ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠰᠢᠨ᠎ᠡ ᠵᠠᠬᠪᠤᠷ ᠪᠤᠶᠤ ᠰᠢᠨ᠎ᠡ ᠬᠤᠪᠢᠷᠠᠯᠳᠠ
2022-06-28 09:26:41
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

6 ᠰᠠᠷ᠎ᠠ ᠵᠢᠨ 27 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ  ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ》 ᠵᠢᠨ ᠰᠣᠨᠢᠨ ᠮᠡᠳᠡᠭᠡ ᠨᠡᠢᠳᠡᠯᠡᠬᠦ ᠬᠤᠷᠠᠯ ᠡᠷᠬᠢᠯᠡᠵᠦ᠂ 《ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ ᠪᠡᠷ ᠰᠣᠷᠣᠭ᠍ᠴᠢ ᠡᠯᠰᠡᠬᠦ ᠶᠡᠷᠦᠩᠬᠡᠢᠯᠡᠭᠰᠡᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠎ᠳᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》 ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠪᠠ᠃ ᠮᠠᠨ᠎ᠤ ᠣᠷᠣᠨ ᠪᠥᠬᠥ ᠤᠯᠤᠰ᠎ᠤᠨ ᠲᠠᠪᠤᠳᠤᠭᠠᠷ ᠪᠦᠯᠦᠭ᠎ᠦᠨ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠡᠬᠢᠯᠡᠭᠦᠯᠦᠭᠰᠡᠨ ᠨᠠᠢ᠍ᠮᠠᠨ ᠮᠤᠵᠢ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ᠂ 2022 ᠣᠨ᠎ᠤ ᠨᠠᠮᠤᠷ᠎ᠤᠨ ᠤᠯᠠᠷᠢᠯ ᠰᠤᠷᠭᠠᠭᠤᠯᠢ᠎ᠳᠤ ᠣᠷᠣᠭᠰᠠᠨ ᠥᠨᠳᠥᠷ ᠳᠤᠮᠳᠠᠳᠤ ᠎ᠶᠢᠨ ᠨᠢᠭᠡᠳᠦᠭᠡᠷ ᠣᠨ᠎ᠤ ᠰᠤᠷᠤᠭᠴᠢᠳ ᠡᠴᠡ ᠡᠬᠢᠯᠡᠨ ᠡᠩ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢᠯᠡᠭᠰᠡᠨ ᠦᠬᠡᠷᠡᠴᠢᠯᠡᠯᠳᠡ ᠵᠢ ᠬᠡᠷᠡᠭᠵᠢᠬᠦᠯᠦᠨ᠎ᠡ᠃


ᠶᠠᠭᠠᠬᠢᠵᠤ ᠦᠬᠡᠷᠡᠴᠢᠯᠡᠬᠦ ᠪᠤᠢ?

— ᠡᠩ᠎ᠤᠨ ᠶᠡᠬᠡ ᠳᠡᠬᠡᠳᠤ ᠰᠤᠷᠭᠠᠭᠤᠯᠢ ᠳ᠋ᠤ ᠰᠤᠷᠤᠭᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠳᠠ ᠳ᠋ᠤ ᠨᠡᠢᠬᠡᠮ᠎ᠤᠨ ᠰᠢᠨᠵᠢᠯᠡᠬᠦ ᠤᠬᠠᠭᠠᠨ ᠪᠠ ᠪᠠᠢᠭᠠᠯᠢ ᠵᠢᠨ ᠰᠢᠨᠵᠢᠯᠡᠬᠦ ᠤᠬᠠᠭᠠᠨ᠎ᠤ ᠲᠦᠷᠦᠯ ᠬᠤᠪᠢᠶᠠᠬᠤ ᠦᠬᠡᠢ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠥᠷᠥᠯ ᠬᠤᠪᠢᠶᠠᠵᠤ ᠰᠢᠯᠭᠠᠬᠤ ᠳ᠋ᠤ 《ᠰᠣᠶᠣᠯ᠎ᠤᠨ ᠬᠡᠪ ᠴᠢᠨᠠᠷ + ᠠᠵᠢᠯ ᠮᠡᠷᠬᠡᠵᠢᠯ᠎ᠤᠨ ᠤᠷ᠎ᠠ ᠴᠢᠳᠠᠪᠤᠷᠢ》 ᠵᠢ ᠬᠡᠷᠡᠭᠵᠢᠬᠦᠯᠦᠨ᠎ᠡ

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠳᠦ ᠭᠣᠣᠯᠳᠠᠭᠤ ᠳᠥᠷᠪᠡᠨ ᠲᠠᠯ᠎ᠠ᠎ᠶᠢᠨ ᠠᠭᠤᠯᠭ᠎ᠠ ᠪᠠᠭᠲᠠᠨ᠎ᠠ ᠄ ᠨᠢᠭᠡ᠎ᠳᠦ᠂ ᠡᠩ᠎ᠦᠨ ᠥᠨᠳᠥᠷ ᠳᠤᠮᠳᠠᠳᠤ ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠤ ᠰᠢᠯᠭᠠᠯᠳᠠ ᠵᠢᠨ ᠲᠦᠷᠢᠮ᠎ᠢ ᠲᠡᠬᠦᠯᠳᠡᠷᠵᠢᠬᠦᠯᠦᠨ᠎ᠡ; ᠬᠣᠶᠠᠷ᠎ᠲᠤ᠂ ᠡᠩ᠎ᠦᠨ ᠥᠨᠳᠥᠷ ᠳᠤᠮᠳᠠᠳᠤ᠎ᠶᠢᠨ ᠰᠣᠷᠣᠭ᠍ᠴᠢ᠎ᠶᠢᠨ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠶᠢᠨ ᠳᠦᠷᠢᠮ᠎ᠢ᠋ ᠲᠦᠷᠢᠮᠵᠢᠬᠦᠯᠦᠨ᠎ᠡ᠃ ᠭᠤᠷᠪᠠ ᠳ᠋ᠤ᠂ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠢᠯᠭᠠᠯᠳᠠ ᠪᠡᠷ ᠰᠤᠷᠤᠭᠴᠢ ᠡᠯᠰᠡᠬᠦ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ ; ᠳᠥᠷᠪᠡ᠎ᠳᠦ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠦᠷᠦᠯ ᠬᠤᠪᠢᠶᠠᠨ ᠰᠢᠯᠭᠠᠵᠤ ᠰᠤᠷᠤᠭ᠍ᠴᠢ ᠡᠯᠰᠡᠬᠦ ᠥᠭᠡᠷᠡᠴᠢᠯᠡᠯᠲᠡ᠎ᠶᠢ ᠠᠬᠢᠭᠤᠯᠤᠨ᠎ᠠ᠃ 2025 ᠣᠨ ᠪᠣᠯᠬᠤ᠎ᠳᠤ᠂ ᠲᠥᠷᠥᠯ ᠬᠤᠪᠢᠶᠠᠨ ᠰᠢᠯᠭᠠᠬᠤ᠂ ᠶᠡᠷᠦᠩᠬᠡᠢᠯᠡᠨ ᠦᠨᠡᠯᠡᠬᠦ᠂ ᠣᠯᠠᠨ ᠡᠰᠢᠴᠢᠯᠡᠨ ᠡᠯᠰᠡᠬᠦ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ᠎ᠪᠠᠷ ᠰᠣᠷᠣᠭ᠍ᠴᠢ ᠡᠯᠰᠡᠬᠦ ᠳᠦᠷᠢᠮ᠎ᠢ ᠦᠨᠳᠦᠰᠦᠨ᠎ᠳᠡᠭᠡᠨ ᠪᠦᠷᠢᠯᠳᠦᠬᠦᠯᠵᠦ᠂ ᠲᠥᠪ ᠭᠣᠥᠯᠴᠢ᠂ ᠰᠢᠨᠵᠢᠯᠡᠬᠦ ᠤᠬᠠᠭᠠᠨᠴᠢ᠎ᠪᠠᠷ ᠴᠢᠳᠠᠪᠤᠷᠢᠲᠠᠨ ᠰᠣᠩᠭᠣᠬᠤ᠂ ᠬᠢᠨᠠᠯᠳᠠ ᠲᠠᠯᠪᠢᠯᠳᠠ ᠬᠦᠴᠦᠳᠡᠢ ᠪᠠᠢᠬᠤ ᠪᠠᠢᠭᠤᠯᠤᠮᠵᠢ ᠲᠣᠭᠲᠠᠴᠠ᠎ᠶᠢ ᠪᠦᠷᠢᠨᠰᠢᠭᠦᠯᠦᠨ ᠠᠬᠢᠭᠤᠯᠤᠨ᠎ᠠ ᠃

ᠮᠠᠨ᠎ᠤ ᠣᠷᠣᠨ《ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠰᠢᠨ᠎ᠡ ᠵᠠᠬᠪᠤᠷ》 ᠢ᠋ ᠬᠡᠷᠡᠭᠵᠢᠭᠦᠯᠦᠭᠰᠡᠨ᠎ᠦ ᠳᠠᠷᠠᠭ᠎ᠠ᠂ ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠢᠴᠢᠶᠡᠯ ᠲᠥᠷᠥᠯ᠎ᠢ ᠳᠠᠭᠢᠵᠤ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠲᠦᠷᠦᠯ ᠭᠡᠵᠦ ᠬᠤᠪᠢᠶᠠᠬᠤ ᠦᠭᠡᠢ᠂ ᠬᠠᠷᠢᠨ 《3+1+2》 ᠤ᠋ᠨ ᠵᠠᠭᠪᠤᠷ᠎ᠢ ᠬᠡᠷᠡᠭᠵᠢᠭᠦᠯᠦᠨ᠎ᠡ᠃ ᠣᠲᠣ᠌᠎ᠶᠢᠨ ᠬᠡᠷᠡᠭᠵᠢᠭᠦᠯᠵᠦ ᠪᠠᠢᠭ᠎ᠠ 《ᠪᠥᠬᠥ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠬᠢᠷᠢ ᠪᠦᠲᠦᠮᠵᠢ》 ᠵᠢ ᠦᠨᠳᠦᠰᠦᠯᠡᠭᠰᠡᠨ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ᠎ᠪᠠᠷ ᠰᠣᠷᠣᠭ᠍ᠴᠢ ᠡᠯᠰᠡᠬᠦ ᠵᠠᠭᠪᠤᠷ᠎ᠲᠠᠢ ᠠᠳᠠᠯᠢ ᠦᠭᠡᠢ ᠪᠠᠢᠵᠤ᠂ ᠥᠭᠡᠷᠡᠴᠢᠯᠡᠯᠲᠡ ᠬᠢᠭᠰᠡᠨ᠎ᠦ ᠳᠠᠷᠠᠭ᠎ᠠ᠂ ᠮᠠᠨ᠎ᠤ ᠣᠷᠣᠨ 《ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠬᠢᠷᠢ ᠪᠦᠲᠦᠮᠵᠢ ᠪᠠ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠬᠢᠷᠢ ᠪᠦᠲᠦᠮᠵᠢ ᠵᠢ ᠦᠨᠳᠦᠰᠦᠯᠡᠬᠦ᠂ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠪᠡᠷ ᠯᠠᠪᠯᠠᠯᠲᠠ ᠪᠣᠯᠭᠠᠬᠤ》᠂ ᠳᠠᠷᠤᠢ 《ᠬᠣᠶᠠᠷ᠎ᠢ ᠦᠨᠳᠦᠰᠦᠯᠡᠨ᠂ ᠨᠢᠭᠡ ᠵᠢ ᠯᠠᠪᠯᠠᠬᠤ》 ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ᠎ᠪᠠᠷ ᠰᠣᠷᠣᠭ᠍ᠴᠢ ᠡᠯᠰᠡᠬᠦ ᠵᠠᠭᠪᠤᠷ᠎ᠢ ᠬᠡᠷᠡᠭᠯᠡᠬᠦ᠎ᠶᠢᠨ ᠬᠠᠮᠲᠤ᠂ ᠵᠡᠷᠭᠡᠴᠡᠭᠡ ᠪᠡᠷ ᠡᠷᠡᠮᠡᠯᠵᠡᠯ᠎ᠲᠠᠭᠯᠠᠨ ᠲᠠᠩᠰᠠ ᠡᠪᠬᠡᠮᠡᠯ ᠥᠭᠴᠦ ᠰᠣᠷᠣᠭ᠍ᠴᠢ ᠡᠯᠰᠡᠬᠦ ᠠᠷᠭ᠎ᠠ᠎ᠶᠢ ᠬᠡᠷᠡᠭᠵᠢᠭᠦᠯᠦᠨ᠎ᠡ᠃

ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠥᠷᠥᠯ ᠬᠤᠪᠢᠶᠠᠨ ᠰᠢᠯᠭᠠᠬᠤ᠎ᠳᠤ 《ᠰᠣᠶᠣᠯ᠎ᠤᠨ ᠬᠡᠪ ᠴᠢᠨᠠᠷ + ᠠᠵᠢᠯ ᠮᠡᠷᠭᠡᠵᠢᠯ᠎ᠦᠨ ᠤᠷ᠎ᠠ ᠴᠢᠳᠠᠪᠤᠷᠢ》ᠵᠢᠨ ᠰᠢᠯᠭᠠᠯᠲᠠ᠎ᠶᠢᠨ ᠵᠠᠭᠪᠤᠷ᠎ᠢ ᠬᠡᠷᠡᠭᠵᠢᠭᠦᠯᠵᠦ᠂ ᠠᠳᠠᠯᠢ ᠪᠤᠰᠤ ᠰᠢᠯᠭᠠᠭᠤᠯᠤᠭ᠍ᠴᠢ᠎ᠶᠢᠨ ᠲᠥᠷᠥᠯ ᠬᠡᠯᠪᠡᠷᠢ᠎ᠪᠡᠷ ᠠᠳᠠᠯᠢ ᠪᠤᠰᠤ ᠰᠢᠯᠭᠠᠯᠲᠠ᠎ᠶᠢᠨ ᠠᠭᠤᠯᠭ᠎ᠠ ᠬᠤᠪᠢᠶᠠᠨ᠎ᠠ᠃ ᠡᠩ᠎ᠦᠨ ᠥᠨᠳᠥᠷ ᠳᠤᠮᠳᠠᠳᠤ ᠰᠤᠷᠭᠠᠭᠤᠯᠢ᠎ᠠᠴᠠ ᠲᠡᠭᠦᠰᠦᠭᠰᠡᠨ ᠰᠤᠷᠤᠭ᠍ᠴᠢᠳ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠦᠷᠦᠯ ᠬᠤᠪᠢᠶᠠᠨ ᠰᠢᠯᠭᠠᠵᠤ ᠰᠤᠷᠤᠭᠴᠢ ᠡᠯᠰᠡᠬᠦ ᠳ᠋ᠤ ᠤᠷᠤᠯᠴᠠᠬᠤ ᠳ᠋ᠤ ᠰᠣᠶᠣᠯ᠎ᠤᠨ ᠬᠡᠪ ᠴᠢᠨᠠᠷ᠎ᠤᠨ ᠬᠢᠷᠢ ᠪᠦᠲᠦᠮᠵᠢ᠎ᠳ᠋ᠤ ᠥᠨᠳᠥᠷ ᠳᠤᠮᠳᠠᠳᠤ ᠎ᠶᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭᠠᠯᠳᠠ ᠵᠢᠨ ᠬᠢᠷᠢ ᠪᠦᠳᠦᠮᠵᠢ ᠵᠢ ᠬᠡᠷᠡᠭᠯᠡᠨ᠎ᠡ᠃ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠲᠡᠭᠦᠰᠦᠭᠰᠡᠨ ᠰᠤᠷᠤᠭᠴᠢᠳ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠥᠷᠥᠯ ᠬᠤᠪᠢᠶᠠᠨ ᠰᠢᠯᠭᠠᠵᠤ ᠰᠤᠷᠤᠭᠴᠢ ᠡᠯᠰᠡᠬᠦ ᠳ᠋ᠤ ᠤᠷᠤᠯᠴᠠᠬᠤ ᠳ᠋ᠤ ᠰᠣᠶᠣᠯ᠎ᠤᠨ ᠬᠡᠪ ᠴᠢᠨᠠᠷ᠎ᠤᠨ ᠬᠢᠷᠢ ᠪᠦᠲᠦᠮᠵᠢ᠎ᠳᠦ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠵᠢᠨ ᠳᠤᠰᠬᠠᠢ ᠮᠡᠷᠬᠡᠵᠢᠯ ᠵᠢᠡᠷ ᠵᠤᠯᠭᠠᠯᠴᠠᠭᠤᠯᠤᠨ ᠡᠯᠰᠡᠬᠦ ᠪᠤᠶᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠤᠰᠠᠭᠠᠷ ᠡᠯᠰᠡᠬᠦ ᠰᠣᠶᠣᠯ᠎ᠤᠨ ᠬᠢᠴᠢᠶᠡᠯ᠎ᠦᠨ ᠰᠢᠯᠭᠠᠯᠲᠠ᠎ᠶᠢᠨ ᠬᠢᠷᠢ ᠪᠦᠳᠦᠮᠵᠢ ᠵᠢ ᠬᠡᠷᠡᠭᠯᠡᠨ᠎ᠡ᠃ ᠨᠡᠢᠬᠡᠮ᠎ᠤᠨ ᠰᠢᠯᠭᠠᠭᠤᠯᠤᠭ᠍ᠴᠢ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠰᠢᠯᠭᠠᠭᠤᠯᠬᠤ᠎ᠪᠠᠷ ᠨᠡᠷ᠎ᠡ ᠮᠡᠳᠡᠭᠦᠯᠪᠡᠯ ᠠᠵᠢᠯ ᠮᠡᠷᠭᠡᠵᠢᠯ᠎ᠦᠨ ᠵᠣᠬᠢᠴᠠᠬᠤ ᠴᠢᠨᠠᠷ᠎ᠤᠨ ᠰᠢᠯᠭᠠᠯᠲᠠ ᠪᠠ ᠵᠤᠬᠢᠴᠠᠬᠤ ᠬᠢᠴᠢᠶᠡᠯ ᠲᠥᠷᠥᠯ᠎ᠦᠨ ᠡᠩ᠎ᠦᠨ ᠥᠨᠳᠥᠷ ᠳᠤᠮᠳᠠᠳᠤ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠳᠠ ᠳ᠋ᠤ ᠤᠷᠤᠯᠴᠠᠵᠤ ᠪᠤᠯᠤᠨ᠎ᠠ᠃


 ᠶᠠᠭᠠᠬᠢᠵᠤ ᠰᠢᠯᠭᠠᠬᠤ ᠪᠤᠢ ?

︱ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠢᠴᠢᠶᠡᠯ ᠲᠥᠷᠥᠯ᠎ᠦᠨ ᠪᠦᠷᠢᠯᠳᠦᠯ᠎ᠳᠦ 《3+1+2》 ᠤ᠋ᠨ ᠵᠠᠭᠪᠤᠷ᠎ᠢ ᠬᠡᠷᠡᠭᠵᠢᠭᠦᠯᠦᠨ᠎ᠡ

《ᠤᠯᠤᠰ᠎ᠤᠨ ᠨᠢᠬᠡᠳᠦᠯᠳᠡᠢ ᠰᠢᠯᠭᠠᠯᠲᠠ ᠵᠢᠨ ᠰᠢᠨ᠎ᠡ ᠵᠠᠬᠪᠤᠷ》 ᠢ᠋ ᠬᠡᠷᠡᠭᠵᠢᠬᠦᠯᠦᠭᠰᠡᠨ᠎ᠤ ᠳᠠᠷᠠᠭ᠎ᠠ᠂ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠢᠴᠢᠶᠡᠯ ᠲᠦᠷᠦᠯ᠎ᠦᠨ ᠪᠦᠷᠢᠯᠳᠦᠯ᠎ᠳᠦ 《3+1+2》 ᠤ᠋ᠨ ᠵᠠᠭᠪᠤᠷ᠎ᠢ ᠬᠡᠷᠡᠭᠵᠢᠭᠦᠯᠦᠨ᠎ᠡ᠂ ᠰᠢᠯᠭᠠᠭᠤᠯᠤᠭ᠍ᠴᠢ᠎ᠶᠢᠨ ᠰᠣᠶᠣᠯ᠎ᠤᠨ ᠬᠢᠴᠢᠶᠡᠯ᠎ᠦᠨ ᠶᠡᠷᠦᠩᠬᠡᠢ ᠬᠢᠷᠢ ᠪᠦᠲᠦᠮᠵᠢ᠎ᠶᠢᠨ ᠪᠦᠷᠢᠨ ᠬᠤᠪᠢ ᠨᠢ 750 ᠬᠤᠪᠢ ᠪᠣᠯᠣᠨ᠎ᠠ᠃ 《3》 ᠬᠡᠳᠡᠭ ᠨᠢ ᠬᠡᠯᠡ ᠪᠢᠴᠢᠭ᠌᠂ ᠲᠣᠭᠠᠨ᠎ᠤ ᠤᠬᠠᠭᠠᠨ᠂ ᠭᠠᠳᠠᠭᠠᠳᠤ ᠬᠡᠯᠡ ᠵᠡᠷᠭᠡ ᠶᠡᠭᠡ ᠲᠡᠭᠡᠳᠦ ᠰᠤᠷᠭᠠᠭᠤᠯᠢ ᠳ᠋ᠤ ᠰᠤᠷᠤᠭᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠳᠠ ᠵᠢᠨ 3 ᠬᠢᠴᠢᠶᠡᠯ ᠲᠥᠷᠥᠯ ᠪᠠᠢᠵᠤ᠂ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠭᠡᠵᠦ ᠬᠤᠪᠢᠶᠠᠬᠤ ᠦᠭᠡᠢ᠂ ᠰᠢᠯᠭᠠᠯᠲᠠ᠎ᠶᠢᠨ ᠰᠡᠳᠦᠪ ᠎ᠢ ᠪᠥᠬᠥ ᠤᠯᠤᠰ᠎ᠡᠴᠡ ᠨᠢᠭᠡᠳᠦᠯᠲᠡᠢ ᠭᠠᠷᠭᠠᠨ᠎ᠠ᠂ ᠬᠢᠴᠢᠶᠡᠯ ᠪᠦᠷᠢ᠎ᠶᠢᠨ ᠪᠦᠷᠢᠨ ᠬᠤᠪᠢ ᠨᠢ 150 ᠬᠤᠪᠢ ᠪᠣᠯᠣᠨ᠎ᠠ᠃ 《1》 ᠪᠠ 《2》 ᠪᠣᠯ ᠰᠤᠷᠤᠯᠭ᠎ᠠ᠎ᠶᠢᠨ ᠬᠢᠷᠢ ᠲᠦᠪᠰᠢᠨ᠎ᠤ ᠰᠢᠯᠭᠠᠯᠲᠠ᠎ᠵᠢᠨ ᠳᠤᠳᠤᠷᠠᠬᠢ ᠰᠤᠩᠭᠤᠬᠤ ᠴᠢᠨᠠᠷᠲᠠᠢ ᠬᠢᠴᠢᠶᠡᠯ ᠲᠥᠷᠥᠯ ᠪᠣᠯᠣᠨ᠎ᠠ᠂ ᠰᠢᠯᠭᠠᠯᠲᠠ᠎ᠶᠢᠨ ᠰᠡᠳᠦᠪ᠎ᠢ ᠥᠪᠡᠷᠲᠡᠭᠡᠨ ᠵᠠᠰᠠᠬᠤ ᠣᠷᠣᠨ ᠠ᠋ᠴᠠ ᠨᠢᠭᠡᠳᠦᠯᠲᠡᠢ ᠭᠠᠷᠭᠠᠨ᠎ᠠ᠃ 《1》 ᠭᠡᠳᠡᠭ ᠨᠢ ᠳᠠᠷᠤᠢ ᠰᠢᠯᠭᠠᠭᠤᠯᠤᠭ᠍ᠴᠢ ᠹᠢᠽᠢᠺ ᠪᠤᠶᠤ ᠲᠡᠦᠬᠡ᠎ᠶᠢᠨ ᠬᠢᠴᠢᠶᠡᠯ ᠲᠥᠷᠥᠯ᠎ᠦᠨ ᠳᠣᠲᠣᠷ᠎ᠠ᠎ᠠᠴᠠ ᠨᠢᠭᠡ᠎ᠶᠢ ᠨᠢ ᠰᠣᠩᠭᠣᠵᠤ ᠤᠷᠢᠳ ᠵᠢᠡᠷ ᠰᠤᠩᠭᠤᠬᠤ ᠬᠢᠴᠢᠶᠡᠯ ᠪᠣᠯᠭᠠᠨ᠎ᠠ᠂ ᠬᠢᠴᠢᠶᠡᠯ ᠪᠦᠷᠢ᠎ᠶᠢᠨ ᠪᠦᠷᠢᠨ ᠬᠤᠪᠢ ᠨᠢ 100 ᠬᠤᠪᠢ᠂ ᠰᠢᠯᠭᠠᠯᠲᠠ᠎ᠶᠢᠨ ᠬᠤᠪᠢ᠎ᠶᠢ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠰᠣᠶᠣᠯ᠎ᠤᠨ ᠬᠢᠴᠢᠶᠡᠯ᠎ᠦᠨ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ᠃ 《2》 ᠭᠡᠳᠡᠭ ᠨᠢ ᠳᠠᠷᠤᠢ ᠰᠢᠯᠭᠠᠭᠤᠯᠤᠭ᠍ᠴᠢ ᠦᠵᠡᠯ ᠰᠠᠨᠠᠭ᠎ᠠ ᠤᠯᠤᠰ ᠲᠥᠷᠥ᠍᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭᠠᠨ ᠵᠡᠷᠭᠡ 4 ᠬᠢᠴᠢᠶᠡᠯ ᠲᠥᠷᠥᠯ᠎ᠦᠨ ᠳᠣᠲᠣᠷ᠎ᠠ᠎ᠠᠴᠠ 2 ᠬᠢᠴᠢᠶᠡᠯ ᠲᠥᠷᠥᠯ᠎ᠢ ᠰᠣᠩᠭᠣᠵᠤ ᠳᠠᠬᠢᠨ ᠰᠣᠩᠭᠣᠬᠤ ᠬᠢᠴᠢᠶᠡᠯ ᠲᠥᠷᠥᠯ ᠪᠣᠯᠭᠠᠨ᠎ᠠ᠂ ᠬᠢᠴᠢᠶᠡᠯ ᠪᠦᠷᠢ᠎ᠶᠢᠨ ᠪᠦᠷᠢᠨ ᠬᠤᠪᠢ ᠨᠢ 100 ᠬᠤᠪᠢ ᠪᠠᠢᠵᠤ᠂ ᠳᠡᠰ᠎ᠢᠶᠠᠷ ᠨᠢ ᠬᠤᠪᠢ ᠬᠤᠪᠢᠷᠠᠭᠤᠯᠤᠨ ᠪᠤᠳᠤᠵᠤ᠂ ᠤᠯᠤᠰ᠎ᠤᠨ ᠨᠢᠬᠡᠳᠦᠯᠳᠡᠢ ᠰᠢᠯᠭᠠᠯᠳᠠ᠎ᠶᠢᠨᠰᠣᠶᠣᠯ᠎ᠤᠨ ᠬᠢᠴᠢᠶᠡᠯ᠎ᠦᠨ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ᠃

《3+1+2》 ᠤ᠋ᠨ ᠵᠠᠭᠪᠤᠷ ᠨᠢ ᠤᠯᠠᠮᠵᠢᠯᠠᠯᠲᠤ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠲᠥᠷᠥᠯ᠎ᠲᠠᠢ ᠭᠣᠣᠯᠳᠠᠭᠤ 5 ᠲᠠᠯ᠎ᠠ᠎ᠶᠢᠨ ᠢᠯᠭᠠᠭ᠎ᠠ᠎ᠲᠠᠢ ᠪᠠᠢᠳᠠᠭ ᠄

ᠨᠢᠭᠡ᠎ᠳᠦ᠂ ᠬᠠᠷᠠᠯᠲᠠ᠎ᠶᠢᠨ ᠤᠳᠤᠷᠢᠳᠤᠮᠵᠢ ᠠᠳᠠᠯᠢ ᠪᠤᠰᠤ᠃ 《3+1+2》 ᠎ᠤ᠋ᠨ ᠵᠠᠭᠪᠤᠷ ᠨᠢ ᠹᠢᠽᠢᠺ᠂ ᠲᠡᠦᠬᠡ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠰᠠᠭᠤᠷᠢᠯᠠᠬᠤ ᠴᠢᠨᠠᠷᠲᠠᠢ ᠦᠢᠯᠡᠳᠦᠯ᠎ᠢ ᠢᠯᠡᠷᠡᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠠᠳᠠᠯᠢ ᠪᠤᠰᠤ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠰᠣᠩᠭᠣᠬᠤ ᠱᠠᠭᠠᠷᠳᠠᠯᠭ᠎ᠠ᠎ᠶᠢ ᠲᠤᠪᠤᠢ᠍ᠢᠯᠭᠠᠬ᠍ᠰᠠᠨ ᠪᠥᠭᠡᠳ ᠰᠤᠷᠤᠭ᠍ᠴᠢᠳ᠎ᠤᠨ ᠰᠣᠩᠭᠣᠯᠲᠠ᠎ᠶᠢ ᠨᠡᠩ ᠬᠦᠨᠳᠦᠳᠬᠡᠵᠦ᠂ ᠰᠤᠷᠤᠭ᠍ᠴᠢᠳ᠎ᠤᠨ ᠤᠨᠴᠠ ᠠᠪᠢᠶᠠᠰ ᠢ᠋ ᠠᠭᠤᠳᠠᠯᠵᠤ᠂ ᠰᠤᠷᠤᠭ᠍ᠴᠢᠳ᠎ᠤᠨ ᠪᠦᠬᠦ ᠲᠠᠯ᠎ᠠ᠎ᠶᠢᠨ ᠬᠥᠭᠵᠢᠯᠲᠡ᠎ᠶᠢ ᠴᠢᠬᠤᠯᠠᠴᠢᠯᠠᠵᠤ᠂ ᠰᠤᠷᠤᠭ᠍ᠴᠢᠳ᠎ᠤᠨ ᠶᠡᠷᠦᠩᠬᠡᠢᠯᠡᠭᠰᠡᠨ ᠬᠡᠪ ᠴᠢᠨᠠᠷ᠎ᠢ ᠳᠡᠬᠡᠭᠰᠢᠯᠡᠬᠦᠯᠬᠦ ᠪᠤᠯᠤᠨ᠎ᠠ᠃

ᠬᠣᠶᠠᠷ᠎ᠲᠤ᠂ ᠰᠣᠩᠭᠣᠬᠤ ᠬᠢᠴᠢᠶᠡᠯ ᠲᠥᠷᠥᠯ᠎ᠦᠨ ᠪᠦᠷᠢᠯᠳᠦᠯ᠎ᠤᠨ ᠬᠡᠯᠪᠡᠷᠢ ᠨᠢ ᠠᠳᠠᠯᠢ ᠦᠭᠡᠢ᠃ 《3+1+2》 ᠤ᠋ᠨ ᠵᠠᠭᠪᠤᠷ ᠢ᠋ ᠬᠡᠷᠡᠭᠵᠢᠬᠦᠯᠦᠭᠰᠡᠨ᠎ᠤ ᠲᠠᠷᠠᠭ᠎ᠠ ᠰᠢᠯᠭᠠᠭᠤᠯᠤᠭ᠍ᠴᠢ ᠬᠤᠪᠢ ᠬᠥᠮᠥᠨ᠎ᠦ ᠳᠤᠷ᠎ᠠ ᠰᠣᠨᠢᠷᠬᠠᠯ᠂ ᠣᠨᠴᠠ ᠴᠢᠳᠠᠪᠤᠷᠢ ᠵᠢᠴᠢ ᠨᠡᠷ᠎ᠡ ᠮᠡᠳᠡᠭᠦᠯᠬᠦ᠎ᠪᠡᠷ ᠪᠠᠢᠭ᠎ᠠ ᠰᠤᠷᠭᠠᠭᠤᠯᠢ ᠪᠠ ᠲᠤᠰᠬᠠᠢ ᠮᠡᠷᠭᠡᠵᠢᠯ᠎ᠦᠨ ᠰᠣᠷᠣᠭ᠍ᠴᠢ ᠡᠯᠰᠡᠬᠦ ᠱᠠᠭᠠᠷᠳᠠᠯᠭ᠎ᠠ᠎ᠶᠢ ᠦᠨᠳᠦᠰᠦᠯᠡᠵᠦ᠂ ᠨᠡᠶ᠋ᠢᠲᠡ 12 ᠵᠦᠢᠯ᠎ᠦᠨ ᠪᠦᠷᠢᠯᠳᠦᠯ᠎ᠤᠨ ᠬᠡᠯᠪᠡᠷᠢ ᠡᠴᠡ ᠥᠪᠡᠰᠦᠪᠡᠨ ᠰᠣᠩᠭᠣᠯᠳᠠ ᠬᠢᠵᠤ ᠪᠣᠯᠣᠨ᠎ᠠ᠂ ᠡᠨᠡ ᠨᠢ ᠰᠢᠯᠭᠠᠭᠤᠯᠤᠭ᠍ᠴᠢ᠎ᠶᠢᠨ ᠰᠣᠩᠭᠣᠬᠤ ᠬᠡᠪᠴᠢᠶ᠎ᠡ᠎ᠶᠢ ᠥᠷᠭᠡᠳᠬᠡᠭᠰᠡᠨ ᠪᠠᠢᠨ᠎ᠠ᠃ ᠤᠯᠠᠮᠵᠢᠯᠠᠯᠲᠤ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠲᠥᠷᠥᠯ᠎ᠳᠦ ᠵᠥᠪᠬᠡᠨ 2 ᠵᠦᠢᠯ᠎ᠦᠨ ᠲᠣᠭᠲᠠᠭᠰᠠᠨ ᠪᠦᠷᠢᠯᠳᠦᠯ᠎ᠤᠨ ᠬᠡᠯᠪᠡᠷᠢ ᠡᠴᠡ ᠰᠤᠩᠭᠤᠳᠠᠭ᠂ ᠡᠭᠦᠨ᠎ᠳᠦ ᠨᠡᠢᠭᠡᠮ᠎ᠦᠨ ᠰᠢᠨᠵᠢᠯᠡᠬᠦ ᠤᠬᠠᠭᠠᠨ᠎ᠤ ᠲᠥᠷᠥᠯ᠎ᠦᠨ ᠰᠢᠯᠭᠠᠭᠤᠯᠤᠭ᠍ᠴᠢ ᠵᠥᠪᠬᠡᠨ ᠦᠵᠡᠯ ᠰᠠᠨᠠᠭ᠎ᠠ ᠤᠯᠤᠰ ᠲᠥᠷᠥ᠍᠂ ᠲᠡᠦᠬᠡ᠂ ᠭᠠᠵᠠᠷ ᠵᠦᠢ ᠬᠡᠬᠦ 1 ᠵᠦᠢᠯ᠎ᠦᠨ ᠲᠣᠭᠲᠠᠭᠰᠠᠨ ᠪᠦᠷᠢᠯᠳᠦᠯ᠎ᠢ ᠰᠣᠩᠭᠣᠵᠤ ᠪᠣᠯᠣᠨ᠎ᠠ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠲᠥᠷᠥᠯ᠎ᠦᠨ ᠰᠢᠯᠭᠠᠭᠤᠯᠤᠭ᠍ᠴᠢ ᠵᠥᠪᠬᠡᠨ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭᠠᠨ ᠬᠡᠬᠦ 1 ᠵᠦᠢᠯ᠎ᠦᠨ ᠲᠣᠭᠲᠠᠭᠰᠠᠨ ᠪᠦᠷᠢᠯᠳᠦᠯ ᠢ᠋ ᠰᠣᠩᠭᠣᠵᠤ ᠪᠣᠯᠣᠨ᠎ᠠ ᠃ ᠬᠠᠷᠢᠴᠠᠭᠤᠯᠤᠭᠠᠳ ᠬᠡᠯᠡᠪᠡᠯ᠂ ᠰᠢᠨ᠎ᠡ ᠵᠠᠭᠪᠤᠷ ᠨᠢ ᠰᠣᠷᠣᠭ᠍ᠴᠢ᠎ᠶᠢᠨ ᠰᠣᠩᠭᠣᠬᠤ ᠡᠷᠬᠡ᠎ᠶᠢ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ᠂ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠠᠭᠤᠰᠤᠯᠴᠠᠯ᠎ᠢ ᠠᠬᠢᠭᠤᠯᠵᠤ᠂ ᠬᠥᠮᠥᠨ᠎ᠢᠶᠡᠷ ᠦᠨᠳᠦᠰᠦ ᠪᠣᠯᠭᠠᠬᠤ᠂ ᠳᠤᠷ᠎ᠠ ᠪᠠᠬ᠎ᠠ ᠳᠠᠢ ᠲᠦᠷᠦᠯ ᠵᠢᠡᠨ ᠰᠤᠩᠭᠤᠬᠤ᠂ ᠳᠠᠪᠠᠭᠤᠯᠢᠭ ᠳᠠᠯ᠎ᠠ ᠪᠠᠨ ᠰᠢᠯᠭᠠᠬᠤ ᠵᠠᠷᠴᠢᠮ᠎ᠢ ᠭᠦᠢᠴᠡᠳ ᠢᠯᠡᠷᠡᠭᠦᠯᠵᠦ᠂ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠵᠢᠮ᠎ᠡ ᠶᠣᠰᠣ᠌ ᠪᠠ ᠴᠢᠳᠠᠪᠤᠷᠢᠲᠠᠨ᠎ᠤ ᠦᠰᠦᠨ ᠪᠣᠢᠵᠢᠬᠤ ᠵᠢᠮ᠎ᠡ ᠶᠣᠰᠣ᠌᠎ᠲᠠᠢ ᠨᠠᠩ ᠢᠯᠡᠬᠦᠦ ᠨᠡᠢᠴᠡᠵᠦ᠂ ᠰᠣᠷᠣᠭ᠍ᠴᠢ᠎ᠶᠢᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠳᠤ ᠨᠠᠩ ᠣᠯᠠᠨ ᠰᠣᠩᠭᠣᠯᠲᠠ ᠬᠢᠬᠦ ᠲᠣᠬᠢᠶᠠᠯ ᠣᠯᠭᠣᠭᠰᠠᠨ ᠪᠠᠢᠨ᠎ᠠ ᠃

ᠭᠤᠷᠪᠠ᠎ᠳᠤ᠂ ᠰᠢᠯᠭᠠᠯᠲᠠ᠎ᠶᠢᠨ ᠠᠭᠤᠯᠭ᠎ᠠ ᠨᠢ ᠠᠳᠠᠯᠢ ᠦᠭᠡᠢ ᠃ 《3+1+2》 ᠤ᠋ᠨ ᠵᠠᠭᠪᠤᠷ᠎ᠲᠤ᠂ ᠰᠣᠷᠣᠭ᠍ᠴᠢ  ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠵᠢᠨ ᠬᠡᠯᠡ ᠪᠢᠴᠢᠭ᠌᠂ ᠲᠣᠭᠠᠨ᠎ᠤ ᠤᠬᠠᠭᠠᠨ᠂ ᠭᠠᠳᠠᠭᠠᠳᠤ ᠬᠡᠯᠡ 3 ᠬᠢᠴᠢᠶᠡᠯ᠎ᠲᠦᠷᠦᠯ᠎ᠦᠨ ᠰᠢᠯᠭᠠᠯᠲᠠ᠎ᠳᠤ ᠣᠷᠤᠯᠴᠠᠬᠤ᠎ᠳ᠋ᠤ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂ ᠪᠣᠶ ᠪᠦᠬᠦᠢ ᠰᠢᠯᠭᠠᠭᠤᠯᠤᠭ᠍ᠴᠢ᠎ᠶᠢᠨ ᠰᠢᠯᠭᠠᠯᠲᠠ᠎ᠶᠢᠨ ᠰᠡᠳᠦᠪ ᠨᠢ ᠪᠦᠷᠢᠮᠦᠰᠦᠨ ᠠᠳᠠᠯᠢ ᠪᠠᠢᠳᠠᠭ᠂ ᠤᠯᠠᠮᠵᠢᠯᠠᠯᠲᠤ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠲᠦᠷᠦᠯ ᠤ᠋ᠨ ᠬᠤᠪᠢᠶᠠᠷᠢᠯᠠᠯ ᠳ᠋ᠤ ᠲᠣᠭᠠᠨ᠎ᠤ ᠤᠬᠠᠭᠠᠨ᠎ᠤ ᠰᠢᠯᠭᠠᠯᠲᠠ᠎ᠶᠢᠨ ᠬᠢᠴᠢᠶᠡᠯ ᠲᠥᠷᠥᠯ᠎ᠤᠨ ᠰᠢᠯᠭᠠᠯᠳᠠ ᠵᠢᠨ ᠠᠭᠤᠯᠭ᠎ᠠ ᠪᠠ ᠬᠦᠴᠢᠷ᠎ᠦᠨ ᠬᠡᠮᠵᠢᠶ᠎ᠡ ᠨᠢ ᠬᠠᠷᠢᠨ ᠢᠯᠭᠠᠭ᠎ᠠ᠎ᠲᠠᠢ ᠪᠠᠢᠳᠠᠭ ᠃

ᠳᠥᠷᠪᠡ᠎ᠳᠦ᠂ ᠰᠢᠯᠭᠠᠯᠲᠠ᠎ᠶᠢᠨ ᠬᠤᠪᠢ᠎ᠶᠢᠨ ᠬᠡᠮᠵᠢᠭᠳᠡᠯ ᠪᠠ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠬᠤ ᠠᠷᠭ᠎ᠠ ᠬᠡᠯᠪᠡᠷᠢ ᠨᠢ ᠠᠳᠠᠯᠢ ᠦᠭᠡᠢ᠃ 《3+1+2》 ᠤ᠋ᠨ ᠵᠠᠭᠪᠤᠷ᠎ᠲᠤ᠂ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠬᠡᠯᠡ ᠪᠢᠴᠢᠭ᠌᠂ ᠲᠣᠭᠠᠨ᠎ᠤ ᠤᠬᠠᠭᠠᠨ᠂ ᠭᠠᠳᠠᠭᠠᠳᠤ ᠬᠡᠯᠡᠨ᠎ᠦ ᠬᠢᠴᠢᠶᠡᠯ ᠨᠢᠭᠡᠪᠦᠷᠢ᠎ᠶᠢᠨ ᠪᠦᠷᠢᠨ ᠬᠤᠪᠢ ᠨᠢ 150 ᠬᠤᠪᠢ᠂ ᠤᠷᠢᠳ ᠵᠢᠡᠷ ᠰᠣᠩᠭᠣᠬᠤ ᠬᠢᠴᠢᠶᠡᠯ ᠲᠥᠷᠥᠯ ᠹᠢᠽᠢᠺ᠂ ᠲᠡᠦᠬᠡ᠎ᠶᠢᠨ ᠬᠢᠴᠢᠶᠡᠯ ᠨᠢᠭᠡᠪᠦᠷᠢ᠎ᠶᠢᠨ ᠪᠦᠷᠢᠨ ᠬᠤᠪᠢ ᠨᠢ ᠴᠥᠮ 100 ᠬᠤᠪᠢ ᠪᠠᠢᠵᠤ᠂ ᠰᠢᠯᠭᠠᠯᠲᠠ᠎ᠶᠢᠨ ᠬᠢᠷᠢ ᠪᠦᠲᠦᠮᠵᠢ᠎ᠶᠢ ᠴᠥᠮ ᠰᠢᠯᠭᠠᠯᠲᠠ᠎ᠶᠢᠨ ᠬᠠᠭᠤᠳᠠᠰᠤᠨ ᠳ᠋ᠡᠬᠢ ᠤᠤᠯ ᠬᠤᠪᠢ᠎ᠪᠠᠷ ᠨᠢ ᠰᠢᠯᠭᠠᠭᠤᠯᠤᠭ᠍ᠴᠢ᠎ᠶᠢᠨ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ; ᠳᠠᠬᠢᠨ ᠰᠣᠩᠭᠣᠬᠤ ᠬᠢᠴᠢᠶᠡᠯ ᠲᠥᠷᠥᠯ᠎ᠦᠨ ᠦᠵᠡᠯ ᠰᠠᠨᠠᠭ᠎ᠠ ᠤᠯᠤᠰ ᠲᠥᠷᠥ᠍᠂ ᠭᠠᠵᠠᠷ ᠵᠦᠢ᠂ ᠬᠢᠮᠢ ᠪᠠ ᠠᠮᠢᠳᠤ ᠪᠣᠳᠠᠰ᠎ᠤᠨ ᠤᠬᠠᠭᠠᠨ᠎ᠤ ᠬᠢᠴᠢᠶᠡᠯ ᠪᠦᠷᠢ ᠵᠢᠨ ᠪᠦᠷᠢᠨ ᠬᠤᠪᠢ ᠨᠢ ᠴᠥᠮ 100 ᠬᠤᠪᠢ ᠪᠠᠢᠵᠤ᠂ ᠰᠢᠯᠭᠠᠯᠲᠠ᠎ᠶᠢᠨ ᠬᠢᠷᠢ ᠪᠦᠲᠦᠮᠵᠢ᠎ᠶᠢ ᠳᠡᠰ᠎ᠢᠶᠠᠷ ᠨᠢ ᠬᠤᠪᠢ ᠬᠤᠪᠢᠷᠠᠭᠤᠯᠤᠨ ᠪᠤᠳᠤᠵᠤ᠂ ᠰᠢᠯᠭᠠᠭᠤᠯᠤᠭ᠍ᠴᠢ᠎ᠶᠢᠨ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ᠃ ᠤᠯᠠᠮᠵᠢᠯᠠᠯᠲᠤ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠲᠦᠷᠦᠯ᠎ᠤᠨ ᠶᠡᠷᠦᠩᠬᠡᠢ ᠬᠢᠷᠢ ᠪᠦᠲᠦᠮᠵᠢ ᠨᠢ ᠴᠥᠮ ᠰᠢᠯᠭᠠᠯᠲᠠ ᠵᠢᠨ᠎ᠬᠠᠭᠤᠳᠠᠰᠤᠨ ᠳ᠋ᠡᠬᠢ ᠬᠤᠪᠢ ᠵᠢ ᠤᠯᠤᠰ ᠤ᠋ᠨ ᠨᠢᠭᠡᠳᠦᠯᠲᠡᠢ ᠰᠢᠯᠭᠠᠯᠲᠠ᠎ᠶᠢᠨ ᠬᠢᠷᠢ ᠪᠦᠲᠦᠮᠵᠢ᠎ᠳᠦ ᠪᠤᠳᠤᠵᠤ ᠣᠷᠣᠭᠤᠯᠤᠭᠰᠠᠨ ᠪᠠᠢᠳᠠᠭ᠃

ᠲᠠᠪᠤ᠎ᠳᠤ᠂ ᠰᠡᠳᠦᠪ᠎ᠭᠠᠷᠭᠠᠬᠤ ᠭᠣᠣᠯ ᠴᠣᠭᠴᠠ ᠨᠢ ᠠᠳᠠᠯᠢ ᠪᠤᠰᠤ᠃ 《3+1+2》 ᠤ᠋ᠨ ᠵᠠᠭᠪᠤᠷ ᠳᠣᠣᠷ᠎ᠡ᠂ ᠬᠡᠯᠡ ᠪᠢᠴᠢᠭ᠌᠂ ᠲᠣᠭᠠᠨ᠎ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ ᠲᠥᠷᠥᠯ᠎ᠤᠨ ᠰᠢᠯᠭᠠᠯᠳᠠ ᠵᠢᠨ ᠰᠡᠳᠦᠪ᠎ᠢ ᠰᠤᠷᠭᠠᠨ ᠬᠥᠮᠦᠵᠢᠯ᠎ᠦᠨ ᠶᠠᠮᠤᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ ᠨᠢᠭᠡᠳᠦᠯᠲᠡᠢ  ᠭᠠᠷᠭᠠᠵᠤ᠂ 《1+2》 ᠤ᠋ᠨ ᠰᠣᠩᠭᠣᠬᠤ ᠴᠢᠨᠠᠷᠲᠠᠢ ᠰᠢᠯᠭᠠᠯᠲᠠ᠎ᠶᠢᠨ ᠬᠢᠴᠢᠶᠡᠯ ᠲᠥᠷᠥᠯ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠰᠡᠳᠦᠪ ᠭᠠᠷᠭᠠᠨ᠎ᠠ᠃ ᠮᠠᠨ᠎ᠤ ᠣᠷᠣᠨ᠎ᠤ ᠤᠯᠠᠮᠵᠢᠯᠠᠯᠲᠤ ᠨᠡᠢᠭᠡᠮ᠎ᠦᠨ ᠰᠢᠨᠵᠢᠯᠡᠬᠦ ᠤᠬᠠᠭᠠᠨ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠲᠥᠷᠥᠯ ᠨᠢ ᠴᠦᠮ ᠪᠦᠬᠦ ᠤᠯᠤᠰ᠎ᠤᠨ ᠨᠢᠭᠡᠳᠦᠯᠲᠡᠢ ᠰᠢᠯᠭᠠᠯᠳᠠ ᠵᠢᠨ ᠬᠢᠴᠢᠶᠡᠯ ᠲᠦᠷᠦᠯ ᠪᠠᠢᠵᠤ᠂ ᠰᠤᠷᠭᠠᠨ ᠬᠥᠮᠦᠵᠢᠯ᠎ᠦᠨ ᠶᠠᠮᠤᠨ ᠠ᠋ᠴᠠ ᠨᠢᠭᠡᠳᠦᠯᠲᠡᠢ ᠰᠡᠳᠦᠪ ᠭᠠᠷᠭᠠᠳᠠᠭ᠃


ᠶᠠᠭᠠᠬᠢᠵᠤ ᠡᠯᠰᠡᠬᠦ ᠪᠤᠢ?

— 2025 ᠤᠨ ᠡᠴᠡ ᠡᠬᠢᠯᠡᠨ 《ᠬᠣᠶᠠᠷ ᠎ᠢ ᠦᠨᠳᠦᠰᠦᠯᠡᠵᠦ᠂ ᠨᠢᠭᠡ ᠪᠡᠷ ᠯᠠᠪᠯᠠᠯᠲᠠ ᠪᠤᠯᠭᠠᠬᠤ》 ᠶᠡᠬᠡ ᠳᠡᠭᠡᠳᠦ ᠰᠤᠷᠭᠠᠭᠤᠯᠢ᠎ᠵᠢᠨ ᠰᠢᠯᠭᠠᠯᠲᠠ᠎ᠪᠠᠷ ᠰᠣᠷᠣᠭ᠍ᠴᠢ ᠡᠯᠰᠡᠬᠦ ᠵᠠᠭᠪᠤᠷ ᠢ᠋ ᠬᠡᠷᠡᠭᠯᠡᠨ᠎ᠡ

ᠰᠣᠷᠣᠭ᠍ᠴᠢ ᠡᠯᠰᠡᠬᠦ ᠲᠠᠯ᠎ᠠ᠎ᠪᠠᠷ᠂ 2025 ᠣᠨ᠎ᠠᠴᠠ ᠡᠬᠢᠯᠡᠨ᠂ ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠢᠯᠭᠠᠯᠲᠠ ᠪᠠᠷ ᠰᠣᠷᠣᠭ᠍ᠴᠢ ᠡᠯᠰᠡᠬᠦ᠎ᠳᠦ 《ᠬᠣᠶᠠᠷ᠎ᠢ ᠦᠨᠳᠦᠰᠦᠯᠡᠵᠦ᠂ ᠨᠢᠭᠡ ᠪᠡᠷ ᠯᠠᠪᠯᠠᠯᠲᠠ ᠪᠤᠯᠭᠠᠬᠤ》 ᠵᠠᠭᠪᠤᠷ᠎ᠢ ᠬᠡᠷᠡᠭᠯᠡᠨ᠎ᠡ᠂ ᠨᠢᠭᠡ᠎ᠳᠦ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠬᠡᠯᠡ ᠪᠢᠴᠢᠭ᠌᠂ ᠲᠣᠭᠠᠨ᠎ᠤ ᠤᠬᠠᠭᠠᠨ᠂ ᠭᠠᠳᠠᠭᠠᠳᠤ ᠬᠡᠯᠡ 3 ᠬᠢᠴᠢᠶᠡᠯ ᠲᠦᠷᠦᠯ ᠤ᠋ᠨ ᠬᠢᠷᠢ ᠪᠦᠲᠦᠮᠵᠢ᠎ᠶᠢ ᠦᠨᠳᠦᠰᠦᠯᠡᠨ᠎ᠡ; ᠬᠣᠶᠠᠷ᠎ᠲᠤ ᠥᠨᠳᠥᠷ ᠳᠤᠮᠳᠠᠳᠤ ᠵᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠰᠣᠩᠭᠣᠨ ᠰᠢᠯᠭᠠᠬᠤ 3 ᠬᠢᠴᠢᠶᠡᠯ᠎ᠦᠨ ᠬᠢᠷᠢ ᠪᠦᠲᠦᠮᠵᠢ ᠵᠢ ᠦᠨᠳᠦᠰᠦᠯᠡᠨ᠎ᠡ᠃ ᠥᠨᠳᠥᠷ ᠳᠤᠮᠳᠠᠳᠤ ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠬᠢᠷᠢ ᠪᠦᠲᠦᠮᠵᠢ᠎ᠶᠢ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ᠎ᠶᠢᠨ ᠴᠢᠬᠤᠯᠠ ᠦᠨᠳᠦᠰᠦᠯᠡᠯ ᠪᠣᠯᠭᠠᠬᠤ ᠪᠣᠯ  《ᠤᠯᠤᠰ᠎ᠤᠨ ᠨᠢᠬᠡᠳᠦᠯᠳᠡᠢ ᠰᠢᠯᠭᠠᠯᠲᠠ ᠵᠢᠨ ᠰᠢᠨ᠎ᠡ ᠵᠠᠬᠪᠤᠷ》 ᠎ᠤ᠋ᠨ ᠨᠢᠭᠡᠨ ᠬᠢᠯᠠᠰ ᠴᠡᠭ ᠮᠥᠨ᠂ ᠡᠨᠡ ᠨᠢ ᠰᠤᠷᠤᠭ᠍ᠴᠢᠳ᠎ᠢ ᠬᠥᠲᠥᠯᠥᠨ ᠵᠢᠯᠤᠭᠣᠳᠴᠤ ᠬᠢᠴᠢᠶᠡᠯ ᠨᠢᠭᠡ ᠪᠦᠷᠢ᠎ᠪᠠᠨ ᠨᠠᠷᠢᠨ ᠬᠢᠨᠠᠮᠠᠭᠠᠢ ᠰᠤᠷᠤᠯᠴᠠᠵᠤ᠂ ᠬᠦᠨᠳᠦ ᠨᠣᠴᠢᠲᠠᠢ ᠬᠢᠴᠢᠶᠡᠯ ᠲᠦᠷᠦᠯ ᠬᠡᠯᠪᠡᠢᠬᠦ ᠦᠵᠡᠭᠳᠡᠯ ᠭᠠᠷᠬᠤ᠎ᠠᠴᠠ ᠵᠠᠢᠯᠠᠰᠬᠢᠨ᠂ ᠶᠡᠬᠡ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ᠎ᠢ ᠰᠢᠯᠢᠨ ᠰᠣᠩᠭᠣᠬᠤ᠎ᠳᠤ ᠨᠥᠬᠥᠴᠡᠯ ᠪᠦᠷᠢᠯᠳᠦᠭᠦᠯᠵᠦ ᠥᠭᠬᠦ᠎ᠶᠢᠨ ᠲᠥᠯᠥᠭᠡ ᠶᠤᠮ᠃

ᠡᠩ᠎ᠦᠨ ᠥᠨᠳᠥᠷ ᠳᠤᠮᠳᠠᠳᠤ ᠵᠢᠨ ᠰᠤᠷᠤᠯᠭ᠎ᠠ᠎ᠶᠢᠨ ᠬᠢᠷᠢ ᠲᠦᠪᠰᠢᠨ᠎ᠤ ᠰᠢᠯᠭᠠᠯᠲᠠ᠎ᠶᠢ ᠬᠢᠷᠢ ᠲᠡᠩᠴᠡᠬᠦ ᠴᠢᠨᠠᠷᠳᠠᠢ ᠰᠢᠯᠭᠠᠯᠲᠠ ᠪᠠ ᠰᠣᠩᠭᠣᠬᠤ ᠴᠢᠨᠠᠷᠲᠠᠢ ᠰᠢᠯᠭᠠᠯᠲᠠ ᠬᠡᠵᠦ ᠬᠤᠪᠢᠶᠠᠨ᠎ᠠ᠃ ᠬᠢᠷᠢ ᠲᠡᠩᠴᠡᠬᠦ ᠴᠢᠨᠠᠷᠳᠠᠢ ᠰᠢᠯᠭᠠᠯᠲᠠ ᠪᠣᠯ ᠡᠩ᠎ᠦᠨ ᠥᠨᠳᠥᠷ ᠳᠤᠮᠳᠠᠳᠤ᠎ᠶᠢᠨ  ᠰᠣᠷᠣᠭ᠍ᠴᠢ᠎ᠶᠢᠨ ᠰᠤᠷᠤᠯᠭ᠎ᠠ ᠲᠡᠭᠦᠰᠬᠦ ᠵᠢᠴᠢ ᠥᠨᠳᠥᠷ ᠳᠤᠮᠳᠠᠳᠤ ᠲᠠᠢ ᠠᠳᠠᠯᠢ ᠲᠠᠰ᠎ᠤᠨ ᠰᠤᠷᠤᠯᠭ᠎ᠠ᠎ᠶᠢᠨ ᠨᠠᠮᠳᠠᠷ᠎ᠢ ᠬᠢᠨᠠᠨ ᠲᠣᠭᠲᠠᠭᠠᠬᠤ ᠭᠣᠣᠯ ᠦᠨᠳᠦᠰᠦᠯᠡᠯ ᠮᠥᠨ᠂ ᠤᠯᠤᠰ᠎ᠤᠨ ᠡᠩ᠎ᠦᠨ ᠥᠨᠳᠥᠷ ᠳᠤᠮᠳᠠᠳᠤ ᠵᠢᠨ ᠬᠢᠴᠢᠶᠡᠯ ᠲᠦᠷᠦᠯ᠎ᠦᠨ ᠲᠥᠰᠥᠯ᠎ᠳᠦ ᠲᠣᠭᠲᠠᠭᠠᠭᠰᠠᠨ ᠦᠵᠡᠯ ᠰᠠᠨᠠᠭ᠎ᠠ ᠤᠯᠤᠰ ᠲᠥᠷᠥ᠍᠂ ᠬᠡᠯᠡ ᠪᠢᠴᠢᠭ᠌᠂ ᠲᠣᠭᠠᠨ᠎ᠤ ᠤᠬᠠᠭᠠᠨ᠂ ᠭᠠᠳᠠᠭᠠᠳᠤ ᠬᠡᠯᠡ᠂ ᠲᠡᠦᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭᠠᠨ᠂ ᠮᠡᠳᠡᠭᠡ ᠵᠠᠩᠭᠢ᠎ᠶᠢᠨ ᠮᠡᠷᠭᠡᠵᠢᠯ᠂ ᠨᠡᠢᠳᠡᠮ ᠎ᠤᠨ ᠬᠡᠷᠡᠭᠯᠡᠭᠡᠨ᠎ᠤ ᠮᠡᠷᠭᠡᠵᠢᠯ᠂ ᠤᠷᠠᠯᠢᠭ᠋᠂ ᠪᠡᠶ᠎ᠡ᠎ᠶᠢᠨ ᠲᠠᠮᠢᠷ ᠬᠢᠭᠡᠳ ᠡᠷᠡᠭᠦᠯ ᠮᠡᠨᠳᠦ ᠵᠡᠷᠭᠡ 13 ᠬᠢᠴᠢᠶᠡᠯ ᠲᠥᠷᠥᠯ᠎ᠢ ᠪᠠᠭᠲᠠᠭᠠᠨ᠎ᠠ᠃ ᠰᠢᠯᠭᠠᠯᠲᠠ᠎ᠨᠢ ᠵᠢᠭᠠᠨ ᠰᠤᠷᠭᠠᠯᠲᠠ᠎ᠶᠢᠨ ᠠᠬᠢᠴᠠ᠎ᠶᠢ ᠦᠨᠳᠦᠰᠦᠯᠡᠵᠦ᠂ ᠰᠤᠷᠴᠤ ᠪᠠᠷᠠᠭᠰᠠᠨ᠎ᠤ ᠳᠠᠷᠠᠭ᠎ᠠ ᠳᠠᠷᠤᠢᠬᠠᠨ ᠰᠢᠯᠭᠠᠨ᠎ᠠ᠂ ᠰᠢᠯᠭᠠᠯᠲᠠ᠎ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ᠂ ᠡᠰᠡ ᠬᠢᠷᠢ ᠲᠡᠩᠴᠡᠭᠰᠡᠨ ᠵᠢᠡᠷ ᠢᠯᠡᠷᠡᠨ᠎ᠡ᠂ ᠬᠢᠷᠢ ᠪᠦᠲᠦᠮᠵᠢ᠎ᠶᠢ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠶᠡᠷᠦᠩᠬᠡᠢ ᠬᠢᠷᠢ ᠪᠦᠲᠦᠮᠵᠢ᠎ᠳᠦ ᠣᠷᠣᠭᠤᠯᠬᠤ ᠦᠭᠡᠢ᠂ ᠬᠢᠷᠢ ᠲᠡᠩᠴᠡᠭᠰᠡᠳ᠎ᠲᠦ ᠥᠨᠳᠥᠷ ᠵᠡᠷᠭᠡ ᠵᠢᠨ ᠳᠤᠮᠳᠠᠳᠤ ᠰᠤᠷᠭᠠᠭᠤᠯᠢ ᠲᠡᠭᠦᠰᠦᠭᠰᠡᠨ ᠦᠨᠡᠮᠯᠡᠯ ᠣᠯᠭᠣᠨ᠎ᠠ ᠃

ᠰᠣᠩᠭᠣᠬᠤ ᠴᠢᠨᠠᠷᠲᠠᠢ ᠰᠢᠯᠭᠠᠯᠲᠠ᠎ᠶᠢ ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠴᠢᠬᠤᠯᠠ ᠦᠨᠳᠦᠰᠦᠯᠡᠯ ᠪᠣᠯᠭᠠᠵᠤ᠂ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠲᠠᠢ ᠠᠳᠠᠯᠢ ᠬᠤᠭᠤᠴᠠᠭᠠᠨ᠎ᠳᠤ ᠶᠠᠪᠤᠭᠳᠠᠭᠤᠯᠵᠤ᠂ ᠬᠢᠷᠢ ᠪᠦᠲᠦᠮᠵᠢ᠎ᠶᠢ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠶᠡᠷᠦᠩᠬᠡᠢ ᠬᠢᠷᠢ ᠪᠦᠲᠦᠮᠵᠢ᠎ᠳᠦ ᠪᠤᠳᠤᠵᠤ ᠣᠷᠣᠭᠤᠯᠤᠨ᠎ᠠ ᠃ ᠰᠢᠯᠭᠠᠬᠤ ᠬᠢᠴᠢᠶᠡᠯ ᠲᠥᠷᠥᠯ᠎ᠳᠦ ᠦᠵᠡᠯ ᠰᠠᠨᠠᠭ᠎ᠠ ᠤᠯᠤᠰ ᠲᠥᠷᠥ᠍᠂ ᠲᠡᠦᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭᠠᠨ ᠵᠡᠷᠭᠡ 6 ᠬᠢᠴᠢᠶᠡᠯ ᠲᠥᠷᠥᠯ ᠪᠠᠭᠲᠠᠨ᠎ᠠ᠃ ᠡᠩ᠎ᠦᠨ ᠥᠨᠳᠥᠷ ᠳᠤᠮᠳᠠᠳᠤ ᠵᠢᠨ ᠰᠤᠷᠭᠠᠭᠤᠯᠢ᠎ᠳᠤ ᠪᠠᠢᠭ᠎ᠠ ᠰᠤᠷᠤᠭ᠍ᠴᠢᠳ ᠵᠣᠬᠢᠬᠤ ᠬᠢᠴᠢᠶᠡᠯ ᠲᠥᠷᠥᠯ᠎ᠦᠨ ᠬᠢᠷᠢ ᠪᠦᠲᠦᠮᠵᠢ ᠨᠢ 《ᠬᠢᠷᠢ ᠲᠡᠩᠴᠡᠭᠰᠡᠨ》ᠰᠠᠭᠤᠷᠢᠨ ᠳᠡᠭᠡᠷ᠎ᠡ ᠰᠤᠩᠭᠤᠬᠤ ᠴᠢᠨᠠᠷᠳᠠᠢ ᠰᠢᠯᠭᠠᠯᠳᠠ ᠵᠢᠨ ᠬᠢᠴᠢᠶᠡᠯ ᠲᠦᠷᠦᠯ ᠡᠴᠡ ᠨᠡᠷ᠎ᠡ ᠮᠡᠳᠡᠬᠦᠯᠦᠨ ᠰᠢᠯᠭᠠᠨ᠎ᠠ᠃

《ᠨᠢᠭᠡ ᠪᠡᠷ ᠯᠠᠪᠯᠠᠯᠲᠠ ᠪᠤᠯᠭᠠᠬᠤ》 ᠭᠡᠳᠡᠭ ᠪᠣᠯ ᠥᠨᠳᠥᠷ ᠳᠤᠮᠳᠠᠳᠤ ᠵᠢᠨ ᠰᠣᠷᠣᠭ᠍ᠴᠢ᠎ᠶᠢᠨ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠶᠢᠨ ᠦᠷ᠎ᠡ ᠳ᠋ᠦᠩ᠎ᠢ ᠶᠡᠬᠡ ᠳᠡᠭᠡᠳᠦ ᠰᠤᠷᠭᠠᠭᠤᠯᠢ ᠵᠢᠨ ᠰᠢᠯᠭᠠᠯᠲᠠ ᠪᠡᠷ ᠰᠣᠷᠣᠭ᠍ᠴᠢ ᠡᠯᠰᠡᠬᠦ᠎ᠶᠢᠨ ᠴᠢᠬᠤᠯᠠ ᠯᠠᠪᠯᠠᠯᠲᠠ ᠪᠣᠯᠭᠠᠵᠤ᠂ ᠰᠢᠯᠭᠠᠯᠲᠠ᠎ᠶᠢᠨ ᠬᠢᠷᠢ ᠪᠦᠲᠦᠮᠵᠢ ᠨᠢ ᠠᠳᠠᠯᠢ ᠦᠶ᠎ᠡ᠎ᠳᠦ ᠶᠡᠬᠡ ᠳᠡᠭᠡᠳᠦ ᠰᠤᠷᠭᠠᠭᠤᠯᠢ᠎ᠵᠢᠨ ᠬᠢᠨ ᠤᠷᠢᠳ ᠵᠢᠡᠷ ᠡᠯᠰᠡᠬᠦ ᠪᠤᠶᠤ ᠲᠤᠰᠬᠠᠢ ᠮᠡᠷᠭᠡᠵᠢᠯ᠎ᠢ ᠤᠷᠢᠳ᠎ᠢᠶᠠᠷ ᠲᠣᠬᠢᠷᠠᠭᠤᠯᠵᠤ ᠪᠣᠯᠣᠨ᠎ᠠ᠃ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ ᠪᠣᠯ ᠰᠣᠷᠣᠭ᠍ᠴᠢ᠎ᠶᠢᠨ ᠲᠣᠰ ᠪᠡᠶ᠎ᠡ᠂ ᠬᠠᠮᠲᠤ ᠰᠣᠷᠣᠭ᠍ᠴᠢ᠂ ᠪᠠᠭ᠍ᠰᠢ ᠪᠠ ᠭᠡᠷ᠎ᠦᠨ ᠠᠬᠠᠮᠠᠳ ᠵᠡᠷᠭᠡ ᠣᠯᠠᠨ ᠡᠰᠢᠲᠦ ᠭᠤᠤᠯ ᠴᠣᠭᠴᠠ᠎ᠶᠢᠨ ᠣᠷᠣᠯᠴᠠᠭᠰᠠᠨ ᠡᠳᠦᠷ ᠲᠤᠲᠤᠮ᠎ᠤᠨ ᠬᠥᠳᠡᠯᠦᠩᠭᠦᠢ ᠦᠨᠡᠯᠡᠯᠲᠡ ᠪᠣᠯᠣᠨ᠎ᠠ᠃ ᠦᠨᠡᠯᠡᠬᠦ ᠠᠭᠤᠯᠭ᠎ᠠ᠎ᠳᠤ ᠦᠵᠡᠯ ᠰᠠᠨᠠᠭ᠎ᠠ ᠶᠣᠰᠣ᠌ ᠮᠣᠷᠠᠯ᠂ ᠰᠤᠷᠤᠯᠭ᠎ᠠ᠎ᠶᠢᠨ ᠬᠢᠷᠢ ᠲᠦᠪᠰᠢᠨ᠂ ᠪᠡᠶ᠎ᠡ ᠰᠡᠳᠬᠢᠯ᠎ᠦᠨ ᠡᠷᠡᠭᠦᠯ ᠮᠡᠨᠳᠦ᠂ ᠤᠷᠠᠯᠢᠭ᠋᠎ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠢᠭᠡᠮ᠎ᠦᠨ ᠦᠢᠯᠡᠳᠦᠯᠭᠡ ᠵᠡᠷᠭᠡ 5 ᠲᠠᠯ᠎ᠠ᠎ᠶᠢ ᠪᠠᠭᠲᠠᠭᠠᠨ᠎ᠠ᠃ ᠣᠳᠣᠬᠠᠨ᠎ᠳᠤ᠂ ᠰᠤᠷᠭᠠᠨ ᠬᠥᠮᠦᠵᠢᠯ᠎ᠦᠨ ᠲᠢᠩᠬᠢᠮ ᠨᠢᠭᠡᠨᠲᠡ ᠰᠤᠷᠤᠭ᠍ᠴᠢᠳ᠎ᠤᠨ ᠶᠡᠷᠦᠩᠬᠡᠢᠯᠡᠭᠰᠡᠨ ᠬᠡᠪ ᠴᠢᠨᠠᠷ᠎ᠤᠨ ᠦᠨᠡᠯᠡᠯᠲᠡ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠲᠠᠪᠴᠠᠩ᠎ᠢ ᠪᠠᠢᠭᠤᠯᠵᠤ᠂ ᠰᠤᠷᠤᠭ᠍ᠴᠢᠳ᠎ᠤᠨ ᠡᠳᠦᠷ ᠲᠤᠲᠤᠮ᠎ᠤᠨ ᠢᠯᠡᠷᠡᠯ᠎ᠢ ᠪᠣᠳᠠᠲᠠᠢ᠎ᠲᠡᠮᠳᠡᠭᠯᠡᠵᠦ᠂ ᠨᠤᠳᠠᠯᠠᠨ ᠵᠡᠷᠯᠡᠨ ᠨᠡᠢᠳᠡᠯᠡᠭᠰᠡᠭᠡᠷ ᠬᠤᠪᠢᠷᠠᠭᠤᠯᠵᠤ ᠦᠯᠦ ᠪᠤᠯᠤᠨ᠎ᠠ᠂ ᠡᠷᠬᠡ ᠲᠡᠭᠰᠢ ᠲᠥᠪ ᠭᠣᠥᠯᠴᠢ ᠪᠠᠢᠬᠤ᠎ᠶᠢ ᠦᠨᠡᠨ ᠬᠦ᠌ ᠪᠠᠲᠤᠯᠠᠨ᠎ᠠ᠃

ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ ᠲᠠᠯ᠎ᠠ ᠳ᠋ᠤ᠂ ᠣᠲᠣ᠌᠎ᠶᠢᠨ ᠬᠡᠷᠡᠭᠵᠢᠭᠦᠯᠵᠦ ᠪᠠᠢᠭ᠎ᠠ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ ᠤ᠋ᠨ ᠨᠢᠬᠡᠳᠦᠯᠳᠡᠢ ᠰᠢᠯᠭᠠᠯᠲᠠ᠎ᠶᠢᠨ ᠳᠦᠷᠢᠮ ᠨᠢ ᠨᠡᠢᠭᠡᠮ᠎ᠦᠨ ᠰᠢᠨᠵᠢᠯᠡᠬᠦ ᠤᠬᠠᠭᠠᠨ᠎ᠤ ᠬᠢᠴᠢᠶᠡᠯ ᠲᠦᠷᠦᠯ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ ᠲᠥᠷᠥᠯ ᠭᠡᠵᠦ ᠬᠤᠪᠢᠶᠠᠨ᠂ ᠵᠥᠪᠬᠡᠨ ᠨᠡᠢᠭᠡᠮ᠎ᠦᠨ ᠰᠢᠨᠵᠢᠯᠡᠬᠦ ᠤᠬᠠᠭᠠᠨ᠎ᠤ ᠶᠡᠷᠦᠩᠬᠡᠢᠯᠡᠭᠰᠡᠨ ᠬᠢᠴᠢᠶᠡᠯ ᠪᠠ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠶᠡᠷᠦᠩᠬᠡᠢᠯᠡᠭᠰᠡᠨ ᠬᠢᠴᠢᠶᠡᠯ ᠭᠡᠬᠦ ᠬᠣᠶᠠᠷ ᠵᠦᠢᠯ᠎ᠦᠨ ᠲᠣᠭᠲᠠᠭᠰᠠᠨ ᠪᠦᠷᠢᠯᠳᠦᠯ ᠲᠠᠢ ᠪᠠᠢᠳᠠᠭ᠃ 《ᠤᠯᠤᠰ᠎ᠤᠨ ᠨᠢᠬᠡᠳᠦᠯᠳᠡᠢ ᠰᠢᠯᠭᠠᠯᠲᠠ ᠵᠢᠨ ᠰᠢᠨ᠎ᠡ ᠵᠠᠬᠪᠤᠷ》 ᠢ᠋ ᠬᠡᠷᠡᠭᠵᠢᠭᠦᠯᠦᠭᠰᠡᠨ᠎ᠦ ᠳᠠᠷᠠᠭ᠎ᠠ᠂ ᠰᠢᠯᠭᠠᠭᠤᠯᠤᠭ᠍ᠴᠢ᠎ᠶᠢᠨ ᠰᠣᠩᠭᠣᠨ ᠰᠢᠯᠭᠠᠭᠤᠯᠬᠤ ᠹᠢᠽᠢᠺ᠎ᠦᠨ ᠶᠡᠷᠦᠩᠬᠡᠢᠯᠡᠭᠰᠡᠨ ᠲᠦᠷᠦᠯ᠂ ᠲᠡᠦᠬᠡ᠎ᠶᠢᠨ ᠶᠡᠷᠦᠩᠬᠡᠢᠯᠡᠭᠰᠡᠨ ᠲᠦᠷᠦᠯ ᠭᠡᠬᠦ ᠬᠣᠶᠠᠷ ᠲᠥᠷᠥᠯ ᠢᠯᠭᠠᠯ᠎ᠢᠶᠠᠷ ᠰᠣᠷᠣᠭ᠍ᠴᠢ ᠡᠯᠰᠡᠬᠦ ᠲᠥᠯᠥᠪᠯᠡᠭᠡ᠎ᠶᠢ ᠲᠣᠰ ᠲᠣᠰ ᠨᠠᠢᠷᠠᠭᠤᠯᠤᠨ ᠵᠣᠬᠢᠶᠠᠵᠤ᠂ ᠠᠰ ᠠᠰ ᠲᠤᠨᠢ ᠬᠠᠮᠤᠭ ᠳᠤᠤᠷ᠎ᠠ ᠬᠢᠵᠠᠭᠠᠷᠯᠠᠬᠤ ᠬᠤᠪᠢ ᠳᠤᠭᠳᠠᠭᠠᠵᠤ᠂ ᠠᠰ ᠠᠰ ᠲᠤᠨᠢ ᠲᠠᠩᠰᠠ ᠡᠪᠬᠡᠮᠡᠯ ᠥᠭᠴᠦ᠂ ᠠᠰ ᠠᠰ ᠲᠤᠨᠢ ᠡᠯᠰᠡᠨ᠎ᠡ᠃ ᠡᠭᠦᠨ᠎ᠦ ᠬᠠᠮᠲᠤ᠂ ᠤᠤᠯ᠎ᠤᠨ ᠵᠢᠩᠬᠢᠨᠢ ᠠᠩᠭᠢ᠎ᠶᠢᠨ ᠨᠢᠭᠡᠳᠦᠭᠡᠷ ᠪᠦᠯᠦᠭ ᠪᠠ ᠬᠣᠶᠠᠳᠤᠭᠠᠷ ᠪᠦᠯᠦᠭ᠎ᠢ ᠨᠡᠢᠯᠡᠭᠦᠯᠦᠭᠡᠳ ᠨᠢᠭᠡ ᠪᠦᠯᠦᠭ ᠤᠳᠠᠭ᠎ᠠ ᠪᠣᠯᠭᠠᠬᠤ᠎ᠶᠢᠨ ᠬᠠᠮᠲᠤ ᠵᠡᠷᠭᠡᠴᠡᠭᠡ ᠡᠷᠡᠮᠡᠯᠵᠡᠯ᠎ᠢᠶᠡᠷ ᠲᠠᠩᠰᠠ ᠡᠪᠬᠡᠮᠡᠯ ᠥᠭᠴᠦ ᠡᠯᠰᠡᠬᠦ ᠵᠢ ᠬᠡᠷᠡᠭᠵᠢᠬᠦᠯᠦᠨ᠎ᠡ᠃

ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠤᠰᠠᠭᠠᠷ ᠰᠢᠯᠭᠠᠨ ᠡᠯᠰᠡᠬᠦ ᠠᠵᠢᠯ ᠎ᠢ ᠡᠩ᠎ᠦᠨ ᠪᠠᠢᠳᠠᠯ᠎ᠳᠤ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠠᠴᠠ ᠡᠮᠦᠨ᠎ᠡ ᠶᠠᠪᠤᠭᠳᠠᠭᠤᠯᠤᠨ᠎ᠠ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠨᠡᠷ᠎ᠡ ᠮᠡᠳᠡᠭᠦᠯᠦᠭᠰᠡᠨ ᠪᠣᠯᠪᠠᠴᠤ ᠡᠯᠰᠡᠭᠳᠡᠭᠰᠡᠨ ᠦᠭᠡᠢ ᠰᠢᠯᠭᠠᠭᠤᠯᠤᠭ᠍ᠴᠢ ᠪᠠᠰᠠ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠳᠤ ᠦᠷᠭᠦᠯᠵᠢᠯᠡᠨ ᠣᠷᠣᠯᠴᠠᠵᠤ ᠪᠣᠯᠣᠨ᠎ᠠ᠃ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠥᠷᠥᠯ ᠬᠤᠪᠢᠶᠠᠬᠤ ᠰᠢᠯᠭᠠᠯᠲᠠ᠎ᠪᠠᠷ ᠡᠯᠰᠡᠭᠰᠡᠨ ᠰᠤᠷᠤᠭᠴᠢ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠪᠠᠷ ᠡᠯᠰᠡᠭᠰᠡᠨ ᠰᠣᠷᠣᠭ᠍ᠴᠢ᠂ ᠰᠤᠷᠤᠯᠭ᠎ᠠ ᠵᠢᠨ ᠬᠠᠷᠢᠶ᠎ᠠ ᠵᠢᠨ ᠲᠠᠩᠰᠠᠯᠠᠯ᠂ ᠰᠦᠢᠳᠭᠡᠯ ᠬᠤᠷᠢᠶᠠᠬᠤ᠂ ᠰᠤᠷᠤᠭᠴᠢ ᠵᠢᠨ ᠬᠠᠮᠢᠶᠠᠷᠤᠯᠳᠠ᠂ ᠲᠡᠬᠦᠰᠦᠭᠰᠡᠨ᠎ᠤ ᠲᠠᠷᠠᠭᠠᠬᠢ ᠬᠦᠷᠳᠡᠮᠵᠢ  ᠵᠡᠷᠭᠡ ᠲᠠᠯ᠎ᠠ ᠪᠡᠷ ᠠᠳᠠᠯᠢ᠂ ᠶᠠᠮᠠᠷ ᠴᠤ᠌ ᠢᠯᠭᠠᠭ᠎ᠠ ᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号