ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ ᠰᠣᠷᠢᠯᠲᠠ ᠵᠢ ᠠᠡᠭᠬᠠᠷᠤᠭᠠᠷᠠᠢ!
2022-06-22 10:35:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 24 ᠎ᠦ ᠡᠳᠦᠷ᠎ᠦᠨ 9᠄ 00 —17᠄ 00 ᠴᠠᠭ᠎ᠲᠤ᠂ ᠪᠦᠬᠦ ᠤᠯᠤᠰ᠎ᠤᠨ ᠨᠢᠭᠡᠳᠦᠯᠲᠡᠶ ᠱᠢᠯᠭᠠᠯᠲᠠ (ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠲᠤᠰᠬᠠᠢ ᠮᠡᠷᠭᠡᠵᠢᠯ ᠵᠢᠡᠷ ᠵᠤᠯᠭᠠᠯᠴᠠᠭᠤᠯᠤᠨ ᠰᠣᠷᠣᠭ᠍ᠴᠢ ᠡᠯᠰᠡᠬᠦ᠌ ᠪᠠᠭ᠍ᠲᠠᠨ᠎ᠠ) ᠳ᠋ᠤ ᠣᠷᠣᠯᠴᠠᠭ᠍ᠰᠠᠨ ᠪᠣᠶ ᠪᠥᠬᠥᠶ ᠱᠢᠯᠭᠠᠭᠤᠯᠤᠭ᠍ᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ ᠰᠣᠷᠢᠯᠲᠠ ᠬᠢᠵᠦ ᠪᠤᠯᠤᠨ᠎ᠠ᠂ ᠰᠣᠷᠢᠯᠲᠠ ᠳ᠋ᠦ ᠬᠤᠯᠪᠤᠬᠳᠠᠬᠤ ᠵᠦᠢᠯᠡᠰ᠎ᠢ ᠳᠤᠤᠷᠠᠬᠢ ᠮᠡᠲᠦ ᠮᠡᠳᠡᠭ᠌ᠳᠡᠯ᠎ᠡ᠄

ᠨᠢᠭᠡ

ᠱᠢᠯᠭᠠᠭᠤᠯᠤᠭ᠍ᠴᠢ᠎ᠶ᠋ᠢᠨ ᠲᠠᠩᠰᠠ ᠡᠪᠬᠡᠮᠡᠯ ᠵᠢᠡᠨ ᠥᠭ᠌ᠬᠦ ᠬᠤᠪᠢ (ᠲᠤᠬᠠᠢᠯᠠᠪᠠᠯ ᠰᠣᠶᠣᠯ᠎ᠤᠨ ᠬᠢᠴᠢᠶᠡᠯ᠎ᠦᠨ ᠶᠡᠷᠦᠩᠬᠡᠶ ᠬᠤᠪᠢ ᠳᠡᠭᠡᠷ᠎ᠡ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠬᠤᠪᠢ ᠨᠡᠮᠡᠬᠦ᠌) ᠵᠢᠴᠢ ᠲᠤᠰᠭᠠᠶ ᠮᠡᠷᠭᠡᠵᠢᠯ᠎ᠦᠨ ᠬᠢᠴᠢᠶᠡᠯ᠎ᠦᠨ ᠨᠢᠭᠡᠳᠦᠯᠲᠡᠶ ᠱᠢᠯᠭᠠᠯᠲᠠ (ᠪᠤᠶᠤ ᠰᠤᠷᠭᠠᠭᠤᠯᠢ᠎ᠶ᠋ᠢᠨ ᠱᠢᠯᠭᠠᠯᠲᠠ) ᠶ᠋ᠢᠨ ᠬᠢᠷᠢ ᠪᠦᠲᠦᠮᠵᠢ ᠨᠢ ᠡᠷᠬᠡᠪᠰᠢ ᠬᠠᠷᠠᠭᠠᠯᠵᠠᠬᠰᠠᠨ ᠪᠦᠯᠦᠭ ᠤᠳᠠᠭ᠎ᠠ ᠪᠠ ᠬᠢᠴᠢᠶᠡᠯ ᠲᠥᠷᠥᠯ᠎ᠦᠨ ᠡᠯᠰᠡᠬᠦ᠌ ᠬᠠᠮᠤᠭ᠎ᠤᠨ ᠲᠤᠤᠷ᠎ᠠ ᠬᠢᠵᠠᠭᠠᠷᠯᠠᠬᠤ ᠬᠤᠪᠢ᠎ᠳᠤ ᠬᠦᠷᠦᠭ᠌ᠰᠡᠨ ᠪᠠᠢᠬᠤ ᠬᠡᠷᠡᠭ᠌ᠲᠡᠶ᠂ ᠡᠭᠦᠨ᠎ᠳᠦ ᠨᠡᠷ᠎ᠡ ᠮᠡᠳᠡᠭᠦᠯᠦᠭ᠌ᠰᠡᠨ ᠶᠡᠬᠡ ᠳᠡᠭᠡᠳᠦ ᠰᠤᠷᠭᠠᠭᠤᠯᠢ ᠎ᠶ᠋ᠢᠨ ᠲᠤᠰᠭᠠᠶ ᠮᠡᠷᠭᠡᠵᠢᠯ ᠨᠢ ᠰᠤᠷᠭᠠᠭᠤᠯᠢ ᠎ᠶ᠋ᠢᠨ ᠱᠢᠯᠭᠠᠯᠲᠠ᠎ᠶ᠋ᠢᠨ ᠬᠢᠷᠢ ᠪᠦᠲᠦᠮᠵᠢ᠎ᠶ᠋ᠢᠨ ᠱᠠᠭᠠᠷᠳᠠᠯᠭ᠎ᠠ᠎ᠲᠠᠶ ᠪᠤᠯ᠂ ᠱᠢᠯᠭᠠᠭᠤᠯᠤᠭ᠍ᠴᠢ ᠡᠷᠬᠡᠪᠰᠢ ᠬᠠᠮᠢᠶ᠎ᠠ ᠪᠥᠬᠥᠶ ᠱᠠᠭᠠᠷᠳᠠᠯᠭ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠃

ᠬᠣᠶᠠᠷ

ᠪᠥᠬᠥ᠌ ᠶᠠᠪᠤᠴᠠ᠎ᠳᠤ ᠬᠥᠳᠡᠯᠦᠩᠭᠦᠶ ᠨᠡᠷᠡᠰ᠎ᠦᠨ ᠵᠢᠭ᠍ᠰᠠᠭᠠᠯᠲᠠ ᠵᠢ ᠬᠠᠩᠭᠠᠵᠦ᠂ ᠱᠢᠯᠭᠠᠭᠤᠯᠤᠭ᠍ᠴᠢ ᠰᠦᠯᠵᠢᠶᠡᠨ ᠳᠡᠭᠡᠷ᠎ᠡ ᠡᠷᠡᠮᠡᠯᠵᠡᠯ᠎ᠢᠶᠡᠨ ᠱᠢᠨ᠎ᠡ᠎ᠪᠡᠷ ᠲᠠᠭ᠍ᠯᠠᠭ᠍ᠰᠠᠨ᠎ᠤ ᠳᠠᠷᠠᠭ᠎ᠠ᠂ ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠵᠤ ᠲᠠᠭᠤᠰᠬᠤ ᠪᠤᠯᠳᠠᠯ᠎ᠠ ᠴᠥᠮ ᠥᠪᠡᠷ᠎ᠦᠨ ᠬᠥᠳᠡᠯᠦᠩᠭᠦᠶ ᠨᠡᠷᠡᠰ᠎ᠦᠨ ᠵᠢᠭ᠍ᠰᠠᠭᠠᠯᠲᠠ᠎ᠪᠠᠨ ᠴᠠᠭ ᠲᠤᠬᠠᠶ᠎ᠳᠤᠨᠢ ᠪᠠᠢᠴᠠᠭᠠᠨ ᠦᠵᠡᠵᠦ᠍ ᠪᠣᠯᠤᠨ᠎ᠠ᠃

ᠭᠤᠷᠪᠠ

ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ ᠶᠠᠪᠤᠴᠠ

1.《2022 ᠣᠨ᠎ᠤ ᠡᠩ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ ᠲᠠᠭ᠍ᠯᠠᠬᠤ ᠲᠤᠰᠭᠠᠶ ᠪᠤᠯᠤᠩ》 ᠡᠴᠡ ᠰᠣᠷᠢᠯᠲᠠ ᠪᠤᠯᠪᠠᠰᠤᠷᠠᠯ᠎ᠳᠤ ᠬᠡᠷᠡᠭ᠌ᠯᠡᠬᠦ᠌ ᠰᠣᠷᠣᠭ᠍ᠴᠢ ᠡᠯᠰᠡᠬᠦ᠌ ᠲᠥᠯᠥᠪᠯᠡᠭᠡ᠎ᠶ᠋ᠢ ᠪᠠᠢᠴᠠᠭᠠᠨ ᠦᠵᠡᠵᠦ᠍᠂ ᠨᠡᠷ᠎ᠡ ᠮᠡᠳᠡᠭᠦᠯᠬᠦ᠌᠎ᠪᠡᠷ ᠪᠠᠢᠭ᠎ᠠ ᠶᠡᠬᠡ ᠳᠡᠭᠡᠳᠦ ᠰᠤᠷᠭᠠᠭᠤᠯᠢ ᠪᠠ ᠲᠤᠰᠭᠠᠶ ᠮᠡᠷᠭᠡᠵᠢᠯ᠎ᠢ ᠰᠣᠩᠭᠣᠨ᠎ᠠ;

ᠱᠢᠯᠭᠠᠭᠤᠯᠬᠤ᠎ᠪᠠᠷ ᠪᠠᠢᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠣᠷᠣᠯᠠᠬᠤ ᠳ᠋ᠤᠭᠠᠷ ᠪᠠ ᠲᠤᠰᠭᠠᠶ ᠮᠡᠷᠭᠡᠵᠢᠯ᠎ᠦᠨ ᠣᠷᠣᠯᠠᠬᠤ ᠳ᠋ᠤᠭᠠᠷ᠎ᠢ ᠲᠡᠮᠳᠡᠭ᠌ᠯᠡᠵᠦ ᠠᠪᠤᠨ᠎ᠠ;

ᠶᠠᠡᠭ ᠭᠤᠸᠠᠡᠭ ᠶᠡᠬᠡ ᠳᠡᠭᠡᠳᠦ ᠰᠤᠷᠭᠠᠭᠤᠯᠢ ᠵᠢᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠲᠠᠪᠴᠠᠩ(http://gaokao.chsi.com.cn ) ᠳ᠋ᠦ ᠭᠠᠷᠴᠦ᠂ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠲᠦᠷᠢᠮ ᠲᠣᠭ᠍ᠲᠠᠭᠠᠯ᠎ᠢ ᠪᠠᠢᠴᠠᠭᠠᠨ ᠦᠵᠡᠨ᠎ᠡ᠃

2. ᠱᠢᠯᠭᠠᠭᠤᠯᠤᠭ᠍ᠴᠢ ᠱᠢᠯᠭᠠᠭᠤᠯᠬᠤ ᠦᠨᠡᠮᠯᠡᠯ ᠳᠡᠭᠡᠷ᠎ᠡ ᠳᠠᠷᠤᠮᠠᠯᠯᠠᠭ᠍ᠰᠠᠨ 《ᠱᠢᠯᠭᠠᠭᠤᠯᠤᠭ᠍ᠴᠢ᠎ᠶ᠋ᠢᠨ ᠦᠶ᠋ᠯᠡᠴᠢᠯᠡᠭᠡ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ ᠲᠠᠪᠴᠠᠩ》᠎ᠤᠨ ᠰᠦᠯᠵᠢᠶᠡᠨ ᠬᠠᠶᠢᠭ᠎ᠢᠶᠠᠷ ᠪᠦᠷᠢᠳᠬᠡᠬᠦᠯᠬᠦ᠎ᠶ᠋ᠢᠨ ᠬᠠᠮᠲᠤ ᠡᠷᠡᠮᠡᠯᠵᠡᠯ ᠵᠢᠡᠨ ᠲᠠᠭ᠍ᠯᠠᠵᠤ᠂ ᠨᠡᠷ᠎ᠡ ᠮᠡᠳᠡᠭᠦᠯᠦᠭ᠌ᠰᠡᠨ ᠶᠡᠬᠡ ᠳᠡᠭᠡᠳᠦ ᠰᠤᠷᠭᠠᠭᠤᠯᠢ ᠪᠤᠶᠤ ᠲᠤᠰᠭᠠᠶ ᠮᠡᠷᠭᠡᠵᠢᠯ᠎ᠦᠨ ᠬᠥᠳᠡᠯᠦᠩᠭᠦᠶ ᠨᠡᠷᠡᠰ᠎ᠦᠨ ᠵᠢᠭ᠍ᠰᠠᠭᠠᠯᠲᠠ᠎ᠶ᠋ᠢ ᠪᠠᠢᠴᠠᠭᠠᠨ ᠦᠵᠡᠨ᠎ᠡ᠃

3.ᠡᠷᠡᠮᠡᠯᠵᠡᠯ ᠲᠠᠭ᠍ᠯᠠᠬᠤ ᠪᠥᠬᠥ᠌ ᠬᠤᠭᠤᠴᠠᠭᠠᠨ᠎ᠳᠤ ᠱᠢᠯᠭᠠᠭᠤᠯᠤᠭ᠍ᠴᠢ ᠨᠡᠷᠡᠰ᠎ᠦᠨ ᠵᠢᠭ᠍ᠰᠠᠭᠠᠯᠲᠠ᠎ᠶ᠋ᠢᠨ ᠮᠡᠳᠡᠭᠡ ᠵᠠᠩᠭᠢ᠎ᠶ᠋ᠢ ᠦᠷᠭᠦᠯᠵᠢ ᠪᠠᠢᠴᠠᠭᠠᠨ ᠯᠠᠪᠯᠠᠵᠤ᠂ ᠡᠷᠡᠮᠡᠯᠵᠡᠯ᠎ᠢᠶᠡᠨ ᠲᠠᠰᠤᠷᠠᠯᠲᠠ ᠥᠬᠡᠶ ᠵᠠᠰᠠᠵᠦ ᠪᠤᠯᠤᠨ᠎ᠠ᠃

ᠳᠥᠷᠪᠡ

ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ᠎ᠳᠤ ᠠᠩᠬᠠᠷᠬᠤ ᠵᠦᠶ᠋ᠯ

1. ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ ᠰᠣᠷᠢᠯᠲᠠ ᠪᠤᠯᠪᠠᠰᠤᠷᠠᠯ ᠨᠢ ᠵᠥᠪᠬᠡᠨ ᠱᠢᠯᠭᠠᠭᠤᠯᠤᠭ᠍ᠴᠢ᠎ᠶ᠋ᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ ᠠᠵᠢᠯᠯᠠᠭᠠᠨ᠎ᠤ ᠶᠠᠪᠤᠴᠠ᠎ᠶ᠋ᠢ ᠰᠠᠢᠨ ᠣᠢᠯᠠᠭᠠᠬᠤ᠎ᠳᠤ ᠵᠣᠷᠢᠭᠤᠯᠪᠠ᠂ ᠡᠭᠦᠨ᠎ᠦ ᠲᠠᠭ᠍ᠯᠠᠨ ᠮᠡᠳᠡᠭᠦᠯᠦᠭ᠌ᠰᠡᠨ ᠦᠷ᠎ᠡ ᠳ᠋ᠦᠩ ᠵᠢᠴᠢ ᠪᠦᠷᠢᠯᠳᠦᠭᠰᠡᠨ ᠲᠠᠩᠰᠠ ᠡᠪᠬᠡᠮᠡᠯ ᠵᠢᠡᠨ ᠥᠭ᠌ᠬᠦ ᠬᠤᠪᠢ ᠵᠢᠨ ᠱᠤᠭᠤᠮ ᠵᠡᠷᠭᠡ ᠪᠦᠷᠢᠳᠭᠡᠭ᠌ᠰᠡᠨ ᠦᠷ᠎ᠡ ᠳ᠋ᠦᠩ ᠨᠢ ᠵᠢᠩᠬᠢᠨᠢ᠎ᠪᠡᠷ ᠰᠤᠷᠤᠬᠴᠢ ᠡᠯᠰᠡᠬᠦ᠌᠎ᠲᠡᠶ ᠶᠠᠮᠠᠷ ᠴᠤ᠌ ᠬᠣᠯᠪᠣᠭ᠎ᠠ ᠥᠬᠡᠶ᠂ ᠮᠥᠨ ᠴᠦ᠍ ᠬᠠᠮᠢᠶ᠎ᠠ ᠪᠥᠬᠥᠶ ᠯᠠᠪᠯᠠᠯᠲᠠ ᠪᠣᠯᠭᠠᠬᠤ ᠥᠬᠡᠶ᠃

2. ᠲᠤᠰ ᠤᠳᠠᠭᠠᠨ᠎ᠤ ᠰᠣᠷᠢᠯᠲᠠ ᠨᠢ ᠱᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠤᠨ ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ᠎ᠳᠤ ᠲᠣᠬᠢᠶᠠᠯ ᠣᠯᠭᠣᠵᠦ ᠪᠠᠢᠭ᠎ᠠ ᠪᠥᠭᠡᠳ ᠡᠯ᠎ᠡ ᠭᠠᠵᠠᠷ᠎ᠤᠨ ᠬᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ᠎ᠳᠤ ᠪᠣᠳᠠᠲᠤ ᠰᠣᠷᠢᠯᠲᠠ ᠬᠢᠭ᠌ᠰᠡᠨ ᠪᠠ ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ ᠱᠢᠰᠲ᠋ᠧᠮ᠎ᠳᠦ ᠪᠦᠬᠦᠯᠢ ᠴᠣᠭ᠍ᠴᠠ᠎ᠶ᠋ᠢᠨ ᠱᠢᠯᠭᠠᠯᠲᠠ ᠬᠢᠭ᠌ᠰᠡᠨ ᠪᠠᠢᠨ᠎ᠠ᠃ ᠰᠤᠷᠢᠯᠳᠠ ᠪᠤᠯᠪᠠᠰᠤᠷᠠᠯ᠎ᠤᠨ ᠬᠤᠭᠤᠴᠠᠭᠠᠨ ᠳ᠋ᠦ ᠬᠡᠷᠪᠡ ᠰᠦᠯᠵᠢᠶᠡᠨ᠎ᠦ ᠲᠦᠭ᠌ᠵᠢᠷᠡᠯ ᠵᠡᠷᠭᠡ ᠪᠠᠢᠳᠠᠯ ᠭᠠᠷᠪᠠᠯ᠂ ᠱᠢᠯᠭᠠᠭᠤᠯᠤᠭ᠍ᠴᠢ ᠪᠠ ᠬᠡᠷ᠎ᠦᠨ ᠠᠬᠠᠮᠠᠳ ᠬᠦᠯᠢᠴᠡᠩᠭᠦᠶ᠎ᠪᠡᠷ ᠬᠦᠯᠢᠶᠡᠬᠦ᠌᠎ᠶ᠋ᠢᠨ ᠬᠠᠮᠲᠤ ᠤᠢᠯᠠᠭᠠᠨ ᠳᠡᠮᠵᠢᠬᠦ ᠴᠢᠬᠤᠯᠠᠲᠠᠢ᠂ ᠬᠠᠮᠢᠶ᠎ᠠ ᠪᠥᠬᠥᠶ ᠰᠠᠯᠠᠭ᠎ᠠ ᠮᠥᠴᠢᠷ ᠪᠠ ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ ᠮᠡᠷᠭᠡᠵᠢᠯ᠎ᠦᠨ ᠪᠠᠲᠤᠯᠠᠭ᠎ᠠ᠎ᠶ᠋ᠢᠨ ᠳᠤᠭᠤᠢᠯᠠᠩ ᠠᠯᠢ ᠲᠦᠷᠭᠡᠨ᠎ᠢᠶᠡᠷ ᠠᠰᠠᠭᠤᠳᠠᠯ᠎ᠢ ᠰᠢᠢᠳᠪᠦᠷᠢᠯᠡᠬᠦ ᠪᠤᠯᠤᠨ᠎ᠠ᠂ ᠡᠷᠡᠮᠡᠯᠵᠡᠯ ᠲᠠᠭ᠍ᠯᠠᠬᠤ ᠲᠤᠰᠭᠠᠶ ᠪᠤᠯᠤᠩ᠎ᠳᠤ ᠨᠡᠢᠲᠡᠯᠡᠭ᠌ᠦ ᠬᠠᠮᠤᠭ᠎ᠤᠨ ᠱᠢᠨ᠎ᠡ ᠮᠡᠳᠡᠭᠡ ᠵᠠᠩᠭᠢ᠎ᠶ᠋ᠢ ᠴᠸ᠋ ᠨᠢᠭ᠍ᠲᠠ ᠠᠩᠬᠠᠷᠬᠤ ᠬᠡᠷᠡᠭᠳᠡᠢ᠃

3. ᠵᠢᠩᠬᠢᠨᠢ᠎ᠪᠡᠷ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ᠎ᠲᠡᠶ ᠠᠳᠠᠯᠢ ᠥᠬᠡᠶ ᠨᠢ ᠭᠡᠪᠡᠯ᠂ ᠲᠣᠰ ᠤᠳᠠᠭᠠᠨ᠎ᠤ ᠰᠣᠷᠢᠯᠲᠠ᠎ᠳᠤ ᠱᠢᠨ᠎ᠡ᠎ᠪᠡᠷ ᠡᠷᠡᠮᠡᠯᠵᠡᠯ ᠲᠠᠭ᠍ᠯᠠᠬᠤ ᠪᠠ ᠡᠷᠡᠮᠡᠯᠵᠡᠯ ᠬᠠᠰᠤᠬᠤ ᠵᠢᠨ ᠲᠠᠭᠤᠰᠬᠤ ᠴᠠᠭ᠂ ᠴᠠᠭ ᠬᠤᠭᠤᠴᠠᠭ᠎ᠠ ᠬᠤᠪᠢᠶᠠᠬᠤ ᠵᠢᠨ ᠳᠠᠭᠤᠰᠭᠠᠬᠤ ᠴᠠᠭ ᠭᠡᠵᠦ ᠲᠤᠬᠢᠷᠠᠭᠤᠯᠬᠤ ᠥᠬᠡᠶ᠂ ᠪᠠᠰᠠ ᠬᠣᠱᠢᠭᠤ ᠱᠢᠶᠠᠨ ᠲᠣᠭᠣᠷᠢᠭ᠎ᠤᠨ ᠰᠣᠷᠣᠭ᠍ᠴᠢ ᠡᠯᠰᠡᠬᠦ᠌ ᠠᠯᠪᠠᠨ ᠬᠡᠷ᠎ᠦᠨ ᠮᠡᠳᠡᠭᠦᠯᠦᠭ᠌ᠰᠡᠨ ᠡᠷᠡᠮᠡᠯᠵᠡᠯ᠎ᠢ ᠨᠤᠲᠠᠯᠠᠬᠤ ᠭᠣᠭ᠍ᠴᠣᠭ᠎ᠠ ᠭᠡᠵᠦ ᠲᠤᠬᠢᠷᠠᠭᠤᠯᠬᠤ ᠥᠬᠡᠶ᠃

4. ᠪᠣᠶ ᠪᠥᠬᠥᠶ ᠰᠤᠷᠭᠠᠭᠤᠯᠢ᠎ᠶ᠋ᠢᠨ ᠨᠡᠷ᠎ᠡ ᠮᠡᠳᠡᠭᠦᠯᠦᠭ᠌ᠰᠡᠨ ᠱᠢᠯᠭᠠᠭᠤᠯᠤᠭ᠍ᠴᠢ ᠰᠤᠷᠭᠠᠭᠤᠯᠢ᠎ᠳᠤ ᠡᠷᠡᠮᠡᠯᠵᠡᠯ᠎ᠢᠶᠡᠨ ᠲᠠᠭ᠍ᠯᠠᠵᠤ᠂ ᠰᠣᠷᠣᠭ᠍ᠴᠢ ᠡᠯᠰᠡᠬᠦ᠌ ᠠᠯᠪᠠᠨ ᠬᠡᠷ᠎ᠦᠨ ᠨᠡᠷ᠎ᠡ ᠮᠡᠳᠡᠭᠦᠯᠦᠭ᠌ᠰᠡᠨ ᠱᠢᠯᠭᠠᠭᠤᠯᠤᠭ᠍ᠴᠢ ᠬᠣᠱᠢᠭᠤ ᠱᠢᠶᠠᠨ ᠲᠣᠭᠣᠷᠢᠭ᠎ᠤᠨ ᠰᠣᠷᠣᠭ᠍ᠴᠢ ᠡᠯᠰᠡᠬᠦ᠌ ᠠᠯᠪᠠᠨ ᠬᠡᠷ ᠎ᠦᠨ ᠲᠣᠬᠢᠷᠠᠭᠤᠯᠤᠭ᠍ᠰᠠᠨ ᠱᠢᠯᠭᠠᠭᠤᠯᠤᠭ᠍ᠴᠢ ᠎ᠶ᠋ᠢᠨ ᠦᠶ᠋ᠯᠡᠴᠢᠯᠡᠭᠡᠨ᠎ᠦ ᠲᠥᠪ᠎ᠲᠦ ᠡᠷᠡᠮᠡᠯᠵᠡᠯ᠎ᠢᠶᠡᠨ ᠲᠠᠭ᠍ᠯᠠᠬᠤ ᠬᠡᠷᠡᠭ᠌ᠲᠡᠶ᠃

5. ᠰᠣᠷᠢᠯᠲᠠ᠎ᠶ᠋ᠢᠨ ᠬᠤᠭᠤᠴᠠᠭᠠᠨ᠎ᠳᠤ᠂ ᠡᠯ᠎ᠡ ᠭᠠᠵᠠᠷ᠎ᠤᠨ ᠬᠣᠱᠢᠭᠤ ᠱᠢᠶᠠᠨ (ᠬᠣᠲᠠ᠂ ᠲᠣᠭᠣᠷᠢᠭ)᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ ᠵᠢᠵᠢᠭᠦᠷᠯᠡᠵᠦ ᠪᠠᠢᠭᠠᠳ ᠱᠢᠯᠭᠠᠭᠤᠯᠤᠭ᠍ᠴᠢ ᠵᠢᠨ ᠯᠠᠪᠯᠠᠭ᠎ᠠ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠪᠤᠶᠤ ᠲᠤᠰᠬᠠᠬᠰᠠᠨ ᠠᠰᠠᠭᠤᠳᠠᠯ᠎ᠢ ᠳ᠋ᠢᠡᠭ ᠳ᠋ᠢᠡᠭ ᠬᠤᠯᠪᠤᠭ᠎ᠠ ᠪᠡᠷ ᠲᠠᠷᠤᠢ ᠲᠦᠷᠬᠡᠨ ᠲᠡᠬᠡᠳᠦ ᠱᠠᠳᠤᠨ᠎ᠤ ᠰᠤᠷᠭᠠᠨ ᠬᠦᠮᠦᠵᠢᠯ᠎ᠤᠨ ᠰᠤᠷᠤᠬᠴᠢ ᠡᠯᠰᠡᠬᠦ ᠰᠢᠯᠭᠠᠯᠳᠠ ᠵᠢᠨ ᠪᠠᠢᠭᠤᠯᠤᠮᠵᠢ ᠳ᠋ᠦ ᠮᠡᠳᠡᠬᠦᠯᠬᠦ ᠵᠢᠨ ᠬᠠᠮᠳᠦ ᠴᠠᠭ ᠲᠤᠬᠠᠶ᠎ᠳᠤᠨᠢ ᠬᠠᠷᠢᠭᠤᠯᠳᠠ ᠥᠭ᠌ᠭᠦᠨ᠎ᠡ᠃

6.ᠱᠢᠯᠭᠠᠭᠤᠯᠤᠭ᠍ᠴᠢ᠎ᠶ᠋ᠢᠨ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠱᠢᠯᠭᠠᠭᠤᠯᠤᠭ᠍ᠴᠢ ᠡᠷᠬᠡᠪᠰᠢ ᠥᠪᠡᠷ᠎ᠦᠨ ᠨᠢᠭᠤᠴᠠ ᠨᠣᠮᠧᠷ᠎ᠢᠶᠡᠨ ᠲᠣᠬᠢᠲᠠᠶ ᠬᠠᠳᠠᠭᠠᠯᠠᠵᠦ ᠰᠠᠢᠳᠤᠷ ᠬᠠᠮᠠᠭᠠᠯᠠᠬᠤ ᠬᠡᠷᠡᠭ᠌ᠲᠡᠶ᠃ ᠬᠡᠷᠪᠡ ᠨᠢᠭᠤᠴᠠ ᠨᠣᠮᠧᠷ ᠵᠠᠳᠠᠷᠠᠬᠰᠠᠨ ᠰᠡᠵᠢᠭ᠌ ᠲᠠᠢ ᠪᠠᠢᠪᠠᠯ᠂ ᠰᠣᠷᠢᠯᠲᠠ ᠪᠤᠯᠪᠠᠰᠤᠷᠠᠯ ᠳᠠᠭᠤᠰᠤᠭ᠍ᠰᠠᠨ᠎ᠤ ᠳᠠᠷᠠᠭ᠎ᠠ ᠡᠷᠡᠮᠡᠯᠵᠡᠯ ᠲᠠᠭ᠍ᠯᠠᠬᠤ ᠲᠠᠪᠴᠠᠩ᠎ᠢᠶᠠᠷ ᠳᠠᠮᠵᠢᠭᠤᠯᠤᠨ ᠥᠪᠡᠷ᠎ᠦᠨ ᠨᠢᠭᠤᠴᠠ ᠨᠣᠮᠧᠷ᠎ᠢᠶᠡᠨ ᠵᠠᠰᠠᠵᠤ ᠪᠣᠯᠤᠨ᠎ᠠ᠂ ᠡᠰᠡᠬᠦᠯ᠎ᠡ ᠱᠢᠯᠭᠠᠭᠤᠯᠤᠭ᠍ᠴᠢ ᠥᠪᠡᠷ᠎ᠦᠨ ᠪᠡᠶ᠎ᠡ᠎ᠶ᠋ᠢᠨ ᠦᠨᠡᠮᠯᠡᠯ᠎ᠢᠶᠡᠨ ᠠᠪᠴᠤ᠌ ᠬᠠᠷᠢᠶ᠎ᠠ ᠭᠠᠵᠠᠷ᠎ᠤᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ᠎ᠶ᠋ᠢᠨ ᠲᠤᠬᠠᠶ᠎ᠶ᠋ᠢᠨ ᠲᠠᠯᠠᠪᠤᠷ᠎ᠲᠤ ᠣᠴᠢᠵᠤ ᠨᠢᠭᠤᠴᠠ ᠨᠣᠮᠧᠷ᠎ᠢᠶᠡᠨ ᠳᠠᠭᠢᠨ ᠬᠤᠪᠢᠷᠠᠭᠤᠯᠵᠦ ᠪᠤᠯᠤᠨ᠎ᠠ᠃

7. ᠪᠤᠰᠤᠳ ᠵᠦᠢᠯᠡᠰ᠎ᠢ 《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠠᠵᠢᠯ᠎ᠤᠨ ᠰᠦᠯᠵᠢᠶᠡᠨ ᠳᠡᠭᠡᠷ᠎ᠡ ᠡᠷᠡᠮᠡᠯᠵᠡᠯ ᠲᠠᠭ᠍ᠯᠠᠬᠤ ᠪᠠ ᠲᠠᠩᠰᠠ ᠡᠪᠬᠡᠮᠡᠯ᠎ᠤᠨ ᠬᠤᠪᠢ ᠵᠢᠨ ᠱᠤᠭᠤᠮ ᠵᠢᠡᠷ ᠡᠯᠰᠡᠬᠦ ᠠᠵᠢᠯ᠎ᠤᠨ ᠬᠡᠷᠡᠭ᠌ᠵᠢᠭᠦᠯᠬᠦ᠌ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠠᠵᠢᠯ᠎ᠤᠨ ᠲᠣᠭ᠍ᠲᠠᠭᠠᠯ》 ᠵᠡᠷᠭᠡ ᠪᠢᠴᠢᠭ ᠮᠠᠲ᠋ᠧᠷᠢᠶᠠᠯ᠎ᠤᠨ ᠶᠣᠰᠣᠭᠠᠷ ᠬᠡᠷᠡᠭ᠌ᠵᠢᠭᠦᠯᠦᠨ᠎ᠡ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠲᠥᠪ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号