ᠣᠳᠣᠬᠠᠨ᠎ᠳᠤ ᠡᠩ᠎ᠤᠨ ᠶᠡᠬᠡ
ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ᠎ᠤᠨ ᠨᠢᠬᠡᠳᠦᠯᠳᠡᠢ ᠱᠢᠯᠭᠠᠯᠲᠠ᠎ᠶ᠋ᠢᠨ ᠱᠢᠯᠭᠠᠯᠲᠠ ᠬᠢᠨᠠᠬᠤ
ᠠᠵᠢᠯ ᠱᠢᠪᠲᠤᠷᠠᠭᠠᠨ᠎ᠳᠠᠭᠠᠨ ᠣᠷᠣᠵᠤ᠂ ᠮᠠᠷᠭᠠᠰᠢ᠎ᠠᠴᠠ ᠡᠬᠢᠯᠡᠨ ᠱᠢᠯᠭᠠᠯᠲᠠ᠎ᠶ᠋ᠢᠨ ᠬᠢᠷᠢ ᠪᠦᠲᠦᠮᠵᠢ᠎ᠶ᠋ᠢ ᠵᠠᠯᠭᠠᠭ᠎ᠠ ᠪᠠᠷᠨᠡᠢᠲᠡᠯᠡᠨᠡ᠃ ᠱᠢᠯᠭᠠᠭᠤᠯᠤᠭ᠍ᠴᠢ᠎ᠳᠤ ᠠᠪᠴᠤ᠌ ᠬᠡᠯᠡᠪᠡᠯ᠂ ᠤᠳᠠᠯ ᠥᠬᠡᠶ ᠡᠷᠡᠮᠡᠯᠵᠡᠯ ᠲᠠᠭ᠍ᠯᠠᠬᠤ ᠵᠠᠩᠭᠢᠯᠠᠭ᠎ᠠ᠎ᠶ᠋ᠢᠨ
ᠬᠤᠭᠤᠴᠠᠭᠠᠨ ᠳᠤ ᠣᠷᠣᠬᠤ ᠪᠣᠯᠤᠨ᠎ᠠ᠃ ᠣᠢᠯᠠᠭᠠᠭ᠍ᠰᠠᠨ᠎ᠢᠶᠠᠷ᠂ ᠡᠨᠡ ᠵᠢᠯ ᠡᠯ᠎ᠡ ᠶᠡᠬᠡ ᠳᠡᠭᠡᠳᠦ ᠰᠤᠷᠭᠠᠭᠤᠯᠢ᠎ᠨᠢ
ᠲᠤᠰᠭᠠᠶ ᠮᠡᠷᠭᠡᠵᠢᠯ᠎ᠦᠨ ᠲᠥᠷᠥᠯ ᠵᠦᠶ᠋ᠯ᠂ ᠬᠥᠮᠦᠵᠢᠭᠦᠯᠬᠦ᠌ ᠬᠠᠨᠳᠤᠰᠢ᠂ ᠬᠠᠮ ᠴᠢᠳᠠᠪᠤᠷᠢᠲᠠᠨ᠎ᠤ ᠣᠨᠴᠠᠭᠠᠶ
ᠬᠡᠷᠡᠭ᠌ᠴᠡᠭᠡ᠂ ᠰᠤᠷᠭᠠᠭᠤᠯᠢ ᠡᠷᠭᠢᠯᠡᠬᠦ᠌ ᠪᠠᠢᠭᠤᠯᠤᠮᠵᠢ᠂ ᠮᠡᠷᠭᠡᠵᠢᠯ ᠤᠷ᠎ᠠ ᠴᠢᠳᠠᠪᠤᠷᠢ᠎ᠶ᠋ᠢᠨ ᠬᠥᠮᠦᠵᠢᠯ
ᠵᠡᠷᠭᠡ ᠬᠡᠳᠦᠨ ᠲᠠᠯ᠎ᠠ᠎ᠪᠠᠷ ᠱᠢᠨ᠎ᠡ ᠣᠨᠴᠠᠯᠢᠭ᠎ᠢ ᠢᠯᠡᠷᠡᠭᠦᠯᠵᠡᠶ᠃
ᠡᠨᠡ ᠵᠢᠯ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠱᠢᠨ᠎ᠡ᠎ᠪᠡᠷ
ᠨᠡᠮᠡᠭ᠌ᠳᠡᠭ᠌ᠰᠡᠨ ᠶᠠᠮᠠᠷ ᠶᠠᠮᠠᠷ ᠲᠤᠰᠭᠠᠶ ᠮᠡᠷᠭᠡᠵᠢᠯ ᠪᠠᠢᠬᠤ ᠵᠢ ᠬᠠᠷᠠᠶ᠎ᠠ
ᠡᠨᠡ ᠵᠢᠯ ᠡᠩ᠎ᠦᠨ ᠶᠡᠬᠡ ᠳᠡᠭᠡᠳᠦ
ᠰᠤᠷᠭᠠᠭᠤᠯᠢ᠎ᠳᠤ ᠨᠡᠭᠦᠷᠡᠰᠦᠲᠥ᠋ᠷᠥᠭ᠌ᠴᠢ ᠬᠠᠳᠠᠭᠠᠯᠠᠬᠤ ᠱᠢᠨᠵᠢᠯᠡᠬᠦ᠌ ᠤᠬᠠᠭᠠᠨ ᠬᠢᠭᠡᠳ ᠢᠨᠵᠧᠨᠧᠷᠢᠩ᠂ ᠰᠠᠨᠰᠠᠷ
ᠣᠭ᠍ᠲᠠᠷᠭᠤᠶ᠎ᠶ᠋ᠢᠨ ᠤᠶᠤᠨᠲᠤ ᠴᠠᠬᠢᠯᠭᠠᠨ᠎ᠢ ᠠᠬᠢᠭᠤᠯᠬᠤ ᠮᠡᠷᠭᠡᠵᠢᠯ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ
ᠱᠢᠨᠵᠢᠯᠡᠬᠦ᠌ ᠤᠬᠠᠭᠠᠨ᠂ ᠡᠬᠢ ᠪᠠᠶᠠᠯᠢᠭ ᠣᠷᠴᠢᠨ ᠲᠣᠭᠣᠷᠢᠨ᠎ᠤ ᠲᠣᠮᠣ ᠳ᠋ᠠᠢᠲ᠋ᠠ᠎ᠶ᠋ᠢᠨ ᠢᠨᠵᠧᠨᠧᠷᠢᠩ᠂ ᠤᠶᠤᠨᠴᠢ
ᠤᠰᠤᠨ ᠠᠱᠢᠭ᠍ᠯᠠᠯᠲᠠ ᠵᠡᠷᠭᠡ 31 ᠲᠥᠷᠥᠯ᠎ᠦᠨ ᠵᠢᠩᠬᠢᠨᠢ ᠠᠩᠭᠢ᠎ᠶ᠋ᠢᠨ
ᠲᠤᠰᠭᠠᠶ ᠮᠡᠷᠭᠡᠵᠢᠯ ᠱᠢᠨ᠎ᠡ᠎ᠪᠡᠷ ᠨᠡᠮᠡᠭ᠌ᠳᠡᠵᠠᠢ᠂ ᠡᠲᠡᠭᠡᠷ ᠲᠤᠰᠭᠠᠶ ᠮᠡᠷᠭᠡᠵᠢᠯ᠎ᠢ
ᠪᠥᠬᠥ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ ᠠᠩᠬ᠎ᠠ ᠤᠳᠠᠭ᠎ᠠ ᠲᠣᠬᠢᠷᠠᠭᠤᠯᠵᠤ᠂
ᠨᠡᠢᠲᠡ 38 ᠶᠡᠬᠡ ᠳᠡᠭᠡᠳᠦ ᠰᠤᠷᠭᠠᠭᠤᠯᠢ ᠱᠢᠨ᠎ᠡ᠎ᠪᠡᠷ ᠨᠡᠭᠡᠭᠡᠬᠦ ᠲᠤᠰᠭᠠᠶ
ᠮᠡᠷᠭᠡᠵᠢᠯ᠎ᠦᠨ ᠬᠢᠨᠠᠨ ᠵᠥᠪᠱᠢᠶᠡᠷᠡᠯ᠎ᠢ ᠤᠯᠪᠠ᠃
ᠬᠤᠸᠠᠳᠦ᠋ᠩ᠎ᠦᠨ ᠪᠠᠢᠭᠠᠯᠢ
ᠲᠧᠭ᠌ᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠣᠷᠣᠭ᠍ᠴᠢ ᠡᠯᠰᠡᠬᠦ᠌ ᠠᠯᠪᠠᠨ
ᠬᠡᠷ᠎ᠦᠨ ᠡᠷᠬᠢᠯᠡᠭ᠌ᠴᠢ ᠰᠦᠨ ᠢᠦᠶ ᠵᠦ᠍᠂ ᠡᠨᠡ ᠵᠢᠯ ᠱᠢᠨ᠎ᠡ᠎ᠪᠡᠷ ᠨᠡᠮᠡᠭ᠌ᠳᠡᠭ᠌ᠰᠡᠨ 31 ᠱᠢᠨ᠎ᠡ
ᠲᠤᠰᠭᠠᠶ ᠮᠡᠷᠭᠡᠵᠢᠯ᠎ᠨᠢ ᠶᠡᠷᠦᠩᠬᠡᠶ᠎ᠳᠡᠭᠡᠨ ᠴᠥᠮ ᠤᠯᠤᠰ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠪᠠᠢᠯᠳᠤᠬᠤ
ᠪᠣᠳᠣᠯᠭ᠎ᠠ ᠵᠢᠴᠢ ᠨᠡᠢᠭᠡᠮ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠳᠦ ᠦᠶ᠋ᠯᠡᠴᠢᠯᠡᠵᠦ᠍᠂ ᠤᠶᠤᠨᠴᠢᠯᠠᠭ᠍ᠤ᠂
ᠪᠣᠬᠢᠷᠲᠤᠯ ᠥᠬᠡᠢᠵᠢᠬᠦᠯᠬᠦ᠂ ᠳᠡᠯᠡᠬᠡᠢᠵᠢᠭᠦᠯᠬᠦ᠂ ᠰᠣᠯᠪᠢᠴᠠᠭᠤᠯᠬᠤ ᠵᠡᠷᠭᠡ ᠬᠡᠳᠦᠨ ᠣᠨᠴᠠᠯᠢᠭ᠎ᠲᠠᠶ
ᠭᠡᠵᠡᠢ᠃
ᠰᠤᠷᠭᠠᠨ ᠬᠥᠮᠦᠵᠢᠯ᠎ᠦᠨ ᠶᠠᠮᠤᠨ᠎ᠤ
ᠡᠨᠡ ᠵᠢᠯ᠎ᠦᠨ ᠨᠡᠢᠲᠡᠯᠡᠭ᠌ᠰᠡᠨ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠲᠤᠰᠭᠠᠶ
ᠮᠡᠷᠭᠡᠵᠢᠯ᠎ᠢ ᠳᠠᠩᠰᠠᠯᠠᠭᠤᠯᠤᠭ᠍ᠰᠠᠨ ᠪᠠ ᠬᠢᠨᠠᠨ ᠵᠥᠪᠱᠢᠶᠡᠷᠡᠭ᠌ᠰᠡᠨ ᠦᠷ᠎ᠡ ᠳ᠋ᠦᠩ᠎ᠢ ᠦᠨᠳᠦᠰᠦᠯᠡᠪᠡᠯ᠂ ᠲᠣᠰ
ᠤᠳᠠᠭᠠᠨ᠎ᠤ ᠱᠢᠨ᠎ᠡ᠎ᠪᠡᠷ ᠨᠡᠮᠡᠭ᠌ᠳᠡᠭ᠌ᠰᠡᠨ 31 ᠲᠦᠷᠦᠯ᠎ᠦᠨ ᠵᠢᠩᠬᠢᠨᠢ ᠠᠩᠭᠢ᠎ᠶ᠋ᠢᠨ
ᠲᠤᠰᠭᠠᠶ ᠮᠡᠷᠭᠡᠵᠢᠯ᠎ᠢ ᠨᠡᠮᠡᠪᠡᠯ᠂ ᠣᠳᠣᠬᠠᠨ᠎ᠳᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ
ᠲᠤᠰᠭᠠᠶ ᠮᠡᠷᠭᠡᠵᠢᠯ᠎ᠦᠨ ᠭᠠᠷᠴᠠᠭ᠎ᠲᠤ ᠨᠡᠢᠲᠡ 771 ᠲᠦᠷᠦᠯ᠎ᠦᠨ
ᠲᠤᠰᠭᠠᠶ ᠮᠡᠷᠭᠡᠵᠢᠯ ᠪᠠᠢᠵᠤ᠂ 12 ᠱᠢᠨᠵᠢᠯᠡᠭᠡᠨ᠎ᠦ ᠰᠠᠯᠠᠭ᠎ᠠ
ᠲᠥᠷᠥᠯ᠂ 92 ᠲᠤᠰᠭᠠᠶ ᠮᠡᠷᠭᠡᠵᠢᠯ᠎ᠦᠨ ᠲᠥᠷᠥᠯ᠎ᠳᠦ ᠬᠣᠯᠪᠣᠭ᠍ᠳᠠᠵᠤ ᠪᠤᠢ᠃
ᠮᠠᠰᠢ ᠣᠯᠠᠨ ᠶᠡᠬᠡ ᠳᠡᠭᠡᠳᠦ ᠰᠤᠷᠭᠠᠭᠤᠯᠢ ᠴᠥᠮ ᠰᠤᠷᠭᠠᠭᠤᠯᠢ ᠡᠷᠭᠢᠯᠡᠬᠦ᠌ ᠣᠨᠴᠠᠯᠢᠭ ᠪᠠ ᠠᠵᠤ ᠠᠬᠤᠶ ᠨᠡᠢᠭᠡᠮ᠎ᠦᠨ
ᠬᠥᠭ᠌ᠵᠢᠯᠲᠡ᠎ᠶ᠋ᠢᠨ ᠬᠡᠷᠡᠭ᠌ᠴᠡᠭᠡ ᠵᠢ ᠦᠨᠳᠦᠰᠦᠯᠡᠨ᠂ ᠲᠣᠰ ᠪᠡᠶ᠎ᠡ᠎ᠶ᠋ᠢᠨ ᠲᠤᠰᠭᠠᠶ ᠮᠡᠷᠭᠡᠵᠢᠯ᠎ᠳᠡᠭᠡᠨ ᠬᠥᠳᠡᠯᠦᠩᠭᠦᠶ
ᠲᠣᠬᠢᠷᠠᠭᠤᠯᠤᠯᠲᠠ ᠬᠢᠪᠠ᠂ ᠡᠭᠦᠨ᠎ᠳᠦ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠦᠨ ᠴᠡᠭ᠎ᠢ 1773 ᠱᠢᠨ᠎ᠡ ᠪᠡᠷ
ᠲᠠᠡᠭᠰᠠᠯᠠᠭᠤᠯᠵᠦ᠂ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠦᠨ ᠴᠡᠭ᠎ᠢ 188 ᠱᠢᠨ᠎ᠡ᠎ᠪᠡᠷ
ᠬᠢᠨᠠᠨ ᠵᠥᠪᠱᠢᠶᠡᠷᠡᠵᠦ᠍᠂ ᠱᠢᠨ᠎ᠡ᠎ᠪᠡᠷ ᠨᠡᠮᠡᠭ᠌ᠳᠡᠭ᠌ᠰᠡᠨ ᠲᠤᠰᠭᠠᠶ ᠮᠡᠷᠭᠡᠵᠢᠯ᠎ᠦᠨ ᠴᠡᠭ᠎ᠢ ᠬᠣᠯᠪᠣᠭ᠍ᠳᠠᠯ
ᠪᠥᠬᠥᠶ ᠶᠡᠬᠡ ᠳᠡᠭᠡᠳᠦ ᠰᠤᠷᠭᠠᠭᠤᠯᠢ᠎ᠶ᠋ᠢᠨ 2022 ᠣᠨ᠎ᠤ ᠵᠢᠩᠬᠢᠨᠢ ᠠᠩᠭᠢ᠎ᠶ᠋ᠢᠨ
ᠰᠣᠷᠣᠭ᠍ᠴᠢ ᠡᠯᠰᠡᠬᠦ᠌ ᠲᠥᠯᠥᠪᠯᠡᠭᠡ᠎ᠳᠦ ᠣᠷᠣᠭᠤᠯᠵᠠᠢ᠃ ᠱᠢᠨ᠎ᠡ᠎ᠪᠡᠷ ᠲᠠᠡᠭᠰᠠᠯᠠᠭᠤᠯᠤᠬᠰᠠᠨ ᠵᠢᠩᠬᠢᠨᠢ ᠠᠩᠭᠢ᠎ᠶ᠋ᠢᠨ
ᠲᠤᠰᠭᠠᠶ ᠮᠡᠷᠭᠡᠵᠢᠯ᠎ᠦᠨ ᠲᠣᠭ᠎ᠠ ᠬᠡᠮᠵᠢᠶ᠎ᠡ᠎ᠡᠴᠡ ᠦᠵᠡᠪᠡᠯ᠂ 95
ᠶᠡᠬᠡ ᠳᠡᠭᠡᠳᠦ ᠰᠤᠷᠭᠠᠭᠤᠯᠢ ᠵᠣᠬᠢᠶᠠᠮᠠᠯ ᠤᠶᠤᠨ ᠴᠢᠳᠠᠪᠦᠷᠢ ᠵᠢᠨ ᠲᠤᠰᠭᠠᠶ ᠮᠡᠷᠭᠡᠵᠢᠯ᠎ᠢ ᠱᠢᠨ᠎ᠡ᠎ᠪᠡᠷ ᠨᠡᠭᠡᠭᠡᠵᠠᠢ᠃
ᠳᠠᠷᠠᠭᠠᠯᠠᠪᠠᠯ᠂ ᠣᠶᠤᠨᠲᠤ ᠦᠶ᠋ᠯᠡᠳᠬᠦ᠌ ᠢᠨᠵᠧᠨᠧᠷᠢᠩ ᠪᠠᠢᠵᠦ᠂ 53 ᠳᠡᠭᠡᠳᠦ
ᠰᠤᠷᠭᠠᠭᠤᠯᠢ ᠲᠣᠰ ᠲᠤᠰᠭᠠᠶ ᠮᠡᠷᠭᠡᠵᠢᠯ᠎ᠢ ᠱᠢᠨ᠎ᠡ᠎ᠪᠡᠷ ᠨᠡᠬᠡᠬᠡᠭᠰᠡᠨ ᠪᠠᠢᠨ᠎ᠠ᠃
ᠢᠷᠡᠯᠳᠡ᠄ ᠲᠦᠪ ᠲᠧᠯᠸᠢᠰ᠎ᠤᠨ ᠰᠤᠨᠢᠨ ᠮᠡᠳᠡᠬᠡ