6 ᠰᠠᠷ᠎ᠠ᠎ᠶ᠋ᠢᠨ 22 ᠡᠴᠡ 28᠎ᠤ ᠡᠳᠦᠷ ᠪᠣᠯᠲᠠᠯ᠎ᠠ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠲᠤᠬᠠᠢ ᠰᠦᠯᠵᠢᠶ᠎ᠡ ᠪᠡᠷ ᠵᠦᠪᠯᠡᠯᠬᠡ ᠠᠪᠴᠦ ᠪᠤᠯᠤᠨ᠎ᠠ
2022-06-22 10:57:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠦᠨ ᠶᠠᠮᠤᠨ᠎ᠤ 《2022 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠠᠶᠠᠯᠠᠯ ᠬᠠᠮᠠᠭᠠᠯᠠᠬᠤ ᠠᠵᠢᠯᠯᠠᠭ᠎ᠠ》 ᠵᠢᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠦᠨᠳᠦᠰᠦᠯᠡᠵᠦ᠂ ᠪᠥᠬᠥ᠌ ᠤᠯᠤᠰ ᠎ᠤᠨ ᠡᠯ᠎ᠡ ᠮᠤᠵᠢ (ᠣᠷᠣᠨ᠂ ᠬᠣᠲᠠ) ᠶ᠋ᠢᠨ ᠶᠡᠬᠡ ᠳᠡᠭᠡᠳᠦ ᠰᠤᠷᠭᠠᠭᠤᠯᠢ ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ ᠲᠠᠭ᠍ᠯᠠᠬᠤ ᠴᠠᠭ᠎ᠤᠨ ᠲᠣᠬᠢᠷᠠᠭᠤᠯᠤᠯᠲᠠ᠎ᠲᠠᠶ ᠤᠶᠠᠯᠳᠤᠭᠤᠯᠤᠨ᠂ 《2022 ᠣᠨ ᠎ᠤ ᠪᠥᠬᠥ᠌ ᠤᠯᠤᠰ᠎ᠤᠨ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠰᠦᠯᠵᠢᠶᠡᠨ ᠳᠡᠭᠡᠷ᠎ᠡ ᠵᠥᠪᠯᠡᠯᠭᠡ ᠥᠭ᠌ᠬᠦ ᠭᠠᠷᠠᠭ》 ᠎ᠤᠨ ᠠᠵᠢᠯᠯᠠᠭ᠎ᠠ 6 ᠰᠠᠷ᠎ᠠ᠎ᠶ᠋ᠢᠨ 22 ᠎ᠡᠴᠡ 28᠎ᠤ ᠡᠳᠦᠷ ᠪᠣᠯᠲᠠᠯ᠎ᠠ ᠰᠤᠷᠭᠠᠨ ᠬᠥᠮᠦᠵᠢᠯ᠎ᠦᠨ ᠶᠠᠮᠤᠨ᠎ᠤ 《ᠶᠠᠡᠭ ᠭᠤᠸᠠᠡᠭ ᠤᠯᠤᠰ᠎ᠤᠨ ᠨᠢᠭᠡᠳᠦᠯᠲᠡᠶ ᠱᠢᠯᠭᠠᠯᠲᠠ》 ᠵᠢᠨ ᠮᠡᠳᠡᠭᠡ ᠵᠠᠩᠭᠢ᠎ᠶ᠋ᠢᠨ ᠲᠠᠪᠴᠠᠩ᠎ᠳᠤ ᠶᠠᠪᠤᠭ᠍ᠳᠠᠨ᠎ᠠ᠃

ᠪᠣᠳᠠᠲᠠᠶ ᠠᠭᠤᠯᠭ᠎ᠠ ᠨᠢ ᠲᠤᠤᠷᠠᠬᠢ ᠮᠡᠳᠦ ᠄

ᠲᠠᠪᠴᠠᠩ᠎ᠨᠢ ᠥᠰᠥᠭ ᠪᠢᠴᠢᠭ ᠵᠢᠡᠷ ᠠᠰᠠᠭᠤᠵᠦ ᠬᠠᠷᠢᠭᠤᠯᠬᠤ ᠪᠠ ᠱᠢᠭᠤᠳ ᠨᠡᠪᠲᠡᠷᠡᠭᠦᠯᠭᠡ ᠬᠢᠬᠦ ᠬᠣᠶᠠᠷ ᠵᠦᠶ᠋ᠯ᠎ᠦᠨ ᠠᠷᠭ᠎ᠠ ᠬᠡᠯᠪᠡᠷᠢ ᠵᠢ ᠠᠪᠴᠦ᠂ ᠡᠳᠦᠷ ᠪᠦᠷᠢ᠎ᠶ᠋ᠢᠨ ᠠᠰᠠᠭᠤᠨ ᠯᠠᠪᠯᠠᠬᠤ ᠴᠠᠭ ᠨᠢ 9 ᠴᠠᠭ᠎ᠠᠴᠠ 17 ᠴᠠᠭ ᠪᠣᠯᠳᠠᠯ᠎ᠠ ᠶᠠᠪᠤᠬᠳᠠᠨ᠎ᠠ;

ᠱᠢᠭᠤᠳ ᠨᠡᠪᠲᠡᠷᠡᠭᠦᠯᠭᠡ ᠬᠢᠬᠦ ᠡᠰᠡᠬᠦ ᠪᠠ ᠱᠢᠭᠤᠳ ᠨᠡᠪᠲᠡᠷᠡᠭᠦᠯᠭᠡ ᠬᠢᠬᠦ ᠴᠠᠭ᠎ᠢ ᠶᠡᠬᠡ ᠳᠡᠭᠡᠳᠦ ᠰᠤᠷᠭᠠᠭᠤᠯᠢ ᠡᠴᠡ ᠥᠪᠡᠰᠦᠪᠡᠨ ᠲᠣᠭ᠍ᠲᠠᠭᠠᠵᠤ᠂ ᠶᠡᠬᠡ ᠳᠡᠭᠡᠳᠦ ᠰᠤᠷᠭᠠᠭᠤᠯᠢ ᠱᠢᠭᠤᠳ ᠨᠡᠪᠲᠡᠷᠡᠭᠦᠯᠬᠡ ᠵᠢᠨ ᠠᠷᠭ᠎ᠠ ᠬᠡᠯᠪᠡᠷᠢ᠎ᠶ᠋ᠢ ᠢᠳᠡᠪᠬᠢᠲᠡᠶ ᠬᠡᠷᠡᠭ᠌ᠯᠡᠨ ᠰᠣᠷᠣᠭ᠍ᠴᠢ ᠡᠯᠰᠡᠬᠦ᠌ ᠤᠬᠠᠭᠤᠯᠭ᠎ᠠ ᠪᠠ ᠯᠠᠪᠯᠠᠭ᠎ᠠ ᠬᠠᠡᠭᠭᠠᠬᠤ᠎ᠶ᠋ᠢ ᠵᠣᠷᠢᠭ᠍ᠵᠢᠭᠤᠯᠤᠨ᠎ᠠ᠃

ᠰᠤᠷᠭᠠᠨ ᠬᠥᠮᠦᠵᠢᠯ᠎ᠦᠨ ᠶᠠᠮᠤᠨ ᠡᠴᠡ ᠡᠯ᠎ᠡ ᠶᠡᠬᠡ ᠳᠡᠭᠡᠳᠦ ᠰᠤᠷᠭᠠᠭᠤᠯᠢ᠎ᠶ᠋ᠢ ᠰᠦᠯᠵᠢᠶᠡᠨ ᠳᠡᠭᠡᠷ᠎ᠡ ᠰᠣᠷᠣᠭ᠍ᠴᠢ ᠡᠯᠰᠡᠬᠦ᠌ ᠤᠬᠠᠭᠤᠯᠭ᠎ᠠ ᠎ᠪᠠᠨ ᠢᠳᠡᠪᠬᠢᠲᠡᠶ ᠬᠢᠵᠤ᠂ ᠱᠢᠯᠭᠠᠭᠤᠯᠤᠭ᠍ᠴᠢ᠂ ᠬᠡᠷ᠎ᠦᠨ ᠠᠬᠠᠮᠠᠳ᠎ᠲᠤ ᠵᠥᠪ ᠣᠨᠣᠪᠴᠢᠲᠠᠶ᠂ ᠴᠠᠭ ᠲᠤᠬᠠᠶ᠎ᠳᠤᠨᠢ ᠠᠰᠠᠭᠤᠨ ᠯᠠᠪᠯᠠᠬᠤ ᠦᠶ᠋ᠯᠡᠴᠢᠯᠡᠭᠡ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠵᠦ ᠪᠠᠢᠨ᠎ᠠ᠃

ᠱᠢᠯᠭᠠᠭᠤᠯᠤᠭ᠍ᠴᠢ ᠰᠤᠷᠭᠠᠨ ᠬᠥᠮᠦᠵᠢᠯ᠎ᠦᠨ ᠶᠠᠮᠤᠨ᠎ᠤ 《ᠶᠠᠡᠭ ᠭᠤᠸᠠᠡᠭ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ》 ᠎ᠤᠨ ᠰᠦᠯᠵᠢᠶ᠎ᠡ᠂ 《ᠶᠠᠡᠭ ᠭᠤᠸᠠᠡᠭ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ》 ᠎ᠤᠨ ᠵᠢᠷᠬᠢᠶ᠎ᠡ ᠵᠢᠨ ᠨᠡᠢᠲᠡ᠎ᠶ᠋ᠢᠨ ᠲᠠᠪᠴᠠᠡᠭ᠂ 《ᠶᠠᠡᠭ ᠭᠤᠸᠠᠡᠭ ᠤᠯᠤᠰ᠎ᠤᠨ ᠨᠢᠭᠡᠳᠦᠯᠲᠡᠶ ᠱᠢᠯᠭᠠᠯᠲᠠ》 ᠵᠢᠨ ᠪᠠᠶ ᠳ᠋ᠦ᠋ ᠵᠢᠵᠢᠭ ᠫᠷᠤᠭ᠌ᠷᠠᠮ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠠᠰᠠᠭᠤᠨ ᠯᠠᠪᠯᠠᠬᠤ ᠭᠠᠷᠠᠭ᠎ᠤᠨ ᠠᠵᠢᠯᠯᠠᠭ᠎ᠠ᠎ᠳᠤ ᠣᠷᠣᠯᠴᠠᠵᠤ᠂ ᠬᠣᠯᠪᠣᠭ᠍ᠳᠠᠯ ᠪᠥᠬᠥᠶ ᠶᠡᠬᠡ ᠳᠡᠭᠡᠳᠦ ᠰᠤᠷᠭᠠᠭᠤᠯᠢ ᠎ᠶ᠋ᠢᠨ ᠱᠢᠭᠤᠳ ᠨᠡᠪᠲᠡᠷᠡᠭᠦᠯᠭᠡ ᠎ᠶ᠋ᠢᠨ ᠠᠵᠢᠯᠯᠠᠭ᠎ᠠ ᠎ᠶ᠋ᠢᠨ ᠲᠣᠬᠢᠷᠠᠭᠤᠯᠤᠯᠲᠠ᠎ᠶ᠋ᠢ ᠣᠢᠯᠠᠭᠠᠵᠤ ᠪᠣᠯᠤᠨ᠎ᠠ᠃ ᠡᠭᠦᠨ᠎ᠦ ᠬᠠᠮᠲᠤ᠂ ᠠᠰᠠᠭᠤᠨ ᠯᠠᠪᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠱᠢᠯᠭᠠᠭᠤᠯᠤᠭ᠍ᠴᠢ ᠤᠷᠢᠳ᠎ᠢᠶᠠᠷ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ ᠨᠡᠢᠲᠡᠯᠡᠭ᠌ᠰᠡᠨ ᠬᠠᠮᠢᠶ᠎ᠠ ᠪᠥᠬᠥᠶ ᠮᠡᠳᠡᠭᠡ ᠵᠠᠩᠭᠢ᠎ᠶ᠋ᠢ ᠦᠵᠡᠵᠦ᠍᠂ ᠪᠠᠢᠳᠠᠯ᠎ᠢ ᠣᠢᠯᠠᠭᠠᠭᠠᠷᠠᠶ᠃ 

ᠰᠦᠯᠵᠢᠶᠡᠨ ᠬᠠᠶᠢᠭ᠄ 


ᠢᠷᠡᠯᠳᠡ᠄ ᠰᠤᠷᠭᠠᠨ ᠬᠦᠮᠦᠵᠢᠯ᠎ᠤᠨ ᠶᠠᠮᠤᠨ᠎ᠤ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号