《6·1》 ᠎ᠤ᠋ ᠳᠡᠯᠡᠬᠡᠢ᠎ᠶᠢᠨ ᠬᠡᠦᠬᠡᠳ᠎ᠤᠨ ᠪᠠᠶᠠᠷ ᠬᠦᠷᠴᠦ ᠢᠷᠡᠬᠦ ᠲᠠᠰᠢᠷᠠᠮ ᠎ᠢᠶᠡᠷ ᠰᠢ ᠵᠢᠨ ᠫᠢᠩ ᠪᠦᠬᠦ ᠤᠯᠤᠰ᠎ᠤᠨ ᠬᠡᠦᠬᠡᠳ ᠪᠠᠭᠠᠴᠤᠳ᠎ᠲᠦ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ
2022-06-30 16:32:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠬᠡᠦᠬᠡᠳ ᠪᠠᠭᠠᠴᠤᠳ᠎ᠦᠨ ᠲᠥᠪ ᠪᠠᠢᠭᠤᠯᠤᠭ᠍ᠳᠠᠭ᠍ᠰᠠᠨ 40 ᠵᠢᠯ᠎ᠦᠨ ᠤᠢ᠎ᠶ᠋ᠢᠨ ᠲᠠᠱᠢᠷᠠᠮ᠎ᠢᠶᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠵᠦ᠍᠂ ᠬᠠᠯᠠᠭᠤᠨ ᠪᠠᠶᠠᠷ ᠬᠦᠷᠭᠡᠵᠦ᠍ ᠪᠠᠢᠬᠤ᠎ᠪᠠᠨ ᠢᠯᠡᠳᠭᠡᠭ᠌ᠰᠡᠨ ᠪᠥᠭᠡᠳ 《6·1》 ᠤ᠋ ᠳᠡᠯᠡᠬᠡᠢ᠎ᠶ᠋ᠢᠨ ᠬᠡᠦᠬᠡᠳ᠎ᠦᠨ ᠪᠠᠶᠠᠷ᠎ᠤᠨ ᠡᠳᠦᠷ ᠬᠦᠷᠴᠦ᠍ ᠢᠷᠡᠬᠦ᠌ ᠲᠠᠱᠢᠷᠠᠮ᠎ᠢᠶᠠᠷ᠂ ᠨᠠᠮ᠎ᠤᠨ ᠲᠥᠪ ᠬᠣᠷᠢᠶᠠᠨ᠎ᠤ ᠡᠮᠦᠨ᠎ᠡ ᠡᠴᠡ ᠪᠦᠬᠦ᠌ ᠤᠯᠤᠰ᠎ᠤᠨ ᠬᠡᠦᠬᠡᠳ ᠪᠠᠭᠠᠴᠤᠳ ᠲᠤ᠌ ᠪᠠᠶᠠᠷ᠎ᠤᠨ ᠡᠳᠦᠷ᠎ᠦᠨ ᠮᠡᠨᠳᠦᠴᠢᠯᠡᠯ ᠬᠦᠷᠭᠡᠵᠦ᠍᠂ ᠪᠢᠴᠢᠬᠠᠨ ᠨᠠᠢᠵᠠ᠎ᠨᠠᠷ᠎ᠤᠨ ᠰᠤᠷᠤᠯᠴᠠᠨ ᠲᠠᠪᠰᠢᠵᠤ᠂ ᠪᠠᠶᠠᠷ ᠬᠦᠷ ᠲᠠᠢ ᠪᠡᠷ ᠠᠮᠢᠳᠤᠷᠠᠵᠤ᠂ ᠢᠳᠡᠷᠡᠭᠦᠨ᠎ᠢᠶᠡᠷ ᠦᠰᠦᠨ ᠪᠣᠢᠵᠢᠬᠤ᠎ᠶ᠋ᠢ ᠬᠦᠰᠡᠨ ᠵᠥᠩᠨᠡᠪᠡ᠃

ᠰᠢ ᠵᠢᠨ ᠫᠢᠩ ᠪᠠᠶᠠᠷ᠎ᠤᠨ ᠵᠠᠬᠢᠳᠠᠯ᠎ᠳᠦ ᠪᠠᠨ᠂ 40 ᠵᠢᠯ᠎ᠦᠨ ᠲᠤᠷᠰᠢ᠂ ᠳᠤᠮᠳᠠᠳᠤ ᠤᠯᠤᠰ᠎ᠤᠨ ᠬᠡᠦᠬᠡᠳ ᠪᠠᠭᠠᠴᠤᠳ᠎ᠦᠨ ᠲᠥᠪ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ᠎ᠪᠠᠲᠤ᠎ᠰᠠᠬᠢᠵᠤ᠂᠎ᠶᠣᠰᠣ᠎ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠬᠡᠦᠬᠡᠳ ᠪᠠᠭᠠᠴᠤᠳ᠎ᠲᠦ ᠦᠶ᠋ᠯᠡᠴᠢᠯᠡᠵᠦ᠍᠂ ᠨᠡᠢᠭᠡᠮ ᠵᠢᠷᠤᠮ᠎ᠤᠨ ᠦᠶ᠋ᠯᠡᠰ᠎ᠦᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠬᠦ᠌᠎ᠳᠦ ᠢᠳᠡᠪᠬᠢᠲᠡᠶ ᠬᠤᠪᠢ ᠨᠡᠮᠡᠷᠢ ᠦᠵᠡᠭᠦᠯᠵᠠᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠲᠠ ᠨᠠᠷ᠎ᠤᠨ ᠢᠷᠠᠭᠤ ᠠᠯᠳᠠᠷᠲᠤ ᠤᠯᠠᠮᠵᠢᠯᠠᠯ᠎ᠢᠶᠠᠨ ᠪᠠᠳᠠᠷᠠᠭᠤᠯᠵᠤ᠂ ᠥᠷᠭᠡᠨ ᠤᠯᠠᠨ ᠬᠡᠦᠬᠡᠳ ᠪᠠᠭᠠᠴᠤᠳ᠎ᠦᠨ ᠦᠢᠯᠡᠰ᠎ᠤᠨ ᠠᠵᠢᠯᠲᠠᠳ᠎ᠲᠠᠶ ᠪᠦᠯᠬᠦᠮᠳᠡᠵᠦ᠍᠂ ᠬᠡᠦᠬᠡᠳ᠎ᠪᠠᠭᠠᠴᠤᠳ ᠦ᠋ᠨ ᠦᠰᠦᠨ ᠪᠣᠢᠵᠢᠯᠲᠠ᠎ᠶ᠋ᠢᠨ ᠵᠠᠮᠴᠢᠯᠠᠭ᠍ᠴᠢ᠂ ᠬᠡᠦᠬᠡᠳ ᠪᠠᠭᠠᠴᠤᠳ᠎ᠦᠨ ᠡᠷᠬᠡ ᠠᠱᠢᠭ᠎ᠤᠨ ᠰᠠᠬᠢᠨ ᠬᠠᠮᠠᠭᠠᠯᠠᠭ᠍ᠴᠢ᠂ ᠬᠡᠦᠬᠡᠳ ᠪᠠᠭᠠᠴᠤᠳ᠎ᠦᠨ ᠢᠷᠡᠭᠡᠳᠦᠢ᠎ᠶ᠋ᠢᠨ ᠬᠦᠰᠡᠯ ᠵᠡᠭᠦᠳᠦ᠍᠎ᠵᠢᠨ ᠲᠡᠷᠭᠡᠯᠱᠢᠭᠦᠯᠦᠭᠴᠢ ᠪᠤᠯᠵᠤ᠂ ᠬᠡᠦᠬᠡᠳ ᠪᠠᠭᠠᠴᠤᠳ᠎ᠦᠨ ᠡᠷᠡᠭᠦᠯ᠎ᠢᠶᠡᠷ ᠦᠰᠦᠨ ᠪᠣᠢᠵᠢᠵᠦ᠂ ᠪᠦᠬᠦ᠌ ᠲᠠᠯ᠎ᠠ᠎ᠪᠠᠷ ᠬᠥᠭ᠌ᠵᠢᠬᠦ᠌᠎ᠶ᠋ᠢ ᠬᠠᠯᠠᠮᠵᠢᠯᠠᠨ ᠬᠦᠨᠳᠤᠤᠨᠬᠡᠵᠤ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠳᠤᠮᠳᠠᠳᠤ ᠤᠯᠤᠰ᠎ᠤᠨ ᠬᠡᠦᠬᠡᠳ ᠪᠠᠭᠠᠴᠤᠳ᠎ᠦᠨ ᠲᠥᠪ 1982 ᠣᠨ᠎ᠳᠤ ᠪᠠᠢᠭᠤᠯᠤᠭ᠍ᠳᠠᠵᠤ᠂ ᠥᠭᠡᠷᠡᠴᠢᠯᠡᠯᠲᠡ ᠨᠡᠬᠡᠬᠡᠯᠳᠡ ᠬᠢᠭ᠌ᠰᠡᠨ᠎ᠦ ᠳᠠᠷᠠᠭᠠᠬᠢ ᠮᠠᠨ᠎ᠤ ᠤᠯᠤᠰ᠎ᠤᠨ ᠠᠩᠬᠠᠳᠠᠭ᠍ᠴᠢ ᠤᠯᠤᠰ᠎ᠤᠨ ᠳᠡᠰ᠎ᠤᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ ᠪᠣᠯᠤᠨ ᠬᠡᠦᠬᠡᠳ᠎ᠪᠠᠭᠠᠴᠤᠳ ᠦ᠋ᠨ ᠬᠥᠭ᠌ᠵᠢᠯᠲᠡ᠎ᠶ᠋ᠢᠨ ᠰᠤᠳᠤᠯᠭᠠᠨ᠎ᠤ ᠪᠠᠢᠭᠤᠯᠤᠮᠵᠢ ᠪᠣᠯᠤᠨ᠎ᠠ᠃ 40 ᠵᠢᠯ᠎ᠦᠨ ᠲᠤᠷᠰᠢ᠂ ᠳᠤᠮᠳᠠᠳᠤ ᠤᠯᠤᠰ᠎ᠤᠨ ᠬᠡᠦᠬᠡᠳ ᠪᠠᠭᠠᠴᠤᠳ᠎ᠦᠨ ᠲᠥᠪ᠎ᠦᠨ ᠡᠯ᠎ᠡ ᠵᠦᠶ᠋ᠯ᠎ᠦᠨ ᠠᠵᠢᠯ ᠦᠶ᠋ᠯᠡᠰ ᠥᠷᠨᠢᠨ ᠬᠥᠭ᠌ᠵᠢᠵᠦ᠍᠂ ᠨᠡᠢᠲᠡ ᠬᠡᠳᠦᠨ ᠳ᠋ᠦᠩᠱᠢᠭᠤᠷ ᠬᠡᠦᠬᠡᠳ ᠪᠠᠭᠠᠴᠤᠳ ᠲᠤᠰ ᠲᠥᠪ᠎ᠦᠨ ᠵᠣᠬᠢᠶᠠᠨ ᠪᠠᠢᠭᠤᠯᠵᠤ ᠥᠷᠨᠢᠭᠦᠯᠦᠭᠰᠡᠨ ᠡᠯ᠎ᠡ ᠵᠦᠶ᠋ᠯ᠎ᠦᠨ ᠠᠵᠢᠯᠯᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠦᠪᠦᠷ ᠮᠤᠩᠭᠤᠯ᠎ᠤᠨ ᠪᠠᠭᠠᠴᠥᠳ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号