ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠢᠷᠠᠭᠤ ᠠᠯᠳᠠᠷᠲᠤ ᠲᠥᠷᠥᠭ᠌ᠳᠡᠯ᠎ᠢ ᠨᠡᠮᠡᠭ᠌ᠳᠡᠭᠦᠯᠦᠨ᠎ᠡ
2022-06-22 09:44:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠠᠭᠠᠴᠤᠳ ᠬᠡᠦᠬᠡᠳ ᠪᠣᠯ ᠡᠬᠡ ᠤᠯᠤᠰ᠎ᠤᠨ ᠢᠷᠡᠭᠡᠳᠦᠢ᠂ ᠳᠤᠮᠳᠠᠳᠤ ᠎ᠶ᠋ᠢᠨ ᠦᠨᠳᠦᠰᠦᠲᠡᠨ᠎ᠦ ᠬᠦᠰᠡᠯ ᠡᠷᠡᠮᠡᠯᠵᠡᠯ ᠮᠥᠨ᠂ ᠪᠠᠰᠠ ᠴᠤ᠌ ᠨᠠᠮ᠎ᠤᠨ ᠢᠷᠡᠭᠡᠳᠦᠢ ᠮᠥᠨ᠃ ᠣᠢᠷ᠎ᠠ᠎ᠶ᠋ᠢᠨ ᠵᠢᠯ ᠳ᠋ᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠬᠤᠰᠢᠭᠤᠴᠢ ᠠᠩᠬᠢ ᠵᠢᠨ ᠠᠵᠢᠯ᠎ᠤᠨ ᠬᠣᠷᠢᠶ᠎ᠠ ᠪᠠᠭᠠᠴᠤᠳ᠎ᠤᠨ ᠬᠣᠱᠢᠭᠤᠴᠢ ᠠᠩᠭᠢ ᠎ᠶ᠋ᠢᠨ ᠤᠯᠤᠰ ᠲᠥᠷᠥ ᠎ᠶ᠋ᠢᠨ ᠱᠢᠨᠵᠢ ᠴᠢᠨᠠᠷ᠎ᠢ ᠪᠠᠲᠤ ᠡᠵᠡᠮᠳᠡᠵᠦ᠍᠂ ᠤᠯᠤᠰ ᠲᠥᠷᠥ ᠎ᠶ᠋ᠢᠨ ᠰᠡᠭᠡᠭᠡᠷᠡᠬᠦᠯᠦᠯ ᠬᠦᠷᠳᠡᠭᠡᠬᠦ ᠪᠠ ᠥᠷᠲᠡᠭ᠎ᠦᠨ ᠦᠵᠡᠯᠲᠡ ᠵᠢ ᠱᠤᠭᠤᠬᠤ ᠭᠤᠤᠯ ᠬᠠᠷᠢᠭᠤᠴᠠᠯᠭ᠎ᠠ ᠭᠤᠤᠯ ᠦᠶ᠋ᠯᠡᠰ ᠎ᠲᠦ ᠠᠩᠬᠠᠷᠤᠯ ᠎ᠢᠶᠠᠨ ᠲᠥᠪᠯᠡᠷᠡᠭᠦᠯᠵᠦ᠍᠂ 《ᠪᠠᠭᠠᠴᠤᠳ ᠎ᠤᠨ ᠬᠣᠱᠢᠭᠤᠴᠢ ᠠᠩᠭᠢ ᠎ᠶ᠋ᠢᠨ ᠭᠡᠱᠢᠭᠦᠳ᠎ᠤᠨ ᠢᠷᠠᠭᠤ ᠠᠯᠳᠠᠷᠲᠤ ᠲᠦᠷᠦᠭᠳᠡᠯ ᠎ᠢ ᠨᠡᠮᠡᠭ᠌ᠳᠡᠭᠦᠯᠬᠦ᠌》 ᠠᠵᠢᠯ ᠎ᠤᠨ ᠭᠤᠤᠯ ᠱᠢᠵᠢᠮ᠎ᠤᠨ ᠲᠤᠭᠤᠷᠢᠨ ᠳ᠋ᠤ᠂ ᠪᠠᠭᠠᠴᠤᠳ ᠬᠡᠦᠬᠡᠳ᠎ᠦᠨ ᠲᠥᠷᠥᠯᠬᠢ ᠴᠢᠨᠠᠷ᠎ᠢ ᠭᠦᠶ᠋ᠴᠡᠳ ᠬᠦᠨᠳᠦᠳᠭᠡᠵᠦ᠍᠂ ᠪᠥᠬᠥ᠌ ᠣᠷᠣᠨ ᠎ᠤ 146.7 ᠲᠦᠮᠡ ᠱᠢᠬᠠᠮ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠢ ᠪᠦᠯᠬᠦᠮᠳᠡᠭᠦᠯᠦᠨ ᠬᠥᠮᠦᠵᠢᠭᠦᠯᠵᠦ᠍ ᠬᠥᠲᠥᠯᠥᠨ ᠳᠠᠭᠠᠭᠤᠯᠵᠤ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠣᠯᠬᠤ ᠵᠢ ᠬᠦᠲᠦᠯᠦᠨ ᠵᠢᠯᠤᠭᠤᠳᠪᠠ᠃


ᠬᠤᠪᠢᠰᠭᠠᠯᠲᠤ ᠤᠳᠤᠮᠰᠢᠯ ᠎ᠢ ᠤᠯᠠᠮᠵᠢᠯᠠᠬᠤ ᠳᠤᠮᠳᠠ ᠪᠠᠭᠠᠴᠤᠳ ᠎ᠤᠨ ᠬᠣᠱᠢᠭᠤᠴᠢ ᠠᠩᠭᠢ ᠎ᠶ᠋ᠢᠨ ᠭᠡᠱᠢᠭᠦᠳ ᠎ᠤᠨ ᠤᠯᠤᠰ ᠲᠥᠷᠥ ᠎ᠶ᠋ᠢᠨ ᠤᠤᠷ ᠴᠢᠨᠠᠷ᠎ᠢ ᠲᠤᠳᠤᠷᠬᠠᠢ ᠪᠤᠯᠭᠠᠪᠠ


ᠤᠯᠤᠰ ᠲᠦᠷᠦ᠍ ᠎ᠶ᠋ᠢᠨ ᠰᠡᠭᠡᠭᠡᠷᠡᠬᠦᠯᠦᠯ ᠬᠦᠷᠳᠡᠭᠡᠬᠦ ᠪᠣᠯ ᠨᠠᠮ ᠎ᠠᠴᠠ ᠪᠠᠭᠠᠴᠤᠳ᠎ᠤᠨ ᠬᠣᠱᠢᠭᠤᠴᠢ ᠠᠩᠭᠢ ᠎ᠳᠤ ᠣᠯᠭᠣᠭ᠍ᠰᠠᠨ ᠦᠨᠳᠦᠰᠦᠨ ᠡᠭᠦᠷᠭᠡ ᠮᠥᠨ᠃ ᠪᠥᠬᠥ᠌ ᠣᠷᠣᠨ᠎ᠤ ᠡᠯ᠎ᠡ ᠱᠠᠲᠤᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ ᠤᠯᠤᠰ ᠲᠥᠷᠥ ᠎ᠶ᠋ᠢᠨ ᠰᠡᠭᠡᠭᠡᠷᠡᠬᠦᠯᠦᠯ ᠬᠢᠬᠦ ᠪᠠ ᠥᠷᠲᠡᠭ ᠎ᠦᠨ ᠦᠵᠡᠯᠲᠡ ᠎ᠶ᠋ᠢ  ᠱᠤᠭᠤᠬᠤ ᠭᠤᠤᠯ ᠬᠠᠷᠢᠭᠤᠴᠠᠯᠭ᠎ᠠ ᠭᠤᠤᠯ ᠠᠵᠢᠯ ᠎ᠢᠶᠠᠨ ᠦᠷᠭᠦᠯᠵᠢᠯᠡᠨ ᠴᠢᠩᠭᠠᠳᠭᠠᠵᠤ᠂ ᠨᠠᠮ ᠎ᠤᠨ ᠲᠥᠯᠥᠭᠡ ᠬᠥᠮᠦᠨ ᠬᠥᠮᠦᠵᠢᠭᠦᠯᠬᠦ᠌ ᠡᠭᠦᠷᠭᠡ ᠬᠠᠷᠢᠭᠤᠴᠠᠯᠭ᠎ᠠ ᠎ᠪᠠᠨ ᠢᠮᠠᠭ᠍ᠲᠠ ᠪᠠᠲᠤ ᠴᠡᠭᠡᠵᠢᠯᠡᠵᠦ᠂ 《ᠤᠯᠠᠭᠠᠨ ᠪᠥᠴᠡᠲᠡᠨ ᠨᠠᠮ ᠎ᠢᠶᠠᠨ ᠲᠠᠭᠠᠨ᠎ᠠ》᠂ 《ᠨᠠᠮ ᠪᠤᠯ ᠨᠡᠷᠠᠨ ᠬᠡᠷᠡᠯ ᠪᠢᠳᠡ ᠪᠤᠯ ᠬᠤᠸᠠᠷ ᠴᠡᠴᠡᠭ》᠂ 《ᠱᠢᠨ᠎ᠡ ᠴᠠᠭ ᠦᠶ᠎ᠡ ᠎ᠶ᠋ᠢᠨ ᠰᠠᠢᠨ ᠪᠠᠭᠠᠴᠤᠳ᠎ᠤᠨ ᠬᠤᠰᠢᠭᠤᠴᠢ ᠠᠩᠬᠢ ᠵᠢᠨ ᠭᠡᠱᠢᠭᠦᠨ ᠪᠣᠯᠬᠤ ᠎ᠪᠠᠷ ᠴᠢᠷᠮᠠᠢᠨ᠎ᠠ》  《ᠨᠠᠮ ᠮᠢᠨᠢ ᠰᠠᠨᠠᠭ᠎ᠠ ᠠᠮᠤᠷ ᠪᠠᠢᠭᠠᠷᠠᠢ ᠤᠯᠤᠰ᠎ᠢᠶᠠᠨ ᠬᠦᠴᠦᠷᠬᠡᠭ᠌ᠵᠢᠭᠦᠯᠬᠦ᠌ ᠳ᠋ᠦ ᠪᠢᠳᠡ ᠪᠠᠢᠨ᠎ᠠ》 ᠵᠡᠷᠭᠡ ᠪᠡᠶᠡᠴᠢᠯᠡᠨ ᠣᠢᠯᠠᠭᠠᠬᠤ ᠬᠡᠯᠪᠡᠷᠢ᠎ᠶ᠋ᠢᠨ ᠭᠤᠤᠯ ᠰᠡᠳᠦᠪᠲᠦ ᠠᠩᠭᠢ ᠎ᠶ᠋ᠢᠨ ᠬᠢᠴᠢᠶᠡᠯ᠂ ᠠᠩᠭᠢ ᠎ᠶ᠋ᠢᠨ ᠡᠳᠦᠷ᠎ᠦᠨ ᠠᠵᠢᠯᠯᠠᠭ᠎ᠠ ᠵᠢ ᠦᠷᠭᠡᠨ ᠵᠢᠡᠷ ᠦᠷᠨᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠪᠠᠭᠠᠴᠤᠳ ᠬᠡᠦᠬᠡᠳ᠎ᠲᠦ ᠲᠠᠯᠪᠢᠭ᠍ᠰᠠᠨ ᠬᠦᠰᠡᠯ ᠱᠠᠭᠠᠷᠳᠠᠯᠭ᠎ᠠ ᠎ᠶ᠋ᠢ ᠥᠷᠭᠡᠨ ᠎ᠢᠶᠡᠷ ᠤᠬᠠᠭᠤᠯᠵᠤ᠂ 500 ᠭᠠᠷᠤᠢ ᠬᠥᠮᠦᠨ ᠪᠦᠬᠦᠢ 《ᠤᠯᠠᠭᠠᠨ ᠪᠥᠴᠡᠲᠡᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ》 ᠪᠣᠯᠤᠨ 8 ᠲᠦᠮᠡ ᠭᠠᠷᠤᠢ ᠬᠥᠮᠦᠨ᠎ᠪᠦᠬᠦᠢ 《ᠤᠯᠠᠭᠠᠨ ᠪᠥᠴᠡᠲᠡᠨ ᠤᠬᠠᠭᠤᠯᠤᠨ ᠲᠠᠢᠯᠪᠤᠷᠢᠯᠠᠭ᠍ᠴᠢ》 ᠵᠢᠨ ᠡᠩᠨᠡᠭᠡ ᠎ᠶ᠋ᠢ ᠪᠠᠢᠭᠤᠯᠵᠤ᠂ ᠥᠷᠭᠡᠨ ᠣᠯᠠᠨ ᠪᠠᠭᠠᠴᠤᠳ ᠎ᠤᠨ ᠬᠣᠱᠢᠭᠤᠴᠢ ᠠᠩᠭᠢ ᠎ᠶ᠋ᠢᠨ ᠭᠡᠱᠢᠭᠦᠨ᠎ᠢ ᠬᠦᠲᠦᠯᠦᠨ ᠵᠢᠯᠤᠭᠤᠳᠴᠤ ᠬᠤᠪᠢ ᠬᠥᠮᠦᠨ᠎ᠦ ᠬᠦᠰᠡᠯᠡᠩ ᠬᠥᠭᠡᠭᠡᠴᠡᠯᠳᠦᠯ ᠎ᠢᠶᠡᠨ ᠨᠠᠮ ᠪᠠ ᠤᠯᠤᠰ ᠣᠷᠣᠨ᠎ᠤ ᠠᠵᠢᠯ ᠦᠶ᠋ᠯᠡᠰ ᠎ᠲᠦ ᠠᠭᠤᠰᠬᠠᠨ᠂ ᠨᠠᠮ᠎ᠤᠨ ᠦᠭᠡ ᠎ᠶ᠋ᠢ ᠰᠣᠨᠣᠰᠴᠤ᠂ ᠨᠠᠮ᠎ᠢᠶᠠᠨ ᠳᠠᠭᠠᠬᠤ ᠢᠲᠡᠭᠡᠯ ᠵᠣᠷᠢᠭ᠎ᠢ ᠨᠢ ᠬᠦᠪᠴᠢᠯᠡᠪᠡ᠃

《ᠨᠢᠳᠤᠨᠤᠨ᠎ᠤ 〈 6·1〉 ᠳ᠋ᠤ᠂  ᠪᠢ ᠢᠷᠠᠭᠤ ᠠᠯᠳᠠᠷᠲᠠᠢ ᠎ᠪᠠᠷ 〈ᠱᠢᠯᠢ ᠎ᠶ᠋ᠢᠨ ᠭᠣᠣᠯ ᠠᠢᠮᠠᠭ᠎ᠤᠨ ᠤᠯᠠᠭᠠᠨ ᠪᠥᠴᠡᠲᠡᠨ ᠲᠠᠢᠯᠪᠤᠷᠢᠯᠠᠭ᠍ᠴᠢ〉ᠪᠤᠯᠵᠤ᠂ ᠠᠬᠠᠮᠠᠳ ᠬᠤᠪᠢᠰᠭᠠᠯᠴᠢᠳ᠎ᠤᠨ ᠲᠡᠮᠡᠴᠡᠯ ᠎ᠦᠨ ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠎ᠶ᠋ᠢ ᠱᠢᠰᠲ᠋ᠧᠮ ᠲᠡᠶ ᠣᠢᠯᠠᠭᠠᠪᠠ᠃ ᠪᠢ ᠬᠤᠪᠢᠰᠭᠠᠯᠳᠤ ᠬᠥᠮᠦᠵᠢᠯ᠎ᠦᠨ ᠰᠠᠭᠤᠷᠢᠨ ᠪᠣᠯᠤᠨ ᠲᠠᠯᠠᠪᠠᠢ ᠣᠷᠳᠣᠨ᠎ᠳᠤ ᠪᠠᠭᠠᠴᠤᠳ᠎ᠤᠨ ᠬᠤᠰᠢᠭᠤᠴᠢ ᠠᠩᠬᠢ ᠵᠢᠨ ᠭᠡᠱᠢᠭᠦᠳ᠎ᠲᠦ ᠤᠯᠠᠨ ᠤᠳᠠᠭ᠎ᠠ ᠬᠤᠪᠢᠰᠭᠠᠯᠳᠤ ᠦᠯᠢᠭᠡᠷ᠎ᠢ ᠲᠠᠢᠯᠪᠤᠷᠢᠯᠠᠨ ᠶᠠᠷᠢᠵᠤ ᠥᠭ᠌ᠴᠦ᠂ ᠤᠯᠠᠨ᠎ᠢ ᠳᠠᠭᠠᠭᠤᠯᠤᠨ ᠨᠠᠮ᠎ᠤᠨ ᠲᠡᠦᠬᠡ ᠎ᠶ᠋ᠢᠨ ᠦᠯᠢᠭᠡᠷ᠎ᠢ ᠰᠤᠷᠤᠯᠴᠠᠨ ᠣᠢᠯᠠᠭᠠᠵᠤ᠂ ᠨᠠᠮ᠎ᠤᠨ ᠵᠢᠡᠨ ᠠᠭᠤᠤ ᠶᠡᠬᠡ᠎ᠶ᠋ᠢ ᠤᠢᠯᠠᠭᠠᠭᠰᠠᠨ ᠪᠠᠢᠨ᠎ᠠ᠂ ᠮᠢᠨᠦ᠍ ᠤᠯᠠᠭᠠᠨ ᠪᠦᠴᠡ ᠨᠡᠩ ᠬᠤᠷᠴᠠ ᠰᠣᠷᠭᠣᠭ ᠪᠣᠯᠪᠠ ᠭᠡᠵᠦ ᠪᠢ ᠪᠤᠳᠤᠳᠠᠭ ᠡ》 ᠭᠡᠵᠦ᠍ ᠱᠢᠯᠢ ᠎ᠶ᠋ᠢᠨ ᠭᠣᠣᠯ ᠠᠢᠮᠠᠭ᠎ᠤᠨ ᠱᠢᠯᠢᠩᠬᠣᠲᠠ ᠎ᠶ᠋ᠢᠨ ᠶᠢᠰᠦᠳᠦᠭᠡᠷ ᠪᠠᠭ᠎ᠠ ᠰᠤᠷᠭᠠᠭᠤᠯᠢ ᠎ᠶ᠋ᠢᠨ ᠸᠠᠩ ᠢ ᠮᠢᠩ ᠶᠠᠷᠢᠨ᠎ᠠ᠃

ᠬᠥᠯᠥᠨ ᠪᠤᠢ᠌ᠷ ᠬᠤᠳᠠ ᠎ᠶ᠋ᠢᠨ ᠱᠢᠨ ᠬᠠᠢ ᠪᠠᠭ᠎ᠠ ᠰᠤᠷᠭᠠᠭᠤᠯᠢ ᠎ᠶ᠋ᠢᠨ ᠪᠠᠭᠠᠴᠤᠳ᠎ᠤᠨ ᠬᠤᠰᠢᠭᠤᠴᠢ ᠠᠩᠬᠢ ᠵᠢᠨ ᠠᠵᠢᠯ᠎ᠤᠨ ᠬᠤᠷᠢᠶ᠎ᠠ 《ᠤᠯᠠᠭᠠᠨ ᠪᠥᠴᠡᠲᠡᠨ ᠨᠠᠮ ᠎ᠢᠶᠠᠨ ᠲᠠᠭᠠᠨ᠎ᠠ》 ᠵᠡᠷᠭᠡ ᠭᠣᠣᠯ ᠰᠡᠳᠦᠪᠲᠦ ᠠᠵᠢᠯᠯᠠᠭ᠎ᠠ ᠎ᠶ᠋ᠢ ᠦᠷᠭᠦᠯᠵᠢᠯᠡᠨ ᠭᠦᠨᠵᠡᠭᠡᠢ ᠥᠷᠨᠢᠭᠦᠯᠵᠦ᠍᠂ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ᠎ᠢ ᠬᠦᠳᠦᠯᠦᠨ ᠵᠢᠯᠣᠭᠣᠳᠴᠤ᠌ ᠬᠤᠪᠢᠰᠭᠠᠯᠲᠤ ᠳᠠᠭᠤᠤ ᠳᠠᠭᠤᠯᠠᠵᠤ᠂ ᠬᠤᠪᠢᠰᠭᠠᠯᠲᠤ ᠲᠡᠦᠬᠡ ᠎ᠶ᠋ᠢ ᠣᠢᠯᠠᠭᠠᠵᠤ᠂ ᠬᠤᠪᠢᠰᠭᠠᠯᠲᠤ ᠬᠥᠮᠦᠰ᠎ᠢ ᠰᠤᠷᠪᠤᠯᠵᠢᠯᠠᠪᠠ᠃ ᠢᠯᠠᠩᠭᠤᠶ᠎ᠠ ᠨᠢᠳᠤᠨᠤᠨ᠎ᠤ᠋《ᠬᠣᠶᠠᠷ᠎ᠢ ᠬᠦᠩᠭᠡᠷᠡᠭᠦᠯᠬᠦ》 ᠲᠣᠬᠢᠶᠠᠯ᠎ᠢ ᠠᠱᠢᠭ᠍ᠯᠠᠨ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠢ ᠵᠣᠬᠢᠶᠠᠨ ᠪᠠᠢᠭᠤᠯᠤᠨ 《ᠥᠨᠢᠳᠡ᠎ᠶ᠋ᠢᠨ ᠶᠢᠰᠦᠨ ᠨᠠᠰᠤ》 ᠭᠡᠬᠦ ᠱᠢᠯᠢᠳᠡᠭ ᠵᠦᠴᠦᠭᠡ᠎ᠶ᠋ᠢ ᠨᠠᠢᠷᠠᠭᠤᠯᠤᠨ ᠪᠤᠯᠪᠠᠰᠤᠷᠠᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠤᠨ ᠬᠤᠪᠢᠰᠭᠠᠯᠳᠤ ᠤᠳᠤᠮᠱᠢᠯ᠎ᠢ ᠤᠯᠠᠮᠵᠢᠯᠠᠨ ᠵᠠᠯᠭᠠᠮᠵᠢᠯᠠᠬᠤ ᠵᠢ ᠬᠦᠲᠦᠯᠦᠨ ᠵᠢᠯᠤᠭᠤᠳᠪᠠ᠃


ᠢᠷᠠᠭᠤ ᠠᠯᠳᠠᠷ᠎ᠵᠢᠡᠷ ᠤᠷᠮᠠᠰᠢᠭᠤᠯᠤᠨ ᠵᠣᠷᠢᠭ᠍ᠵᠢᠭᠤᠯᠬᠤ ᠱᠢᠰᠲ᠋ᠧᠮ᠎ᠳᠦ ᠨᠠᠮ ᠡᠪᠯᠡᠯ ᠪᠠᠭᠠᠴᠤᠳ᠎ᠤᠨ ᠬᠤᠰᠢᠭᠤᠴᠢ ᠠᠩᠭᠢ ᠵᠢᠨ ᠨᠢᠭᠡ ᠴᠣᠭ᠍ᠴᠠᠵᠢᠭᠤᠯᠤᠨ ᠬᠥᠮᠦᠵᠢᠭᠦᠯᠬᠦ᠌ ᠬᠡᠯᠬᠢᠶ᠎ᠡ ᠎ᠶ᠋ᠢ ᠲᠡᠭᠦᠯᠳᠡᠷᠵᠢᠭᠦᠯᠪᠡ


2019 ᠣᠨ ᠎ᠳᠤ᠂ ᠥᠪᠡᠷᠲᠡᠭᠡᠨ ᠵᠠᠰᠠᠬᠤ ᠣᠷᠣᠨ ᠎ᠤ ᠡᠪᠯᠡᠯ ᠎ᠦᠨ ᠬᠣᠷᠢᠶ᠎ᠠ᠂ ᠪᠠᠭᠠᠴᠤᠳ᠎ᠤᠨ ᠬᠤᠰᠢᠭᠤᠴᠢ ᠠᠩᠬᠢ ᠵᠢᠨ ᠠᠵᠢᠯ᠎ᠤᠨ ᠬᠤᠷᠢᠶ᠎ᠠ 《ᠪᠦᠬᠦ ᠬᠡᠦᠬᠡᠳ ᠪᠠᠭᠠᠴᠤᠳ᠎ᠤᠨ ᠬᠣᠱᠢᠭᠤᠴᠢ ᠠᠩᠭᠢ ᠎ᠳᠤ ᠣᠷᠣᠭ᠍ᠰᠠᠨ ᠠᠬᠤᠶ ᠪᠠᠢᠳᠠᠯ ᠳᠤᠤᠷ᠎ᠠ ᠪᠠᠭᠠᠴᠤᠳ ᠎ᠤᠨ ᠬᠣᠱᠢᠭᠤᠴᠢ ᠠᠩᠭᠢ ᠎ᠶ᠋ᠢᠨ ᠭᠡᠱᠢᠭᠦᠨ ᠎ᠦ ᠢᠷᠠᠭᠤ ᠠᠯᠳᠠᠷᠲᠤ ᠲᠦᠷᠦᠭᠳᠡᠯ ᠎ᠢ ᠬᠡᠷᠬᠢᠨ ᠪᠣᠶ ᠪᠣᠯᠭᠠᠬᠤ》 ᠵᠡᠷᠭᠡ ᠴᠠᠭ ᠦᠶ᠎ᠡ ᠎ᠶ᠋ᠢᠨ ᠴᠢᠨᠠᠷᠲᠠᠶ᠂ ᠪᠠᠢᠯᠳᠤᠬᠤ ᠪᠣᠳᠣᠯᠭ᠎ᠠ ᠎ᠶ᠋ᠢᠨ ᠴᠢᠨᠠᠷᠲᠠᠶ ᠭᠤᠷᠪᠠᠨ ᠰᠡᠳᠦᠪ᠎ᠢ ᠰᠦᠪᠡᠭ᠌ᠴᠢᠯᠡᠨ ᠱᠢᠶ᠋ᠳᠪᠦᠷᠢᠯᠡᠵᠦ᠍᠂ ᠠᠢᠮᠠᠭ ᠬᠣᠲᠠ᠎ᠶ᠋ᠢᠨ ᠱᠠᠲᠤ᠂ ᠬᠣᠱᠢᠭᠤ ᠱᠢᠶᠠᠨ ᠲᠣᠭᠣᠷᠢᠭ ᠎ᠤᠨ ᠱᠠᠲᠤᠨ ᠎ᠤ ᠪᠠᠭᠠᠴᠤᠳ ᠎ᠤᠨ ᠬᠣᠱᠢᠭᠤᠴᠢ ᠠᠩᠭᠢ ᠎ᠶ᠋ᠢᠨ ᠶᠡᠷᠦᠩᠬᠡᠶ ᠬᠠᠪᠰᠤᠷᠤᠨ ᠵᠢᠯᠣᠭᠣᠳᠣᠭ᠍ᠴᠢ᠂ ᠪᠠᠭᠠᠴᠤᠳ᠎ᠤᠨ ᠬᠣᠱᠢᠭᠤᠴᠢ ᠠᠩᠭᠢ ᠎ᠶ᠋ᠢᠨ ᠶᠡᠬᠡ ᠳᠤᠮᠳᠠ ᠠᠩᠭᠢ᠎ᠶ᠋ᠢᠨ ᠬᠠᠪᠰᠤᠷᠤᠨ ᠵᠢᠯᠣᠭᠣᠳᠣᠭ᠍ᠴᠢ᠂ ᠰᠤᠷᠭᠠᠭᠤᠯᠢ ᠎ᠶ᠋ᠢᠨ ᠶᠣᠰᠣ ᠰᠤᠷᠲᠠᠬᠤᠨ᠎ᠤ ᠬᠥᠮᠦᠵᠢᠯ᠎ᠦᠨ ᠡᠷᠬᠢᠯᠡᠭ᠌ᠴᠢ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠳᠦ ᠬᠠᠨᠳᠤᠭᠤᠯᠤᠨ ᠨᠡᠢᠲᠡ 9.5 ᠲᠦᠮᠡ ᠭᠠᠷᠤᠶ ᠬᠤᠪᠢ ᠠᠰᠠᠭᠤᠯᠲᠠ᠎ᠶ᠋ᠢᠨ ᠬᠠᠭᠤᠳᠠᠰᠤ ᠲᠠᠷᠬᠠᠭᠠᠪᠠ᠃ ᠪᠦᠯᠦᠭ ᠬᠤᠪᠢᠶᠠᠨ ᠠᠩᠭᠢ᠎ᠳᠤ ᠤᠷᠤᠭᠤᠯᠬᠤ᠂ ᠬᠡᠰᠡᠭ ᠬᠤᠪᠢᠶᠠᠨ ᠬᠥᠮᠦᠵᠢᠭᠦᠯᠬᠦ᠌᠂ ᠱᠠᠲᠤ ᠬᠤᠪᠢᠶᠠᠨ ᠤᠷᠮᠠᠱᠢᠭᠤᠯᠬᠤ᠎ᠶ᠋ᠢ ᠰᠦᠪᠡᠭ᠌ᠴᠢᠯᠡᠨ ᠬᠡᠷᠡᠭ᠌ᠵᠢᠭᠦᠯᠬᠦ᠌ ᠎ᠡᠴᠡ ᠭᠠᠷᠳᠠᠵᠤ᠂ 《ᠱᠠᠲᠤᠯᠢᠭ ᠬᠡᠯᠪᠡᠷᠢ ᠵᠢᠨ ᠦᠰᠦᠨ ᠪᠤᠢᠵᠢᠯᠳᠡ ᠵᠢᠨ ᠤᠷᠮᠠᠱᠢᠭᠤᠯᠬᠤ ᠱᠢᠰᠲ᠋ᠧᠮ᠎ᠢ ᠪᠠᠢᠭᠤᠯᠵᠤ ᠪᠠᠭᠠᠴᠤᠳ᠎ᠤᠨ ᠬᠣᠱᠢᠭᠤᠴᠢ ᠠᠩᠭᠢ ᠎ᠶ᠋ᠢᠨ ᠭᠡᠱᠢᠭᠦᠳ ᠎ᠦᠨ ᠢᠷᠠᠭᠤ ᠠᠯᠳᠠᠷᠲᠤ ᠲᠥᠷᠥᠭ᠌ᠳᠡᠯ᠎ᠢ ᠨᠡᠮᠡᠭ᠌ᠳᠡᠭᠦᠯᠬᠦ᠌ ᠲᠤᠬᠠᠶ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠬᠡᠷᠡᠭ᠌ᠵᠢᠭᠦᠯᠬᠦ᠌ ᠰᠠᠨᠠᠯ》 ᠎ᠢ᠋ ᠨᠡᠢᠲᠡᠯᠡᠵᠦ᠍᠂ ᠤᠳᠤᠷᠢᠳᠤᠮᠵᠢ᠎ᠨᠢ ᠢᠯᠡ ᠲᠣᠳᠣ᠂ ᠬᠡᠯᠪᠡᠷᠢ ᠨᠢ ᠣᠯᠠᠨ ᠶᠠᠩᠵᠤ ᠎ᠶ᠋ᠢᠨ᠂ ᠰᠣᠯᠪᠢᠴᠠᠨ ᠨᠡᠪᠲᠡᠷᠡᠯᠴᠡᠭ᠌ᠰᠡᠨ᠂ ᠱᠠᠲᠤᠯᠢᠭ ᠦᠰᠦᠨ ᠪᠣᠢᠵᠢᠯᠳᠠ ᠵᠢᠨ ᠤᠷᠮᠠᠱᠢᠭᠤᠯᠬᠤ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠢᠷᠠᠭᠤ ᠠᠯᠳᠠᠷᠲᠤ ᠲᠥᠷᠥᠭ᠌ᠳᠡᠯ᠎ᠢ ᠲᠠᠰᠤᠷᠠᠯᠲᠠ ᠥᠬᠡᠶ ᠬᠦᠭᠵᠢᠭᠡᠬᠦ  ᠵᠢ ᠬᠦᠲᠦᠯᠦᠨ ᠵᠢᠯᠤᠭᠤᠳᠪᠠ᠃

ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠰᠸ᠋ ᠬᠡᠸ᠋ ᠵᠡᠭᠡᠯᠢ᠎ᠶ᠋ᠢᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠱᠢᠨ᠎ᠡ ᠬᠤᠳᠠ ᠲᠣᠭᠣᠷᠢᠭ᠎ᠤᠨ 《ᠤᠯᠠᠭᠠᠨ ᠪᠥᠴᠡᠲᠡᠨ᠎ᠦ ᠱᠠᠩᠨᠠᠯ᠎ᠤᠨ ᠳᠡᠮᠳᠡᠭ》 ᠎ᠤᠨ  ᠬᠣᠶᠠᠷ ᠤᠳᠤᠨ ᠳᠡᠮᠳᠡᠭ᠎ᠦᠨ ᠵᠢᠱ᠌ᠢᠢ᠎ᠡ ᠦᠵᠡᠭᠦᠯᠬᠦ᠌ ᠴᠢᠨᠠᠷᠲᠠᠢ ᠲᠡᠮᠳᠡᠭ ᠣᠯᠭᠣᠬᠤ ᠶᠣᠰᠣᠯᠠᠯ ᠶᠠᠪᠤᠭᠤᠯᠵᠤ᠂ ᠪᠠᠷᠢᠮᠵᠢᠶᠠᠲᠤ ᠠᠩᠬᠢ᠎ᠶ᠋ᠢᠨ ᠶᠣᠰᠣᠯᠠᠯ᠂ ᠠᠶᠠᠲᠠᠢ ᠰᠠᠢᠬᠠᠨ ᠠᠩᠬᠢ᠎ᠶ᠋ᠢᠨ ᠳᠠᠭᠤᠤ ᠂ ᠲᠥᠪ ᠬᠢᠴᠢᠶᠡᠩᠭᠦᠢ  ᠠᠨᠳᠠᠭᠠᠢ ᠲᠠᠩᠭᠠᠷᠢᠭ ᠪᠠ ᠡᠩᠭᠡᠷ᠎ᠲᠦ ᠬᠢᠯᠠᠯᠵᠠᠬᠤ  ᠱᠠᠩᠨᠠᠯ᠎ᠤᠨ ᠳᠡᠮᠳᠡᠭ ᠵᠢᠡᠷ  ᠭᠡᠱᠢᠭᠦᠳ᠎ᠦᠨ ᠢᠷᠠᠭᠤ ᠠᠯᠳᠠᠷᠲᠤ ᠲᠦᠷᠦᠭ᠌ᠳᠡᠯ᠂ ᠡᠭᠦᠷᠭᠡ ᠬᠠᠷᠢᠭᠤᠴᠠᠯᠭᠠᠳᠤ ᠲᠦᠷᠦᠭ᠌ᠳᠡᠯ᠎ᠢ ᠨᠡᠮᠡᠭ᠌ᠳᠡᠭᠦᠯᠪᠡ! ᠶᠡᠬᠡ ᠠᠩᠭᠢ᠎ᠶ᠋ᠢᠨ ᠬᠠᠪᠰᠤᠷᠤᠨ ᠵᠢᠯᠣᠭᠣᠳᠤᠭ᠍ᠴᠢ ᠬᠠᠨ ᠵᠢᠶᠧ᠄ 《ᠱᠠᠩᠨᠠᠯ᠎ᠤᠨ ᠲᠡᠮᠳᠡᠭ ᠢ᠋ ᠴᠢᠷᠮᠠᠢᠨ ᠣᠯᠬᠤ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠠᠩᠭᠢ᠎ᠶ᠋ᠢᠨ ᠭᠡᠱᠢᠭᠦᠳ᠎ᠦᠨ ᠭᠤᠤᠯ ᠰᠡᠳᠦᠪᠲᠦ ᠡᠳᠦᠷ᠎ᠦᠨ ᠠᠩᠭᠢ᠎ᠶ᠋ᠢᠨ ᠬᠤᠷᠠᠯ ᠪᠠ ᠡᠯ᠎ᠡ ᠵᠦᠶ᠋ᠯ᠎ᠦᠨ ᠦᠶ᠋ᠯᠡᠳᠦᠯᠭᠡ᠎ᠶ᠋ᠢᠨ ᠬᠥᠮᠦᠵᠢᠯ᠎ᠦᠨ ᠠᠵᠢᠯᠯᠠᠭ᠎ᠠ᠎ᠳᠤ ᠣᠷᠣᠯᠴᠠᠬᠤ ᠢᠳᠡᠪᠬᠢᠵᠢᠯ ᠶᠡᠬᠡ᠎ᠪᠡᠷ ᠴᠢᠩᠭᠠᠷᠠᠵᠤ᠂ 〈ᠠᠳᠠᠯᠢᠳᠭᠠᠬᠤ ᠰᠤᠷᠤᠯᠴᠠᠬᠤ ᠭᠦᠢᠴᠡᠬᠦ᠌ ᠬᠠᠪᠰᠤᠷᠬᠤ ᠳᠠᠪᠠᠬᠤ〉 ᠦᠳᠭᠡᠨ ᠵᠤᠵᠠᠭᠠᠨ ᠠᠭᠤᠷ ᠠᠮᠢᠰᠭᠤᠯ᠎ᠢ ᠪᠦᠷᠢᠯᠳᠦᠭᠦᠯᠵᠦ᠍᠂ ᠬᠠᠷᠢᠯᠴᠠᠨ ᠰᠤᠷᠤᠯᠴᠠᠵᠤ᠂ ᠬᠠᠷᠢᠯᠴᠠᠨ ᠠᠬᠢᠭᠤᠯᠬᠤ᠎ᠶ᠋ᠢ ᠨᠢᠭᠡ ᠵᠦᠶ᠋ᠯ᠎ᠦᠨ ᠠᠵᠢᠯᠯᠠᠭᠠᠨ᠎ᠤ ᠤᠬᠠᠮᠰᠠᠷ ᠪᠣᠯᠭᠠᠪᠠ》 ᠬᠡᠵᠦ  ᠬᠡᠯᠡᠨ᠎ᠡ᠃


ᠬᠠᠮᠵᠢᠯᠴᠠᠨ ᠬᠥᠮᠦᠨ ᠬᠥᠮᠦᠵᠢᠭᠦᠯᠬᠦ᠌ ᠪᠠᠢᠷᠢᠱᠢᠯ ᠳᠤᠮᠳᠠ ᠨᠡᠢᠭᠡᠮᠴᠢᠯᠡᠭ᠌ᠰᠡᠨ ᠠᠵᠢᠯ᠎ᠤᠨ ᠱᠢᠰᠲ᠋ᠧᠮ ᠢ᠋ ᠢᠳᠡᠭ ᠢᠳᠡᠭ ᠎ᠢᠶᠠᠷ ᠪᠠᠢᠭᠤᠯᠪᠠ


《 ᠵᠤᠬᠢᠶᠠᠨ ᠪᠠᠢᠭᠤᠯᠤᠯᠳᠠ ᠵᠢ  ᠴᠤᠭᠴᠠᠯᠠᠬᠤ ᠂ ᠡᠩᠨᠡᠭᠡ ᠵᠢ ᠢᠵᠢ ᠪᠦᠷᠢᠳᠦᠬᠦᠯᠬᠦ᠂ ᠵᠢᠭ᠍ᠰᠠᠭᠠᠯ᠎ᠤᠨ ᠭᠠᠵᠠᠷ᠎ᠢ ᠬᠡᠷᠡᠭ᠌ᠯᠡᠬᠦ᠌᠂ ᠨᠡᠷᠡᠲᠦ ᠲᠥᠷᠥᠯ ᠲᠡᠮᠳᠡᠭ᠌ᠲᠦ᠍᠎ᠶ᠋ᠢ ᠡᠭᠦᠳᠬᠦ᠌》 ᠶᠡᠷᠦᠩᠬᠡᠶ ᠰᠡᠳᠬᠢᠴᠡ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠠᠵᠢᠯ᠎ᠤᠨ ᠬᠤᠷᠢᠶ᠎ᠠ᠎ᠨᠢ ᠰᠤᠷᠭᠠᠭᠤᠯᠢ᠎ᠶ᠋ᠢᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠪᠡᠬᠢᠵᠢᠭᠦᠯᠦᠭ᠌ᠰᠡᠨ ᠰᠠᠭᠤᠷᠢᠨ ᠳᠡᠭᠡᠷ᠎ᠡ᠂ ᠪᠠᠢᠭᠤᠯᠪᠠᠰᠤ ᠵᠣᠬᠢᠬᠤ᠎ᠶ᠋ᠢ᠎ᠨᠢ ᠴᠢᠳᠠᠬᠤ᠎ᠶ᠋ᠢᠨ ᠬᠢᠷᠢ᠎ᠪᠡᠷ ᠪᠠᠢᠭᠤᠯᠬᠤ ᠵᠠᠷᠴᠢᠮ ᠶᠣᠰᠣᠭᠠᠷ᠂ ᠰᠤᠷᠭᠠᠭᠤᠯᠢ᠎ᠶ᠋ᠢᠨ ᠭᠠᠳᠠᠨᠠᠬᠢ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠨᠥᠬᠥᠴᠡᠯ ᠪᠦᠷᠢᠯᠳᠦᠭᠦᠯᠦᠭ᠌ᠰᠡᠨ ᠱᠢᠶᠠᠩ ᠪᠠᠯᠭᠠᠰᠤ (ᠵᠡᠭᠡᠯᠢ ᠭᠤᠳᠤᠮᠵᠢ)᠂ ᠨᠡᠢᠭᠡᠮ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠂ ᠵᠠᠯᠠᠭᠤᠴᠤᠳ ᠪᠠᠭᠠᠴᠤᠳ᠎ᠤᠨ ᠣᠷᠳᠣᠨ᠂  ᠵᠠᠯᠠᠭᠤᠴᠤᠳ᠎ᠤᠨ ᠠᠢᠯ ᠵᠡᠷᠭᠡ ᠰᠤᠷᠭᠠᠭᠤᠯᠢ᠎ᠶ᠋ᠢᠨ ᠭᠠᠳᠠᠨᠠᠬᠢ ᠲᠠᠯᠠᠪᠤᠷ᠎ᠲᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠨᠡᠢᠳᠡᠮ ᠪᠠᠢᠭᠤᠯᠬᠤ᠎ᠶ᠋ᠢ ᠠᠬᠢᠭᠤᠯᠪᠠ᠃ ᠡᠪᠯᠡᠯ᠎ᠦᠨ ᠬᠠᠷᠢᠶ᠎ᠠ ᠵᠠᠯᠠᠭᠤᠴᠤᠳ ᠪᠠᠭᠠᠴᠤᠳ᠎ᠤᠨ ᠣᠷᠳᠣᠨ᠂ 《ᠵᠠᠯᠠᠭᠤᠴᠤᠳ᠎ᠤᠨ ᠠᠢᠯ》᠂  《ᠤᠯᠠᠭᠠᠨ ᠪᠥᠴᠡᠲᠡᠨ᠎ᠦ ᠬᠦᠰᠡᠯ ᠵᠡᠭᠦᠳᠦ ᠨᠡᠷᠡᠮᠵᠢᠳᠦ》 ᠵᠡᠷᠭᠡ ᠡᠪᠯᠡᠯ᠎ᠦᠨ ᠳᠣᠲᠣᠭᠠᠳᠤ᠎ᠶ᠋ᠢᠨ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠎ᠢ ᠨᠡᠢᠳᠭᠡᠵᠦ᠂ ᠨᠠᠮ ᠵᠠᠰᠠᠭ᠎ᠤᠨ ᠪᠠᠢᠭᠤᠯᠭ᠎ᠠ ᠪᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠂ ᠴᠡᠷᠢᠭ ᠠᠩᠭᠢ᠎ᠶ᠋ᠢᠨ ᠬᠤᠸᠠᠷᠠᠨ ᠵᠡᠷᠭᠡ ᠵᠢ ᠪᠠᠭᠠᠴᠤᠳ᠎ᠤᠨ ᠬᠣᠱᠢᠭᠤᠴᠢ ᠠᠩᠭᠢ᠎ᠲᠠᠶ ᠬᠠᠮᠲᠤᠷᠠᠨ ᠪᠠᠢᠭᠤᠯᠵᠤ ᠬᠠᠮᠲᠤ᠎ᠪᠠᠷ ᠪᠣᠢᠵᠢᠭᠤᠯᠬᠤ ᠲᠣᠭ᠍ᠲᠠᠴᠠ᠎ᠶ᠋ᠢ ᠵᠣᠬᠢᠶᠠᠨ ᠪᠠᠢᠭᠤᠯᠬᠤ ᠵᠢ ᠴᠢᠩᠭᠠᠳᠬᠠᠵᠤ᠂ ᠥᠪᠥᠷ ᠮᠣᠩᠭᠣᠯ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠺᠠᠳ᠋ᠷ᠎ᠤᠨ ᠰᠤᠷᠭᠠᠭᠤᠯᠢ ᠵᠡᠷᠭᠡ 8 ᠨᠢᠭᠡᠴᠢ᠎ᠲᠡᠶ ᠬᠠᠮᠲᠤ᠎ᠪᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠰᠤᠷᠭᠠᠭᠤᠯᠢ᠎ᠶ᠋ᠢᠨ ᠭᠠᠳᠠᠨᠠᠬᠢ ᠦᠶ᠋ᠯᠡᠳᠦᠯᠭᠡ᠎ᠶ᠋ᠢᠨ ᠬᠥᠮᠦᠵᠢᠯ᠎ᠦᠨ ᠰᠠᠭᠤᠷᠢᠨ》 ᠎ᠢ᠋ ᠪᠠᠢᠭᠤᠯᠵᠤ᠂ ᠥᠷᠭᠡᠨ ᠳᠡᠯᠭᠡᠷ ᠪᠦᠷᠬᠦᠴᠡ᠎ᠲᠡᠶ᠂ ᠡᠯᠪᠡᠭ ᠪᠠᠶᠠᠯᠢᠭ ᠴᠢᠳᠠᠪᠬᠢ ᠲᠠᠶ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠰᠣᠶᠣᠯ᠎ᠤᠨ 《ᠠᠮᠢᠳᠤᠷᠠᠯ᠎ᠤᠨ ᠲᠣᠭᠣᠷᠢᠭ 》 ᠎ᠢ᠋  ᠠᠯᠬᠤᠮ ᠠᠯᠬᠤᠮ᠎ᠢᠶᠠᠷ ᠪᠠᠢᠭᠤᠯᠪᠠ᠃

《ᠮᠠᠨ᠎ᠤ ᠵᠠᠯᠠᠭᠤᠴᠤᠳ ᠪᠠᠭᠠᠴᠤᠳ᠎ᠤᠨ ᠣᠷᠳᠣᠨ 1999 ᠣᠨ᠎ᠳᠤ ᠪᠠᠢᠭᠤᠯᠤᠭ᠍ᠳᠠᠵᠠᠶ᠂ ᠲᠡᠷᠡ ᠦᠶ᠎ᠡ᠎ᠳᠦ ᠪᠥᠵᠢᠭ᠂ ᠵᠢᠷᠤᠭ᠂ ᠤᠷᠠᠨ ᠪᠢᠴᠢᠯᠭᠡ ᠵᠡᠷᠭᠡ ᠳᠤᠷ᠎ᠠ ᠰᠣᠨᠢᠷᠬᠠᠯ᠎ᠤᠨ ᠠᠩᠭᠢ᠎ᠲᠠᠶ ᠪᠠᠢᠪᠠ᠂ ᠭᠡᠪᠡᠴᠦ᠍ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭᠠᠨ᠎ᠤ ᠲᠣᠭ᠍ᠲᠠᠮᠠᠯ ᠲᠠᠯᠠᠪᠤᠷ ᠭᠡᠵᠦ᠍ ᠪᠠᠢᠬᠤ ᠥᠬᠡᠶ᠂ ᠵᠥᠪᠬᠡᠨ 200 ᠲᠡᠭ᠌ᠰᠢ ᠳᠥᠷᠪᠡᠯᠵᠢᠨ ᠮᠧᠲ᠋ᠷ᠎ᠦᠨ ᠣᠯᠠᠨ ᠴᠢᠳᠠᠪᠬᠢᠳᠤ ᠬᠢᠴᠢᠶᠡᠯ᠎ᠦᠨ ᠬᠡᠷ᠎ᠲᠡᠶ ᠪᠠᠢᠵᠤ᠂ ᠬᠤᠷᠠᠯ ᠬᠢᠬᠦ᠌᠂ ᠲᠣᠭ᠍ᠯᠠᠯᠲᠠ ᠭᠠᠷᠭᠠᠬᠤ᠂ ᠤᠷᠤᠯᠳᠤᠭᠠᠨ ᠬᠢᠬᠦ᠌ ᠳ᠋ᠤ ᠴᠦᠮ ᠬᠠᠮᠳᠤ ᠳ᠋ᠠᠭᠠᠨ ᠨᠢᠬᠡ ᠬᠡᠷ ᠢ᠋ ᠬᠡᠷᠡᠭᠯᠡᠵᠦ ᠪᠠᠢᠭᠰᠠᠨ ᠪᠥᠭᠡᠳ ᠤᠷᠤᠨ ᠵᠠᠢ ᠨᠢ ᠣᠨᠴᠠᠭᠠᠶ ᠪᠠᠭ᠎ᠠ ᠪᠠᠢᠪᠠ᠃ 2018 ᠣᠨ᠎ᠳᠤ᠂ ᠵᠠᠯᠠᠭᠤᠴᠤᠳ ᠪᠠᠭᠠᠴᠤᠳ᠎ᠤᠨ ᠣᠷᠳᠣᠨ ᠪᠢᠨ ᠾᠧ ᠲᠣᠭᠣᠷᠢᠭ᠎ᠲᠤ ᠨᠡᠭᠦᠵᠦ᠍᠂ ᠡᠯ᠎ᠡ ᠲᠤᠰᠭᠠᠢ ᠮᠡᠷᠭᠡᠵᠢᠯ᠎ᠦᠨ ᠬᠢᠴᠢᠶᠡᠯ᠎ᠦᠨ ᠭᠡᠷ᠎ᠲᠡᠶ᠂ 306 ᠰᠠᠭᠤᠳᠠᠯ᠎ᠲᠠᠶ ᠪᠠᠭ᠎ᠠ ᠲᠢᠶᠠᠲ᠋ᠷ᠎ᠲᠠᠶ ᠪᠤᠯᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠦᠢᠯᠡᠳᠦᠯᠭᠡ᠎ᠶ᠋ᠢᠨ ᠠᠵᠢᠯᠯᠠᠭ᠎ᠠ᠂ ᠭᠣᠣᠯ ᠰᠡᠳᠦᠪᠲᠦ ᠠᠩᠭᠢ᠎ᠶ᠋ᠢᠨ ᠡᠳᠦᠷ᠎ᠦᠨ ᠬᠤᠷᠠᠯ᠎ᠢ 300 ᠭᠠᠷᠤᠢ ᠤᠳᠠᠭ᠎ᠠ ᠡᠷᠬᠢᠯᠡᠵᠦ᠍᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠤ ᠲᠠᠪᠴᠠᠩ ᠬᠠᠩᠭᠠᠵᠤ ᠪᠠᠢᠨ᠎ᠠ》 ᠭᠡᠵᠦ᠍ ᠦᠬᠠᠢ ᠬᠤᠳᠠ᠎ᠶ᠋ᠢᠨ ᠵᠠᠯᠠᠭᠤᠴᠤᠳ ᠪᠠᠭᠠᠴᠤᠳ᠎ᠤᠨ ᠣᠷᠳᠣᠨ᠎ᠤ ᠬᠠᠪᠰᠤᠷᠤᠨ ᠵᠢᠯᠤᠭᠤᠳᠤᠬ᠍ᠴᠢ ᠸᠠᠩ ᠱᠢᠶᠤᠤ ᠬᠤᠢ ᠬᠡᠯᠡᠪᠡ᠃

ᠤᠳᠤᠬᠠᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠰᠤᠷᠭᠠᠭᠤᠯᠢ᠎ᠶ᠋ᠢᠨ ᠭᠠᠳᠠᠨᠠᠬᠢ ᠦᠶ᠋ᠯᠡᠳᠦᠯᠭᠡ᠎ᠶ᠋ᠢᠨ ᠬᠥᠮᠦᠵᠢᠯ᠎ᠦᠨ ᠰᠠᠭᠤᠷᠢᠨ᠎ᠢ ᠪᠥᠬᠥ᠌ ᠣᠷᠣᠨ᠎ᠤ ᠬᠡᠪᠴᠢᠶᠡᠨ᠎ᠳᠦ 300 ᠭᠠᠷᠤᠶ ᠨᠡᠷᠡᠢᠳᠴᠦ ᠫᠠᠢᠰᠠ ᠡᠯᠬᠦᠭᠰᠡᠨ ᠪᠥᠭᠡᠳ ᠪᠠᠰᠠ 331 ᠨᠡᠢᠭᠡᠮ ᠲᠣᠭᠣᠷᠢᠭ᠎ᠤᠨ ᠪᠠᠭᠠᠴᠤᠳ᠎ᠤᠨ ᠠᠵᠢᠯ᠎ᠤᠨ ᠬᠣᠷᠢᠶ᠎ᠠ᠎ᠶ᠋ᠢ ᠪᠠᠢᠭᠤᠯᠵᠤ᠂ ᠡᠪᠯᠡᠯ᠎ᠦᠨ ᠬᠠᠷᠢᠶ᠎ᠠ ᠵᠠᠯᠠᠭᠤᠴᠤᠳ ᠪᠠᠭᠠᠴᠤᠳ᠎ᠤᠨ ᠣᠷᠳᠣᠨ᠂ ᠵᠠᠯᠠᠭᠤᠴᠤᠳ ᠪᠠᠭᠠᠴᠤᠳ᠎ᠤᠨ ᠠᠵᠢᠯᠯᠠᠭᠠᠨ᠎ᠤ ᠲᠥᠪ᠎ᠲᠦ ᠴᠥᠮ ᠪᠠᠭᠠᠴᠤᠳ᠎ᠤᠨ ᠠᠵᠢᠯ᠎ᠤᠨ ᠬᠣᠷᠢᠶ᠎ᠠ ᠪᠠᠢᠭᠤᠯᠬᠤ᠎ᠶ᠋ᠢ ᠠᠬᠢᠭᠤᠯᠵᠤ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠂ ᠰᠣᠶᠣᠯ ᠵᠢᠭᠤᠯᠴᠢᠯᠠᠯ᠎ᠤᠨ ᠱᠢᠰᠲ᠋ᠧᠮ᠎ᠦᠨ ᠰᠤᠷᠭᠠᠭᠤᠯᠢ᠎ᠶ᠋ᠢᠨ ᠭᠠᠳᠠᠨᠠᠬᠢ ᠠᠵᠢᠯᠯᠠᠭᠠᠨ᠎ᠤ ᠲᠠᠯᠠᠪᠤᠷ᠎ᠲᠤ 60 ᠭᠠᠷᠤᠶ ᠪᠠᠭᠠᠴᠤᠳ᠎ᠤᠨ ᠠᠵᠢᠯ᠎ᠤᠨ ᠬᠣᠷᠢᠶ᠎ᠠ ᠪᠠᠢᠭᠤᠯᠪᠠ᠃

ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠬᠣᠷᠢᠶ᠎ᠠ 《 ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠴᠢᠩᠭᠠᠳᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠯ》 ᠪᠣᠯᠤᠨ ᠥᠪᠡᠷᠲᠡᠭᠡᠨ ᠵᠠᠰᠠᠬᠤ ᠣᠷᠣᠨ᠎ᠤ ᠬᠡᠷᠡᠭ᠌ᠵᠢᠭᠦᠯᠬᠦ᠌ ᠰᠠᠨᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠪᠠᠭᠠᠴᠤᠳ᠎ᠤᠨ ᠬᠣᠱᠢᠭᠤᠴᠢ ᠠᠩᠭᠢ ᠶ᠋ᠢᠨ ᠭᠡᠱᠢᠭᠦᠨ᠎ᠦ ᠢᠷᠠᠭᠤ ᠠᠯᠳᠠᠷᠲᠤ ᠲᠥᠷᠥᠭ᠌ᠳᠡᠯ᠎ᠢ ᠴᠢᠩᠭᠠᠳᠬᠠᠬᠤ ᠲᠥᠯᠥᠪᠯᠡᠭᠡ᠎ᠵᠢ ᠬᠡᠷᠡᠭᠵᠢᠬᠦᠯᠬᠦ ᠎ᠪᠠᠷ ᠭᠤᠤᠯ ᠱᠢᠵᠢᠮ ᠪᠣᠯᠭᠠᠵᠤ᠂ ᠪᠠᠭᠠᠴᠤᠳ᠎ᠤᠨ᠎ᠬᠣᠱᠢᠭᠤᠴᠢ᠎ᠠᠩᠭᠢ᠎ᠶ᠋ᠢᠨ᠎ᠭᠡᠱᠢᠭᠦᠨ᠎ᠦ ᠤᠯᠤᠰ ᠲᠥᠷᠥ᠎ᠶ᠋ᠢᠨ ᠵᠢᠯᠣᠭᠣᠳᠣᠯᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠦᠶ᠋ᠯᠡᠳᠦᠯᠭᠡ᠎ᠪᠡᠷ ᠬᠥᠮᠦᠨ ᠬᠥᠮᠦᠵᠢᠭᠦᠯᠬᠦ᠌ ᠳᠠᠪᠠᠭᠤᠯᠢᠭ᠎ᠢ ᠦᠨᠡᠨ ᠬᠦ᠌ ᠪᠠᠳᠠᠷᠠᠭᠤᠯᠵᠤ᠂ ᠪᠠᠭᠠᠴᠤᠳ ᠤ᠋ᠨ ᠬᠤᠰᠢᠭᠤᠴᠢ ᠠᠩᠬᠢ ᠳ᠋ᠤ ᠤᠷᠤᠬᠤ ᠡᠴᠨ ᠡᠮᠦᠨᠡᠬᠢ ᠬᠦᠮᠦᠵᠢᠯ᠂ ᠬᠣᠱᠢᠭᠤᠴᠢ ᠠᠩᠭᠢ᠎ᠶ᠋ᠢᠨ ᠰᠤᠷᠭᠠᠨ ᠬᠥᠮᠦᠵᠢᠯ᠎ᠡᠴᠨ ᠪᠦᠯᠬᠦᠮ ᠨᠡᠢᠲᠡ᠎ᠶ᠋ᠢ ᠵᠣᠯᠭᠠᠭᠤᠯᠬᠤ ᠱᠠᠲᠤᠯᠢᠭ ᠮᠠᠶᠢᠭ᠎ᠤᠨ ᠦᠰᠦᠨ ᠪᠣᠢᠵᠢᠵᠤ ᠤᠷᠮᠠᠱᠢᠭᠤᠯᠬᠤ ᠱᠢᠰᠲ᠋ᠧᠮ᠎ᠢ ᠬᠦᠴᠦᠯᠡᠨ ᠲᠡᠭᠦᠯᠳᠡᠷᠵᠢᠭᠦᠯᠵᠦ᠍᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠦ ᠢᠷᠠᠭᠤ ᠠᠯᠳᠠᠷᠲᠤ ᠲᠥᠷᠥᠭ᠌ᠳᠡᠯ ᠪᠣᠯᠤᠨ ᠡᠭᠦᠷᠭᠡᠲᠦ ᠰᠡᠳᠭᠢᠯᠭᠡ᠎ᠶ᠋ᠢ ᠦᠷᠭᠦᠯᠵᠢᠯᠡᠨ ᠨᠡᠮᠡᠭ᠌ᠳᠡᠭᠦᠯᠦᠨ᠎ᠡ᠃

(ᠡᠭᠡ ᠪᠢᠴᠢᠭ᠎ᠢ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号