20 ᠲᠦᠷᠦᠯ ᠵᠦᠢᠯ᠎ᠢ PPP ᠶᠡᠷᠦᠩᠬᠡᠢᠯᠡᠭᠰᠡᠨ ᠮᠡᠳᠡᠭᠡ ᠵᠠᠩᠭᠢ᠎ᠶᠢᠨ ᠲᠠᠪᠴᠠᠩ᠎ᠳᠤ ᠣᠷᠣᠭᠤᠯᠪᠡ
2022-07-31 23:01:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 27᠎ᠤ ᠡᠳᠦᠷ᠂ ᠬᠦᠬᠡᠬᠣᠲᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ ᠎ᠠᠴᠠ ᠣᠢᠯᠠᠭᠠᠭᠰᠠᠨ ᠵᠢᠡᠷ᠂ ᠬᠦᠬᠡᠬᠣᠲᠠ ᠵᠢᠨ 20 ᠲᠥᠷᠥᠯ ᠵᠦᠢᠯ᠎ᠢ ᠨᠢᠬᠡᠨᠳᠡ PPP ᠶᠡᠷᠦᠩᠬᠡᠢᠯᠡᠭᠰᠡᠨ ᠮᠡᠳᠡᠭᠡ ᠵᠠᠩᠭᠢ᠎ᠶᠢᠨ ᠲᠠᠪᠴᠠᠩ ᠎ᠳᠤ ᠣᠷᠣᠭᠤᠯᠵᠤ᠂ ᠪᠡᠯᠡ ᠣᠷᠣᠭᠤᠯᠤᠯᠲᠠ᠎ᠵᠢᠨ ᠬᠡᠮᠵᠢᠶ᠎ᠡ 723 ᠳ᠋ᠦᠩᠰᠢᠭᠤᠷ ᠲᠥᠭᠥᠷᠢᠭ᠎ᠲᠦ ᠬᠦᠷᠴᠡᠢ᠃ ᠲᠥᠷᠥᠯ ᠵᠦᠢᠯ᠎ᠦᠨ ᠲᠠᠷᠬᠠᠯᠲᠠ᠎ᠠᠴᠠ ᠦᠵᠡᠪᠡᠯ᠂ ᠬᠣᠲᠠ᠎ᠶᠢᠨ ᠱᠠᠳᠤᠨ᠎ᠤ ᠲᠥᠷᠥᠯ ᠵᠦᠢᠯ 9 ᠪᠠᠢᠵᠤ᠂ ᠪᠡᠯᠡ ᠣᠷᠣᠭᠤᠯᠤᠯᠲᠠ ᠨᠢ 554 ᠳ᠋ᠦᠩᠰᠢᠭᠤᠷ ᠲᠥᠭᠥᠷᠢᠭ᠎ᠲᠦ ᠬᠦᠷᠴᠦ᠂ ᠪᠥᠬᠥ ᠪᠡᠯᠡ ᠣᠷᠣᠭᠤᠯᠤᠯᠲᠠ᠎ᠶᠢᠨ 76.63% ᠶ᠋ᠢ ᠡᠵᠡᠯᠡᠪᠡ; ᠬᠣᠰᠢᠭᠤ ᠰᠢᠶᠠᠨ ᠲᠣᠭᠣᠷᠢᠭ᠋ ᠲᠤ᠌ 11 ᠲᠥᠷᠥᠯ ᠵᠦᠢᠯ ᠪᠠᠢᠵᠤ᠂ ᠪᠡᠯᠡ ᠣᠷᠣᠭᠤᠯᠤᠯᠲᠠ ᠨᠢ 169 ᠳ᠋ᠦᠩᠰᠢᠭᠤᠷ ᠲᠥᠭᠥᠷᠢᠭ᠎ᠲᠦ ᠬᠦᠷᠴᠦ᠂ ᠪᠥᠬᠥ ᠪᠡᠯᠡ ᠣᠷᠣᠭᠤᠯᠤᠯᠲᠠ᠎ᠶᠢᠨ 23.37%᠎ᠶᠢ ᠡᠵᠡᠯᠡᠪᠡ; ᠠᠵᠢᠯ ᠲᠥᠷᠥᠯ᠎ᠦᠨ ᠲᠠᠷᠬᠠᠯᠲᠠ᠎ᠠᠴᠠ ᠦᠵᠡᠪᠡᠯ᠂ ᠬᠦᠬᠡᠬᠣᠲᠠ᠎ᠶᠢᠨ PPP ᠲᠥᠷᠥᠯ ᠵᠦᠢᠯ ᠨᠢ ᠭᠣᠣᠯᠳᠠᠭᠤ ᠵᠢᠮᠳᠤ ᠵᠠᠮ ᠬᠠᠷᠢᠯᠴᠠᠭ᠎ᠠ᠂ ᠬᠣᠲᠠ᠎ᠶᠢᠨ ᠶᠠᠪᠤᠳᠠᠯ᠎ᠤᠨ ᠢᠨᠵᠧᠨᠧᠷᠢᠩ᠂ ᠠᠮᠢ ᠠᠬᠤᠢ᠎ᠶᠢᠨ ᠣᠷᠴᠢᠨ ᠲᠣᠭᠣᠷᠢᠨ ᠵᠡᠷᠭᠡ 7 ᠣᠯᠠᠨ ᠨᠡᠶ᠋ᠢᠲᠡ ᠎ᠶᠢᠨ ᠦᠢᠯᠡᠴᠢᠯᠡᠭᠡᠨ᠎ᠦ ᠬᠦᠷᠢᠶᠡᠨ᠎ᠳᠦ ᠬᠣᠯᠪᠣᠭᠳᠠᠨ᠎ᠠ; ᠲᠥᠷᠥᠯ ᠵᠦᠢᠯ᠎ᠦᠨ ᠠᠬᠢᠴᠠ ᠠ᠋ᠴᠠ ᠦᠵᠡᠪᠡᠯ᠂ ᠬᠣᠲᠠ᠎ᠶᠢᠨ ᠨᠡᠶ᠋ᠢᠲᠡ 14 ᠲᠥᠷᠥᠯ ᠵᠦᠢᠯ ᠨᠢ ᠬᠡᠷᠡᠭᠵᠢᠭᠦᠯᠬᠦ ᠱᠠᠲᠤᠨ᠎ᠳᠤ ᠣᠷᠣᠵᠤ᠂ 3 ᠲᠥᠷᠥᠯ ᠵᠦᠢᠯ ᠨᠢ ᠬᠤᠳᠠᠯᠳᠤᠨ ᠠᠪᠬᠤ ᠱᠠᠲᠤᠨ᠎ᠳᠤ ᠣᠷᠣᠭᠰᠠᠨ ᠪᠠᠢᠨ᠎ᠠ ᠃

ᠣᠢᠷ᠎ᠠ᠎ᠶᠢᠨ ᠵᠢᠯ᠎ᠳᠦ᠂ ᠬᠦᠬᠡᠬᠣᠲᠠ ᠰᠠᠭᠤᠷᠢ ᠲᠥᠬᠦᠭᠡᠷᠦᠮᠵᠢ ᠪᠠ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠦᠷᠢᠶᠡᠨ᠎ᠳᠦ ᠵᠠᠰᠠᠭ᠎ᠤᠨ ᠣᠷᠳᠣᠨ ᠪᠠ ᠨᠡᠢᠭᠡᠮ᠎ᠦᠨ ᠬᠥᠷᠥᠩᠭᠡ᠎ᠶᠢᠨ ᠬᠠᠮᠲᠤᠷᠠᠯᠴᠠᠭᠠᠨ᠎ᠤ ᠵᠠᠭᠪᠤᠷ ( PPP ᠵᠠᠭᠪᠤᠷ ᠭᠡᠵᠦ ᠲᠣᠪᠴᠢᠯᠠᠨ᠎ᠠ )᠎ᠢ ᠢᠳᠡᠪᠬᠢᠲᠡᠢ᠎ᠪᠡᠷ ᠳᠡᠯᠭᠡᠷᠡᠭᠦᠯᠦᠨ ᠬᠡᠷᠡᠭᠯᠡᠵᠦ ᠪᠠᠢᠨ᠎ᠠ᠃ᠡᠨᠡ ᠬᠦ᠌ ᠵᠠᠭᠪᠤᠷ ᠨᠢ ᠵᠠᠰᠠᠭ᠎ᠤᠨ ᠣᠷᠳᠣᠨ ᠪᠣᠯᠣᠨ ᠬᠤᠪᠢ ᠬᠥᠮᠥᠨ᠎ᠦ ᠵᠣᠬᠢᠶᠠᠨ ᠪᠠᠢᠭᠤᠯᠤᠯᠲᠠ᠎ᠶᠢᠨ ᠬᠣᠭᠣᠷᠣᠨᠳᠤ᠎ᠪᠠᠨ ᠶᠠᠮᠠᠷ ᠨᠢᠭᠡᠨ ᠨᠡᠶ᠋ᠢᠲᠡ᠎ᠶᠢᠨ ᠡᠳ᠋ ᠪᠣᠳᠠᠰ ᠪᠠ ᠦᠢᠯᠡᠴᠢᠯᠡᠭᠡ ᠬᠠᠩᠭᠠᠬᠤ᠎ᠶᠢᠨ ᠲᠥᠯᠥᠭᠡ ᠣᠨᠴᠠ ᠵᠥᠪᠰᠢᠶᠡᠷᠡᠯ᠎ᠦᠨ ᠡᠷᠬᠡ ᠵᠢᠨ ᠬᠡᠯᠡᠯᠴᠡᠭᠡᠷ᠎ᠢᠶᠡᠷ ᠰᠠᠭᠤᠷᠢ ᠪᠣᠯᠭᠠᠵᠤ᠂ ᠬᠣᠭᠣᠷᠣᠨᠳᠤ ᠎ᠪᠠᠨ ᠬᠠᠨᠢᠲᠠᠨ᠎ᠤ ᠮᠠᠶᠢᠭ᠋᠎ᠤᠨ ᠬᠠᠮᠲᠤᠷᠠᠨ ᠠᠵᠢᠯᠯᠠᠬᠤ ᠬᠠᠷᠢᠴᠠᠭ᠎ᠠ᠎ᠶᠢ ᠪᠤᠢ ᠪᠣᠯᠭᠠᠵᠤ᠂ ᠬᠣᠶᠠᠷ ᠲᠠᠯ᠎ᠠ ᠎ᠪᠠᠷ ᠎ᠢᠶᠠᠨ ᠬᠠᠮᠲᠤ᠎ᠪᠠᠷ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠵᠦ᠂ ᠠᠶᠤᠯ ᠲᠦᠭᠰᠢᠭᠦᠷᠢ᠎ᠶᠢ ᠬᠠᠮᠲᠤ᠎ᠪᠠᠷ ᠡᠭᠦᠷᠭᠡᠯᠡᠨ᠂ ᠪᠦᠬᠦ ᠶᠠᠪᠤᠴᠠ᠎ᠳᠤ ᠬᠠᠮᠲᠤᠷᠠᠨ ᠠᠵᠢᠯᠯᠠᠵᠤ᠂ ᠬᠤᠭᠤᠴᠠᠭ᠎ᠠ ᠨᠢ ᠳᠦᠭᠦᠷᠦᠭᠰᠡᠨ᠎ᠦ ᠲᠠᠷᠠᠭ᠎ᠠ ᠵᠠᠰᠠᠭ᠎ᠤᠨ ᠣᠷᠳᠣᠨ᠎ᠳᠤ ᠰᠢᠯᠵᠢᠭᠦᠯᠦᠨ ᠲᠤᠰᠢᠶᠠᠬᠤ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠨᠡᠭᠡᠭᠡᠨ ᠬᠥᠭᠵᠢᠭᠦᠯᠵᠦ ᠡᠵᠡᠩᠨᠡᠬᠦ ᠠᠷᠭ᠎ᠠ ᠮᠠᠶᠢᠭ᠋᠎ᠢ ᠵᠢᠭᠠᠵᠤ ᠪᠠᠢᠨ᠎ᠠ᠃

PPP ᠲᠥᠷᠥᠯ ᠵᠦᠢᠯ᠎ᠦᠨ ᠬᠠᠮᠲᠤᠷᠠᠯᠴᠠᠭᠠᠨ᠎ᠤ ᠡᠯ᠎ᠡ ᠲᠠᠯ᠎ᠠ᠎ᠶᠢᠨ ᠬᠠᠤᠯᠢ ᠶᠣᠰᠣᠨ᠎ᠤ ᠡᠷᠬᠡ ᠡᠵᠡᠩᠨᠡᠯᠲᠡ᠎ᠶᠢᠨ ᠣᠷᠴᠢᠨ ᠲᠣᠭᠣᠷᠢᠨ᠎ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠬᠣᠲᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠎ᠦᠨ ᠬᠢᠵᠠᠭᠠᠷᠯᠠᠯ᠎ᠢ ᠡᠷᠬᠡ ᠲᠡᠭᠰᠢ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠢ ᠪᠣᠶ ᠪᠣᠯᠭᠠᠵᠤ᠂ ᠲᠥᠷᠥᠯ ᠵᠦᠢᠯ᠎ᠢ ᠬᠡᠷᠡᠭᠵᠢᠭᠦᠯᠬᠦ ᠲᠥᠰᠥᠯ ᠵᠡᠷᠭᠡ ᠡᠮᠦᠨᠡᠬᠢ ᠬᠤᠭᠤᠴᠠᠭᠠᠨ᠎ᠤ ᠵᠠᠩᠭᠢᠯᠠᠭ᠎ᠠ ᠠ᠋ᠴᠠ ᠭᠠᠷᠳᠠᠵᠤ᠂ ᠥᠪᠡᠰᠦᠪᠡᠨ ᠪᠠᠢᠴᠠᠭᠠᠬᠤ ᠪᠠ ᠲᠥᠪᠯᠡᠷᠡᠭᠦᠯᠦᠨ ᠬᠢᠨᠠᠨ ᠪᠠᠢᠴᠠᠭᠠᠬᠤ ᠎ᠪᠠᠷ ᠳᠡᠮᠵᠢᠨ᠂ ᠵᠥᠷᠢᠶᠡᠲᠦ ᠵᠦᠢᠯ ᠵᠤᠷᠪᠤᠰ ᠪᠠ ᠭᠠᠳᠠᠭᠤᠷᠴᠢᠯᠠᠯ ᠎ᠤᠨ ᠴᠢᠨᠠᠷᠲᠠᠢ ᠵᠦᠢᠯ ᠵᠤᠷᠪᠤᠰ᠎ᠢ ᠲᠠᠰᠤ ᠵᠣᠭᠰᠣᠭᠠᠵᠤ᠂ ᠪᠠᠷᠢᠮᠵᠢᠶ᠎ᠠ᠎ᠶᠢ ᠳᠣᠷᠣᠭᠰᠢᠯᠠᠭᠤᠯᠤᠨ᠂ ᠨᠠᠩ ᠣᠯᠠᠨ ᠠᠷᠠᠳ᠎ᠤᠨ ᠡᠵᠡᠩᠨᠡᠯᠲᠡ᠎ᠶᠢᠨ ᠬᠥᠷᠥᠩᠭᠡ᠎ᠶᠢ ᠲᠡᠳᠡᠨ ᠣᠷᠣᠯᠴᠠᠭᠤᠯᠵᠤ᠂ ᠡᠯ᠎ᠡ ᠲᠥᠷᠥᠯ᠎ᠦᠨ ᠨᠡᠢᠭᠡᠮ᠎ᠦᠨ ᠬᠥᠷᠥᠩᠭᠡ ᠎ᠶᠢᠨ ᠪᠡᠯᠡ ᠣᠷᠣᠭᠤᠯᠤᠭᠰᠠᠨ PPP ᠲᠥᠷᠥᠯ ᠵᠦᠢᠯ᠎ᠳᠦ ᠢᠯᠭᠠᠭ᠎ᠠ ᠦᠭᠡᠢ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠬᠦ᠎ᠶᠢ ᠦᠨᠡᠨ᠎ᠬᠦ ᠪᠡᠶᠡᠯᠡᠭᠦᠯᠵᠦ᠂ ᠡᠷᠬᠡ ᠲᠡᠭᠰᠢ᠎ᠪᠡᠷ ᠥᠷᠢᠰᠦᠯᠳᠦᠬᠦ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠢ ᠪᠣᠶ ᠪᠣᠯᠭᠠᠬᠤ ᠪᠤᠯᠤᠨ᠎ᠠ᠃

ᠢᠷᠡᠯᠳᠡ᠄ ᠬᠦᠬᠡᠬᠤᠳᠠ ᠵᠢᠨ ᠡᠳᠦᠷ᠎ᠤᠨ ᠰᠤᠨᠢᠨ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号