ᠮᠠᠨ᠎ᠤ ᠤᠷᠤᠨ᠎ᠤ 2022 ᠣᠨ᠎ᠤ ᠤᠯᠤᠰ᠎ᠤᠨ ᠨᠢᠬᠡᠳᠦᠯᠳᠡᠢ ᠰᠢᠯᠭᠠᠯᠲᠠ ᠤᠷᠤᠭᠰᠢᠲᠠᠢ ᠶᠠᠪᠤᠬᠳᠠᠵᠠᠢ
2022-06-11 20:07:04
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 9 ᠎ᠤ᠋ ᠦᠳᠡ᠎ᠶᠢᠨ ᠡᠮᠦᠨ᠎ᠡ᠂ 2022 ᠣᠨ᠎ᠤ ᠮᠠᠨ᠎ᠤ ᠤᠷᠤᠨ᠎ᠤ ᠤᠯᠤᠰ᠎ᠤᠨ ᠨᠢᠭᠡᠳᠦᠯᠲᠡᠢ ᠰᠢᠯᠭᠠᠯᠲᠠ ᠤᠷᠤᠭᠰᠢᠲᠠᠢ ᠳᠡᠬᠦᠰᠪᠡ᠃

ᠡᠨᠡ ᠵᠢᠯ᠂ ᠮᠠᠨ᠎ᠤ ᠤᠷᠤᠨ᠎ᠤ 14.5 ᠲᠦᠮᠡᠨ ᠰᠢᠯᠭᠠᠭᠤᠯᠤᠭ᠍ᠴᠢ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠤᠷᠤᠯᠴᠠᠪᠠ᠃ ᠰᠢᠯᠭᠠᠯᠳᠠ᠎ᠶᠢᠨ ᠬᠤᠭᠤᠴᠠᠭᠠᠨ᠎ᠳᠤ᠂ ᠡᠯ᠎ᠡ ᠱᠠᠲᠤᠨ᠎ᠤ ᠤᠳᠤᠷᠢᠳᠤᠯᠭ᠎ᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠨᠢᠭᠡᠳᠦᠯᠲᠡᠢ ᠳᠤᠬᠢᠷᠠᠭᠤᠯᠤᠯᠳᠠ ᠬᠢᠵᠦ᠂ ᠡᠯ᠎ᠡ ᠭᠠᠵᠠᠷ᠎ᠤᠨ ᠬᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠣᠨᠣᠴᠠᠲᠠᠢ ᠰᠠᠢᠲᠤᠷ ᠬᠢᠵᠦ᠂ ᠡᠯ᠎ᠡ ᠱᠠᠲᠤᠨ᠎ᠤ ᠰᠣᠷᠣᠭ᠍ᠴᠢ ᠡᠯᠰᠡᠬᠦ ᠰᠢᠯᠭᠠᠯᠳᠠ ᠵᠢᠨ ᠺᠣᠮᠢᠰ᠎ᠤᠨ ᠪᠦᠷᠢᠯᠳᠦᠭᠦᠨ ᠨᠢᠭᠡᠴᠢ᠎ᠨᠦᠭᠦᠳ ᠬᠦᠴᠦ᠎ᠪᠡᠨ ᠬᠠᠮᠲᠤᠳᠬᠠᠨ ᠬᠠᠮᠲᠤᠷᠠᠨ ᠠᠵᠢᠯᠯᠠᠵᠤ᠂ ᠰᠢᠯᠭᠠᠯᠲᠠ᠎ᠶᠢᠨ ᠣᠷᠴᠢᠨ ᠨᠥᠬᠥᠴᠡᠯ᠎ᠢ ᠪᠥᠬᠥ ᠲᠠᠯ᠎ᠠ᠎ᠪᠠᠷ ᠴᠡᠭᠴᠡᠯᠡᠨ ᠵᠠᠰᠠᠵᠤ᠂ ᠤᠯᠠᠨ ᠠᠷᠭ᠎ᠠ ᠬᠡᠮᠵᠢᠶ᠎ᠠ ᠠᠪᠴᠤ ᠰᠢᠯᠭᠠᠯᠲᠠ᠎ᠶᠢᠨ ᠠᠮᠤᠷ ᠲᠦᠪᠰᠢᠨ᠎ᠦ ᠠᠵᠢᠯ᠎ᠢ ᠰᠠᠢᠲᠤᠷ ᠬᠢᠵᠦ᠂ ᠰᠢᠯᠭᠠᠭᠤᠯᠤᠭᠰᠠᠳ᠎ᠲᠤ ᠪᠥᠬᠥ ᠲᠠᠯ᠎ᠠ᠎ᠪᠠᠷ ᠬᠦᠮᠦᠯᠢᠭ ᠦᠢᠯᠡᠴᠢᠯᠡᠭᠡ ᠬᠠᠩᠭᠠᠭᠰᠠᠨ ᠪᠠᠢᠨ᠎ᠠ᠃ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠠᠵᠢᠯ ᠶᠡᠷᠦᠩᠬᠡᠢ᠎ᠳᠡᠭᠡᠨ ᠲᠣᠭᠲᠠᠭᠤᠨ ᠶᠠᠪᠤᠭᠳᠠᠵᠤ᠂ ᠡᠷᠡᠭᠦᠯ ᠡᠩᠬᠡ ᠨᠢᠭᠡᠳᠦᠯᠲᠡᠢ ᠰᠢᠯᠭᠠᠯᠲᠠ᠂ ᠠᠮᠤᠷ ᠲᠦᠪᠰᠢᠨ ᠨᠢᠭᠡᠳᠦᠯᠲᠡᠢ ᠰᠢᠯᠭᠠᠯᠲᠠ᠂ ᠬᠠᠯᠠᠭᠤᠨ ᠳᠤᠯᠠᠭᠠᠨ ᠨᠢᠭᠡᠳᠦᠯᠲᠡᠢ ᠰᠢᠯᠭᠠᠯᠲᠠ᠂ ᠲᠣᠭᠲᠠᠭᠤᠨ ᠨᠢᠬᠡᠳᠦᠯᠳᠡᠢ ᠰᠢᠯᠭᠠᠯᠳᠠ ᠵᠢᠨ ᠬᠠᠷᠠᠯᠳᠠ ᠪᠠᠨ ᠪᠡᠶᠡᠯᠡᠬᠦᠯᠦᠭᠰᠡᠨ ᠪᠠᠢᠨ᠎ᠠ᠃

ᠣᠢᠯᠠᠭᠠᠭᠰᠠᠨ᠎ᠢᠶᠠᠷ᠂ ᠮᠠᠨ᠎ᠤ ᠤᠷᠤᠨ᠎ᠤ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠰᠢᠯᠭᠠᠯᠲᠠ ᠬᠢᠨᠠᠬᠤ ᠠᠵᠢᠯ 6 ᠰᠠᠷ᠎ᠠ᠎ᠶᠢᠨ 10 ᠎ᠤ᠋  ᠡᠳᠦᠷ᠎ᠡᠴᠡ ᠡᠬᠢᠯᠡᠵᠦ᠂ 6 ᠰᠠᠷ᠎ᠠ᠎ᠶᠢᠨ ᠬᠣᠷᠢᠳ᠎ᠢᠶᠠᠷ ᠰᠢᠯᠭᠠᠯᠲᠠ᠎ᠶᠢᠨ ᠬᠢᠷᠢ ᠪᠦᠲᠦᠮᠵᠢ ᠪᠠ ᠡᠯ᠎ᠡ ᠪᠦᠯᠦᠭ ᠤᠳᠠᠭ᠎ᠠ᠎ᠶᠢᠨ ᠡᠯᠰᠡᠬᠦ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ᠎ᠵᠢ ᠨᠡᠢᠭᠡᠮ ᠨᠡᠶ᠋ᠢᠲᠡ᠎ᠳᠦ ᠨᠡᠢᠲᠡᠯᠡᠵᠦ᠂ 6 ᠰᠠᠷ᠎ᠠ᠎ᠶᠢᠨ ᠰᠡᠭᠦᠯᠴᠢ᠎ᠪᠡᠷ ᠡᠷᠡᠮᠡᠯᠵᠡᠯ ᠲᠠᠭᠯᠠᠬᠤ ᠪᠠ ᠰᠤᠷᠤᠭᠴᠢ ᠡᠯᠰᠡᠬᠦ ᠠᠵᠢᠯ᠎ᠢ ᠪᠦᠯᠦᠭ ᠬᠤᠪᠢᠶᠠᠨ ᠵᠣᠬᠢᠶᠠᠨ ᠪᠠᠢᠭᠤᠯᠵᠤ᠂ 8 ᠰᠠᠷ᠎ᠠ᠎ᠶᠢᠨ ᠡᠬᠢ᠎ᠪᠡᠷ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠪᠥᠬᠥ ᠠᠵᠢᠯ᠎ᠢ ᠳᠠᠭᠤᠰᠬᠠᠬᠤ᠎ᠪᠠᠷ ᠵᠢᠱ᠌ᠢᠵᠦ ᠪᠣᠶ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ᠎ᠡᠴᠡ ᠶᠡᠬᠡ ᠳᠡᠭᠡᠳᠦ ᠰᠤᠷᠭᠠᠭᠤᠯᠢ᠎ᠳᠤ ᠰᠢᠯᠭᠠᠭᠤᠯᠤᠭᠰᠠᠳ᠎ᠤᠨ ᠡᠷᠡᠮᠡᠯᠵᠡᠯ ᠲᠠᠭᠯᠠᠬᠤ ᠪᠣᠯᠪᠠᠰᠤᠷᠠᠯ ᠪᠠ ᠵᠢᠯᠣᠭᠣᠳᠤᠯᠭ᠎ᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲᠧᠮ᠎ᠢᠶᠡᠷ ᠳᠠᠮᠵᠢᠭᠤᠯᠤᠨ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠦᠢᠯᠡᠴᠢᠯᠡᠭᠡᠨ᠎ᠦ ᠠᠵᠢᠯ᠎ᠤᠨ ᠶᠠᠰᠤ ᠴᠢᠨᠠᠷ ᠪᠠ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ ᠮᠡᠳᠡᠭᠡ ᠵᠠᠩᠭᠢ᠎ᠶᠢᠨ ᠰᠦᠯᠵᠢᠶ᠎ᠡ᠎ᠶᠢᠨ ᠠᠯᠪᠠᠨ᠎ᠤ ᠰᠦᠯᠵᠢᠶ᠎ᠡ ᠪᠠ ᠠᠯᠪᠠᠨ᠎ᠤ ᠵᠢᠷᠬᠢᠶ᠎ᠡ ᠳᠠᠪᠴᠠᠩ 《ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ》 ᠳ᠋ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠬᠠᠮᠢᠶ᠎ᠠ ᠪᠦᠬᠦᠢ ᠲᠥᠷᠥ᠍᠎ᠶᠢᠨ ᠪᠣᠳᠣᠯᠭ᠎ᠠ᠎ᠶᠢᠨ ᠲᠣᠭᠲᠠᠭᠠᠯ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠮᠡᠳᠡᠭᠡ ᠵᠠᠩᠭᠢ ᠵᠡᠷᠭᠡ᠎ᠶᠢ ᠴᠠᠭ ᠲᠤᠬᠠᠢ ᠳ᠋ᠤᠨᠢ ᠨᠡᠢᠳᠡᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号