ᠤᠯᠤᠰ ᠤ᠋ᠨ ᠨᠢᠭᠡᠳᠦᠯᠳᠡᠢ ᠰᠢᠯᠭᠠᠯᠳᠠ ᠳ᠋ᠤ ᠬᠤᠯᠪᠤᠬᠳᠠᠬᠰᠠᠨ ᠮᠡᠬᠡᠯᠡᠯ᠎ᠢ ᠰᠡᠷᠡᠮᠵᠢᠯᠡᠬᠡᠷᠡᠢ !
2022-06-20 10:07:58
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠷᠢᠳᠴᠢᠯᠠᠨ ᠬᠤᠪᠢ ᠪᠠᠢᠴᠠᠭᠠᠬᠤ᠂ ᠰᠦᠶ᠋ᠳᠭᠡᠯ ᠬᠤᠷᠢᠶᠠᠵᠤ ᠨᠥᠬᠥᠨ ᠡᠯᠰᠡᠬᠦ᠌᠂ ᠬᠤᠳᠠᠯ ᠬᠠᠭᠤᠷᠮᠠᠭ ᠨᠥᠬᠥᠪᠥᠷᠢ ᠮᠥᠩᠭᠥ᠌ ᠁ ᠤᠯᠤᠰ ᠤ᠋ᠨ ᠨᠢᠭᠡᠳᠦᠯᠳᠡᠢ ᠰᠢᠯᠭᠠᠯᠳᠠ ᠳ᠋ᠤ ᠬᠤᠯᠪᠤᠬᠳᠠᠬᠰᠠᠨ ᠡᠲᠡᠭᠡᠷ ᠮᠡᠬᠡᠯᠡᠯ᠎ᠢ ᠱᠢᠯᠭᠠᠭᠤᠯᠤᠭ᠍ᠴᠢ ᠵᠢᠴᠢ ᠬᠡᠷ᠎ᠦᠨ ᠠᠬᠠᠮᠠᠳ ᠰᠡᠷᠡᠮᠵᠢᠯᠡᠬᠦ᠌ ᠴᠢᠬᠤᠯᠠᠳᠠᠢ᠃

《ᠤᠷᠢᠳᠴᠢᠯᠠᠨ ᠬᠤᠪᠢ ᠪᠠᠢᠴᠠᠭᠠᠬᠤ》 ᠮᠡᠬᠡᠯᠡᠯ

ᠮᠡᠬᠡᠯᠡᠭ᠌ᠴᠢ ᠬᠡᠷ᠎ᠦᠨ ᠠᠬᠠᠮᠠᠳ᠎ᠤᠨ ᠴᠤᠬᠯᠠᠷᠠᠯ ᠂ ᠱᠢᠯᠭᠠᠯᠲᠠ᠎ᠶ᠋ᠢᠨ ᠴᠤᠬᠯᠠᠷᠠᠯ ᠂ ᠭᠠᠷ ᠤᠲᠠᠰᠤᠨ᠎ᠤ ᠣᠬᠣᠷ ᠮᠡᠳᠡᠭᠡ ᠵᠡᠷᠭᠡ ᠠᠷᠭ᠎ᠠ ᠵᠠᠮ᠎ᠢᠶᠠᠷ 《ᠬᠤᠪᠢ᠎ᠶ᠋ᠢ ᠤᠷᠢᠳᠴᠢᠯᠠᠨ ᠪᠠᠢᠴᠠᠭᠠᠨ ᠯᠠᠪᠯᠠᠬᠤ》ᠬᠤᠳᠠᠯ ᠬᠠᠭᠤᠷᠮᠠᠭ ᠵᠠᠷ᠎ᠤᠨ ᠬᠤᠯᠪᠤᠭᠠᠰᠤ ᠶᠠᠪᠤᠭᠤᠯᠵᠤ ᠮᠡᠬᠡᠯᠡᠯ ᠬᠢᠳᠡᠭ᠃ ᠬᠤᠯᠪᠤᠭᠠᠰᠤ ᠳ᠋ᠤ ᠪᠡᠶ᠎ᠡ᠎ᠶ᠋ᠢᠨ ᠦᠨᠡᠮᠯᠡᠯ ᠂ ᠱᠢᠯᠭᠠᠭᠤᠯᠬᠤ ᠦᠨᠡᠮᠯᠡᠯ ᠵᠡᠷᠭᠡ ᠬᠠᠮᠢᠶ᠎ᠠ ᠪᠥᠬᠥᠶ ᠮᠡᠳᠡᠭᠡ ᠵᠠᠩᠭᠢ᠎ᠪᠠᠨ ᠲᠠᠭ᠍ᠯᠠᠨ ᠮᠡᠳᠡᠭᠦᠯᠬᠦ᠌᠎ᠶ᠋ᠢᠨ ᠬᠠᠮᠲᠤ ᠵᠣᠬᠢᠬᠤ ᠪᠠᠢᠴᠠᠭᠠᠨ ᠯᠠᠪᠯᠠᠬᠤ ᠰᠦᠶ᠋ᠳᠭᠡᠯ ᠲᠤᠱᠢᠶᠠᠬᠤ ᠵᠢ ᠱᠠᠭᠠᠷᠳᠠᠵᠤ᠂ ᠮᠡᠬᠡᠯᠡᠯ ᠳ᠋ᠤ ᠤᠨᠠᠪᠠᠯ ᠡᠳ᠋ ᠬᠥᠷᠥᠩᠭᠡ ᠬᠣᠬᠢᠷᠠᠯ ᠳ᠋ᠤ ᠤᠴᠠᠷᠠᠬᠤ ᠪᠡᠷ᠎ᠪᠠᠷᠠᠬᠤ ᠥᠬᠡᠶ ᠪᠠᠰᠠ ᠬᠤᠪᠢ ᠬᠥᠮᠦᠨ᠎ᠦ ᠮᠡᠳᠡᠭᠡ ᠵᠠᠩᠭᠢ᠎ᠪᠠᠨ ᠵᠠᠳᠠᠷᠠᠭᠤᠯᠤᠨ᠎ᠠ᠃

ᠴᠠᠭ᠍ᠳᠠᠭᠠᠨ᠎ᠤ ᠲᠠᠯ᠎ᠠ ᠡᠴᠨ᠂᠎ᠱᠢᠯᠭᠠᠭᠤᠯᠤᠭ᠍ᠴᠢ ᠵᠢᠴᠢ ᠬᠡᠷ᠎ᠦᠨ ᠠᠬᠠᠮᠠᠳ ᠰᠢᠯᠭᠠᠯᠳᠠ ᠵᠢᠨ ᠬᠤᠪᠢ᠎ᠪᠠᠨ ᠪᠠᠢᠴᠠᠭᠠᠬᠤ ᠦᠶ᠎ᠡ᠎ᠳᠦ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠵᠢᠭᠠᠨ ᠲᠣᠭ᠍ᠲᠠᠭᠠᠭ᠍ᠰᠠᠨ ᠪᠠᠢᠴᠠᠭᠠᠨ ᠯᠠᠪᠯᠠᠬᠤ ᠠᠷᠭ᠎ᠠ ᠬᠡᠯᠪᠡᠷᠢ ᠵᠢᠴᠢ ᠬᠤᠪᠢ᠎ᠪᠠᠨ ᠪᠠᠢᠴᠠᠭᠠᠬᠤ ᠰᠦᠯᠵᠢᠶᠡᠨ ᠬᠠᠶᠢᠭ᠎ᠢ ᠲᠠᠨᠢᠵᠤ᠂ ᠢᠷᠡᠯᠲᠡ᠎ᠨᠢ ᠲᠣᠳᠣᠷᠬᠠᠶ ᠥᠬᠡᠶ ᠬᠤᠯᠪᠤᠭᠠᠰᠤ᠎ᠶ᠋ᠢ ᠬᠥᠩᠭᠡᠨ ᠬᠠᠭᠤᠳᠠᠮ᠎ᠢᠶᠠᠷ ᠲᠤᠪᠴᠢᠳᠠᠵᠤ ᠪᠣᠯᠬᠤ ᠥᠬᠡᠶ ᠭᠡᠵᠦ ᠰᠠᠨᠠᠭᠤᠯᠤᠨ᠎ᠠ᠃

《ᠣᠷᠣᠨ ᠲᠣᠭ᠎ᠠ ᠂ ᠳᠣᠲᠣᠭᠠᠳᠤ᠎ᠶ᠋ᠢᠨ ᠭᠦᠢᠴᠡᠳᠭᠡᠯ ᠲᠣᠭ᠎ᠠ᠎ᠶ᠋ᠢᠨ ᠨᠥᠬᠥᠨ ᠡᠯᠰᠡᠬᠦ᠌》 ᠮᠡᠬᠡᠯᠡᠯ                 

ᠮᠡᠬᠡᠯᠡᠭ᠌ᠴᠢᠳ ᠱᠢᠯᠭᠠᠭᠤᠯᠤᠭ᠍ᠴᠢ᠎ᠶ᠋ᠢᠨ ᠬᠡᠷ᠎ᠦᠨ ᠠᠬᠠᠮᠠᠳ᠎ᠲᠤ ᠶᠠᠮᠠᠷ ᠨᠢᠭᠡᠨ ᠶᠡᠬᠡ ᠳᠡᠭᠡᠳᠦ ᠰᠤᠷᠭᠠᠭᠤᠯᠢ ᠰᠤᠷᠤᠬᠴᠢ ᠡᠯᠰᠡᠬᠦ᠎ᠳᠤ ᠡᠯᠰᠡᠬᠦ᠌ ᠣᠷᠣᠨ ᠲᠣᠭ᠎ᠠ ᠶᠤᠰᠤᠭᠠᠷ ᠬᠦᠢᠴᠡᠳ ᠡᠯᠰᠡᠵᠦ᠍ ᠳᠡᠢᠯᠦᠭ᠌ᠰᠡᠨ ᠥᠬᠡᠶ ᠭᠡᠵᠦ᠍ ᠬᠤᠳᠠᠯ ᠬᠡᠯᠡᠵᠦ᠂ ᠵᠤᠭᠤᠰ ᠮᠦᠩᠬᠦ ᠲᠦᠯᠬᠢᠵᠦ ᠪᠠᠢᠭᠠᠳ ᠰᠢᠯᠭᠠᠭᠤᠯᠤᠬᠴᠢ ᠳ᠋ᠤ ᠨᠦᠬᠦᠨ ᠡᠯᠰᠡᠬᠦ ᠤᠷᠤᠨ ᠲᠤᠭ᠎ᠠ ᠤᠯᠭᠤᠵᠤ ᠲᠠᠢᠯᠦᠨ᠎ᠠ᠂ ᠤᠨᠴᠠᠭᠠᠢ ᠬᠠᠷᠢᠴᠠᠭ᠎ᠠ ᠪᠡᠷ ᠰᠢᠯᠭᠠᠯᠳᠠ ᠡᠴᠨ ᠡᠮᠦᠨ᠎ᠠ ᠨᠢᠭᠡᠨᠳᠡ ᠪᠠᠳᠤᠳᠠᠢ ᠤᠷᠤᠨ ᠲᠤᠭ᠎ᠠ ᠦᠯᠡᠳᠡᠭᠡᠴᠢᠭᠡᠭᠰᠡᠨ ᠪᠤᠯᠬᠤᠷ 《ᠳᠣᠲᠣᠭᠠᠳᠤ᠎ᠶ᠋ᠢᠨ ᠤᠷᠤᠨ ᠲᠣᠭ᠎ᠠ》ᠵᠢ ᠬᠤᠳᠠᠯᠳᠤᠨ ᠠᠪᠴᠤ᠌ ᠪᠣᠯᠤᠨ᠎ᠠ ᠭᠡᠵᠦ ᠮᠡᠬᠡᠯᠡᠳᠡᠭ᠃

ᠴᠠᠭ᠍ᠳᠠᠭᠠᠨ᠎ᠤ ᠲᠠᠯ᠎ᠠ᠎ᠡᠴᠨ᠂ ᠶᠡᠬᠡ ᠲᠡᠭᠡᠳᠤ ᠰᠤᠷᠭᠠᠭᠤᠯᠢ ᠵᠢᠨ ᠵᠢᠩᠬᠢᠨᠢ ᠰᠤᠷᠤᠭ᠍ᠴᠢ ᠡᠯᠰᠡᠬᠦ᠌ ᠠᠵᠢᠯ᠎ᠳᠦ ᠶᠠᠮᠠᠷ ᠴᠤ᠌ ᠨᠡᠮᠡᠯᠲᠡ ᠵᠠᠷᠤᠳᠠᠯ ᠭᠠᠷᠬᠤ ᠦᠭᠡᠶ ᠂ ᠪᠠᠲᠤᠯᠠᠭ᠎ᠠ᠎ᠶ᠋ᠢᠨ ᠮᠥᠩᠭᠥ᠌ ᠂ ᠡᠯᠰᠡᠬᠦ᠌ ᠰᠦᠢᠳᠭᠡᠯ᠂ ᠭᠦᠢᠴᠡᠳᠭᠡᠯ ᠲᠣᠭᠠᠨ᠎ᠤ ᠰᠦᠢᠳᠭᠡᠯ ᠬᠤᠷᠢᠶᠠᠬᠤ ᠴᠢᠬᠤᠯᠠᠲᠠᠶ ᠭᠡᠵᠦ ᠪᠠᠢᠭ᠎ᠠ 《ᠰᠤᠷᠤᠭ᠍ᠴᠢ ᠡᠯᠰᠡᠬᠦ᠌ ᠭᠦᠢᠴᠡᠳᠭᠡᠯ ᠲᠣᠭ᠎ᠠ》 ᠨᠢ ᠴᠦᠮ ᠮᠡᠬᠡᠯᠡᠯ ᠪᠣᠯᠤᠨ᠎ᠠ ᠭᠡᠵᠦ ᠰᠠᠨᠠᠭᠤᠯᠤᠨ᠎ᠠ ᠃

《ᠨᠥᠬᠥᠪᠥᠷᠢ ᠮᠥᠩᠭᠥ᠌ 》 ᠶ᠋ᠢᠨ ᠮᠡᠬᠡᠯᠡᠯ

ᠬᠠᠤᠯᠢ ᠪᠤᠰᠤ ᠡᠲᠡᠭᠡᠳ ᠬᠠᠤᠯᠢ ᠪᠤᠰᠤ ᠠᠷᠭ᠎ᠠ ᠵᠠᠮ᠎ᠢᠶᠠᠷ ᠱᠢᠯᠭᠠᠭᠤᠯᠤᠭ᠍ᠴᠢ᠎ᠶ᠋ᠢᠨ ᠪᠡᠶ᠎ᠡ ᠵᠢᠨ ᠭᠠᠷᠤᠯ ᠎ᠦᠨ ᠮᠡᠳᠡᠭᠡ ᠵᠠᠩᠭᠢ᠎ᠶ᠋ᠢ ᠣᠯᠤᠭ᠍ᠰᠠᠨ᠎ᠤ ᠳᠠᠷᠠᠭ᠎ᠠ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠠᠵᠢᠯᠲᠠᠨ ᠵᠢᠡᠷ ᠤᠪᠯᠠᠵᠤ᠂ 《ᠰᠤᠷᠤᠯᠭ᠎ᠠ᠎ᠶ᠋ᠢᠨ ᠱᠠᠩᠨᠠᠯ᠎ᠤᠨ ᠮᠥᠩᠭᠥ᠌ 》 ᠪᠤᠶᠤ 《ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠨᠥᠬᠥᠪᠥᠷᠢ ᠮᠥᠩᠭᠥ᠌》 ᠵᠢᠨ ᠬᠢᠷᠢ ᠬᠡᠮ᠎ᠳᠦ ᠨᠡᠢᠴᠡᠭ᠌ᠰᠡᠨ᠎ᠢᠶᠡᠷ ᠱᠢᠯᠲᠠᠭ ᠪᠣᠯᠭᠠᠵᠤ᠂ ᠪᠠᠷᠢᠴᠠᠭᠠᠨ᠎ᠤ ᠮᠥᠩᠭᠥ᠌ ᠪᠤᠶᠤ ᠭᠠᠷ ᠭᠦᠶ᠋ᠴᠡᠳᠭᠡᠯ᠎ᠦᠨ ᠵᠠᠷᠤᠳᠠᠯ᠎ᠢ ᠮᠡᠬᠡᠯᠡᠨ ᠠᠪᠳᠠᠭ᠃

ᠴᠠᠭ᠍ᠳᠠᠭᠠᠨ᠎ᠤ ᠲᠠᠯ᠎ᠠ ᠡᠴᠨ᠂ ᠥᠪᠡᠷ᠎ᠢ᠎ᠪᠡᠨ ᠶᠡᠬᠡ ᠳᠡᠭᠡᠳᠦ ᠰᠤᠷᠭᠠᠭᠤᠯᠢ᠂ ᠰᠤᠷᠭᠠᠨ ᠬᠥᠮᠦᠵᠢᠯ᠂ ᠡᠳ᠋᠎ᠦᠨ ᠵᠠᠰᠠᠭ ᠵᠡᠷᠭᠡ ᠰᠢᠰᠲᠸᠮ ᠤ᠋ᠨ ᠠᠵᠢᠯᠲᠠᠨ ᠭᠡᠵᠦ ᠪᠠᠢᠭ᠎ᠠ ᠤᠲᠠᠰᠤ᠂ ᠮᠡᠳᠡᠭᠡ ᠵᠠᠩᠭᠢ᠎ᠶ᠋ᠢ ᠲᠤᠰᠤᠬᠰᠠᠨ᠎ᠤ ᠳᠠᠷᠠᠭ᠎ᠠ᠂ 《ᠤᠯᠤᠰ᠎ᠤᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ᠌》᠂ 《ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠦᠶ᠋ᠳᠭᠡᠯ᠎ᠢ ᠪᠤᠴᠠᠭᠠᠬᠤ》ᠭᠡᠳᠡᠭ ᠢ᠋ ᠬᠦᠯᠢᠶᠡᠬᠦ ᠦᠶ᠎ᠡ᠎ᠳᠦ᠂ ᠱᠢᠯᠭᠠᠭᠤᠯᠤᠭ᠍ᠴᠢ ᠵᠢᠴᠢ ᠬᠡᠷ᠎ᠦᠨ ᠠᠬᠠᠮᠠᠳ ᠡᠷᠬᠡᠪᠰᠢ ᠲᠤᠬᠠᠶ᠎ᠶ᠋ᠢᠨ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠪᠤᠶᠤ ᠰᠤᠷᠭᠠᠭᠤᠯᠢ᠎ᠲᠠᠶ ᠰᠠᠨᠠᠭᠠᠴᠢᠯᠠᠭ᠎ᠠ᠎ᠠᠴᠠ᠎ᠪᠠᠨ ᠬᠠᠷᠢᠯᠴᠠᠵᠤ ᠨᠤᠳᠠᠯᠠᠵᠤ ᠪᠤᠯᠤᠨ᠎ᠠ ᠭᠡᠵᠦ ᠰᠠᠨᠠᠭᠤᠯᠤᠨ᠎ᠠ᠃

《ᠡᠷᠡᠮᠡᠯᠵᠡᠯ ᠲᠠᠭ᠍ᠯᠠᠬᠤ ᠵᠢᠯᠣᠭᠣᠳᠣᠯᠭ᠎ᠠ 》 ᠶ᠋ᠢᠨ ᠮᠡᠬᠡᠯᠡᠯ

ᠬᠠᠤᠯᠢ ᠪᠤᠰᠤ ᠡᠲᠡᠭᠡᠳ 《ᠡᠷᠬᠡ ᠰᠦᠷᠲᠦ ᠲᠤᠰᠭᠠᠶ ᠮᠡᠷᠭᠡᠵᠢᠯᠲᠡᠨ》 ᠵᠢᠡᠷ ᠣᠪᠯᠠᠵᠤ᠂ ᠵᠠᠭᠤᠴᠢᠯᠠᠭᠤᠷ ᠪᠤᠶᠤ ᠰᠦᠯᠵᠢᠶ᠎ᠡ᠂APP ᠵᠡᠷᠭᠡ᠎ᠶ᠋ᠢ ᠠᠱᠢᠭ᠍ᠯᠠᠨ ᠱᠢᠯᠭᠠᠭᠤᠯᠤᠭ᠍ᠴᠢ᠎ᠳᠤ ᠡᠷᠡᠮᠡᠯᠵᠡᠯ ᠲᠠᠭ᠍ᠯᠠᠬᠤ ᠵᠢᠯᠣᠭᠣᠳᠣᠯᠭ᠎ᠠ ᠬᠢᠬᠦ ᠨᠡᠷ᠎ᠠ ᠪᠡᠷ ᠵᠣᠭᠣᠰ ᠮᠡᠬᠡᠯᠡᠳᠡᠭ᠃

ᠴᠠᠭ᠍ᠳᠠᠭᠠᠨ᠎ᠤ ᠲᠠᠯ᠎ᠠ᠎ᠡᠴᠨ᠂ ᠡᠷᠡᠮᠡᠯᠵᠡᠯ ᠲᠠᠭ᠍ᠯᠠᠬᠤ᠎ᠳᠤ ᠰᠦᠯᠵᠢᠶᠡᠨ ᠳᠡᠭᠡᠷ᠎ᠡ᠎ᠡᠴᠡ ᠯᠠᠪᠯᠠᠯᠲᠠ᠎ᠶ᠋ᠢᠨ ᠮᠠᠲ᠋ᠧᠷᠢᠶᠠᠯ ᠡᠷᠢᠵᠦ᠍ ᠪᠣᠯᠤᠨ᠎ᠠ᠂ ᠭᠡᠪᠡᠴᠦ᠍ ᠰᠦᠶ᠋ᠳᠭᠡᠯ ᠬᠤᠷᠢᠶᠠᠬᠤ ᠵᠢᠯᠣᠭᠣᠳᠣᠯᠭ᠎ᠠ᠎ᠳᠤ ᠵᠠᠪᠠᠯ ᠰᠣᠨᠣᠷ ᠰᠡᠷᠡᠮᠵᠢ᠎ᠲᠡᠶ ᠪᠠᠢᠬᠤ ᠬᠡᠷᠡᠭᠳᠡᠢ ᠭᠡᠵᠦ ᠰᠠᠨᠠᠭᠤᠯᠤᠨ᠎ᠠ᠃

《ᠰᠤᠷᠤᠭ᠍ᠴᠢ ᠡᠯᠰᠡᠬᠦ᠌ ᠮᠡᠳᠡᠭ᠌ᠳᠡᠯ᠎ᠦᠨ ᠪᠢᠴᠢᠭ᠎ᠢ ᠬᠠᠭᠤᠷᠮᠠᠭ᠍ᠯᠠᠨ ᠵᠣᠬᠢᠶᠠᠬᠤ》 ᠮᠡᠬᠡᠯᠡᠯ

ᠮᠡᠬᠡᠯᠡᠭ᠌ᠴᠢᠳ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠠᠯᠪᠠᠨ ᠬᠡᠷ᠎ᠦᠨ ᠠᠵᠢᠯᠲᠠᠨ᠎ᠢᠶᠠᠷ ᠣᠪᠯᠠᠵᠤ᠂ ᠱᠢᠯᠭᠠᠭᠤᠯᠤᠭ᠍ᠴᠢ᠎ᠳᠤ ᠰᠣᠷᠣᠭ᠍ᠴᠢ ᠡᠯᠰᠡᠬᠦ᠌ ᠬᠤᠳᠠᠯ ᠬᠠᠭᠤᠷᠮᠠᠭ ᠮᠡᠳᠡᠭ᠌ᠳᠡᠯ᠎ᠦᠨ ᠪᠢᠴᠢᠭ ᠢᠯᠡᠭᠡᠵᠦ᠍᠂ ᠱᠢᠯᠭᠠᠭᠤᠯᠤᠭ᠍ᠴᠢ᠎ᠶ᠋ᠢ ᠰᠤᠷᠤᠯᠭ᠎ᠠ᠎ᠶ᠋ᠢᠨ ᠰᠤᠯᠠ ᠵᠠᠷᠤᠳᠠᠯ᠎ᠢ ᠲᠤᠬᠳᠠᠬᠰᠠᠨ ᠪᠠᠩᠬᠢ᠎ᠶ᠋ᠢᠨ ᠲᠠᠩᠰᠠᠨ ᠨᠣᠮᠧᠷ᠎ᠲᠦ ᠣᠷᠣᠭᠤᠯᠵᠤ ᠂ ᠵᠣᠭᠣᠰ ᠮᠥᠩᠭᠥ᠌ ᠮᠡᠬᠡᠯᠡᠨ ᠠᠪᠤᠨ᠎ᠠ᠃

ᠴᠠᠭ᠍ᠳᠠᠭᠠᠨ᠎ᠤ ᠲᠠᠯ᠎ᠠ ᠡᠴᠨ᠂ ᠡᠨᠡ ᠲᠥᠷᠥᠯ᠎ᠦᠨ ᠮᠡᠬᠡᠯᠡᠯ᠎ᠳᠦ ᠮᠡᠬᠡᠯᠡᠭ᠌ᠴᠢᠳ ᠤᠤᠯ᠎ᠤᠨ ᠰᠤᠷᠭᠠᠭᠤᠯᠢ᠎ᠲᠠᠶ ᠠᠳᠠᠯᠢᠪᠲᠤᠷ ᠰᠤᠷᠭᠠᠭᠤᠯᠢ᠎ᠶ᠋ᠢᠨ ᠰᠦᠯᠳᠡ᠎ᠶ᠋ᠢ ᠬᠡᠷᠡᠭ᠌ᠯᠡᠳᠡᠭ᠎ᠢᠶᠡᠷ ᠪᠠᠷᠠᠬᠤ ᠥᠬᠡᠶ᠂ ᠪᠠᠰᠠ ᠪᠦᠬᠦ ᠬᠢᠴᠢᠶᠡᠯ᠎ᠦᠨ ᠰᠤᠷᠬᠤ ᠮᠠᠲ᠋ᠧᠷᠢᠶᠠᠯ᠎ᠢ ᠲᠣᠬᠢᠷᠠᠭᠤᠯᠵᠤ᠂ ᠶᠡᠬᠡ ᠰᠤᠷᠭᠠᠭᠤᠯᠢ᠎ᠶ᠋ᠢᠨ ᠬᠠᠶᠢᠭ᠎ᠨᠢ ᠴᠤ᠌ ᠵᠢᠩᠬᠢᠨᠢ ᠬᠡᠪᠯᠡᠯ᠎ᠲᠡᠶ ᠨᠢ ᠠᠳᠠᠯᠢ ᠪᠠᠢᠳᠠᠭ᠃ ᠡᠢᠮᠦ᠍᠎ᠡᠴᠡ᠂ ᠱᠢᠯᠭᠠᠭᠤᠯᠤᠭ᠍ᠴᠢ ᠪᠠ ᠬᠡᠷ᠎ᠦᠨ ᠠᠬᠠᠮᠠᠳ ᠠᠯᠪᠠᠨ ᠰᠦᠯᠵᠢᠶ᠎ᠡ᠎ᠡᠴᠨ ᠭᠡᠷᠡᠴᠢᠯᠡᠭᠰᠡᠨ ᠬᠤᠯᠪᠤᠭᠠᠰᠤ ᠪᠤᠶᠤ ᠰᠤᠷᠭᠠᠭᠤᠯᠢ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠠᠯᠪᠠᠨ ᠲᠠᠯ᠎ᠠ᠎ᠡᠴᠨ ᠨᠡᠢᠲᠡᠯᠡᠭ᠌ᠰᠡᠨ ᠰᠦᠯᠵᠢᠶᠡᠨ ᠬᠠᠶᠢᠭ᠎ᠢᠶᠠᠷ ᠣᠷᠣᠵᠤ ᠰᠢᠯᠭᠠᠨ ᠪᠠᠳᠤᠯᠠᠵᠤ᠂ ᠲᠠᠩᠰᠠ ᠱᠢᠯᠵᠢᠭᠦᠯᠦᠨ ᠵᠣᠭᠣᠰ ᠭᠤᠪᠢᠭᠤᠯᠬᠤ᠎ᠳᠠᠭᠠᠨ ᠣᠯᠠᠨ ᠵᠦᠶ᠋ᠯ᠎ᠦᠨ ᠠᠷᠭ᠎ᠠ ᠵᠠᠮ᠎ᠢᠶᠠᠷ ᠲᠠᠩᠰᠠᠨ᠎ᠤ ᠨᠣᠮᠧᠷ᠎ᠦᠨ ᠦᠨᠡᠨ ᠬᠤᠳᠠᠯ᠎ᠢ ᠬᠢᠨᠠᠨ ᠬᠠᠷᠭᠤᠭᠤᠯᠬᠤ ᠬᠡᠷᠡᠭ᠌ᠲᠡᠶ ᠭᠡᠵᠦ ᠰᠠᠨᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号