6 ᠰᠠᠷ᠎ᠠ ᠵᠢᠨ 24᠎ᠤ᠋ ᠡᠳᠤᠷ᠂ ᠮᠠᠨ᠎ᠤ ᠤᠷᠤᠨ᠎ᠤ ᠶᠡᠬᠡ ᠳᠡᠬᠡᠳᠤ ᠰᠤᠷᠭᠠᠭᠤᠯᠢ ᠵᠢᠨ ᠰᠤᠷᠤᠬᠴᠢ ᠡᠯᠰᠡᠬᠦ ᠤᠯᠤᠰ᠎ᠤᠨ ᠨᠢᠬᠡᠳᠤᠯᠳᠡᠢ ᠰᠢᠯᠭᠠᠯᠳᠠ ᠵᠢᠨ ᠰᠦᠯᠵᠢᠶᠡᠨ ᠳᠡᠬᠡᠷ᠎ᠠ ᠡᠷᠡᠮᠡᠯᠵᠡᠯ ᠳᠠᠬᠯᠠᠬᠤ ᠰᠤᠷᠢᠯᠳᠠ ᠶᠠᠪᠤᠬᠳᠠᠪᠠ᠃ ᠡᠭᠦᠨ᠎ᠦ ᠬᠠᠮᠲᠤ᠂ ᠮᠠᠨ᠎ᠤ ᠤᠷᠤᠨ᠎ᠤ ᠶᠡᠬᠡ ᠳᠡᠭᠡᠳᠦ ᠰᠤᠷᠭᠠᠭᠤᠯᠢ ᠵᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ ᠲᠠᠭ᠍ᠯᠠᠬᠤ᠎ᠳᠦ ᠲᠤᠰᠠᠯᠠᠬᠤ ᠱᠢᠰᠲ᠋ᠧᠮ ᠳᠠᠬᠢᠨᠲᠠ ᠰᠦᠯᠵᠢᠶᠡᠨ᠎ᠳᠦ ᠭᠠᠷᠪᠠ᠃
ᠮᠠᠨ᠎ᠤ ᠤᠷᠤᠨ᠎ᠤ ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ ᠲᠠᠭ᠍ᠯᠠᠬᠤ᠎ᠳᠦ ᠲᠤᠰᠠᠯᠠᠬᠤ ᠱᠢᠰᠲ᠋ᠧᠮ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠲᠥᠪ᠎ᠡᠴᠡ ᠰᠤᠳᠤᠯᠤᠨ ᠨᠡᠭᠡᠭᠡᠵᠦ᠍᠂ ᠨᠢᠳᠤᠨᠤᠨ᠎ᠤ 6 ᠰᠠᠷ᠎ᠠ᠎ᠶ᠋ᠢᠨ 25 ᠤ᠋ ᠡᠳᠦᠷ ᠰᠦᠯᠵᠢᠶᠡᠨ ᠳᠦ ᠭᠠᠷᠴᠤ᠌ ᠦᠶ᠋ᠯᠡᠴᠢᠯᠡᠵᠥ᠂ ᠱᠢᠰᠲ᠋ᠧᠮ᠎ᠦᠨ ᠳ᠋ᠠᠢᠲ᠋ᠠ᠎ᠶ᠋ᠢᠨ ᠵᠠᠭ᠍ᠪᠤᠷ᠎ᠨᠢ ᠣᠨᠣᠪᠴᠢᠲᠠᠶ ᠪᠥᠭᠡᠳ ᠨᠠᠢᠳᠠᠪᠤᠷᠢᠲᠠᠶ᠂ ᠱᠢᠭ᠌ᠰᠢᠨ ᠰᠣᠩᠭᠣᠬᠤ ᠨᠥᠬᠥᠴᠡᠯ᠎ᠨᠢ ᠠᠮᠢᠳᠤᠯᠢᠭ ᠪᠥᠭᠡᠳ ᠳᠥᠭᠥᠮ ᠳᠥᠲᠡ ᠪᠠᠢᠵᠤ᠂ ᠱᠢᠯᠭᠠᠭᠤᠯᠤᠭ᠍ᠰᠠᠳ ᠬᠤᠪᠢ ᠬᠥᠮᠦᠨ᠎ᠦ ᠬᠢᠷᠢ ᠪᠦᠲᠦᠮᠵᠢᠲᠡᠶ᠎ᠪᠡᠨ ᠤᠶᠠᠯᠳᠤᠭᠤᠯᠤᠨ᠂ ᠵᠥᠪᠬᠡᠨ ᠬᠡᠳᠦᠬᠡᠨ ᠠᠯᠬᠤᠮ ᠬᠡᠷᠡᠭ᠌ᠰᠡᠪᠡᠯ ᠳᠠᠷᠤᠶ ᠡᠷᠡᠮᠡᠯᠵᠡᠯ ᠲᠠᠭ᠍ᠯᠠᠬᠤ ᠲᠥᠰᠦᠯ᠎ᠢᠶᠡᠨ ᠬᠢᠯᠪᠠᠷᠬᠠᠨ ᠪᠡᠶᠡᠯᠡᠭᠦᠯᠵᠦ᠍ ᠪᠣᠯᠤᠨ᠎ᠠ᠃ ᠨᠢᠳᠤᠨᠤᠨ ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ᠌ ᠤᠯᠤᠰ᠎ᠤᠨ ᠨᠢᠬᠡᠳᠤᠯᠳᠡᠢ ᠱᠢᠯᠭᠠᠯᠲᠠ᠎ᠶ᠋ᠢᠨ ᠰᠤᠷᠤᠬᠴᠢ ᠡᠯᠰᠡᠬᠦ ᠬᠤᠭᠤᠴᠠᠭᠠᠨ᠎ᠳᠤ ᠨᠡᠢᠲᠡ 72 ᠲᠦᠮᠡᠨ ᠬᠥᠮᠦᠨ ᠤᠳᠠᠭ᠎ᠠ ᠲᠤᠰ ᠲᠠᠪᠴᠠᠩ᠎ᠳᠦ ᠭᠠᠷᠴᠤ᠂ ᠡᠨᠡ ᠬᠦ᠌ ᠱᠢᠰᠲ᠋ᠧᠮ᠎ᠢ ᠬᠡᠷᠡᠭ᠌ᠯᠡᠵᠡᠶ᠃
ᠱᠢᠯᠭᠠᠭᠤᠯᠤᠭ᠍ᠴᠢ᠎ᠶ᠋ᠢᠨ ᠬᠡᠷᠡᠭ᠌ᠯᠡᠭ᠌ᠰᠡᠨ ᠬᠠᠷᠢᠭᠤ ᠲᠤᠰᠭᠠᠯ᠎ᠲᠠᠶ ᠤᠶᠠᠯᠳᠤᠭᠤᠯᠤᠨ᠂ ᠡᠨᠡ ᠵᠢᠯ ᠱᠢᠰᠲ᠋ᠧᠮ᠎ᠦᠨ᠎ᠬᠢᠨ ᠲᠠᠰ ᠳᠡᠪᠱᠢᠭᠦᠯᠦᠨ ᠲᠡᠭᠦᠯᠳᠡᠷᠵᠢᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠶᠡᠬᠡ ᠳᠡᠭᠡᠳᠦ ᠰᠤᠷᠭᠠᠭᠤᠯᠢ᠂ ᠲᠤᠰᠭᠠᠶ ᠮᠡᠷᠭᠡᠵᠢᠯ᠎ᠦᠨ ᠣᠢᠷ᠎ᠠ᠎ᠶ᠋ᠢᠨ ᠭᠤᠷᠪᠠᠨ ᠵᠢᠯ᠎ᠦᠨ ᠡᠯᠰᠡᠭ᠌ᠰᠡᠨ ᠲᠣᠭ᠎ᠠ ᠪᠠᠷᠢᠮᠲᠠ᠎ᠲᠠᠶ ᠬᠣᠯᠪᠣᠭ᠍ᠳᠠᠭᠤᠯᠤᠭ᠍ᠰᠠᠨ ᠪᠥᠭᠡᠳ ᠱᠢᠯᠭᠠᠭᠤᠯᠤᠭ᠍ᠴᠢ᠎ᠶ᠋ᠢᠨ ᠲᠣᠭ᠍ᠲᠠᠭᠠᠭ᠍ᠰᠠᠨ ᠬᠤᠪᠢ᠎ᠶ᠋ᠢᠨ ᠬᠡᠪᠴᠢᠶᠡᠨ᠎ᠡᠴᠡ ᠬᠡᠲᠦᠷᠡᠭ᠌ᠰᠡᠨ ᠰᠣᠷᠣᠭ᠍ᠴᠢ ᠡᠯᠰᠡᠭ᠌ᠦ ᠲᠣᠭ᠎ᠠ ᠪᠠᠷᠢᠮᠲᠠ᠎ᠳᠤ ᠢᠯᠡᠷᠬᠡᠶ ᠲᠡᠮᠳᠡᠭ ᠲᠠᠯᠪᠢᠵᠤ᠂ ᠣᠢᠷ᠎ᠠ᠎ᠶ᠋ᠢᠨ ᠭᠤᠷᠪᠠᠨ ᠵᠢᠯ᠎ᠦᠨ ᠲᠣᠭ᠎ᠠ ᠪᠠᠷᠢᠮᠲᠠ᠎ᠶ᠋ᠢ ᠪᠦᠷᠢᠨ ᠪᠦᠲᠦᠨ ᠢᠯᠡᠷᠡᠭᠦᠯᠵᠦ᠍᠂ ᠱᠢᠯᠭᠠᠭᠤᠯᠤᠭ᠍ᠴᠢ ᠡᠴᠡ ᠡᠯᠰᠡᠬᠦ᠌ ᠬᠠᠨᠳᠤᠰᠢ ᠪᠠ ᠬᠡᠯᠪᠡᠯᠵᠡᠯᠲᠡ᠎ᠶ᠋ᠢᠨ ᠪᠠᠢᠳᠠᠯ᠎ᠢ ᠣᠢᠯᠠᠭᠠᠬᠤ᠎ᠳᠤ ᠨᠠᠩ ᠲᠥᠬᠥᠮ ᠨᠦᠭᠦᠴᠡᠯ ᠬᠠᠩᠭᠠᠪᠠ᠃ ᠱᠢᠯᠭᠠᠭᠤᠯᠤᠭ᠍ᠴᠢ ᠡᠴᠡ ᠭᠤᠤᠯ ᠬᠡᠮᠵᠢᠭᠦᠷᠯᠢᠭ ᠪᠦᠬᠦᠢ ᠲᠤᠰᠭᠠᠶ ᠮᠡᠷᠭᠡᠵᠢᠯ᠎ᠦᠨ ᠲᠥᠯᠥᠪᠯᠡᠭᠡ᠎ᠶ᠋ᠢ ᠰᠣᠩᠭᠣᠬᠤ᠎ᠳᠠᠭᠠᠨ《ᠮᠢᠨᠦ᠍ ᠠᠩᠬᠠᠷᠤᠯ》 ᠳ᠋ᠠᠭᠠᠨ ᠨᠡᠮᠡᠵᠦ᠍ ᠪᠤᠯᠬᠤ ᠪᠣᠯᠵᠥ᠂ ᠲᠠᠷᠠᠭᠠᠯᠠᠯ᠎ᠢ ᠳᠠᠬᠢᠨ ᠵᠢᠭ᠍ᠰᠠᠭᠠᠬᠤ᠎ᠶ᠋ᠢ ᠳᠡᠮᠵᠢᠵᠦ᠍᠂ ᠠᠯᠬᠤᠮ ᠲᠠᠷᠠᠭ᠎ᠠ ᠵᠢ ᠳᠠᠭᠤᠰᠭᠠᠭ᠍ᠰᠠᠨ᠎ᠤ ᠳᠠᠷᠠᠭ᠎ᠠ 《ᠬᠠᠳᠠᠭᠠᠯᠠᠬᠤ》 ᠳᠠᠷᠤᠪᠴᠢ᠎ᠶ᠋ᠢ ᠳᠠᠷᠤᠪᠠᠯ ᠰᠠᠶᠢ ᠬᠦᠴᠦᠨ᠎ᠲᠡᠶ ᠪᠣᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠤᠷᠤᠭ᠍ᠴᠢ ᠡᠯᠰᠡᠬᠦ᠌ ᠱᠢᠯᠭᠠᠯᠲᠠ᠎ᠶ᠋ᠢᠨ ᠲᠥᠪ᠎ᠡᠴᠡ ᠲᠤᠰ ᠱᠢᠰᠲ᠋ᠧᠮ᠎ᠢ ᠬᠡᠷᠡᠭ᠌ᠯᠡᠭᠦ ᠥᠷᠭᠡᠨ ᠣᠯᠠᠨ ᠱᠢᠯᠭᠠᠭᠤᠯᠤᠭ᠍ᠰᠠᠳ᠎ᠲᠤ ᠰᠠᠨᠠᠭᠤᠯᠤᠬᠰᠠᠨ ᠵᠢᠨᠷ᠂ ᠵᠢᠩᠬᠢᠨᠢ ᠠᠩᠭᠢ᠎ᠶ᠋ᠢᠨ ᠨᠢᠭᠡᠳᠦᠭᠡᠷ ᠪᠦᠯᠦᠭ᠂ ᠵᠢᠩᠬᠢᠨᠢ ᠠᠩᠭᠢ᠎ᠶ᠋ᠢᠨ ᠬᠣᠶᠠᠳᠤᠭᠠᠷ ᠪᠦᠯᠦᠭ᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ᠎ᠶ᠋ᠢᠨ ᠪᠦᠯᠦᠭ᠎ᠤᠨ ᠨᠢᠭᠡᠳᠦᠭᠡᠷ ᠡᠷᠡᠮᠡᠯᠵᠡᠯ᠎ᠢ ᠲᠠᠭ᠍ᠯᠠᠬᠤ ᠡᠳᠦᠷ ᠲᠸ᠋ ᠡᠷᠡᠮᠡᠯᠵᠡᠯ ᠲᠠᠭ᠍ᠯᠠᠬᠤ ᠲᠤᠰᠠᠯᠠᠬᠤ ᠱᠢᠰᠲ᠋ᠧᠮ᠎ᠢ ᠬᠡᠷᠡᠭ᠌ᠯᠡᠬᠦ᠌᠎ᠶ᠋ᠢ ᠲᠦᠷ ᠵᠣᠭ᠍ᠰᠣᠭᠠᠨ᠎ᠠ᠂ ᠱᠢᠯᠭᠠᠭᠤᠯᠤᠭ᠍ᠰᠠᠳ ᠬᠡᠷᠡᠭ᠌ᠯᠡᠬᠦ᠌ ᠴᠠᠭ᠎ᠢᠶᠠᠨ ᠵᠦᠶ ᠵᠣᠬᠢᠰᠲᠠᠶ ᠲᠣᠬᠢᠷᠠᠭᠤᠯᠤᠨ᠂ ᠡᠷᠡᠮᠡᠯᠵᠡᠯ ᠲᠠᠭ᠍ᠯᠠᠬᠤ ᠲᠥᠰᠦᠯ᠎ᠢᠶᠡᠨ ᠤᠷᠢᠳᠴᠢᠯᠠᠨ ᠰᠠᠢᠲᠤᠷ ᠬᠢᠬᠦ᠌ ᠬᠡᠷᠡᠭ᠌ᠲᠡᠶ᠃