ᠨᠡᠢᠭᠡᠮ᠎ᠦᠨ ᠰᠢᠨᠵᠢᠯᠡᠬᠦ
ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠲᠥᠷᠥᠯ ᠬᠤᠪᠢᠶᠠᠬᠤ᠎ᠶᠢ ᠬᠦᠴᠦᠨ ᠦᠭᠡᠢ ᠪᠣᠯᠭᠠᠵᠤ 《3+1+2》 ᠤ᠋ᠨ
ᠵᠠᠭᠪᠤᠷ ᠢ ᠬᠡᠷᠡᠭᠵᠢᠭᠦᠯᠦᠨ᠎ᠡ
ᠰᠤᠷᠪᠤᠯᠵᠢᠯᠠᠭ᠍ᠴᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ
ᠰᠣᠨᠢᠨ ᠮᠡᠳᠡᠭᠡᠨ᠎ᠦ ᠠᠯᠪᠠᠨ ᠭᠡᠷ᠎ᠦᠨ ᠡᠷᠭᠢᠯᠡᠭᠰᠡᠨ《ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ
ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ》 ᠵᠢᠨ ᠰᠣᠨᠢᠨ ᠮᠡᠳᠡᠭᠡ ᠨᠡᠢᠳᠡᠯᠡᠬᠦ ᠬᠤᠷᠠᠯ ᠡᠴᠡ ᠤᠢᠯᠠᠭᠠᠭᠰᠠᠨ ᠵᠢᠡᠷ 《ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ ᠪᠡᠷ ᠰᠣᠷᠣᠭ᠍ᠴᠢ ᠡᠯᠰᠡᠬᠦ
ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠳᠤᠬᠠᠢ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》 ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠪᠠ᠂ ᠮᠠᠨ᠎ᠤ ᠣᠷᠣᠨ
ᠪᠥᠬᠥ ᠤᠯᠤᠰ᠎ᠤᠨ ᠲᠠᠪᠤᠳᠤᠭᠠᠷ ᠪᠦᠯᠦᠭ᠎ᠦᠨ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ
ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ ᠵᠢ ᠡᠬᠢᠯᠡᠭᠦᠯᠦᠭᠰᠡᠨ
ᠨᠠᠢ᠍ᠮᠠᠨ ᠮᠤᠵᠢ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ᠂ 2022
ᠣᠨ᠎ᠤ ᠨᠠᠮᠤᠷ᠎ᠤᠨ ᠤᠯᠠᠷᠢᠯ ᠰᠤᠷᠭᠠᠭᠤᠯᠢ᠎ᠳᠤ ᠣᠷᠣᠭᠰᠠᠨ ᠥᠨᠳᠥᠷ ᠳᠤᠮᠳᠠᠳᠤ ᠶᠢᠨ ᠨᠢᠭᠡᠳᠦᠭᠡᠷ ᠣᠨ᠎ᠤ
ᠰᠤᠷᠤᠭᠴᠢᠳ ᠡᠴᠡ ᠡᠬᠢᠯᠡᠨ ᠡᠩ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ
ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢᠯᠡᠭᠰᠡᠨ ᠦᠬᠡᠷᠡᠴᠢᠯᠡᠯᠳᠡ ᠵᠢ ᠬᠡᠷᠡᠭᠵᠢᠬᠦᠯᠦᠨ᠎ᠡ᠃
ᠥᠪᠡᠷᠲᠡᠭᠡᠨ
ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠷᠢᠭᠤᠴᠠᠯᠭᠠᠲᠠᠨ᠎ᠤ
ᠲᠠᠨᠢᠯᠴᠠᠭᠤᠯᠤᠭᠰᠠᠨ᠎ᠢᠶᠠᠷ᠂ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠶᠡᠷᠦᠩᠬᠡᠢᠯᠡᠭᠰᠡᠨ
ᠥᠭᠡᠷᠡᠴᠢᠯᠡᠯᠲᠡ᠎ᠳᠦ ᠭᠣᠣᠯᠳᠠᠭᠤ ᠳᠥᠷᠪᠡᠨ ᠲᠠᠯ᠎ᠠ᠎ᠶᠢᠨ ᠠᠭᠤᠯᠭ᠎ᠠ ᠪᠠᠭᠲᠠᠨ᠎ᠠ᠄ ᠨᠢᠭᠡ᠎ᠳᠦ᠂ ᠡᠩ᠎ᠦᠨ
ᠥᠨᠳᠥᠷ ᠳᠤᠮᠳᠠᠳᠤ᠎ᠶᠢᠨ ᠰᠤᠷᠤᠯᠭ᠎ᠠ᠎ᠶᠢᠨ ᠬᠢᠷᠢ ᠲᠦᠪᠰᠢᠨ ᠤ ᠰᠢᠯᠭᠠᠯᠳᠠ ᠵᠢᠨ ᠲᠦᠷᠢᠮ᠎ᠢ ᠲᠡᠬᠦᠯᠳᠡᠷᠵᠢᠬᠦᠯᠦᠨ᠎ᠡ; ᠬᠣᠶᠠᠷ᠎ᠲᠤ᠂ ᠡᠩ᠎ᠦᠨ ᠥᠨᠳᠥᠷ ᠳᠤᠮᠳᠠᠳᠤ᠎ᠶᠢᠨ ᠰᠣᠷᠣᠭ᠍ᠴᠢ᠎ᠶᠢᠨ ᠶᠡᠷᠦᠩᠬᠡᠢᠯᠡᠭᠰᠡᠨ
ᠬᠡᠪ ᠴᠢᠨᠠᠷ᠎ᠤᠨ ᠦᠨᠡᠯᠡᠯᠲᠡ᠎ᠶᠢᠨ ᠳᠦᠷᠢᠮ ᠢ᠋ ᠲᠦᠷᠢᠮᠵᠢᠬᠦᠯᠦᠨ᠎ᠡ᠃ ᠭᠤᠷᠪᠠ ᠳ᠋ᠤ᠂ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠢᠯᠭᠠᠯᠳᠠ ᠪᠡᠷ
ᠰᠤᠷᠤᠭᠴᠢ ᠡᠯᠰᠡᠬᠦ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ; ᠳᠥᠷᠪᠡ᠎ᠳᠦ᠂
ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠦᠷᠦᠯ ᠬᠤᠪᠢᠶᠠᠨ ᠰᠢᠯᠭᠠᠵᠤ ᠰᠤᠷᠤᠭ᠍ᠴᠢ
ᠡᠯᠰᠡᠬᠦ ᠥᠭᠡᠷᠡᠴᠢᠯᠡᠯᠲᠡ᠎ᠶᠢ ᠠᠬᠢᠭᠤᠯᠤᠨ᠎ᠠ᠃ 2025 ᠣᠨ ᠪᠣᠯᠬᠤ᠎ᠳᠤ᠂ ᠲᠥᠷᠥᠯ ᠬᠤᠪᠢᠶᠠᠨ ᠰᠢᠯᠭᠠᠬᠤ᠂
ᠶᠡᠷᠦᠩᠬᠡᠢᠯᠡᠨ ᠦᠨᠡᠯᠡᠬᠦ᠂ ᠣᠯᠠᠨ ᠡᠰᠢᠴᠢᠯᠡᠨ ᠡᠯᠰᠡᠬᠦ ᠶᠡᠬᠡ ᠳᠡᠭᠡᠳᠦ ᠰᠤᠷᠭᠠᠭᠤᠯᠢ᠎ᠶᠢᠨ
ᠰᠢᠯᠭᠠᠯᠲᠠ᠎ᠪᠠᠷ ᠰᠣᠷᠣᠭ᠍ᠴᠢ ᠡᠯᠰᠡᠬᠦ ᠳᠦᠷᠢᠮ᠎ᠢ ᠦᠨᠳᠦᠰᠦᠨ᠎ᠳᠡᠭᠡᠨ ᠪᠦᠷᠢᠯᠳᠦᠬᠦᠯᠵᠦ᠂ ᠲᠥᠪ ᠭᠣᠥᠯᠴᠢ᠂
ᠰᠢᠨᠵᠢᠯᠡᠬᠦ ᠤᠬᠠᠭᠠᠨᠴᠢ᠎ᠪᠠᠷ ᠴᠢᠳᠠᠪᠤᠷᠢᠲᠠᠨ ᠰᠣᠩᠭᠣᠬᠤ᠂ ᠬᠢᠨᠠᠯᠳᠠ ᠲᠠᠯᠪᠢᠯᠳᠠ ᠬᠦᠴᠦᠳᠡᠢ ᠪᠠᠢᠬᠤ
ᠪᠠᠢᠭᠤᠯᠤᠮᠵᠢ ᠲᠣᠭᠲᠠᠴᠠ᠎ᠶᠢ ᠪᠦᠷᠢᠨᠰᠢᠭᠦᠯᠦᠨ ᠠᠬᠢᠭᠤᠯᠤᠨ᠎ᠠ ᠃
ᠡᠩ᠎ᠦᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ
ᠰᠢᠯᠭᠠᠯᠲᠠ᠎ᠪᠠᠷ ᠰᠣᠷᠣᠭ᠍ᠴᠢ ᠡᠯᠰᠡᠬᠦ᠎ᠳᠦ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠨᠢᠭᠡᠳᠦᠯᠲᠡᠢ ᠰᠢᠯᠭᠠᠯᠲᠠ᠎ᠪᠠᠷ ᠰᠣᠷᠣᠭ᠍ᠴᠢ ᠡᠯᠰᠡᠬᠦ (ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ) ᠪᠠ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠵᠢᠨ ᠲᠦᠷᠦᠯ
ᠬᠤᠪᠢᠶᠠᠨ ᠰᠤᠷᠤᠭᠴᠢ ᠡᠯᠰᠡᠬᠦ ᠪᠠᠭᠳᠠᠨ᠎ᠠ᠃ ᠮᠠᠨ᠎ᠤ ᠣᠷᠣᠨ《ᠰᠢᠨ᠎ᠡ
ᠮᠠᠶᠢᠭ᠋᠎ᠤᠨ ᠤᠯᠤᠰ᠎ᠤᠨ ᠨᠢᠬᠡᠳᠦᠯᠳᠡᠢ ᠰᠢᠯᠭᠠᠯᠳᠠ》ᠵᠢ
ᠬᠡᠷᠡᠭᠵᠢᠭᠦᠯᠦᠭᠰᠡᠨ᠎ᠦ ᠳᠠᠷᠠᠭ᠎ᠠ᠂ ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ
ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠢᠴᠢᠶᠡᠯ ᠲᠥᠷᠥᠯ᠎ᠢ ᠳᠠᠭᠢᠵᠤ ᠨᠡᠢᠭᠡᠮ᠎ᠦᠨ ᠰᠢᠨᠵᠢᠯᠡᠬᠦ
ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠲᠦᠷᠦᠯ ᠭᠡᠵᠦ ᠬᠤᠪᠢᠶᠠᠬᠤ ᠦᠭᠡᠢ᠂
ᠬᠠᠷᠢᠨ《3+1+2》 ᠤ᠋ᠨ
ᠵᠠᠭᠪᠤᠷ᠎ᠢ ᠬᠡᠷᠡᠭᠵᠢᠭᠦᠯᠦᠨ᠎ᠡ᠃ ᠣᠲᠣ᠌᠎ᠶᠢᠨ ᠬᠡᠷᠡᠭᠵᠢᠭᠦᠯᠵᠦ ᠪᠠᠢᠭ᠎ᠠ 《ᠪᠥᠬᠥ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠬᠢᠷᠢ ᠪᠦᠲᠦᠮᠵᠢ》 ᠵᠢ ᠦᠨᠳᠦᠰᠦᠯᠡᠭᠰᠡᠨ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ᠎ᠪᠠᠷ ᠰᠣᠷᠣᠭ᠍ᠴᠢ
ᠡᠯᠰᠡᠬᠦ ᠵᠠᠭᠪᠤᠷ᠎ᠲᠠᠢ ᠠᠳᠠᠯᠢ ᠦᠭᠡᠢ ᠪᠠᠢᠵᠤ᠂ ᠥᠭᠡᠷᠡᠴᠢᠯᠡᠯᠲᠡ ᠬᠢᠭᠰᠡᠨ᠎ᠦ ᠳᠠᠷᠠᠭ᠎ᠠ᠂ ᠮᠠᠨ᠎ᠤ ᠣᠷᠣᠨ《ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠨᠢᠭᠡᠳᠦᠯᠲᠡᠢ
ᠰᠢᠯᠭᠠᠯᠲᠠ᠎ᠶᠢᠨ ᠬᠢᠷᠢ ᠪᠦᠲᠦᠮᠵᠢ ᠪᠠ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠬᠢᠷᠢ
ᠪᠦᠲᠦᠮᠵᠢ ᠵᠢ ᠦᠨᠳᠦᠰᠦᠯᠡᠬᠦ᠂ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠪᠡᠷ ᠯᠠᠪᠯᠠᠯᠲᠠ
ᠪᠣᠯᠭᠠᠬᠤ》᠂ ᠳᠠᠷᠤᠢ《ᠬᠣᠶᠠᠷ᠎ᠢ
ᠦᠨᠳᠦᠰᠦᠯᠡᠨ᠂ ᠨᠢᠭᠡ ᠵᠢ ᠯᠠᠪᠯᠠᠬᠤ》 ᠶᠡᠬᠡ ᠳᠡᠭᠡᠳᠦ
ᠰᠤᠷᠭᠠᠭᠤᠯᠢ ᠵᠢᠨ ᠰᠢᠯᠭᠠᠯᠲᠠ᠎ᠪᠠᠷ ᠰᠣᠷᠣᠭ᠍ᠴᠢ ᠡᠯᠰᠡᠬᠦ ᠵᠠᠭᠪᠤᠷ᠎ᠢ ᠬᠡᠷᠡᠭᠯᠡᠬᠦ᠎ᠶᠢᠨ ᠬᠠᠮᠲᠤ᠂ ᠵᠡᠷᠭᠡᠴᠡᠭᠡ ᠪᠡᠷ ᠡᠷᠡᠮᠡᠯᠵᠡᠯᠲᠠᠭᠯᠠᠨ ᠲᠠᠩᠰᠠ ᠡᠪᠬᠡᠮᠡᠯ
ᠥᠭᠴᠦ ᠰᠣᠷᠣᠭ᠍ᠴᠢ ᠡᠯᠰᠡᠬᠦ ᠠᠷᠭ᠎ᠠ᠎ᠶᠢ ᠬᠡᠷᠡᠭᠵᠢᠭᠦᠯᠦᠨ᠎ᠡ᠃
《3+1+2》 ᠵᠠᠭᠪᠤᠷ᠎ᠢ ᠬᠡᠷᠡᠭᠵᠢᠬᠦᠯᠪᠡᠯ᠂ ᠰᠢᠯᠭᠠᠭᠤᠯᠤᠭ᠍ᠴᠢ᠎ᠶᠢᠨ ᠰᠣᠶᠣᠯ᠎ᠤᠨ ᠬᠢᠴᠢᠶᠡᠯ᠎ᠦᠨ
ᠶᠡᠷᠦᠩᠬᠡᠢ ᠬᠢᠷᠢ ᠪᠦᠲᠦᠮᠵᠢ᠎ᠶᠢᠨ ᠪᠦᠷᠢᠨ ᠬᠤᠪᠢ 750 ᠬᠤᠪᠢ ᠪᠣᠯᠣᠨ᠎ᠠ᠃ ᠡᠭᠦᠨ᠎ᠳᠦ᠂ ᠬᠡᠯᠡ ᠪᠢᠴᠢᠭ᠌᠂
ᠲᠣᠭᠠᠨ᠎ᠤ ᠤᠬᠠᠭᠠᠨ᠂ ᠭᠠᠳᠠᠭᠠᠳᠤ ᠬᠡᠯᠡ ᠵᠡᠷᠭᠡ ᠭᠤᠷᠪᠠᠨ ᠬᠢᠴᠢᠶᠡᠯ ᠲᠦᠷᠦᠯ ᠨᠢ ᠤᠯᠤᠰ᠎ᠤᠨ ᠨᠢᠭᠡᠳᠦᠯᠲᠡᠢ
ᠰᠢᠯᠭᠠᠯᠲᠠ᠎ᠶᠢᠨ ᠨᠢᠬᠡᠳᠦᠯᠳᠡᠢ ᠬᠢᠴᠢᠶᠡᠯ ᠲᠦᠷᠦᠯ ᠪᠤᠯᠤᠨ᠎ᠠ᠃ ᠨᠡᠢᠭᠡᠮ᠎ᠦᠨ ᠰᠢᠨᠵᠢᠯᠡᠬᠦ ᠤᠬᠠᠭᠠᠨ ᠪᠠ
ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠭᠡᠵᠦ ᠬᠤᠪᠢᠶᠠᠬᠤ ᠦᠭᠡᠢ᠂ ᠰᠢᠯᠭᠠᠯᠲᠠ ᠵᠢᠨ ᠰᠡᠳᠦᠪ᠎ᠢ
ᠪᠥᠬᠥ ᠤᠯᠤᠰ ᠡᠴᠡ ᠨᠢᠭᠡᠳᠦᠯᠲᠡᠢ ᠰᠡᠳᠦᠪ ᠭᠠᠷᠭᠠᠵᠤ᠂ ᠬᠢᠴᠢᠶᠡᠯ ᠪᠦᠷᠢ᠎ᠶᠢᠨ ᠪᠦᠷᠢᠨ ᠬᠤᠪᠢ ᠨᠢ ᠴᠥᠮ 150
ᠬᠤᠪᠢ ᠪᠣᠯᠣᠨ᠎ᠠ᠃ 《1》 ᠪᠠ 《2》 ᠪᠣᠯ ᠰᠤᠷᠤᠯᠭ᠎ᠠ᠎ᠶᠢᠨ ᠬᠢᠷᠢ ᠲᠦᠪᠰᠢᠨ᠎ᠤ
ᠰᠢᠯᠭᠠᠯᠲᠠ᠎ᠶᠢᠨ ᠳᠤᠳᠤᠷᠠᠬᠢ ᠰᠣᠩᠭᠣᠬᠤ ᠴᠢᠨᠠᠷᠲᠠᠢ ᠬᠢᠴᠢᠶᠡᠯ ᠲᠥᠷᠥᠯ ᠪᠣᠯᠣᠨ᠎ᠠ᠂ ᠰᠢᠯᠭᠠᠯᠲᠠ ᠶᠢᠨ
ᠰᠡᠳᠦᠪ᠎ᠢ ᠥᠪᠡᠷᠲᠡᠭᠡᠨ ᠵᠠᠰᠠᠬᠤ ᠣᠷᠣᠨ ᠠ᠋ᠴᠠ ᠨᠢᠭᠡᠳᠦᠯᠲᠡᠢ ᠰᠡᠳᠦᠪ ᠭᠠᠷᠭᠠᠨ᠎ᠠ᠃《1》 ᠭᠡᠳᠡᠭ ᠨᠢ ᠳᠠᠷᠤᠢ ᠰᠢᠯᠭᠠᠭᠤᠯᠤᠭ᠍ᠴᠢ
ᠹᠢᠽᠢᠺ ᠪᠤᠶᠤ ᠲᠡᠦᠬᠡ᠎ᠶᠢᠨ ᠬᠢᠴᠢᠶᠡᠯ ᠲᠥᠷᠥᠯ ᠦᠨ ᠳᠣᠲᠣᠷ᠎ᠠ ᠡᠴᠡ ᠨᠢᠭᠡ᠎ᠶᠢ ᠨᠢ ᠰᠣᠩᠭᠣᠵᠤ ᠲᠡᠷᠢᠭᠦᠨ ᠰᠤᠩᠭᠤᠯᠳᠠ ᠵᠢᠨ
ᠬᠢᠴᠢᠶᠡᠯ ᠪᠣᠯᠭᠠᠵᠤ᠂ ᠬᠢᠴᠢᠶᠡᠯ ᠪᠦᠷᠢ᠎ᠶᠢᠨ ᠪᠦᠷᠢᠨ ᠬᠤᠪᠢ ᠨᠢ ᠴᠥᠮ100 ᠬᠤᠪᠢ ᠪᠠᠢᠵᠤ᠂
ᠰᠢᠯᠭᠠᠯᠲᠠ᠎ᠶᠢᠨ ᠬᠤᠪᠢ᠎ᠶᠢ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠰᠣᠶᠣᠯ᠎ᠤᠨ ᠬᠢᠴᠢᠶᠡᠯ ᠦᠨ
ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ᠃ 《2》
ᠭᠡᠳᠡᠭ ᠨᠢ ᠳᠠᠷᠤᠢ ᠰᠢᠯᠭᠠᠭᠤᠯᠤᠭ᠍ᠴᠢ ᠦᠵᠡᠯ ᠰᠠᠨᠠᠭ᠎ᠠ ᠤᠯᠤᠰ ᠲᠥᠷᠥ᠍᠂
ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ᠎ᠦᠨ ᠳᠣᠲᠣᠷ᠎ᠠ ᠡᠴᠡ 2 ᠬᠢᠴᠢᠶᠡᠯ ᠲᠥᠷᠥᠯ᠎ᠢ ᠰᠣᠩᠭᠣᠵᠤ ᠳᠠᠬᠢᠨ ᠰᠣᠩᠭᠣᠬᠤ
ᠬᠢᠴᠢᠶᠡᠯ ᠲᠥᠷᠥᠯ ᠪᠣᠯᠭᠠᠨ᠎ᠠ᠂ ᠬᠢᠴᠢᠶᠡᠯ ᠪᠦᠷᠢ᠎ᠶᠢᠨ ᠪᠦᠷᠢᠨ ᠬᠤᠪᠢ ᠨᠢ ᠴᠥᠮ 100 ᠬᠤᠪᠢ ᠪᠠᠢᠵᠤ᠂
ᠳᠡᠰ᠎ᠢᠶᠠᠷ ᠨᠢ ᠬᠤᠪᠢ ᠬᠤᠪᠢᠷᠠᠭᠤᠯᠤᠨ ᠪᠤᠳᠤᠵᠤ᠂ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠰᠣᠶᠣᠯ᠎ᠤᠨ
ᠬᠢᠴᠢᠶᠡᠯ᠎ᠦᠨ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ᠃《3+1+2》 ᠵᠠᠭᠪᠤᠷᠲᠤ᠌ ᠨᠡᠶ᠋ᠢᠲᠡ 12
ᠵᠦᠢᠯ ᠦᠨ ᠨᠡᠢᠯᠡᠯ ᠬᠡᠯᠪᠡᠷᠢ ᠪᠠᠢᠵᠤ᠂ ᠰᠣᠷᠣᠭ᠍ᠴᠢ ᠪᠡᠶ᠎ᠡ᠎ᠪᠡᠨ ᠳᠠᠭᠠᠭᠠᠵᠤ ᠰᠣᠩᠭᠣᠵᠤ ᠪᠤᠯᠤᠨ᠎ᠠ᠃ ᠡᠨᠡ
ᠨᠢ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠢ ᠠᠭᠤᠰᠤᠯᠴᠠᠭᠤᠯᠵᠤ᠂
ᠰᠢᠯᠭᠠᠭᠤᠯᠤᠭ᠍ᠴᠢ᠎ᠶᠢᠨ ᠲᠠᠪᠠᠭᠤᠯᠢᠭ᠎ᠢᠶᠡᠨ ᠪᠠᠳᠠᠷᠠᠭᠤᠯᠤᠨ
ᠬᠦᠷᠦᠯᠴᠡᠬᠦ ᠦᠭᠡᠢ ᠵᠦᠢᠯ᠎ᠢᠶᠡᠨ ᠲᠡᠪᠴᠢᠬᠦ ᠳ᠋ᠤ ᠠᠰᠢᠭᠳᠠᠢ ᠪᠠᠢᠵᠤ᠂ ᠰᠢᠯᠭᠠᠭᠤᠯᠤᠭ᠍ᠴᠢ᠎ᠶᠢᠨ
ᠰᠣᠩᠭᠣᠯᠳᠠ ᠶᠢᠨ ᠣᠷᠣᠨ ᠵᠠᠢ᠎ᠶᠢ ᠨᠡᠮᠡᠭᠳᠡᠭᠦᠯᠬᠦ ᠪᠤᠯᠤᠨ᠎ᠠ᠃
ᠰᠣᠷᠣᠭ᠍ᠴᠢ ᠡᠯᠰᠡᠬᠦ
ᠲᠠᠯ᠎ᠠ᠎ᠪᠠᠷ᠂ 2025 ᠣᠨ᠎ᠠᠴᠠ ᠡᠬᠢᠯᠡᠨ᠂ ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠢᠯᠭᠠᠯᠲᠠ ᠪᠠᠷ
ᠰᠣᠷᠣᠭ᠍ᠴᠢ ᠡᠯᠰᠡᠬᠦ᠎ᠳᠦ 《ᠬᠣᠶᠠᠷ ᠦᠨᠳᠦᠰᠦᠯᠡᠯ᠂ ᠨᠢᠭᠡ ᠯᠠᠪᠯᠠᠯᠲᠠ》 ᠵᠢᠨ ᠵᠠᠭᠪᠤᠷ᠎ᠢ ᠬᠡᠷᠡᠭᠯᠡᠨ᠎ᠡ᠃ ᠨᠢᠭᠡ᠎ᠳᠦ
ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠬᠡᠯᠡ ᠪᠢᠴᠢᠭ᠌᠂ ᠲᠣᠭᠠᠨ᠎ᠤ
ᠤᠬᠠᠭᠠᠨ᠂ ᠭᠠᠳᠠᠭᠠᠳᠤ ᠬᠡᠯᠡ 3 ᠬᠢᠴᠢᠶᠡᠯ
ᠲᠦᠷᠦᠯ᠎ᠤᠨ ᠬᠢᠷᠢ ᠪᠦᠲᠦᠮᠵᠢ ᠵᠢ ᠦᠨᠳᠦᠰᠦᠯᠡᠨ᠎ᠡ; ᠬᠣᠶᠠᠷ᠎ᠲᠤ ᠥᠨᠳᠥᠷ ᠳᠤᠮᠳᠠᠳᠤ
ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠰᠣᠩᠭᠣᠨ ᠰᠢᠯᠭᠠᠬᠤ 3 ᠬᠢᠴᠢᠶᠡᠯ᠎ᠦᠨ ᠬᠢᠷᠢ ᠪᠦᠲᠦᠮᠵᠢ ᠵᠢ
ᠦᠨᠳᠦᠰᠦᠯᠡᠨ᠎ᠡ᠃ ᠥᠨᠳᠥᠷ ᠳᠤᠮᠳᠠᠳᠤ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠬᠢᠷᠢ
ᠪᠦᠲᠦᠮᠵᠢ᠎ᠶᠢ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ᠎ᠶᠢᠨ ᠴᠢᠬᠤᠯᠠ ᠦᠨᠳᠦᠰᠦᠯᠡᠯ
ᠪᠣᠯᠭᠠᠬᠤ ᠪᠣᠯ《ᠰᠢᠨ᠎ᠡ ᠮᠠᠶᠢᠭ᠋᠎ᠤᠨ ᠤᠯᠤᠰ᠎ᠤᠨ ᠨᠢᠬᠡᠳᠦᠯᠳᠡᠢ
ᠰᠢᠯᠭᠠᠯᠲᠠ》 ᠵᠢᠨ ᠨᠢᠭᠡᠨ ᠬᠢᠯᠠᠰ ᠴᠡᠭ ᠮᠥᠨ᠂ ᠡᠨᠡ ᠨᠢ
ᠰᠤᠷᠤᠭ᠍ᠴᠢᠳ᠎ᠢ ᠬᠥᠲᠥᠯᠥᠨ ᠵᠢᠯᠤᠭᠣᠳᠴᠤ ᠬᠢᠴᠢᠶᠡᠯ ᠨᠢᠭᠡ ᠪᠦᠷᠢ᠎ᠪᠠᠨ ᠨᠠᠷᠢᠨ ᠬᠢᠨᠠᠮᠠᠭᠠᠢ ᠰᠤᠷᠤᠯᠴᠠᠵᠤ᠂
ᠬᠦᠨᠳᠦ ᠨᠣᠴᠢᠲᠠᠢ ᠬᠢᠴᠢᠶᠡᠯ ᠲᠦᠷᠦᠯ ᠬᠡᠯᠪᠡᠢᠬᠦ ᠦᠵᠡᠭᠳᠡᠯ ᠭᠠᠷᠬᠤ᠎ᠠᠴᠠ ᠵᠠᠢᠯᠠᠰᠬᠢᠨ᠂ ᠶᠡᠬᠡ ᠳᠡᠭᠡᠳᠦ
ᠰᠤᠷᠭᠠᠭᠤᠯᠢ᠎ᠶᠢᠨ ᠴᠢᠳᠠᠪᠤᠷᠢᠲᠠᠨ᠎ᠢ ᠰᠢᠯᠢᠨ ᠰᠣᠩᠭᠣᠬᠤ᠎ᠳᠤ ᠨᠥᠬᠥᠴᠡᠯ ᠪᠦᠷᠢᠯᠳᠦᠭᠦᠯᠵᠦ ᠥᠭᠬᠦ᠎ᠶᠢᠨ
ᠲᠥᠯᠥᠭᠡ ᠶᠤᠮ᠃
ᠡᠩ᠎ᠦᠨ ᠥᠨᠳᠥᠷ ᠳᠤᠮᠳᠠᠳᠤ ᠵᠢᠨ ᠰᠤᠷᠤᠯᠭ᠎ᠠ᠎ᠶᠢᠨ ᠬᠢᠷᠢ
ᠲᠦᠪᠰᠢᠨ᠎ᠤ ᠰᠢᠯᠭᠠᠯᠲᠠ᠎ᠶᠢ ᠬᠢᠷᠢ ᠲᠡᠩᠴᠡᠬᠦ ᠴᠢᠨᠠᠷᠳᠠᠢ ᠰᠢᠯᠭᠠᠯᠲᠠ ᠪᠠ ᠰᠣᠩᠭᠣᠬᠤ ᠴᠢᠨᠠᠷᠲᠠᠢ
ᠰᠢᠯᠭᠠᠯᠲᠠ ᠬᠡᠵᠦ ᠬᠤᠪᠢᠶᠠᠨ᠎ᠠ᠃ ᠬᠢᠷᠢ ᠲᠡᠩᠴᠡᠬᠦ ᠴᠢᠨᠠᠷᠳᠠᠢ ᠰᠢᠯᠭᠠᠯᠲᠠ ᠪᠣᠯ ᠡᠩ᠎ᠦᠨ ᠥᠨᠳᠥᠷ
ᠳᠤᠮᠳᠠᠳᠤ ᠶᠢᠨ ᠰᠣᠷᠣᠭ᠍ᠴᠢ᠎ᠶᠢᠨ ᠰᠤᠷᠤᠯᠭ᠎ᠠ
ᠲᠡᠭᠦᠰᠬᠦ ᠵᠢᠴᠢ ᠥᠨᠳᠥᠷ ᠳᠤᠮᠳᠠᠳᠤ ᠲᠠᠢ ᠠᠳᠠᠯᠢ ᠲᠠᠰ᠎ᠤᠨ ᠰᠤᠷᠤᠯᠭ᠎ᠠ᠎ᠶᠢᠨ ᠨᠠᠮᠳᠠᠷ᠎ᠢ ᠬᠢᠨᠠᠨ
ᠲᠣᠭᠲᠠᠭᠠᠬᠤ ᠭᠣᠣᠯ ᠦᠨᠳᠦᠰᠦᠯᠡᠯ ᠮᠥᠨ᠂ ᠤᠯᠤᠰ᠎ᠤᠨ
ᠡᠩ᠎ᠦᠨ ᠥᠨᠳᠥᠷ ᠳᠤᠮᠳᠠᠳᠤ ᠵᠢᠨ ᠬᠢᠴᠢᠶᠡᠯ ᠲᠦᠢᠷᠦᠯ᠎ᠦᠨ ᠲᠥᠰᠥᠯ᠎ᠳᠦ ᠲᠣᠭᠲᠠᠭᠠᠭᠰᠠᠨ
ᠦᠵᠡᠯ ᠰᠠᠨᠠᠭ᠎ᠠ ᠤᠯᠤᠰ ᠲᠥᠷᠥ᠍᠂ ᠬᠡᠯᠡ ᠪᠢᠴᠢᠭ᠌᠂ ᠲᠣᠭᠠᠨ᠎ᠤ ᠤᠬᠠᠭᠠᠨ᠂ ᠭᠠᠳᠠᠭᠠᠳᠤ ᠬᠡᠯᠡ᠂ ᠲᠡᠦᠬᠡ᠂
ᠭᠠᠵᠠᠷ ᠵᠦᠢ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭᠠᠨ᠂ ᠮᠡᠳᠡᠭᠡ ᠵᠠᠩᠭᠢ ᠶᠢᠨ ᠮᠡᠷᠭᠡᠵᠢᠯ᠂
ᠨᠡᠢᠳᠡᠮ ᠬᠡᠷᠡᠭᠯᠡᠭᠡᠨ᠎ᠤ ᠮᠡᠷᠭᠡᠵᠢᠯ᠂ ᠤᠷᠠᠯᠢᠭ᠋᠂ ᠪᠡᠶ᠎ᠡ᠎ᠶᠢᠨ ᠲᠠᠮᠢᠷ ᠬᠢᠭᠡᠳ ᠡᠷᠡᠭᠦᠯ ᠮᠡᠨᠳᠦ ᠵᠡᠷᠭᠡ13 ᠬᠢᠴᠢᠶᠡᠯ ᠲᠥᠷᠥᠯ᠎ᠢ ᠪᠠᠭᠲᠠᠭᠠᠨ᠎ᠠ᠃ ᠰᠢᠯᠭᠠᠯᠲᠠ᠎ᠨᠢ ᠵᠢᠭᠠᠨ ᠰᠤᠷᠭᠠᠯᠲᠠ᠎ᠶᠢᠨ ᠠᠬᠢᠴᠠ᠎ᠶᠢ
ᠦᠨᠳᠦᠰᠦᠯᠡᠵᠦ᠂ ᠰᠤᠷᠴᠤ ᠪᠠᠷᠠᠭᠰᠠᠨ᠎ᠤ ᠳᠠᠷᠠᠭ᠎ᠠ ᠰᠢᠯᠭᠠᠨ᠎ᠠ᠂ ᠰᠢᠯᠭᠠᠯᠲᠠ᠎ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ᠂ ᠡᠰᠡ ᠬᠢᠷᠢ ᠲᠡᠩᠴᠡᠭᠰᠡᠨ ᠵᠢᠡᠷ
ᠢᠯᠡᠷᠡᠨ᠎ᠡ᠂ ᠬᠢᠷᠢ ᠪᠦᠲᠦᠮᠵᠢ᠎ᠶᠢ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ
ᠰᠢᠯᠭᠠᠯᠲᠠ᠎ᠶᠢᠨ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠬᠤ ᠦᠭᠡᠢ᠂ ᠬᠢᠷᠢ ᠲᠡᠩᠴᠡᠭᠰᠡᠳ᠎ᠲᠦ
ᠥᠨᠳᠥᠷ ᠵᠡᠷᠭᠡ ᠵᠢᠨ ᠳᠤᠮᠳᠠᠳᠤ ᠰᠤᠷᠭᠠᠭᠤᠯᠢ ᠲᠡᠭᠦᠰᠦᠭᠰᠡᠨ ᠦᠨᠡᠮᠯᠡᠯ ᠣᠯᠭᠣᠨ᠎ᠠ᠃
ᠰᠣᠩᠭᠣᠬᠤ ᠴᠢᠨᠠᠷᠲᠠᠢ ᠰᠢᠯᠭᠠᠯᠲᠠ᠎ᠶᠢ ᠡᠩ᠎ᠦᠨ ᠶᠡᠬᠡ ᠳᠡᠭᠡᠳᠦ
ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠴᠢᠬᠤᠯᠠ ᠦᠨᠳᠦᠰᠦᠯᠡᠯ ᠪᠣᠯᠭᠠᠵᠤ᠂ ᠪᠥᠬᠥ ᠤᠯᠤᠰ᠎ᠤᠨ ᠶᠡᠬᠡ
ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠲᠠᠢ ᠠᠳᠠᠯᠢ
ᠬᠤᠭᠤᠴᠠᠭᠠᠨ᠎ᠳᠤ ᠶᠠᠪᠤᠭᠳᠠᠭᠤᠯᠵᠤ᠂ ᠬᠢᠷᠢ ᠪᠦᠲᠦᠮᠵᠢ᠎ᠶᠢ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ
ᠡᠯᠰᠡᠬᠦ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ᠃ ᠰᠢᠯᠭᠠᠯᠲᠠ ᠶᠢᠨ ᠬᠢᠴᠢᠶᠡᠯ
ᠲᠥᠷᠥᠯ᠎ᠳᠦ ᠦᠵᠡᠯ ᠰᠠᠨᠠᠭ᠎ᠠ ᠤᠯᠤᠰ ᠲᠥᠷᠥ᠍᠂ ᠲᠡᠦᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ
ᠪᠣᠳᠠᠰ᠎ᠤᠨ ᠤᠬᠠᠭᠠᠨ ᠵᠡᠷᠭᠡ 6 ᠬᠢᠴᠢᠶᠡᠯ ᠲᠥᠷᠥᠯ ᠪᠠᠭᠲᠠᠨ᠎ᠠ᠃ ᠡᠩ᠎ᠦᠨ ᠥᠨᠳᠥᠷ ᠳᠤᠮᠳᠠᠳᠤ ᠵᠢᠨ ᠰᠤᠷᠭᠠᠭᠤᠯᠢ᠎ᠳᠤ ᠪᠠᠢᠭ᠎ᠠ ᠰᠤᠷᠤᠭ᠍ᠴᠢᠳ ᠵᠣᠬᠢᠬᠤ ᠬᠢᠴᠢᠶᠡᠯ
ᠲᠥᠷᠥᠯ᠎ᠦᠨ ᠬᠢᠷᠢ ᠪᠦᠲᠦᠮᠵᠢ ᠨᠢ《ᠬᠢᠷᠢ ᠲᠡᠩᠴᠡᠭᠰᠡᠨ》 ᠰᠠᠭᠤᠷᠢᠨ ᠳᠡᠭᠡᠷ᠎ᠡ ᠰᠤᠩᠭᠤᠬᠤ ᠴᠢᠨᠠᠷᠳᠠᠢ ᠰᠢᠯᠭᠠᠯᠳᠠ ᠵᠢᠨ ᠬᠢᠴᠢᠶᠡᠯ ᠲᠦᠷᠦᠯ ᠡᠴᠡ
ᠨᠡᠷ᠎ᠡ ᠮᠡᠳᠡᠬᠦᠯᠦᠨ ᠰᠢᠯᠭᠠᠨ᠎ᠠ᠃
《ᠨᠢᠭᠡ ᠯᠠᠪᠯᠠᠯᠲᠠ》 ᠭᠡᠳᠡᠭ ᠪᠣᠯ ᠥᠨᠳᠥᠷ ᠳᠤᠮᠳᠠᠳᠤ ᠵᠢᠨ
ᠰᠣᠷᠣᠭ᠍ᠴᠢ᠎ᠶᠢᠨ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠶᠢᠨ ᠦᠷ᠎ᠡ ᠳ᠋ᠦᠩ᠎ᠢ ᠶᠡᠬᠡ
ᠳᠡᠭᠡᠳᠦ ᠰᠤᠷᠭᠠᠭᠤᠯᠢ ᠵᠢᠨ ᠰᠢᠯᠭᠠᠯᠲᠠ ᠪᠡᠷ ᠰᠣᠷᠣᠭ᠍ᠴᠢ ᠡᠯᠰᠡᠬᠦ᠎ᠶᠢᠨ ᠴᠢᠬᠤᠯᠠ ᠯᠠᠪᠯᠠᠯᠲᠠ ᠪᠣᠯᠭᠠᠵᠤ᠂
ᠰᠢᠯᠭᠠᠯᠲᠠ᠎ᠶᠢᠨ ᠬᠢᠷᠢ ᠪᠦᠲᠦᠮᠵᠢ ᠨᠢ ᠠᠳᠠᠯᠢ ᠦᠶ᠎ᠡ᠎ᠳᠦ ᠶᠡᠬᠡ ᠳᠡᠭᠡᠳᠦ ᠰᠤᠷᠭᠠᠭᠤᠯᠢ᠎ᠵᠢᠨ ᠬᠢᠨ ᠤᠷᠢᠳ
ᠵᠢᠡᠷ ᠡᠯᠰᠡᠬᠦ ᠪᠤᠶᠤ ᠲᠤᠰᠬᠠᠢ ᠮᠡᠷᠭᠡᠵᠢᠯ᠎ᠢ ᠤᠷᠢᠳ᠎ᠢᠶᠠᠷ ᠲᠣᠬᠢᠷᠠᠭᠤᠯᠵᠤ ᠪᠣᠯᠣᠨ᠎ᠠ᠃ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ ᠪᠣᠯ
ᠰᠣᠷᠣᠭ᠍ᠴᠢ᠎ᠶᠢᠨ ᠲᠣᠰ ᠪᠡᠶ᠎ᠡ᠂ ᠬᠠᠮᠲᠤ ᠰᠣᠷᠣᠭ᠍ᠴᠢ᠂ ᠪᠠᠭ᠍ᠰᠢ ᠪᠠ ᠭᠡᠷ᠎ᠦᠨ ᠠᠬᠠᠮᠠᠳ ᠵᠡᠷᠭᠡ ᠣᠯᠠᠨ
ᠡᠰᠢᠲᠦ ᠭᠤᠤᠯ ᠴᠣᠭᠴᠠ᠎ᠶᠢᠨ ᠣᠷᠣᠯᠴᠠᠭᠰᠠᠨ ᠡᠳᠦᠷ ᠲᠤᠲᠤᠮ᠎ᠤᠨ ᠬᠥᠳᠡᠯᠦᠩᠭᠦᠢ ᠦᠨᠡᠯᠡᠯᠲᠡ ᠪᠣᠯᠣᠨ᠎ᠠ᠃
ᠦᠨᠡᠯᠡᠬᠦ ᠠᠭᠤᠯᠭ᠎ᠠ᠎ᠳᠤ ᠦᠵᠡᠯ ᠰᠠᠨᠠᠭ᠎ᠠ ᠶᠣᠰᠣ᠌ ᠮᠣᠷᠠᠯ᠂ ᠰᠤᠷᠤᠯᠭ᠎ᠠ᠎ᠶᠢᠨ ᠬᠢᠷᠢ ᠲᠦᠪᠰᠢᠨ᠂ ᠪᠡᠶ᠎ᠡ
ᠰᠡᠳᠬᠢᠯ᠎ᠦᠨ ᠡᠷᠡᠭᠦᠯ ᠮᠡᠨᠳᠦ᠂ ᠤᠷᠠᠯᠢᠭ᠋᠎ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠢᠭᠡᠮ᠎ᠦᠨ
ᠦᠢᠯᠡᠳᠦᠯᠭᠡ ᠵᠡᠷᠭᠡ 5 ᠲᠠᠯ᠎ᠠ᠎ᠶᠢ ᠪᠠᠭᠲᠠᠭᠠᠨ᠎ᠠ᠃ ᠣᠳᠣᠬᠠᠨ᠎ᠳᠤ᠂ ᠰᠤᠷᠭᠠᠨ ᠬᠥᠮᠦᠵᠢᠯ᠎ᠦᠨ ᠲᠢᠩᠬᠢᠮ
ᠨᠢᠭᠡᠨᠲᠡ ᠰᠤᠷᠤᠭ᠍ᠴᠢᠳ᠎ᠤᠨ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠶᠢᠨ ᠮᠡᠳᠡᠭᠡ ᠵᠠᠩᠭᠢ᠎ᠶᠢᠨ
ᠬᠠᠮᠢᠶᠠᠷᠤᠯᠲᠠ᠎ᠶᠢᠨ ᠲᠠᠪᠴᠠᠩ᠎ᠢ ᠪᠠᠢᠭᠤᠯᠵᠤ᠂ ᠰᠤᠷᠤᠭ᠍ᠴᠢᠳ᠎ᠤᠨ ᠡᠳᠦᠷ ᠲᠤᠲᠤᠮ᠎ᠤᠨ ᠢᠯᠡᠷᠡᠯ᠎ᠢ
ᠪᠣᠳᠠᠲᠠᠢᠲᠡᠮᠳᠡᠭᠯᠡᠵᠦ᠂ ᠨᠢᠭᠡᠨᠳᠡ ᠨᠤᠳᠠᠯᠠᠨ ᠵᠡᠷᠯᠡᠨ ᠨᠡᠢᠳᠡᠯᠡᠪᠡᠯ ᠬᠤᠪᠢᠷᠠᠭᠤᠯᠵᠤ ᠪᠣᠯᠬᠤ ᠦᠭᠡᠢ᠂
ᠡᠷᠬᠡ ᠲᠡᠭᠰᠢ ᠲᠥᠪ ᠭᠣᠥᠯᠴᠢ ᠪᠠᠢᠬᠤ᠎ᠶᠢ ᠦᠨᠡᠨ ᠬᠦ᠌
ᠪᠠᠲᠤᠯᠠᠨ᠎ᠠ᠃
ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ
ᠲᠠᠯ᠎ᠠ ᠳ᠋ᠤ᠂ ᠣᠲᠣ᠌᠎ᠶᠢᠨ ᠬᠡᠷᠡᠭᠵᠢᠭᠦᠯᠵᠦ ᠪᠠᠢᠭ᠎ᠠ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ
ᠡᠯᠰᠡᠬᠦ ᠰᠢᠯᠭᠠᠯᠲᠠ᠎ᠶᠢᠨ ᠳᠦᠷᠢᠮ ᠨᠢ ᠨᠡᠢᠭᠡᠮ᠎ᠦᠨ ᠰᠢᠨᠵᠢᠯᠡᠬᠦ ᠤᠬᠠᠭᠠᠨ᠎ᠤ ᠬᠢᠴᠢᠶᠡᠯ ᠲᠦᠷᠦᠯ ᠪᠠ
ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠲᠥᠷᠥᠯ ᠭᠡᠵᠦ ᠬᠤᠪᠢᠶᠠᠨ᠂ ᠵᠥᠪᠬᠡᠨ ᠨᠡᠢᠭᠡᠮ᠎ᠦᠨ
ᠰᠢᠨᠵᠢᠯᠡᠬᠦ ᠤᠬᠠᠭᠠᠨ᠎ᠤ ᠶᠡᠷᠦᠩᠬᠡᠢᠯᠡᠭᠰᠡᠨ ᠬᠢᠴᠢᠶᠡᠯ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ
ᠶᠡᠷᠦᠩᠬᠡᠢᠯᠡᠭᠰᠡᠨ ᠬᠢᠴᠢᠶᠡᠯ ᠭᠡᠬᠦ ᠬᠣᠶᠠᠷ ᠵᠦᠢᠯ᠎ᠦᠨ ᠲᠣᠭᠲᠠᠭᠰᠠᠨ ᠨᠡᠢᠯᠡᠯ ᠲᠠᠢ ᠪᠠᠢᠳᠠᠭ᠃《ᠰᠢᠨ᠎ᠡ ᠮᠠᠶᠢᠭ᠋᠎ᠤᠨ
ᠤᠯᠤᠰ᠎ᠤᠨ ᠨᠢᠬᠡᠳᠦᠯᠳᠡᠢ ᠰᠢᠯᠭᠠᠯᠳᠠ》ᠵᠢ ᠬᠡᠷᠡᠭᠵᠢᠭᠦᠯᠦᠭᠰᠡᠨ᠎ᠦ
ᠳᠠᠷᠠᠭ᠎ᠠ᠂ ᠰᠢᠯᠭᠠᠭᠤᠯᠤᠭ᠍ᠴᠢ᠎ᠶᠢᠨ ᠰᠣᠩᠭᠣᠨ ᠰᠢᠯᠭᠠᠭᠤᠯᠬᠤ ᠹᠢᠽᠢᠺ᠎ᠦᠨ ᠶᠡᠷᠦᠩᠬᠡᠢᠯᠡᠭᠰᠡᠨ ᠲᠦᠷᠦᠯ᠂
ᠲᠡᠦᠬᠡ᠎ᠶᠢᠨ ᠶᠡᠷᠦᠩᠬᠡᠢᠯᠡᠭᠰᠡᠨ ᠲᠦᠷᠦᠯ ᠭᠡᠬᠦ ᠬᠣᠶᠠᠷ ᠲᠥᠷᠥᠯ ᠢᠯᠭᠠᠯ᠎ᠢᠶᠠᠷ ᠰᠣᠷᠣᠭ᠍ᠴᠢ ᠡᠯᠰᠡᠬᠦ
ᠲᠥᠯᠥᠪᠯᠡᠭᠡ᠎ᠶᠢ ᠲᠣᠰ ᠲᠣᠰ ᠨᠠᠢᠷᠠᠭᠤᠯᠤᠨ ᠵᠣᠬᠢᠶᠠᠵᠤ᠂ ᠠᠰ ᠠᠰ ᠲᠤᠨᠢ ᠬᠠᠮᠤᠭ ᠳᠤᠤᠷ᠎ᠠ ᠬᠢᠵᠠᠭᠠᠷᠯᠠᠬᠤ
ᠬᠤᠪᠢ ᠳᠤᠭᠳᠠᠭᠠᠵᠤ᠂ ᠠᠰ ᠠᠰ ᠲᠤᠨᠢ ᠲᠠᠩᠰᠠ ᠡᠪᠬᠡᠮᠡᠯ ᠥᠭᠴᠦ᠂ ᠠᠰ ᠠᠰ ᠲᠤᠨᠢ ᠡᠯᠰᠡᠨ᠎ᠡ᠃ ᠡᠭᠦᠨ᠎ᠦ
ᠬᠠᠮᠲᠤ᠂ ᠤᠤᠯ᠎ᠤᠨ ᠵᠢᠩᠬᠢᠨᠢ ᠠᠩᠭᠢ᠎ᠶᠢᠨ ᠨᠢᠭᠡᠳᠦᠭᠡᠷ ᠪᠦᠯᠦᠭ ᠪᠠ ᠬᠣᠶᠠᠳᠤᠭᠠᠷ ᠪᠦᠯᠦᠭ᠎ᠢ
ᠨᠡᠢᠯᠡᠭᠦᠯᠦᠭᠡᠳ ᠨᠢᠭᠡ ᠪᠦᠯᠦᠭ ᠤᠳᠠᠭ᠎ᠠ ᠪᠣᠯᠭᠠᠬᠤ᠎ᠶᠢᠨ ᠬᠠᠮᠲᠤ ᠵᠡᠷᠭᠡᠴᠡᠭᠡ ᠡᠷᠡᠮᠡᠯᠵᠡᠯ᠎ᠢᠶᠡᠷ ᠲᠠᠩᠰᠠ
ᠡᠪᠬᠡᠮᠡᠯ ᠥᠭᠴᠦ ᠡᠯᠰᠡᠬᠦ ᠵᠢ ᠬᠡᠷᠡᠭᠵᠢᠬᠦᠯᠦᠨ᠎ᠡ᠃
ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ
ᠰᠤᠷᠭᠠᠭᠤᠯᠢ᠎ᠶᠢᠨ ᠲᠥᠷᠥᠯ ᠬᠤᠪᠢᠶᠠᠵᠤ ᠰᠢᠯᠭᠠᠠᠬᠤ ᠵᠢ ᠬᠡᠷᠡᠭᠵᠢᠬᠦᠯᠵᠦ 《ᠰᠣᠶᠣᠯ᠎ᠤᠨ ᠬᠡᠪ ᠴᠢᠨᠠᠷ + ᠠᠵᠢᠯ ᠮᠡᠷᠭᠡᠵᠢᠯ᠎ᠦᠨ ᠤᠷ᠎ᠠ ᠴᠢᠳᠠᠪᠤᠷᠢ》 ᠵᠢᠨ ᠰᠢᠯᠭᠠᠯᠲᠠ᠎ᠶᠢᠨ ᠵᠠᠭᠪᠤᠷ᠎ᠢ ᠬᠡᠷᠡᠭᠵᠢᠭᠦᠯᠵᠦ᠂ ᠡᠩ᠎ᠦᠨ ᠪᠠᠢᠳᠠᠯ᠎ᠳᠤ ᠡᠩ᠎ᠦᠨ
ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠠᠴᠠ ᠡᠮᠦᠨ᠎ᠡ
ᠶᠠᠪᠤᠭᠳᠠᠭᠤᠯᠤᠨ᠎ᠠ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠨᠡᠷ᠎ᠡ
ᠮᠡᠳᠡᠭᠦᠯᠦᠭᠰᠡᠨ ᠪᠣᠯᠪᠠᠴᠤ ᠡᠯᠰᠡᠭᠳᠡᠭᠰᠡᠨ ᠦᠭᠡᠢ ᠰᠢᠯᠭᠠᠭᠤᠯᠤᠭ᠍ᠴᠢ ᠪᠠᠰᠠ ᠡᠩ᠎ᠦᠨ ᠶᠡᠬᠡ ᠳᠡᠭᠡᠳᠦ
ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠳᠤ ᠦᠷᠭᠦᠯᠵᠢᠯᠡᠨ ᠣᠷᠣᠯᠴᠠᠵᠤ
ᠪᠣᠯᠣᠨ᠎ᠠ᠃ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠥᠷᠥᠯ ᠬᠤᠪᠢᠶᠠᠵᠤ ᠰᠢᠯᠭᠠᠬᠤ
ᠰᠢᠯᠭᠠᠯᠲᠠ᠎ᠪᠠᠷ ᠰᠣᠷᠣᠭ᠍ᠴᠢ ᠡᠯᠰᠡᠬᠦ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠪᠠᠷ
ᠰᠣᠷᠣᠭ᠍ᠴᠢ ᠡᠯᠰᠡᠬᠦ ᠰᠣᠷᠣᠭ᠍ᠴᠢ᠎ᠶᠢᠨ ᠰᠤᠷᠤᠯᠭ᠎ᠠ ᠲᠡᠭᠦᠰᠦᠭᠰᠡᠨ ᠦᠨᠡᠮᠯᠡᠯ᠎ᠦᠨ ᠬᠦᠴᠦᠨ ᠨᠢ ᠪᠦᠷᠢᠮᠦᠰᠦᠨ
ᠠᠳᠠᠯᠢ᠂ ᠶᠠᠮᠠᠷ ᠴᠤ᠌ ᠢᠯᠭᠠᠭ᠎ᠠ ᠦᠭᠡᠢ᠃
ᠲᠥᠷᠥ᠍᠎ᠶᠢᠨ
ᠪᠣᠳᠣᠯᠭ᠎ᠠ ᠵᠢᠨ ᠳᠠᠢᠯᠪᠤᠷᠢᠯᠳᠠ ᠪᠠ ᠮᠠᠳᠠᠭ᠎ᠲᠠᠢ ᠠᠰᠠᠭᠤᠳᠠᠯ᠎ᠢ᠋ ᠳᠠᠢᠯᠪᠤᠷᠢᠯᠠᠨ ᠦᠭᠬᠦ ᠠᠵᠢᠯ᠎ᠢ ᠤᠯᠠᠮ
ᠰᠠᠢᠲᠤᠷ ᠬᠢᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ
ᠲᠢᠩᠬᠢᠮ᠎ᠡᠴᠡ ᠠᠰᠠᠭᠤᠨ ᠯᠠᠪᠯᠠᠬᠤ ᠤᠳᠠᠰᠤ 0471︱2856836 (ᠠᠵᠢᠯᠯᠠᠬᠤ ᠡᠳᠦᠷ᠎ᠦᠨ 9᠄ 00︱12᠄ 00 14᠄30︱17᠄30᠂
ᠠᠰᠠᠭᠤᠨ ᠯᠠᠪᠯᠠᠬᠤ ᠲᠠᠪᠴᠠᠩ (ᠬᠣᠶᠠᠷ ᠬᠡᠮᠵᠢᠯᠲᠦ ᠺᠣᠳ᠋᠎ᠢ
ᠰᠢᠷᠪᠢᠵᠦ ᠦᠨᠡᠨ ᠨᠡᠷ᠎ᠡ᠎ᠪᠡᠷ ᠳᠠᠩᠰᠠᠯᠠᠭᠤᠯᠤᠨ᠎ᠠ) ᠪᠠ ᠢᠮᠧᠯ gkzhggzx@163.com ᠢ᠋
ᠨᠡᠪᠳᠡᠷᠡᠬᠦᠯᠵᠦ᠂ ᠥᠷᠭᠡᠨ ᠣᠯᠠᠨ ᠰᠢᠯᠭᠠᠭᠤᠯᠤᠭ᠍ᠴᠢ ᠪᠠ ᠭᠡᠷ᠎ᠦᠨ ᠠᠬᠠᠮᠠᠳ ᠲᠸ᠋ ᠠᠰᠠᠭᠤᠨ ᠯᠠᠪᠯᠠᠬᠤ
ᠦᠢᠯᠡᠴᠢᠯᠡᠭᠡᠬᠠᠩᠭᠠᠨᠠ᠃