ᠥᠪᠡᠷᠲᠡᠭᠡᠨ
ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠠᠵᠢᠯ᠎ᠤᠨ ᠬᠣᠷᠢᠶ᠎ᠠ ᠪᠠᠭᠠᠴᠤᠳ᠎ᠤᠨ ᠬᠤᠰᠢᠭᠤᠴᠢ ᠠᠩᠬᠢ ᠵᠢᠨ ᠵᠤᠬᠢᠶᠠᠨ ᠪᠠᠢᠭᠤᠯᠤᠯᠳᠠ ᠵᠢᠨ ᠬᠥᠮᠦᠨ ᠬᠥᠮᠦᠵᠢᠭᠦᠯᠬᠦ᠌ ᠪᠠ ᠦᠢᠯᠡᠳᠦᠯᠭᠡ᠎ᠪᠡᠷ ᠬᠥᠮᠦᠨ ᠬᠥᠮᠦᠵᠢᠭᠦᠯᠬᠦ᠌
ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ
ᠤᠬᠠᠮᠰᠠᠷ᠎ᠤᠨ ᠬᠥᠮᠦᠵᠢᠯ᠎ᠢ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠦᠵᠡᠯ ᠰᠠᠨᠠᠭ᠎ᠠ᠎ᠵᠢ ᠬᠦᠳᠦᠯᠦᠨ ᠵᠢᠯᠤᠭᠤᠳᠬᠤ
ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠪᠦᠬᠦ᠌ ᠣᠷᠣᠨ᠎ᠤ 146.7 ᠲᠦᠮᠡᠨ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠨ᠎ᠦ
ᠳᠤᠮᠳᠠ ᠠᠳᠠᠯᠢ ᠴᠠᠭ ᠲᠸ᠋ ᠠᠳᠠᠯᠢ ᠠᠯᠬᠤᠮ ᠳᠠᠷᠠᠭ᠎ᠠ ᠠᠳᠠᠯᠢ ᠪᠠᠷᠢᠮᠵᠢᠶ᠎ᠠ᠎ᠪᠠᠷ 《ᠵᠢᠵᠢᠭ ᠠᠨᠠᠷ᠎ᠤᠨ ᠦᠷ᠎ᠡ ᠱᠠᠩᠨᠠᠯ᠎ᠤᠨ ᠲᠡᠮᠳᠡᠭ》 ᠢ᠋ ᠴᠢᠷᠮᠠᠢᠨ ᠤᠯᠬᠤ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠵᠦ᠍᠂
ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ᠎ᠢ ᠦᠨᠳᠦᠰᠦᠲᠡᠨ᠎ᠦ ᠪᠦᠯᠬᠦᠮᠳᠡᠯ᠎ᠦᠨ ᠵᠢᠵᠢᠭ ᠠᠨᠠᠷ᠎ᠤᠨ ᠦᠷ᠎ᠡ
ᠪᠣᠯᠬᠤ ᠵᠢ ᠬᠦᠳᠦᠯᠦᠨ ᠵᠢᠯᠣᠭᠣᠳᠪᠠ᠃
ᠥᠪᠡᠷᠲᠡᠭᠡᠨ
ᠵᠠᠰᠠᠬᠤ ᠣᠷᠣᠨ᠎ᠤ ᠪᠠᠭᠠᠴᠤᠳ᠎ᠤᠨ ᠠᠵᠢᠯ᠎ᠤᠨ ᠬᠣᠷᠢᠶ᠎ᠠ 《ᠤᠯᠠᠭᠠᠨ ᠪᠥᠴᠡᠲᠡᠨ ᠨᠠᠮ᠎ᠵᠢᠡᠨ ᠲᠠᠭᠠᠬᠤ》 ᠨᠠᠮ᠎ᠤᠨ ᠲᠡᠤᠬᠡ ᠵᠢᠨ
ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ
ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠥᠷᠨᠢᠭᠦᠯᠬᠦ᠌᠎ᠶ᠋ᠢ ᠭᠣᠣᠯ ᠰᠡᠳᠦᠪᠲᠦ
ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠳᠤ ᠪᠦᠬᠦ᠌ ᠲᠠᠯ᠎ᠠ᠎ᠪᠠᠷ ᠠᠭᠤᠰᠭᠠᠨ᠂ ᠠᠳᠠᠯᠢ ᠪᠤᠰᠤ ᠨᠠᠰᠤᠨ᠎ᠤ
ᠪᠠᠭᠠᠴᠤᠳ ᠬᠡᠦᠬᠡᠳ᠎ᠲᠦ ᠬᠠᠨᠳᠤᠭᠤᠯᠤᠨ 《ᠠᠨᠠᠷ᠎ᠤᠨ ᠦᠷ᠎ᠡ ᠭᠠᠷ ᠭᠠᠷ᠎ᠢᠶᠠᠨ ᠬᠣᠯᠪᠣᠯᠴᠠᠨ ᠰᠡᠳᠭᠢᠯ᠎ᠢᠶᠡᠨ
ᠨᠢᠭᠡᠳᠭᠡᠨ ᠬᠦᠰᠡᠯ ᠵᠡᠭᠦᠳᠦ᠍᠎ᠪᠡᠨ ᠲᠡᠷᠭᠡᠯᠱᠢᠭᠦᠯᠵᠦ᠍ ᠢᠷᠡᠭᠡᠳᠦᠶ ᠵᠦᠭ ᠤᠷᠤᠭ᠍ᠰᠢᠯᠠᠶ᠎ᠠ》᠂ 《ᠦᠨᠳᠦᠰᠦᠲᠡᠨ᠎ᠨᠦᠭᠦᠳ
ᠪᠦᠯᠬᠦᠮᠳᠡᠨ ᠨᠢᠭᠡ ᠭᠡᠷ᠎ᠦᠨ ᠬᠥᠮᠦᠨ ᠮᠡᠲᠤ ᠲᠤᠳᠤᠨᠤ》᠂ 《ᠨᠠᠮ ᠪᠣᠯ ᠨᠡᠷᠡᠨ᠎ᠤ ᠭᠡᠷᠡᠯ᠂ ᠪᠢ ᠪᠣᠯ ᠴᠡᠴᠡᠭ ᠬᠤᠸᠠᠷ
ᠮᠥᠨ》 ᠵᠡᠷᠭᠡ ᠭᠣᠣᠯ ᠰᠡᠳᠦᠪᠲᠦ
ᠠᠩᠭᠢ᠎ᠶ᠋ᠢᠨ ᠡᠳᠦᠷ᠎ᠦᠨ ᠠᠵᠢᠯᠯᠠᠭ᠎ᠠ᠎ᠶ᠋ᠢ ᠥᠷᠭᠡᠨ᠎ᠢᠶᠡᠷ
ᠦᠷᠨᠢᠬᠦᠯᠪᠡ᠃ ᠪᠥᠬᠥ᠌ ᠣᠷᠣᠨ᠎ᠤ ᠡᠯ᠎ᠡ ᠱᠠᠲᠤᠨ᠎ᠤ 《ᠤᠯᠠᠭᠠᠨ ᠪᠥᠴᠡᠲᠡᠨ᠎ᠦ ᠲᠣᠭᠣᠷᠢᠨ ᠲᠠᠢᠯᠪᠤᠷᠢᠯᠠᠬᠤ ᠪᠦᠯᠬᠦᠮ》 ᠢ᠋ ᠵᠣᠬᠢᠶᠠᠨ ᠪᠠᠢᠭᠤᠯᠵᠤ᠂
ᠨᠠᠮ᠎ᠤᠨ ᠥᠯᠢᠭᠡᠷ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠪᠠᠭᠠᠴᠤᠳ᠎ᠤᠨ ᠬᠣᠱᠢᠭᠤᠴᠢ
ᠠᠩᠭᠢᠳ᠋ᠤ ᠤᠯᠠᠮᠵᠢᠯᠠᠵᠤ᠂ ᠥᠷᠭᠡᠨ ᠣᠯᠠᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠤᠬᠠᠮᠰᠠᠷ ᠡᠴᠡ ᠪᠠᠨ
ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠶ᠋ᠢ ᠮᠡᠳᠡᠷᠡᠵᠦ᠍᠂ ᠨᠠᠮ᠎ᠢᠶᠠᠨ ᠳᠠᠭᠠᠵᠤ ᠶᠠᠪᠤᠬᠤ᠎ᠶ᠋ᠢ ᠬᠥᠮᠦᠵᠢᠭᠦᠯᠦᠨ
ᠵᠢᠯᠣᠭᠣᠳᠪᠠ᠃
《〈ᠵᠢᠵᠢᠭ ᠠᠨᠠᠷ᠎ᠤᠨ ᠦᠷᠡᠱᠠᠩᠨᠠᠯᠤᠨ
ᠲᠡᠮᠳᠡᠭ〉 ᠢ᠋ ᠴᠢᠷᠮᠠᠢᠨ ᠤᠯᠬᠤ
ᠶᠠᠪᠤᠴᠠ᠎ᠳᠤ᠂ ᠪᠢ 〈ᠲᠠᠯ᠎ᠠ ᠨᠤᠲᠤᠭ᠎ᠤᠨ
ᠡᠵᠢ〉 ᠲᠦᠬᠦᠢᠮᠠ ᠵᠢᠨ ᠦᠯᠢᠭᠡᠷ᠎ᠢ
ᠰᠤᠨᠤᠰᠤᠭᠠᠳ ᠮᠠᠰᠢ ᠰᠡᠳᠭᠢᠯ ᠬᠥᠳᠡᠯᠦᠭᠰᠡᠨ ᠡ᠃ ᠤᠯᠠᠭᠠᠨ ᠪᠥᠴᠡᠲᠡᠨ᠎ᠦ ᠲᠠᠢᠯᠪᠤᠷᠢᠯᠠᠭ᠍ᠴᠢ ᠪᠣᠯᠤᠭ᠍ᠰᠠᠨ᠎ᠤ
ᠬᠤᠪᠢ᠎ᠳᠤ᠂ ᠡᠨᠡ ᠦᠯᠢᠭᠡᠷ᠎ᠢ ᠪᠢ ᠪᠢᠴᠢᠬᠠᠨ ᠨᠠᠢᠵᠠ᠎ᠨᠠᠷ᠎ᠲᠠᠭᠠᠨ ᠶᠠᠷᠢᠵᠤ ᠥᠭ᠌ᠭᠦᠨ᠎ᠡ᠃ ᠲᠡᠷᠡ ᠬᠦ᠌ ᠬᠦᠴᠢᠷ
ᠪᠡᠷᠬᠡᠱᠢᠶᠡᠯ᠎ᠲᠡᠶ ᠴᠠᠭ ᠦᠶ᠎ᠡ᠎ᠳᠦ᠂ ᠭᠠᠭ᠍ᠴᠠᠭᠠᠷ᠎ᠢᠶᠠᠨ 28 〈ᠤᠯᠤᠰ᠎ᠤᠨ ᠬᠡᠦᠬᠡᠳ〉 ᠢ᠋ ᠠᠰᠠᠷᠠᠨ ᠲᠡᠵᠢᠭᠡᠬᠦ᠌
ᠨᠢ ᠦᠨᠡᠬᠡᠷ ᠠᠮᠠᠷ ᠦᠭᠡᠢ ᠤᠴᠢᠷ ᠭᠡᠵᠦ᠍ ᠤᠯᠠᠨ᠎ᠢᠶᠠᠷ᠎ᠢᠶᠠᠨ
ᠬᠡᠯᠡᠵᠡᠬᠡᠨᠡ᠃ ᠬᠡᠦᠬᠡᠳ᠎ᠦᠳ᠎ᠦᠨ ᠡᠳᠦᠷ ᠪᠦᠷᠢ ᠵᠢᠨ ᠱᠢᠮ᠎ᠡ ᠲᠡᠵᠢᠭᠡᠯ᠎ᠢ ᠪᠠᠲᠤᠯᠠᠬᠤ᠎ᠶ᠋ᠢᠨ ᠲᠥᠯᠥᠭᠡ᠂ ᠲᠡᠷᠡ ᠥᠪᠡᠷ᠎ᠦᠨ ᠤᠨᠤᠭᠠᠨᠦ ᠮᠣᠷᠢ
ᠪᠣᠯᠤᠨ ᠬᠠᠮᠤᠭ᠎ᠤᠨ ᠬᠣᠪᠣᠷ ᠨᠠᠨᠳᠢᠨ ᠵᠠᠰᠠᠯ ᠵᠢᠮᠰᠡᠭ᠎ᠢᠶᠡᠨ ᠬᠤᠳᠠᠯᠳᠤᠵᠤ ᠰᠠᠭᠠᠯᠢ᠎ᠶ᠋ᠢᠨ ᠦᠨᠢᠶᠡᠰᠤᠯᠢᠭᠰᠠᠨ
ᠬᠡᠳᠡᠭ᠃ ᠡᠨᠡ ᠪᠣᠯ ᠡᠷᠬᠢᠮ ᠳᠡᠭᠡᠳᠦ ᠡᠬᠡ᠎ᠶ᠋ᠢᠨ ᠬᠠᠢᠷ᠎ᠠ ᠮᠥᠨ᠂ ᠨᠡᠩ ᠴᠤ᠌ ᠦᠨᠳᠦᠰᠦᠲᠡᠨ᠎ᠦ ᠶᠡᠬᠡ ᠬᠠᠢᠷ᠎ᠠ
ᠮᠥᠨ》 ᠭᠡᠵᠦ᠍ ᠱᠢᠯᠢ᠎ᠶ᠋ᠢᠨ
ᠭᠣᠣᠯ ᠠᠢᠮᠠᠭ᠎ᠤᠨ ᠡᠷᠢᠶᠡᠨ ᠬᠣᠲᠠ᠎ᠶ᠋ᠢᠨ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠰᠤᠷᠤᠬᠴᠢ ᠭᠦᠸᠧ ᠶᠠᠨ ᠶᠠᠩ
ᠭᠦᠨ ᠰᠡᠳᠭᠢᠯᠭᠡ᠎ᠲᠡᠶ ᠬᠡᠯᠡᠵᠦ ᠪᠠᠢᠯ᠎ᠠ᠃
《〈 ᠵᠢᠵᠢᠭ ᠠᠨᠠᠷ᠎ᠤᠨ ᠦᠷ᠎ᠡ
ᠱᠠᠩᠨᠠᠯ᠎ᠤᠨ ᠲᠡᠮᠳᠡᠭ〉 ᠢ᠋ ᠬᠠᠮᠲᠤ ᠪᠠᠷ ᠴᠢᠷᠮᠠᠢᠨ ᠤᠯᠬᠤ ᠶᠠᠪᠤᠴᠠ᠎ᠳᠤ᠂ ᠭᠡᠱᠢᠭᠦᠳ᠎ᠦᠨ
ᠢᠳᠡᠪᠬᠢᠵᠢᠯ ᠮᠠᠰᠢ ᠥᠨᠳᠥᠷ ᠪᠠᠢᠵᠤ᠂ ᠬᠤᠷᠠᠯ᠎ᠤᠨ ᠴᠠᠭ᠎ᠢ ᠠᠱᠢᠭ᠍ᠯᠠᠬᠤ᠎ᠠᠴᠠ ᠭᠠᠳᠠᠨ᠎ᠠ᠂ ᠪᠠᠰᠠ ᠤᠯᠤᠰ᠎ᠤᠨ ᠲᠤᠭ᠎ᠤᠨ
ᠳᠣᠣᠷᠠᠬᠢ ᠶᠠᠷᠢᠶ᠎ᠠ ᠢᠯᠡᠳᠭᠡᠯ᠂ ᠥᠷᠯᠥᠭᠡ᠎ᠶ᠋ᠢᠨ ᠤᠩᠱᠢᠯᠭ᠎ᠠ᠎ᠡᠴᠡ ᠡᠮᠦᠨᠡᠬᠢ 5 ᠮᠢᠨᠦ᠋ᠲ᠎ᠲᠦ ᠣᠯᠤᠯᠲᠠ ᠲᠦᠷᠦᠭ᠌ᠳᠡᠯ᠎ᠢᠶᠡᠨ ᠬᠤᠪᠢᠶᠠᠯᠴᠠᠬᠤ ᠵᠡᠷᠭᠡ ᠠᠵᠢᠯᠯᠠᠭ᠎ᠠ
ᠥᠷᠨᠢᠬᠥᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ
ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠ》 ᠭᠡᠵᠦ᠍ ᠬᠢᠩᠭᠠᠨ ᠠᠢᠮᠠᠭ᠎ᠤᠨ
ᠬᠣᠩ ᠴᠧᠩ ᠪᠠᠭ᠎ᠠ ᠰᠤᠷᠭᠠᠭᠤᠯᠢ᠎ᠶ᠋ᠢᠨ ᠶᠡᠬᠡ ᠠᠩᠬᠢ᠎ᠶ᠋ᠢᠨ ᠬᠠᠪᠰᠤᠷᠤᠨ ᠵᠢᠯᠤᠭᠤᠳᠤᠬ᠍ᠴᠢ ᠱᠢᠨ ᠷᠦᠩ ᠬᠡᠯᠡᠪᠡ᠃
ᠥᠪᠡᠷᠲᠡᠭᠡᠨ
ᠵᠠᠰᠠᠬᠤ ᠣᠷᠣᠨ᠎ᠤ ᠪᠠᠭᠠᠴᠤᠳ᠎ᠤᠨ ᠠᠵᠢᠯ᠎ᠤᠨ ᠬᠤᠷᠢᠶ᠎ᠠ 《ᠬᠣᠶᠠᠷ᠎ᠢ ᠬᠦᠩᠭᠡᠷᠡᠭᠦᠯᠬᠦ》ᠲᠥᠷᠥ᠎ᠶ᠋ᠢᠨ ᠪᠣᠳᠣᠯᠭ᠎ᠠ᠎ᠶ᠋ᠢᠨ
ᠠᠵᠠ ᠲᠣᠬᠢᠶᠠᠯ᠎ᠢ ᠠᠮᠵᠢᠵᠤ᠂ 《ᠠᠵᠢᠯᠯᠠᠭ᠎ᠠ + ᠪᠡᠶᠡᠳᠡᠨ ᠣᠢᠯᠠᠭᠠᠬᠤ 》 ᠠᠭᠤᠰᠤᠯᠴᠠᠭ᠍ᠰᠠᠨ ᠬᠡᠯᠪᠡᠷᠢ᠂
ᠱᠠᠲᠤᠯᠢᠭ ᠬᠡᠯᠪᠡᠷᠢ᠎ᠶ᠋ᠢᠨ ᠦᠰᠦᠨ ᠪᠣᠢᠵᠢᠯᠲᠠ᠎ᠶ᠋ᠢ ᠤᠷᠮᠠᠱᠢᠭᠤᠯᠬᠤ ᠱᠢᠰᠲᠸᠮ᠎ᠢ ᠪᠠᠢᠭᠤᠯᠵᠤ᠂ ᠰᠤᠷᠭᠠᠭᠤᠯᠢ᠎ᠶ᠋ᠢᠨ
ᠳᠣᠲᠣᠨ᠎ᠠ ᠭᠠᠳᠠᠨᠠᠬᠢ ᠦᠢᠯᠡᠳᠦᠯᠭᠡ᠎ᠶ᠋ᠢᠨ ᠬᠥᠮᠦᠵᠢᠯ᠎ᠦᠨ ᠰᠠᠭᠤᠷᠢᠨ᠂ ᠨᠡᠢᠭᠡᠮ ᠲᠣᠭᠣᠷᠢᠭ᠎ᠤᠨ ᠪᠠᠭᠠᠴᠤᠳ᠎ᠤᠨ
ᠠᠵᠢᠯ᠎ᠤᠨ ᠵᠥᠪᠯᠡᠯ᠂ ᠵᠠᠯᠠᠭᠤᠴᠤᠳ ᠪᠠᠭᠠᠴᠤᠳ᠎ᠤᠨ ᠣᠷᠳᠣᠨ᠂ ᠵᠠᠯᠠᠭᠤᠴᠤᠳ ᠪᠠᠭᠠᠴᠤᠳ᠎ᠤᠨ ᠠᠵᠢᠯᠯᠠᠭ᠎ᠠ᠎ᠶ᠋ᠢᠨ
ᠲᠥᠪ ᠵᠡᠷᠭᠡ ᠰᠤᠷᠭᠠᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠲᠤ ᠲᠦᠱᠢᠭ᠌ᠯᠡᠨ᠂ ᠠᠳᠠᠯᠢ ᠪᠤᠰᠤ ᠵᠠᠯᠠᠭᠤᠴᠤᠳ
ᠪᠠᠭᠠᠴᠤᠳ᠎ᠲᠤ ᠴᠢᠭ᠌ᠯᠡᠭᠦᠯᠦᠨ ᠬᠤᠪᠢᠰᠭᠠᠯ᠎ᠤᠨ ᠤᠯᠠ ᠮᠥᠷ᠎ᠢ ᠰᠤᠷᠪᠤᠯᠵᠢᠯᠠᠬᠤ᠂ ᠤᠷᠠᠯᠢᠭ᠎ᠤᠨ ᠦᠵᠡᠭᠦᠯᠭᠡ ᠲᠤᠭᠯᠠᠯᠳᠠ
ᠰᠤᠨᠢᠷᠬᠠᠬᠤ᠂ 《ᠭᠠᠷ ᠭᠠᠷ᠎ᠢᠶᠠᠨ ᠬᠣᠯᠪᠣᠯᠴᠠᠬᠤ》᠂ ᠲᠣᠭᠣᠷᠢᠨ ᠦᠵᠡᠵᠦ᠍
ᠪᠡᠶᠡᠳᠡᠨ ᠣᠢᠯᠠᠭᠠᠬᠤ ᠵᠡᠷᠭᠡ ᠨᠡᠢᠭᠡᠮ᠎ᠦᠨ ᠦᠢᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠵᠦ᠍᠂ ᠪᠠᠭᠠᠴᠤᠳ᠎ᠤᠨ
ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠪᠠᠬᠠᠷᠬᠠᠯ᠎ᠢ ᠶᠡᠬᠡᠳᠡ ᠣᠯᠤᠭ᠍ᠰᠠᠨ ᠪᠠᠢᠨ᠎ᠠ᠃ ᠳᠤᠮᠳᠠᠳᠤ᠎ᠶ᠋ᠢᠨ ᠦᠨᠳᠦᠰᠦᠲᠡᠨ᠎ᠦ
ᠤᠯᠠᠮᠵᠢᠯᠠᠯᠲᠤ ᠪᠠᠶᠠᠷ ᠲᠤᠷᠠᠰᠬᠠᠯ ᠤᠨ ᠡᠳᠦᠷ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ
ᠰᠠᠷ᠎ᠠ ᠵᠡᠷᠭᠡ ᠴᠢᠬᠤᠯᠠ ᠴᠠᠭ ᠬᠤᠭᠤᠴᠠᠭ᠎ᠠ᠎ᠶ᠋ᠢ ᠠᠱᠢᠭ᠍ᠯᠠᠨ ᠶᠣᠰᠣᠯᠠᠯ᠎ᠤᠨ ᠬᠥᠮᠦᠵᠢᠯ᠎ᠢ ᠥᠷᠨᠢᠭᠦᠯᠵᠦ᠍᠂ ᠪᠠᠭᠠᠴᠤᠳ᠎ᠤᠨ
ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ
ᠪᠠ ᠦᠨᠳᠦᠰᠦᠲᠡᠨ᠎ᠦ ᠪᠦᠯᠬᠦᠮᠳᠡᠯ᠎ᠦᠨ ᠤᠬᠠᠮᠰᠠᠷ᠎ᠢ ᠲᠠᠰᠤᠷᠠᠯᠲᠠ ᠥᠬᠡᠶ ᠬᠥᠭ᠌ᠵᠢᠭᠡᠪᠠ᠃
《ᠭᠣᠣᠯ ᠰᠡᠳᠦᠪᠲᠦ ᠠᠩᠬᠢ᠎ᠶ᠋ᠢᠨ
ᠬᠤᠷᠠᠯ ᠳᠡᠭᠡᠷ᠎ᠡ᠂ ᠪᠠᠭ᠍ᠰᠢ ᠪᠢᠳᠡᠨ᠎ᠳᠦ᠂ ᠠᠨᠠᠷ ᠤᠯᠠᠨ ᠦᠷ᠎ᠡ᠎ᠲᠡᠶ᠂ ᠨᠢᠭᠡ ᠨᠢᠭᠡ ᠪᠡᠷ᠎ᠢᠶᠡᠨ ᠲᠠᠪᠠᠷᠢᠯᠴᠠᠵᠦ᠂
ᠬᠡᠨ ᠠᠯᠢᠨ ᠡᠴᠡ᠎ᠪᠡᠨ ᠰᠠᠯᠵᠤ ᠴᠢᠳᠠᠬᠤ ᠦᠭᠡᠢ ᠪᠦᠬᠦᠯᠢ ᠴᠣᠭ᠍ᠴᠠ ᠮᠥᠨ᠂ ᠪᠢ ᠦᠨᠳᠦᠰᠦᠲᠡᠨ᠎ᠦ ᠪᠦᠯᠬᠦᠮᠳᠡᠯ᠎ᠦᠨ
ᠴᠢᠬᠤᠯᠠ ᠠᠴᠢ ᠬᠣᠯᠪᠣᠭ᠍ᠳᠠᠯ᠎ᠢ ᠦᠨᠡᠨ ᠬᠦ᠌ ᠮᠡᠳᠡᠷᠡᠵᠡᠢ》 ᠭᠡᠵᠦ᠍ ᠬᠥᠬᠡᠬᠣᠲᠠ᠎ᠶ᠋ᠢᠨ ᠶᠡᠬᠡ ᠰᠤᠷᠭᠠᠭᠤᠯᠢ ᠵᠠᠮ᠎ᠤᠨ
ᠪᠠᠭ᠎ᠠ ᠰᠤᠷᠭᠠᠭᠤᠯᠢ᠎ᠶ᠋ᠢᠨ ᠰᠤᠷᠤᠬᠴᠢ ᠯᠢᠦ ᠵᠢᠩ ᠬᠠᠨ ᠥᠪᠡᠷ᠎ᠦᠨ ᠲᠥᠷᠥᠭ᠌ᠳᠡᠯ᠎ᠢᠶᠡᠨ ᠬᠤᠪᠢᠶᠠᠯᠴᠠᠯ᠎ᠠ᠃
ᠬᠥᠬᠡᠬᠣᠲᠠ᠎ᠶ᠋ᠢᠨ
ᠰᠠᠢᠬᠠᠨ ᠲᠣᠭᠣᠷᠢᠭ᠎ᠤᠨ ᠦᠨᠳᠦᠰᠦᠲᠡᠨ᠎ᠦ ᠪᠠᠭ᠎ᠠ ᠰᠤᠷᠭᠠᠭᠤᠯᠢ᠎ᠶ᠋ᠢᠨ ᠰᠤᠷᠤᠬᠴᠢ ᠳ᠋ᠤᠸᠠᠨ ᠶᠠ ᠴᠢ᠄《ᠮᠢᠨᠦ᠍ ᠵᠢᠷᠤᠬᠰᠠᠨ〈ᠦᠨᠳᠦᠰᠦᠲᠡᠨ ᠨᠤᠬᠦᠳᠪᠦᠯᠬᠦᠮᠳᠡᠨ
ᠨᠢᠭᠡ ᠬᠡᠷ᠎ᠤᠨ ᠬᠦᠮᠦᠨ ᠮᠡᠲᠦ ᠲᠤᠳᠤᠨᠤ〉 ᠬᠡᠬᠦ ᠭᠠᠷ ᠪᠢᠴᠢᠮᠡᠯ ᠰᠤᠨᠢᠨ ᠱᠢᠯᠢᠳᠡᠭ ᠪᠦᠲᠦᠭᠡᠯ
ᠵᠢᠡᠷ ᠰᠤᠩᠭᠤᠬᠳᠠᠵᠤ᠂ ᠤᠯᠠᠭᠠᠨ ᠪᠥᠴᠡᠲᠡᠨ᠎ᠦ ᠭᠣᠸ᠋ᠯ ᠰᠡᠳᠦᠪᠲᠦ ᠭᠠᠵᠠᠷ ᠳᠣᠸ᠋ᠷᠠᠬᠢ ᠲᠡᠮᠦᠷ ᠵᠠᠮ᠎ᠤᠨ ᠥᠷᠲᠡᠭᠡᠨ᠎ᠳᠦ
ᠲᠡᠯᠭᠡᠭᠳᠡᠵᠦ ᠪᠠᠢᠨ᠎ᠠ᠂ ᠲᠠ᠎ᠨᠠᠷ ᠵᠠᠪᠠᠯ ᠣᠴᠢᠵᠤ ᠦᠵᠡᠭᠡᠷᠡᠶ》 ᠭᠡᠵᠦ᠍ ᠪᠠᠶᠠᠷᠲᠠᠶᠬᠡᠯᠡᠨᠡ᠃
ᠥᠪᠡᠷᠲᠡᠭᠡᠨ
ᠵᠠᠰᠠᠬᠤ ᠣᠷᠣᠨ᠎ᠤ ᠪᠠᠭᠠᠴᠤᠳ᠎ᠤᠨ ᠠᠵᠢᠯ᠎ᠤᠨ ᠬᠤᠷᠢᠶ᠎ᠠ᠎ᠡᠴᠡ ᠬᠥᠮᠦᠨ ᠪᠣᠯᠭᠠᠨ ᠬᠡᠷᠡᠭ᠌ᠵᠢᠭᠦᠯᠵᠦ᠍ ᠪᠣᠯᠬᠤ᠂
ᠡᠳᠦᠷ ᠪᠣᠯᠭᠠᠨ ᠬᠢᠵᠦ᠍ ᠲᠡᠢᠯᠬᠦ᠂ ᠱᠠᠲᠤ ᠱᠠᠲᠤ᠎ᠪᠠᠷ ᠳᠠᠪᠱᠢᠬᠤ 《ᠨᠠᠢ᠍ᠮᠠᠨ ᠨᠢᠭᠡ》 ᠶ᠋ᠢᠨ ᠬᠠᠷᠠᠯᠲᠠ᠎ᠶ᠋ᠢ ᠰᠤᠳᠤᠯᠤᠨ
ᠲᠣᠭ᠍ᠲᠠᠭᠠᠵᠤ᠂ 《ᠳᠤᠷ᠎ᠠ ᠰᠣᠨᠢᠷᠬᠠᠯ᠎ᠢᠶᠠᠷ ᠳᠠᠢᠴᠢᠯᠠᠬᠤ + ᠡᠭᠦᠷᠭᠡ᠎ᠪᠡᠷ
ᠬᠥᠳᠡᠯᠭᠡᠬᠦ》 ᠬᠡᠯᠪᠡᠷᠢ ᠪᠡᠷ ᠪᠠᠭᠠᠴᠤᠳ᠎ᠤᠨ
ᠬᠣᠱᠢᠭᠤᠴᠢ ᠠᠩᠭᠢ᠎ᠶ᠋ᠢᠨ ᠭᠡᠱᠢᠭᠦᠳ᠎ᠢ ᠬᠥᠲᠥᠯᠥᠨ ᠵᠢᠯᠣᠭᠣᠳᠴᠤ᠌᠂ 《ᠳᠤᠮᠳᠠᠳᠤ᠎ᠶ᠋ᠢᠨ ᠦᠨᠳᠦᠰᠦᠲᠡᠨ ᠨᠤᠬᠦᠳ ᠨᠢᠭᠡ ᠭᠡᠷ᠎ᠦᠨ
ᠬᠥᠮᠦᠨ ᠮᠡᠲᠦ ᠲᠤᠳᠤᠨᠤ》 ᠭᠣᠣᠯ ᠰᠡᠳᠦᠪᠲᠦ ᠠᠩᠭᠢ᠎ᠶ᠋ᠢᠨ
ᠬᠤᠷᠠᠯ᠎ᠳᠤ ᠣᠷᠣᠯᠴᠠᠭᠤᠯᠬᠤ᠂ ᠦᠨᠳᠦᠰᠦᠲᠡᠨ᠎ᠦ ᠪᠦᠯᠬᠦᠮᠳᠡᠯ᠎ᠦᠨ
ᠦᠯᠢᠭᠡᠷ ᠶᠠᠷᠢᠬᠤ᠂ 《ᠭᠠᠷ ᠭᠠᠷ᠎ᠢᠶᠠᠨ ᠬᠣᠯᠪᠣᠯᠴᠠᠬᠤ》᠂ ᠦᠨᠳᠦᠰᠦᠲᠡᠨ᠎ᠦ ᠪᠦᠯᠬᠦᠮᠳᠡᠯ᠎ᠦᠨ ᠭᠠᠷ ᠪᠢᠴᠢᠮᠡᠯ ᠰᠣᠨᠢᠨ ᠪᠤᠶᠤ ᠤᠷᠠᠨ ᠵᠢᠷᠤᠭ
ᠤᠷᠠᠨ ᠪᠢᠴᠢᠯᠭᠡ᠎ᠶ᠋ᠢᠨ ᠪᠦᠲᠦᠭᠡᠯ ᠵᠣᠬᠢᠶᠠᠬᠤ᠂ ᠳᠤᠮᠳᠠᠳᠤ᠎ᠶ᠋ᠢᠨ ᠱᠢᠯᠢᠳᠡᠭ ᠳᠠᠭᠤᠤ᠎ᠶ᠋ᠢ ᠰᠤᠷᠴᠤ᠌ ᠳᠠᠭᠤᠯᠠᠬᠤ᠂
ᠳᠤᠮᠳᠠᠳᠤ᠎ᠶ᠋ᠢᠨ ᠱᠢᠯᠢᠳᠡᠭ ᠱᠢᠯᠦᠭ ᠳᠠᠭᠤᠯᠠᠯ᠎ᠢ ᠤᠩᠱᠢᠬᠤ᠂ ᠬᠤᠪᠢᠰᠭᠠᠯᠲᠤ ᠺᠢᠨᠣ᠋ ᠦᠵᠡᠬᠦ᠌᠂ ᠮᠡᠳᠡᠯᠭᠡ᠎ᠶ᠋ᠢᠨ
ᠱᠢᠯᠭᠠᠯᠲᠠ᠎ᠶ᠋ᠢᠨ ᠬᠠᠭᠤᠳᠠᠰᠤ᠎ᠶ᠋ᠢ ᠪᠡᠶᠡᠯᠡᠭᠦᠯᠬᠦ᠌ ᠵᠡᠷᠭᠡ ᠶᠠᠪᠤᠴᠠ᠎ᠳᠤ ᠳᠤᠮᠳᠠᠳᠤ᠎ᠶ᠋ᠢᠨ ᠦᠨᠳᠦᠰᠦᠲᠡᠨ᠎ᠦ
ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ᠎ᠦᠨ
ᠰᠡᠳᠭᠢᠯ᠎ᠳ᠋ᠤ ᠭᠦᠨ ᠬᠠᠳᠠᠩᠰᠢᠭᠤᠯᠪᠠ᠃
《〈 ᠵᠢᠵᠢᠭ ᠠᠨᠠᠷ᠎ᠤᠨ ᠦᠷ᠎ᠡ ᠱᠠᠩᠨᠠᠯ᠎ᠤᠨ ᠲᠡᠮᠳᠡᠭ〉 ᠢ ᠴᠢᠷᠮᠠᠢᠨ ᠤᠯᠬᠤ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂
ᠰᠤᠷᠭᠠᠭᠤᠯᠢ ᠨᠤᠭᠤᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠪᠠᠷ
ᠭᠣᠸ᠋ᠯ ᠱᠢᠵᠢᠮ ᠪᠣᠯᠭᠠᠵᠤ᠂ ᠭᠣᠸ᠋ᠯ ᠰᠡᠳᠦᠪ ᠨᠢ ᠢᠯᠡ ᠲᠣᠳᠣ᠂ ᠬᠡᠯᠪᠡᠷᠢ ᠮᠠᠶᠢᠭ ᠨᠢ ᠣᠯᠠᠨ ᠶᠠᠩᠵᠤ᠎ᠶ᠋ᠢᠨ ᠬᠥᠮᠦᠵᠢᠯ
ᠦᠶ᠋ᠯᠡᠳᠦᠯᠭᠡ ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ ᠠᠵᠢᠯ᠎ᠤᠨ ᠲᠠᠯ᠎ᠠ᠎ᠪᠠᠷ 〈ᠬᠡᠯᠪᠡᠷᠢ ᠳᠦᠷᠰᠦ᠎ᠲᠡᠶ〉 ᠪᠠᠢᠬᠤ᠎ᠶ᠋ᠢ ᠪᠡᠶᠡᠯᠡᠭᠦᠯᠪᠡ; ᠠᠳᠠᠯᠢ ᠪᠤᠰᠤ ᠨᠠᠰᠤᠨ᠎ᠤ
ᠬᠥᠮᠦᠰ᠎ᠦᠨ ᠣᠨᠴᠠᠯᠢᠭᠲᠤ ᠴᠢᠭ᠌ᠯᠡᠭᠦᠯᠦᠨ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠦᠵᠡᠵᠦ᠍
ᠰᠣᠨᠣᠰᠭᠤ ᠳᠤᠷᠠᠲᠠᠶ᠂ ᠣᠷᠣᠯᠴᠠᠬᠤ ᠳᠤᠷᠠᠲᠠᠶ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠨᠢᠭᠦᠯᠬᠦ᠌᠎ᠳᠦ
ᠭᠡᠱᠢᠭᠦᠳ ᠢᠳᠡᠪᠬᠢᠲᠡᠶ ᠣᠷᠣᠯᠴᠠᠵᠤ᠂ ᠪᠦᠬᠦ᠌ ᠰᠡᠳᠭᠢᠯ᠎ᠢᠶᠡᠷ ᠢᠶᠡᠨ ᠣᠷᠣᠯᠴᠠᠵᠤ᠂ ᠠᠵᠢᠯ᠎ᠤᠨ ᠲᠠᠯ᠎ᠠ᠎ᠪᠠᠷ
〈ᠰᠡᠳᠭᠢᠭ᠌ᠳᠡᠯᠲᠡᠶ〉 ᠪᠠᠢᠬᠤ᠎ᠶ᠋ᠢ ᠪᠡᠶᠡᠯᠡᠭᠦᠯᠪᠠ; 〈ᠭᠤᠷᠪᠠ᠎ᠶ᠋ᠢ ᠦᠨᠡᠯᠡᠵᠦ᠍
ᠨᠢᠭᠡ᠎ᠶ᠋ᠢ ᠡᠷᠬᠢᠮᠯᠡᠬᠦ᠌〉 ᠵᠢ ᠭᠦᠢᠴᠡᠳ ᠠᠱᠢᠭ᠍ᠯᠠᠵᠤ᠂
ᠪᠠᠭᠠᠴᠤᠳ᠎ᠤᠨ ᠬᠤᠰᠢᠭᠤᠴᠢ ᠠᠩᠬᠢ ᠵᠢᠨ ᠭᠡᠱᠢᠭᠦᠳ᠎ᠦᠨ ᠰᠤᠷᠭᠠᠭᠤᠯᠢ᠂ ᠭᠡᠷ ᠪᠦᠯᠢ᠂ ᠨᠡᠢᠭᠡᠮ᠎ᠳᠡᠬᠢ ᠡᠳᠦᠷ ᠳᠤᠳᠤᠮ᠎ᠤᠨ
ᠠᠮᠢᠳᠤᠷᠠᠯ᠎ᠢ ᠪᠦᠲᠦᠮᠵᠢᠲᠡᠢ ᠲᠡᠮᠳᠡᠭ᠌ᠯᠡᠵᠦ᠍᠂ ᠨᠡᠢᠲᠡᠯᠢᠭ ᠵᠢᠱ᠌ᠢᠢ᠎ᠡ ᠪᠡᠷ ᠬᠦᠳᠦᠯᠦᠨ ᠳᠠᠭᠠᠭᠤᠯᠬᠤ᠎ᠶ᠋ᠢ
ᠴᠢᠩᠭᠠᠳᠭᠠᠵᠤ᠂ ᠠᠵᠢᠯ᠎ᠤᠨ ᠲᠠᠯ᠎ᠠ᠎ᠪᠠᠷ〈ᠪᠦᠲᠦᠮᠵᠢᠲᠡᠢ〉ᠪᠠᠢᠬᠤ᠎ᠶ᠋ᠢ ᠪᠡᠶᠡᠯᠡᠭᠦᠯᠵᠦ᠍᠂
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠰᠡᠳᠭᠢᠯ᠎ᠳᠡᠭᠡᠨ
ᠬᠠᠳᠠᠩᠰᠢᠭᠤᠯᠵᠤ ᠦᠢᠯᠡ ᠠᠵᠢᠯᠯᠠᠭ᠎ᠠ ᠳᠠᠭᠠᠨ ᠢᠯᠡᠷᠡᠬᠦᠯᠵᠡᠢ》 ᠭᠡᠵᠦ᠍ ᠪᠠᠶᠠᠨᠨᠠᠭᠤᠷ ᠬᠤᠳᠠ᠎ᠶ᠋ᠢᠨ ᠯᠢᠨᠾᠧ ᠲᠣᠭᠣᠷᠢᠭ᠎ᠤᠨ
ᠨᠠᠢ᠍ᠮᠠᠳᠤᠭᠠᠷ ᠪᠠᠭ᠎ᠠ ᠰᠤᠷᠭᠠᠭᠤᠯᠢ᠎ᠶ᠋ᠢᠨ ᠵᠠᠬᠢᠷᠤᠯ᠂ ᠪᠠᠭᠠᠴᠤᠳ᠎ᠤᠨ ᠠᠵᠢᠯ᠎ᠤᠨ ᠵᠥᠪᠯᠡᠯ᠎ᠦᠨ ᠡᠷᠬᠢᠯᠡᠭ᠌ᠴᠢ
ᠸᠠᠩ ᠬᠠᠢ ᠮᠢᠩ ᠬᠡᠯᠡᠪᠡ᠃
ᠳᠠᠷᠠᠭᠠᠴᠢ᠎ᠶ᠋ᠢᠨ
ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ
ᠠᠵᠢᠯ᠎ᠤᠨ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠪᠠᠷ
ᠭᠣᠣᠯ ᠱᠢᠵᠢᠮ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨ ᠭᠦᠨᠵᠡᠭᠡᠢ
ᠥᠷᠨᠢᠭᠦᠯᠵᠦ᠍᠂ 《ᠨᠠᠮ᠎ᠤᠨ ᠬᠣᠷᠢᠳᠤᠭᠠᠷ
ᠶᠡᠬᠡ ᠬᠤᠷᠠᠯ᠎ᠢ ᠪᠠᠶᠠᠷᠯᠠᠨ ᠤᠭ᠍ᠲᠤᠵᠤ ᠰᠢᠯᠢᠳᠡᠭ ᠪᠠᠭᠠᠴᠤᠳ᠎ᠤᠨ ᠬᠤᠰᠢᠭᠤᠴᠢ ᠠᠩᠬᠢ ᠵᠢᠨ ᠭᠡᠱᠢᠭᠦᠨ ᠪᠣᠯᠬᠤ᠎ᠪᠠᠷ
ᠴᠢᠷᠮᠠᠢᠬᠤ》᠂ 《ᠤᠯᠠᠭᠠᠨ ᠪᠥᠴᠡᠲᠡᠨ᠎ᠦ
ᠲᠠᠢᠯᠪᠤᠷᠢᠯᠠᠭ᠍ᠴᠢ》 ᠵᠢᠨ ᠤᠷᠤᠯᠳᠤᠭᠠᠨ᠂ 《ᠪᠠᠭᠠᠴᠤᠳ᠎ᠤᠨ ᠬᠣᠱᠢᠭᠤᠴᠢ
ᠠᠩᠬᠢ᠎ᠶ᠋ᠢᠨ ᠭᠣᠣᠯᠯᠠᠭ᠍ᠴᠢ ᠬᠦᠴᠦᠨ》 ᠤ᠋ ᠪᠣᠯᠪᠠᠰᠤᠷᠠᠯ᠎ᠤᠨ ᠠᠩᠬᠢ᠂《ᠠᠭᠤᠰᠤᠯᠴᠠᠯ᠎ᠤᠨ ᠬᠤᠸᠠᠷᠠᠨ》᠎ᠤ᠋ ᠭᠣᠣᠯ ᠰᠡᠳᠦᠪᠲᠦ ᠵᠤᠰᠠᠯᠠᠩᠵᠡᠷᠭᠡᠪᠡᠷ
ᠠᠴᠢᠶᠠᠯᠠᠪᠤᠷᠢ ᠪᠣᠯᠭᠠᠵᠤ᠂ 《ᠵᠢᠵᠢᠭ ᠠᠨᠠᠷ᠎ᠤᠨ ᠦᠷᠡᠱᠠᠩᠨᠠᠯᠤᠨ
ᠲᠡᠮᠳᠡᠭ》 ᠢ᠋ ᠴᠢᠷᠮᠠᠢᠨ ᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠤᠨ᠎ᠠ᠃
(ᠡᠬᠡ ᠪᠢᠴᠢᠭ᠎ᠢ ᠥᠪᠡᠷᠲᠡᠭᠡᠨ
ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠬᠠᠩᠭᠠᠪᠠ)