ᠤᠯᠤᠰ ᠲᠠᠭᠠᠨ ᠦᠢᠯᠡᠳᠪᠦᠷᠢᠯᠡᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠤᠤᠭᠤᠬᠤ ᠡᠮ ᠵᠥᠪᠱᠢᠶᠡᠷᠡᠯ ᠤᠯᠪᠠ!
2022-07-26 15:01:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 25᠎ᠤ ᠡᠳᠦᠷ᠂ ᠤᠯᠤᠰ᠎ᠤᠨ ᠡᠮ ᠎ᠤᠨ ᠵᠦᠢᠯᠡᠰ ᠎ᠤᠨ ᠬᠢᠨᠠᠯᠳᠡ ᠬᠠᠮᠢᠶᠠᠷᠤᠯᠳᠡ ᠵᠢᠨ ᠲᠤᠪᠴᠢᠶ᠎ᠠ 《ᠡᠮ ᠎ᠤᠨ ᠵᠦᠢᠯᠡᠰ᠎ᠤᠨ ᠬᠠᠮᠢᠶᠠᠷᠤᠯᠲᠠ᠎ᠶ᠋ᠢᠨ ᠬᠠᠤᠯᠢ》 ᠶ᠋ᠢᠨ ᠬᠠᠮᠢᠶ᠎ᠠ ᠪᠥᠬᠥᠶ ᠲᠣᠭ᠍ᠲᠠᠭᠠᠯ᠎ᠢ ᠦᠨᠳᠦᠰᠦᠯᠡᠨ᠂ ᠡᠮ ᠎ᠤᠨ ᠵᠦᠢᠯᠡᠰ᠎ᠤᠨ ᠣᠨᠴᠠᠭᠠᠶ ᠬᠢᠨᠠᠨ ᠵᠥᠪᠱᠢᠶᠡᠷᠡᠬᠦᠯᠬᠦ ᠶᠠᠪᠤᠴᠠ ᠪᠡᠷ᠂ ᠪᠠᠴᠢᠮ ᠪᠠᠢᠳᠠᠯ᠎ᠢ ᠠᠷᠭᠠᠴᠠᠭᠠᠬᠤ ᠬᠢᠨᠠᠨ ᠦᠨᠡᠯᠡᠯᠲᠡ ᠬᠢᠵᠦ᠍᠂ ᠾᠧᠨᠠᠨ᠎ᠤ ᠵᠸᠨ ᠱᠢ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠬᠢᠵᠠᠭᠠᠷᠲᠤ ᠺᠣᠮᠫᠠᠨᠢ᠎ᠶ᠋ᠢᠨ ᠠᠽᠢᠤᠳᠢᠨ(Azvudine) ᠡᠮ ᠎ᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ᠎ᠪᠠᠷ ᠳᠠᠩᠰᠠᠯᠠᠭᠤᠯᠬᠤ ᠭᠤᠶᠤᠴᠢᠯᠠᠯ᠎ᠢ ᠵᠥᠪᠱᠢᠶᠡᠷᠡᠭᠰᠡᠨ ᠪᠠᠢᠨ᠎ᠠ᠃


微信图片_20220726150755.png


ᠲᠣᠰ ᠡᠮ ᠪᠣᠯ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ ᠵᠢᠵᠢᠭ ᠮᠣᠯᠧᠺᠦ᠋ᠯᠳᠦ ᠤᠤᠭᠤᠬᠤ ᠡᠮ ᠪᠣᠯᠤᠨ᠎ᠠ᠃ 2021 ᠣᠨ᠎ᠤ 7 ᠰᠠᠷ᠎ᠠ᠎ᠶ᠋ᠢᠨ 20᠎ᠤ ᠡᠳᠦᠷ᠂ ᠤᠯᠤᠰ᠎ᠤᠨ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠲᠣᠰ ᠡᠮ᠎ᠢ ᠪᠤᠰᠤᠳ ᠰᠥᠷᠭᠡᠸ᠋ ᠱᠢᠯᠵᠢᠭᠦᠯᠭᠦ ᠢᠰᠭᠡᠭᠦᠷ᠎ᠢ ᠬᠣᠷᠢᠭ᠍ᠯᠠᠬᠤ ᠡᠮ ᠎ᠲᠡᠶ ᠬᠠᠮᠲᠤᠷᠠᠭᠤᠯᠤᠨ ᠨᠠᠰᠤᠨ᠎ᠳᠤ ᠭᠦᠷᠦᠭ᠌ᠰᠡᠨ HIV-1 ᠬᠠᠯᠳᠠᠪᠤᠷᠢᠯᠠᠭ᠍ᠰᠠᠳ᠎ᠢ ᠡᠮᠨᠡᠨ ᠵᠠᠰᠠᠬᠤ ᠶ᠋ᠢ ᠨᠥᠬᠥᠴᠡᠯ ᠎ᠲᠡᠶ ᠎ᠪᠡᠷ ᠵᠥᠪᠱᠢᠶᠡᠷᠡᠪᠡ᠃ ᠲᠣᠰ ᠤᠳᠠᠭ᠎ᠠ ᠱᠢᠨ᠎ᠡ ᠪᠡᠷ ᠨᠡᠮᠡᠭᠳᠡᠭᠰᠡᠨ ᠡᠪᠡᠳᠴᠢᠨ᠎ᠢ ᠵᠠᠰᠠᠬᠤ᠎ᠳᠦ ᠨᠥᠬᠥᠴᠡᠯ ᠳᠠᠭᠠᠯᠳᠤᠭᠤᠯᠤᠨ ᠵᠥᠪᠱᠢᠶᠡᠷᠡᠵᠦ᠍᠂ ᠡᠩ᠎ᠦᠨ ᠬᠡᠯᠪᠡᠷᠢ᠎ᠶ᠋ᠢᠨ ᠱᠢᠨ᠎ᠡ ᠲᠢᠲᠢᠮᠯᠢᠭ ᠸᠢᠷᠦ᠋ᠰ᠎ᠦᠨ ᠠᠭᠤᠰᠭᠢᠨ ᠦᠷᠪᠢᠰᠦᠯ (COVID-19) ᠎ᠤᠨ ᠨᠠᠰᠤᠨ᠎ᠳᠤ ᠬᠦᠷᠦᠭ᠌ᠰᠡᠨ ᠡᠪᠡᠳᠴᠢᠲᠡᠨ᠎ᠢ ᠡᠮᠨᠡᠨ ᠵᠠᠰᠠᠬᠤ᠎ᠳᠤ ᠬᠡᠷᠡᠭ᠌ᠯᠡᠨ᠎ᠡ ᠬᠡᠵᠡᠢ᠃ ᠡᠪᠡᠳᠴᠢᠲᠡᠨ ᠡᠮᠴᠢ᠎ᠶ᠋ᠢᠨ ᠵᠢᠯᠣᠭᠣᠳᠤᠯᠭ᠎ᠠ ᠳᠣᠣᠷ᠎ᠠ ᠲᠣᠳᠣᠷᠬᠠᠢᠯᠠᠯᠲᠠ᠎ᠶ᠋ᠢ ᠴᠢᠩᠭ᠎ᠠ ᠵᠢᠷᠤᠮᠯᠠᠨ ᠡᠮ ᠬᠡᠷᠡᠭ᠌ᠯᠡᠬᠦ᠌ ᠬᠡᠷᠡᠭ᠌ᠲᠡᠢ᠃

ᠤᠯᠤᠰ᠎ᠤᠨ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠡᠴᠡ ᠵᠠᠬ᠎ᠠ ᠳᠡᠯᠭᠡᠭᠦᠷ᠎ᠲᠦ ᠭᠠᠷᠬᠤ ᠵᠥᠪᠱᠢᠶᠡᠷᠡᠯ ᠎ᠤᠨ ᠡᠵᠡᠮᠱᠢᠭ᠌ᠴᠢ᠎ᠶ᠋ᠢ ᠬᠣᠯᠪᠣᠭ᠍ᠳᠠᠯ ᠪᠥᠬᠥᠶ ᠰᠤᠳᠤᠯᠭᠠᠨ᠎ᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠬᠤᠭᠤᠴᠠᠭ᠎ᠠ ᠲᠣᠭ᠍ᠲᠠᠭᠠᠨ ᠨᠥᠬᠥᠴᠡᠯ ᠳᠠᠭᠠᠯᠳᠤᠭᠤᠯᠤᠭ᠍ᠰᠠᠨ ᠱᠠᠭᠠᠷᠳᠠᠯᠭ᠎ᠠ᠎ᠶ᠋ᠢ ᠪᠡᠶᠡᠯᠡᠭᠦᠯᠵᠦ᠍᠂ ᠲᠠᠷᠠᠭᠠᠴᠢ᠎ᠶ᠋ᠢᠨ ᠰᠤᠳᠤᠯᠭᠠᠨ᠎ᠤ ᠦᠷ᠎ᠡ ᠳ᠋ᠦᠩ᠎ᠢᠶᠡᠨ ᠴᠠᠭ ᠲᠤᠬᠠᠶ᠎ᠳᠤᠨᠢ ᠲᠤᠱᠢᠶᠠᠬᠤ ᠬᠡᠷᠡᠭ᠌ᠲᠡᠶ ᠭᠡᠵᠦ᠍ ᠱᠠᠭᠠᠷᠳᠠᠭᠰᠠᠨ ᠪᠠᠢᠨ᠎ᠠ᠃

ᠢᠷᠡᠯᠳᠡ᠄ ᠤᠯᠤᠰ᠎ᠤᠨ ᠡᠮ᠎ᠦᠨ ᠵᠦᠶ᠋ᠯᠠᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号