡᠬᠦ᠌ ᠭᠣᠣᠯ ᠰᠡᠳᠦᠪᠲᠦ ᠡᠪᠯᠡᠯ᠎ᠦᠨ ᠡᠳᠦᠷᠯᠢᠭ᠎ᠦᠨ ᠠᠵᠢᠯᠯᠠᠭ᠎ᠠ᠎ᠶ᠋ᠢ ᠭᠣᠣᠯᠳᠠᠯᠭ᠎ᠠ᠎ᠲᠠᠶ ᠲᠥᠪᠯᠡᠷᠡᠭᠦᠯᠦᠨ ᠥᠷᠨᠢᠭᠦᠯᠪᠡ᠃

ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠺᠣᠮᠫᠢᠦ᠋ᠲ᠋ᠧᠷ ᠎ᠦᠨ ᠮᠡᠳᠡᠭᠡ ᠵᠠᠩᠭᠢ ᠎ᠶ᠋ᠢᠨ ᠳᠡᠭᠡᠳᠦ ᠰᠤᠷᠭᠠᠭᠤᠯᠢ ᠎ᠶ᠋ᠢᠨ 2019 ᠣᠨ᠎ᠤ ᠮᠡᠳᠡᠭᠡ ᠵᠠᠩᠭᠢ᠎ᠶ᠋ᠢᠨ ᠬᠠᠮᠢᠶᠠᠷᠤᠯᠲᠠ ᠪᠣᠯᠤᠨ ᠮᠡᠳᠡᠭᠡ ᠵᠠᠩᠭᠢ᠎ᠶ᠋ᠢᠨ ᠱᠢᠰᠲ᠋ᠧᠮ᠎ᠦᠨ ᠨᠢᠭᠡᠳᠦᠭᠡᠷ ᠠᠩᠬᠢ ᠎ᠶ᠋ᠢᠨ ᠡᠪᠯᠡᠯ ᠎ᠦᠨ ᠡᠭᠦᠷ ᠎ᠦᠨ ᠱᠦᠵᠢ ᠦ᠋ ᠶᠤᠸᠠᠨ ᠯᠢ᠄ 《ᠡᠪᠯᠡᠯ ᠎ᠦᠨ ᠡᠭᠦᠷ ᠎ᠦᠨ ᠱᠦᠵᠢ ᠪᠣᠯᠤᠭ᠍ᠰᠠᠨ᠎ᠤ ᠬᠤᠪᠢ᠎ᠳᠤ᠂ ᠪᠢ ᠡᠪᠯᠡᠯ᠎ᠦᠨ ᠭᠡᠱᠢᠭᠦᠨ ᠵᠠᠯᠠᠭᠤᠴᠤᠳ ᠵᠢᠡᠨ ᠬᠦᠳᠦᠯᠦᠨ ᠵᠢᠯᠣᠭᠣᠳᠴᠤ᠌ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠬ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂〈ᠲᠠᠪᠤᠨ ᠬᠠᠮᠲᠤ ᠵᠢᠨ ᠲᠠᠨᠢᠯᠲᠠ〉 ᠪᠡᠨ ᠲᠠᠰᠤᠷᠠᠯᠲᠠ ᠦᠭᠡᠢ ᠴᠢᠩᠭᠠᠳᠭᠠᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠤᠬᠴᠠᠯᠠᠨ᠎ᠠ; ᠨᠢᠳᠦᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ᠌᠎ᠪᠡᠷ ᠪᠠᠷᠠᠬᠤ ᠦᠭᠡᠢ ᠪᠠᠰᠠ〈ᠵᠦᠭᠡᠯᠡᠨ ᠪᠤᠷᠤᠭᠠᠨ ᠲᠦᠮᠡᠨ ᠪᠤᠳᠠᠰ᠎ᠢ ᠤᠮᠳᠠᠯᠠᠬᠤ〉 ᠠᠵᠢᠯ ᠎ᠢ ᠬᠢᠵᠦ᠍᠂ ᠡᠪᠯᠡᠯ ᠎ᠦᠨ ᠡᠭᠦᠷ ᠎ᠦᠨ ᠠᠨᠠᠷ ᠎ᠤᠨ ᠴᠡᠴᠡᠭ ᠎ᠢ ᠳᠡᠯᠭᠡᠷᠡᠭᠦᠯᠵᠦ᠍᠂ ᠰᠡᠳᠭᠢᠯ ᠵᠢᠷᠦᠬᠡ ᠪᠠᠨ ᠬᠤᠯᠪᠤᠬᠤ ᠎ᠶ᠋ᠢ ᠦᠨᠡᠨ  ᠬᠦ᠌ ᠪᠡᠶᠡᠯᠡᠭᠦᠯᠦᠨ᠎ᠡ》 ᠭᠡᠯ᠎ᠡ᠃

ᠤᠭ ᠵᠣᠬᠢᠶᠠᠯ ᠎ᠢ ᠨᠠᠷᠢᠨ ᠤᠩᠱᠢᠵᠦ ᠲᠠᠷᠢᠬᠢᠨ ᠳ᠋ᠠᠭᠠᠨ ᠬᠠᠳᠠᠩᠱᠢᠭᠤᠯᠵᠤ ᠰᠡᠳᠭᠢᠯ ᠳ᠋ᠡᠭᠡᠨ ᠬᠠᠳᠠᠩᠱᠢᠭᠤᠯᠪᠠ᠃ ᠪᠦᠬᠦ᠌ ᠣᠷᠣᠨ ᠎ᠤ ᠶᠡᠬᠡ ᠳᠡᠭᠡᠳᠦ ᠰᠤᠷᠭᠠᠭᠤᠯᠢ ᠎ᠶ᠋ᠢᠨ ᠡᠯ᠎ᠡ ᠱᠠᠲᠤᠨ ᠎ᠤ ᠡᠪᠯᠡᠯ ᠎ᠦᠨ ᠵᠣᠬᠢᠶᠠᠨ ᠪᠠᠢᠭᠤᠯᠤᠯᠲᠠ ᠎ᠶ᠋ᠢᠨ ᠥᠷᠨᠢᠭᠦᠯᠦᠭ᠌ᠰᠡᠨ ᠲᠠᠨᠢᠯᠴᠠᠭᠤᠯᠭ᠎ᠠ ᠪᠠ ᠳᠠᠭᠠᠭᠤᠯᠤᠨ ᠰᠤᠷᠤᠯᠴᠠᠬᠤ ᠶᠠᠪᠤᠴᠠ ᠎ᠳᠤ᠂ ᠶᠡᠷᠦᠩᠬᠡᠢ ᠱᠦᠵᠢ ᠰᠢ ᠵᠢᠨ ᠫᠢᠩ ᠤᠶᠤᠲᠠᠳ ᠎ᠢ ᠬᠠᠯᠠᠮᠵᠢᠯᠠᠨ ᠬᠠᠢᠷᠠᠯᠠᠭ᠍ᠰᠠᠨ ᠦᠯᠢᠬᠡᠷ᠂ ᠡᠷᠭᠢᠴᠡᠭᠦᠯᠦᠯ᠂ ᠬᠡᠰᠡᠭ ᠪᠤᠰᠠᠭ ᠠᠬᠤᠢ ᠪᠠᠢᠳᠠᠯ ᠨᠢ ᠡᠪᠯᠡᠯ᠎ᠦᠨ ᠭᠡᠱᠢᠭᠦᠨ ᠵᠠᠯᠠᠭᠤᠴᠤᠳ ᠲᠸ᠋ ᠤᠶᠤᠨ ᠰᠠᠨᠠᠭᠠᠨ ᠎ᠤ ᠠᠷᠢᠭᠤᠳᠬᠠᠯ ᠎ᠢ ᠠᠪᠴᠢᠷᠠᠵᠤ᠂ ᠡᠯ᠎ᠡ ᠱᠠᠲᠤᠨ᠎ᠤ ᠡᠪᠯᠡᠯ᠎ᠦᠨ ᠺᠠᠳ᠋ᠷ ᠪᠣᠯᠤᠨ ᠵᠠᠯᠠᠭᠤ ᠰᠤᠷᠤᠭ᠍ᠴᠢᠳ᠂ ᠰᠤᠷᠤᠯᠴᠠᠯᠭ᠎ᠠ ᠎ᠶ᠋ᠢᠨ ᠦᠷ᠎ᠡ ᠪᠦᠲᠦᠭᠡᠯ ᠎ᠢᠶᠡᠨ ᠦᠨᠡᠨ ᠬᠦ᠌ ᠶᠡᠷᠦᠩᠬᠡᠢ ᠱᠦᠵᠢ ᠰᠢ ᠵᠢᠨ ᠫᠢᠩ᠎ᠢ ᠴᠢᠩ ᠰᠡᠳᠭᠢᠯ᠎ᠡᠴᠡ᠎ᠪᠡᠨ ᠬᠠᠢᠷᠠᠯᠠᠨ ᠬᠦᠨᠳᠦᠳᠭᠡᠬᠦ᠂ ᠡᠷᠡᠰ ᠱᠢᠭᠤᠷᠬᠠᠢ ᠪᠠᠷ ᠲᠠᠭᠠᠬᠤ ᠠᠵᠢᠯᠯᠠᠭ᠎ᠠ ᠎ᠶ᠋ᠢᠨ ᠤᠬᠠᠮᠰᠠᠷ ᠪᠣᠯᠭᠠᠨ ᠬᠤᠪᠢᠷᠠᠭᠤᠯᠪᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ 2019 ᠣᠨ᠎ᠤ ᠮᠣᠩᠭᠣᠯ ᠬᠡᠯᠡ ᠤᠳᠭ᠎ᠠ ᠵᠣᠬᠢᠶᠠᠯ᠎ᠤᠨ ᠰᠠᠭᠤᠷᠢᠨ ᠭᠠᠵᠡᠷ᠎ᠤᠨ ᠠᠩᠬᠢ ᠶ᠋ᠢᠨ ᠨᠢᠩᠵᠢᠨ᠄《ᠶᠡᠷᠦᠩᠬᠡᠢ ᠱᠦᠵᠢ ᠰᠢ ᠵᠢᠨ ᠫᠢᠩ ᠪᠢᠳᠡᠨ᠎ᠢ ᠡᠭᠦᠷᠭᠡᠯᠡᠵᠦ᠍ ᠪᠠᠢᠭ᠎ᠠ ᠲᠡᠦᠬᠡᠲᠦ ᠡᠭᠦᠷᠭᠡ ᠎ᠪᠡᠨ ᠲᠣᠳᠣᠷᠬᠠᠢᠯᠠᠵᠤ᠂ ᠨᠡᠢᠭᠡᠮ ᠎ᠦᠨ ᠦᠢᠯᠡᠳᠦᠯᠭᠡ᠎ᠳᠦ ᠢᠯᠡᠭᠦᠬᠡᠨ ᠣᠷᠣᠯᠴᠠᠵᠤ᠂ ᠠᠵᠢᠯᠴᠢᠨ ᠲᠠᠷᠢᠶᠠᠴᠢᠨ ᠡᠴᠡ ᠰᠤᠷᠤᠯᠴᠠᠵᠤ᠂ ᠳᠤᠷᠠᠲᠠᠶ᠎ᠠ ᠪᠠᠭ᠎ᠠ ᠰᠤᠷᠭᠠᠭᠤᠯᠢ ᠎ᠶ᠋ᠢᠨ ᠰᠤᠷᠤᠭ᠍ᠴᠢ ᠪᠤᠯᠵᠤ᠂ ᠭᠠᠯ ᠬᠠᠯᠠᠭᠤᠨ ᠨᠡᠢᠭᠡᠮ᠎ᠦᠨ ᠠᠮᠢᠳᠤᠷᠠᠯ᠎ᠤᠨ ᠳᠤᠮᠳᠠ ᠳᠠᠪᠲᠠᠭ᠍ᠳᠠᠨ ᠪᠣᠢᠵᠢᠬᠤ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃ ᠠᠮᠠᠷᠠᠯᠲᠠ ᠎ᠶ᠋ᠢᠨ ᠬᠤᠭᠤᠴᠠᠭᠠᠨ ᠎ᠳᠤ᠂ ᠪᠢ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠵᠢᠷᠭᠠᠯᠠᠩ ᠪᠠᠯᠭᠠᠰᠤᠨ᠎ᠤ ᠡᠪᠯᠡᠯ᠎ᠦᠨ ᠬᠣᠷᠢᠶᠠᠨ᠎ᠤ ᠳᠡᠳ᠋ ᠱᠦᠵᠢ ᠎ᠶ᠋ᠢᠨ ᠲᠤᠱᠢᠶᠠᠯ ᠎ᠢ ᠬᠠᠪᠰᠤᠷᠭᠠᠨ ᠬᠠᠷᠢᠭᠤᠴᠠᠵᠤ᠂ ᠦᠨᠳᠦᠰᠦᠨ ᠱᠠᠲᠤᠨ ᠎ᠳᠤ ᠠᠵᠢᠯᠯᠠᠵᠤ ᠪᠠᠢᠬᠤ ᠬᠤᠭᠤᠴᠠᠭᠠᠨ᠎ᠳᠤ᠂ ᠲᠣᠰᠭᠣᠨ᠎ᠤ ᠠᠷᠠᠳ᠎ᠤᠨ ᠵᠥᠪᠯᠡᠯ ᠎ᠦᠨ ᠬᠤᠭᠤᠴᠠᠭ᠎ᠠ ᠰᠣᠯᠢᠬᠤ ᠰᠣᠩᠭᠣᠭᠤᠯᠢ᠎ᠳᠤ ᠣᠷᠣᠯᠴᠠᠵᠤ᠂ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠎ᠳᠤ ᠬᠦᠴᠦᠨ ᠨᠡᠮᠡᠷᠢᠯᠡᠵᠦ᠍᠂ ᠡᠷᠬᠢᠨ ᠦᠵᠡᠵᠦ᠍ ᠲᠣᠬᠣᠨᠢᠭᠤᠯᠬᠤ ᠵᠡᠷᠭᠡ ᠠᠵᠢᠯ ᠎ᠳᠤ ᠣᠷᠣᠯᠴᠠᠭᠠᠳ ᠡᠯᠪᠡᠭ ᠠᠮᠵᠢᠯᠲᠠ ᠤᠯᠪᠠ》 ᠭᠡᠵᠦ᠍ ᠪᠠᠢᠯ᠎ᠠ᠃

ᠠᠵᠢᠯᠯᠠᠭ᠎ᠠ ᠎ᠳ᠋ᠦ᠂ ᠤᠯᠠᠨ ᠎ᠢᠶᠠᠷ ᠎ᠢᠶᠠᠨ ᠶᠡᠷᠦᠩᠬᠡᠢ ᠱᠦᠵᠢ ᠰᠢ ᠵᠢᠨ ᠫᠢᠩ ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠱᠢᠷᠭᠠᠭᠤ ᠬᠠᠲᠠᠭᠤᠵᠢᠯᠲᠠᠢ ᠲᠡᠮᠡᠴᠡᠵᠦ᠂ ᠡᠷᠡᠮᠡᠬᠡᠢᠯᠡᠨ ᠤᠷᠤᠭ᠍ᠰᠢᠯᠠᠵᠤ᠂ ᠴᠠᠭ ᠦᠶ᠎ᠡ ᠎ᠶ᠋ᠢ ᠬᠥᠰᠡᠷᠳᠡᠭᠦᠯᠬᠦ᠌ ᠦᠭᠡᠢ᠂ ᠵᠠᠯᠠᠭᠤ ᠽᠠᠨᠳᠠᠨ ᠨᠠᠰᠤ ᠎ᠪᠡᠨ ᠬᠥᠰᠡᠷᠳᠡᠭᠦᠯᠬᠦ᠌ ᠦᠭᠡᠢ ᠎ᠪᠡᠷ ᠱᠢᠨ᠎ᠡ ᠴᠠᠭ ᠦᠶ᠎ᠡ ᠱᠢᠨ᠎ᠡ ᠠᠶᠠᠨ ᠵᠠᠮ ᠎ᠳᠤ ᠬᠠᠷᠠᠮᠰᠠᠯ ᠦᠭᠡᠢ ᠵᠠᠯᠠᠭᠤ ᠨᠠᠰᠤᠨ ᠎ᠤ ᠲᠡᠮᠡᠴᠡᠯ ᠎ᠦᠨ ᠤᠯᠠ ᠮᠥᠷ ᠎ᠵᠢᠡᠨ ᠦᠯᠡᠳᠡᠭᠡᠵᠦ᠍᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠴᠢᠨᠠᠷ ᠰᠠᠢᠲᠠᠢ ᠬᠥᠭ᠌ᠵᠢᠯᠲᠡ ᠎ᠶ᠋ᠢ ᠠᠬᠢᠭᠤᠯᠬᠤ ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠵᠦ᠍᠂ ᠪᠣᠳᠠᠲᠤ ᠠᠵᠢᠯᠯᠠᠭ᠎ᠠ ᠎ᠪᠠᠷ ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ ᠎ᠶ᠋ᠢ ᠤᠭ᠍ᠲᠤᠨ᠎ᠠ ᠭᠡᠵᠦ᠍ ᠢᠯᠡᠳᠭᠡᠵᠡᠭᠡᠪᠡ᠃ (ᠡᠬᠡ ᠪᠢᠴᠢᠭ᠎ᠢ ᠦᠪᠤᠷ ᠮᠤᠨᠭᠭᠤᠯ ᠎ᠤᠨ ᠦᠪᠠᠷᠳᠡᠬᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ ᠬᠠᠨᠭᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号