ᠨᠠᠰᠤᠲᠠᠢᠴᠤᠳ ᠸᠠᠺᠼᠢᠨ᠎ᠤ ᠲᠠᠷᠢᠯᠭ᠎ᠠ᠎ᠵᠢ ᠴᠠᠭ ᠲᠤᠬᠠᠢ᠎ᠳᠦᠨᠢ ᠬᠢᠬᠦ ᠬᠡᠷᠡᠭᠳᠡᠢ!
2022-07-15 11:16:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1. ᠨᠠᠰᠤᠲᠠᠢᠴᠤᠳ ᠸᠠᠺᠼᠢᠨ᠎ᠤ ᠲᠠᠷᠢᠯᠭ᠎ᠠ᠎ᠵᠢ ᠳᠠᠷᠤᠢᠬᠠᠨ ᠲᠠᠷᠢᠬᠤ ᠬᠡᠷᠡᠭ᠌ᠲᠡᠶ᠃ ᠨᠠᠰᠤᠲᠠᠢᠴᠤᠳ᠎ᠤᠨ ᠣᠯᠠᠩᠬᠢ ᠨᠢ ᠠᠷᠬᠠᠭ ᠡᠪᠡᠳᠴᠢᠨ᠎ᠲᠡᠶ᠂ ᠬᠡᠷᠪᠡ ᠬᠠᠯᠳᠠᠪᠤᠷᠢᠯᠠᠯ ᠡᠭᠦᠰᠪᠡᠯ ᠬᠦᠨᠳᠦ ᠡᠪᠡᠳᠴᠢᠨ᠎ᠢᠶᠡᠷ ᠨᠠᠰᠤ ᠪᠠᠷᠠᠬᠤ ᠠᠶᠤᠯ ᠨᠢ ᠵᠠᠯᠠᠭᠤᠴᠤᠳ ᠪᠠ ᠬᠡᠦᠬᠡᠳ ᠎ᠡᠴᠡ ᠬᠣᠯᠠ ᠶᠡᠬᠡ ᠪᠠᠢᠳᠠᠭ᠃

2. ᠨᠠᠰᠤᠲᠠᠢᠴᠤᠳ᠎ᠤᠨ ᠸᠠᠺᠼᠢᠨ᠎ᠤ ᠲᠠᠷᠢᠯᠭ᠎ᠠ ᠨᠢ ᠠᠶᠤᠯᠭᠦᠶ ᠴᠢᠨᠠᠷ᠎ᠲᠠᠶ᠃ ᠮᠠᠨ᠎ᠤ ᠤᠯᠤᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠬᠢᠯᠢ᠎ᠶ᠋ᠢᠨ ᠳᠣᠲᠣᠨ᠎ᠠ ᠭᠠᠳᠠᠨᠠᠬᠢ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠳᠣᠲᠣᠷ᠎ᠠ ᠲᠠᠷᠢᠯᠭ᠎ᠠ ᠬᠢᠬᠦ᠌ ᠤᠳᠠᠭ᠎ᠠ ᠨᠢᠭᠡᠨᠲᠡ 5 ᠳ᠋ᠦᠩᠱᠢᠭᠤᠷ ᠤᠳᠠᠭ᠎ᠠ᠎ᠶ᠋ᠢ ᠳᠠᠪᠠᠵᠤ᠂ ᠲᠠᠷᠢᠯᠭ᠎ᠠ ᠬᠢᠬᠦ᠌ ᠶᠠᠪᠤᠴᠠ᠎ᠳᠤ ᠮᠠᠰᠢ ᠰᠠᠢᠨ ᠠᠮᠤᠷ ᠲᠦᠪᠱᠢᠨ ᠴᠢᠨᠠᠷ ᠢᠯᠡᠷᠡᠭ᠌ᠰᠡᠨ ᠪᠥᠭᠡᠳ ᠨᠠᠰᠤᠲᠠᠢᠴᠤᠳ᠎ᠤᠨ ᠮᠠᠭᠤ ᠲᠤᠰᠭᠠᠯ ᠨᠢ ᠨᠠᠰᠤᠨ᠎ᠳᠤ ᠭᠦᠷᠦᠭ᠌ᠰᠡᠳ᠎ᠡᠴᠡ ᠪᠠᠭ᠎ᠠ ᠳᠤᠤᠷ᠎ᠠ ᠪᠠᠢᠨ᠎ᠠ᠃

3. ᠪᠣᠢᠳᠠ ᠪᠦᠭ᠌ᠯᠡᠭᠦᠦ ᠬᠥᠳᠡᠭᠡ ᠲᠣᠰᠭᠣᠨ᠎ᠳᠤ ᠭᠠᠳᠠᠭ᠍ᠰᠢ ᠭᠠᠷᠬᠤ ᠥᠬᠡᠶ ᠴᠦ᠍ ᠸᠠᠺᠼᠢᠨ ᠳᠠᠷᠢᠭᠤᠯᠬᠤ ᠬᠡᠷᠡᠭ᠌ᠲᠡᠶ᠃ ᠬᠥᠳᠡᠭᠡ ᠲᠣᠰᠭᠣᠨ ᠢᠯᠠᠩᠭᠤᠶ᠎ᠠ ᠪᠣᠢᠳᠠ ᠪᠦᠭ᠌ᠯᠡᠭᠦᠦ ᠬᠥᠳᠡᠭᠡ ᠲᠣᠰᠭᠣᠨ᠎ᠳᠤ᠂ ᠡᠮ ᠡᠮᠨᠡᠯᠭᠡ᠎ᠶ᠋ᠢᠨ ᠠᠪᠤᠷᠠᠨ ᠵᠠᠰᠠᠬᠤ ᠨᠥᠬᠥᠴᠡᠯ ᠨᠡᠯᠢᠶᠡᠳ ᠮᠠᠭᠤ᠂ ᠬᠠᠯᠳᠠᠪᠤᠷᠢᠯᠠᠭ᠍ᠰᠠᠨ᠎ᠤ ᠳᠠᠷᠠᠭᠠᠬᠢ ᠬᠦᠨᠳᠦ ᠡᠪᠡᠳᠴᠢᠨ᠂ ᠡᠪᠡᠳᠴᠢᠨ᠎ᠢᠶᠡᠷ ᠨᠠᠰᠤ ᠪᠠᠷᠠᠬᠤ ᠲᠦᠭ᠌ᠰᠢᠭᠦᠷᠢ ᠨᠡᠯᠢᠶᠡᠳ ᠥᠨᠳᠥᠷ ᠪᠣᠯᠬᠣᠷ ᠸᠠᠺᠼᠢᠨ ᠳᠠᠷᠢᠬᠤ ᠪᠣᠯ ᠬᠠᠮᠤᠭ᠎ᠤᠨ ᠰᠠᠢᠨ ᠬᠠᠮᠠᠭᠠᠯᠠᠬᠤ ᠠᠷᠭ᠎ᠠ ᠬᠡᠮᠵᠢᠶ᠎ᠡ ᠮᠥᠨ᠃ ᠭᠠᠳᠠᠭ᠍ᠰᠢ ᠭᠠᠷᠬᠤ ᠥᠬᠡᠶ ᠪᠣᠯ ᠸᠢᠷᠦ᠋ᠰ᠎ᠲᠡᠶ ᠬᠦᠷᠦᠯᠴᠡᠬᠦ᠌ ᠥᠬᠡᠶ ᠭᠡᠰᠡᠨ ᠦᠭᠡ ᠪᠢᠰᠢ᠂ ᠭᠠᠳᠠᠨ᠎ᠠ᠎ᠠᠴᠠ ᠢᠷᠡᠭ᠌ᠰᠡᠨ ᠬᠥᠮᠦᠰ ᠸᠢᠷᠦ᠋ᠰ᠎ᠢ ᠭᠡᠷ᠎ᠲᠡᠬᠡᠨ ᠠᠪᠠᠴᠢᠵᠤ᠂ ᠸᠠᠺᠼᠢᠨ᠎ᠤ ᠲᠠᠷᠢᠯᠭ᠎ᠠ ᠬᠢᠭ᠌ᠰᠡᠨ ᠥᠬᠡᠶ ᠨᠠᠰᠤᠲᠠᠨ᠎ᠳᠤ ᠯᠤᠲᠤ ᠶᠡᠬᠡ ᠬᠠᠯᠳᠠᠪᠤᠷᠢᠯᠠᠬᠤ ᠲᠦᠭ᠌ᠰᠢᠭᠦᠷᠢ ᠠᠪᠴᠢᠷᠠᠵᠤ ᠮᠡᠳᠡᠨ᠎ᠡ᠃

4. ᠨᠠᠰᠤᠲᠠᠢᠴᠤᠳ ᠴᠤ᠌ ᠴᠢᠩᠭᠠᠳᠬᠠᠬᠤ ᠲᠠᠷᠢᠯᠭ᠎ᠠ ᠬᠢᠬᠦ᠌ ᠬᠡᠷᠡᠭ᠌ᠲᠡᠶ᠃ᠨᠠᠰᠤᠲᠠᠢᠴᠤᠳ ᠎ᠤᠨ ᠸᠠᠺᠼᠢᠨ᠎ᠤ ᠲᠠᠷᠢᠯᠭ᠎ᠠ ᠬᠢᠭ᠌ᠰᠡᠨ᠎ᠦ ᠳᠠᠷᠠᠭ᠎ᠠ᠂ ᠬᠠᠮᠠᠭᠠᠯᠠᠯᠲᠠ᠎ᠶ᠋ᠢᠨ ᠦᠢᠯᠡᠳᠦᠯ ᠨᠢ ᠴᠠᠭ ᠬᠤᠭᠤᠴᠠᠭ᠎ᠠ᠎ᠶ᠋ᠢ ᠳᠠᠭᠠᠯᠳᠤᠨ ᠪᠠᠭᠤᠷᠠᠵᠤ ᠪᠠᠢᠳᠠᠭ᠂ ᠨᠠᠰᠤᠲᠠᠢᠴᠤᠳ ᠴᠤ᠌ ᠬᠦᠨᠳᠦ ᠡᠪᠡᠳᠴᠢᠲᠡᠨ ᠪᠠ ᠨᠠᠰᠤ ᠪᠠᠷᠠᠬᠤ ᠠᠶᠤᠯ ᠶᠡᠬᠡᠲᠡᠶ ᠬᠥᠮᠦᠰ ᠪᠣᠯᠬᠤᠷ ᠴᠠᠭ ᠲᠤᠬᠠᠶ᠎ᠳᠤᠨᠢ ᠠᠯᠢ ᠲᠦᠷᠭᠡᠨ᠎ᠢᠶᠡᠷ ᠴᠢᠩᠭᠠᠳᠭᠠᠬᠤ ᠲᠠᠷᠢᠯᠭ᠎ᠠ ᠬᠢᠬᠦ᠌ ᠬᠡᠷᠡᠭ᠌ᠲᠡᠶ᠃

ᠢᠷᠡᠯᠲᠡ᠄ ᠠᠷᠠᠳ᠎ᠤᠨ ᠰᠦᠯᠵᠢᠶ᠎ᠡ 

ᠣᠷᠴᠢᠭᠤᠯᠤᠭ᠍ᠴᠢ᠄ᠶᠦᠩ ᠬᠤᠩ
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号