ᠪᠡᠭᠡᠵᠢᠩ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶ᠋ᠢᠨ ᠳᠠᠭᠠᠳᠭᠠᠯ ᠭᠠᠷᠭᠠᠪᠠ
2022-06-02 16:48:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠡᠭᠡᠵᠢᠩ᠎ᠦᠨ ᠪᠠᠩᠬᠢ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠪᠡᠭᠡᠵᠢᠩ ᠎ᠦᠨ ᠳᠠᠭᠠᠳᠭᠠᠯ᠎ᠤᠨ ᠦᠶ᠋ᠯᠡᠰ᠎ᠨᠢ ᠳᠠᠭᠠᠳᠭᠠᠯ ᠎ᠤᠨ ᠦᠶ᠋ᠯᠡᠳᠬᠦᠨ ᠎ᠦ ᠱᠢᠨ᠎ᠡ᠎ᠶ᠋ᠢ ᠡᠭᠦᠳᠴᠦ᠍᠂ ᠨᠡᠢᠰᠯᠡᠯ᠎ᠬᠤᠳᠠ ᠵᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠠᠵᠤ ᠠᠬᠤᠢᠯᠠᠯ᠎ᠤᠨ ᠬᠡᠪ᠎ᠦᠨ ᠡᠵᠡᠩᠨᠡᠯᠲᠡ᠎ᠶ᠋ᠢ ᠠᠬᠢᠭᠤᠯᠬᠤ ᠪᠡᠷ ᠪᠤᠢ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠴᠠ᠎ᠳᠤ ᠵᠠᠰᠠᠭ᠎ᠤᠨ ᠣᠷᠳᠣᠨ᠎ᠤ ᠬᠢᠵᠢᠭ᠎ᠢ ᠰᠡᠷᠭᠡᠢᠯᠡᠬᠦ᠌ ᠱᠠᠭᠠᠷᠳᠠᠯᠭ᠎ᠠ ᠶᠣᠰᠣᠭᠠᠷ ᠡᠵᠡᠩᠨᠡᠯᠲᠡ᠎ᠶ᠋ᠢ᠎ᠨᠢ ᠲᠦᠷ ᠵᠣᠭ᠍ᠰᠣᠭᠠᠭ᠍ᠰᠠᠨ ᠪᠠᠭ᠎ᠠ ᠵᠢᠵᠢᠭ ᠦᠶ᠋ᠯᠡᠴᠢᠯᠡᠭᠡᠨ ᠎ᠦ ᠬᠡᠯᠪᠡᠷᠢ ᠎ᠶ᠋ᠢᠨ ᠠᠵᠤ ᠠᠬᠤᠢᠯᠠᠯ᠎ᠤᠨ ᠠᠵᠢᠯᠲᠠᠨ᠎ᠳᠤ ᠦᠨᠳᠦᠰᠦᠨ ᠠᠮᠢᠳᠤᠷᠠᠯ ᠎ᠤᠨ ᠪᠠᠲᠤᠯᠠᠭ᠎ᠠ ᠵᠢ ᠪᠠᠳᠤᠯᠠᠬᠤ ᠵᠢᠨ ᠲᠤᠰᠠᠳᠠ᠂ ᠪᠡᠬᠡᠵᠢᠡᠭ ᠬᠤᠳᠠ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ ᠎ᠢ ᠤᠷᠢᠳᠴᠢᠯᠠᠨ ᠰᠡᠷᠭᠡᠢᠯᠡᠬᠦ᠌ ᠲᠠᠷᠢᠯᠭ᠎ᠠ ᠬᠢᠬᠦ᠌ ᠡᠮᠴᠢᠯᠡᠭᠡᠨ ᠎ᠦ ᠬᠡᠨᠡᠳᠡᠯ ᠎ᠤᠨ ᠳᠠᠭᠠᠳᠭᠠᠯ᠎ᠤᠨ ᠲᠥᠰᠦᠯ ᠎ᠢ ᠨᠡᠢᠲᠡᠯᠡᠵᠠᠢ᠃

ᠲᠤᠰ ᠲᠠᠭᠠᠳᠬᠠᠯ ᠎ᠤᠨ ᠲᠠᠩ ᠵᠦᠶ᠋ᠯ᠎ᠦᠨ ᠬᠠᠷᠢᠭᠤᠴᠠᠯᠭ᠎ᠠ᠎ᠶ᠋ᠢᠨ ᠳᠠᠭᠠᠳᠭᠠᠯ ᠨᠢ ᠬᠠᠮᠤᠭ᠎ᠤᠨ ᠥᠨᠳᠥᠷ᠎ᠲᠡᠬᠡᠨ ᠬᠥᠮᠦᠨ ᠪᠦᠷᠢ 50 ᠲᠦᠮᠡᠨ ᠲᠥᠭᠥᠷᠢᠭ ᠲᠤ᠌ ᠬᠦᠷᠴᠦ᠂ ᠵᠠᠰᠠᠭ᠎ᠤᠨ ᠣᠷᠳᠣᠨ ᠎ᠤ ᠡᠳ᠋ ᠎ᠦᠨ ᠵᠠᠰᠠᠭ᠎ᠠᠴᠠ ᠳᠠᠭᠠᠳᠭᠠᠯ᠎ᠤᠨ ᠵᠠᠷᠤᠳᠠᠯ ᠎ᠢ ᠭᠠᠷᠭᠠᠨ᠂ ᠨᠢᠭᠡᠳᠦᠯᠲᠡᠶ ᠳᠠᠭᠠᠳᠬᠠᠯ ᠳ᠋ᠤ ᠤᠷᠤᠯᠴᠠᠨ᠂ ᠨᠠᠰᠤᠲᠠᠢᠴᠤᠳ ᠵᠢᠴᠢ ᠲᠡᠳᠡᠨ᠎ᠦ ᠬᠡᠷ ᠪᠦᠯᠢ᠎ᠶ᠋ᠢᠨ᠎ᠬᠢᠨ᠎ᠦ ᠲᠠᠷᠢᠯᠭ᠎ᠠ ᠬᠢᠬᠦ ᠡᠷᠡᠭᠡᠯᠵᠡᠯ ᠎ᠢ ᠦᠭᠡᠢᠰᠭᠡᠨ᠂ ᠨᠠᠰᠤᠲᠠᠢᠴᠤᠳ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ ᠎ᠤ ᠲᠠᠷᠢᠯᠭ᠎ᠠ ᠬᠢᠬᠦ᠌ ᠨᠣᠷᠮ᠎ᠠ ᠎ᠶ᠋ᠢ ᠳᠡᠭᠡᠭ᠌ᠰᠢᠯᠡᠭᠦᠯᠬᠦ᠌ ᠎ᠶ᠋ᠢ ᠠᠬᠢᠭᠤᠯᠬᠤ ᠪᠡᠷ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号