ᠬᠦᠯᠦᠨ ᠪᠦᠢᠷ ᠲᠤ᠌ ᠲᠤᠰᠬᠠᠢ ᠲᠠᠨᠢᠯᠴᠠᠭᠤᠯᠭ᠎ᠠ᠎ᠶᠢᠨ ᠬᠤᠷᠠᠯ ᠪᠤᠯᠪᠠ
2022-07-31 23:04:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠯᠥᠨ ᠪᠣᠶ᠋ᠢᠷ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂ ᠬᠥᠯᠥᠨ ᠪᠣᠶ᠋ᠢᠷ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠨᠡᠢᠭᠡᠮᠯᠢᠭ᠂ ᠬᠤᠳᠠᠯᠳᠤᠭᠠᠨ᠎ᠤ ᠪᠠᠩᠬᠢ᠎ᠶᠢᠨ ᠬᠥᠯᠥᠨ ᠪᠣᠶ᠋ᠢᠷ᠎ᠤᠨ ᠬᠤᠪᠢᠶᠠᠷᠢ ᠪᠠᠩᠬᠢ᠎ᠡᠴᠡ ᠳᠠᠭᠠᠭᠠᠴᠢᠯᠠᠨ ᠡᠷᠭᠢᠯᠡᠭᠰᠡᠨ ᠲᠥᠪ ᠬᠣᠲᠠ ᠎ᠶᠢᠨ ᠲᠣᠭᠣᠷᠢᠭ᠋᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠪᠠᠷᠢᠮᠵᠢᠶ᠎ᠠ᠎ᠶᠢ ᠠᠬᠢᠭᠤᠯᠤᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ᠎ᠤᠨ ᠲᠣᠭᠯᠠᠯᠲᠠ᠎ᠶᠢᠨ 《ᠰᠢᠨ᠎ᠡ ᠵᠠᠭᠪᠤᠷ》᠎ᠢ ᠪᠣᠶ ᠪᠣᠯᠭᠠᠬᠤ ᠵᠤᠷᠢᠯᠭ᠎ᠠ ᠪᠦᠬᠦᠢ ᠲᠣᠭᠯᠠᠯᠲᠠ᠎ᠶᠢᠨ ᠪᠦᠲᠦᠭᠡᠭᠳᠡᠬᠦᠨ᠎ᠦ ᠲᠤᠰᠬᠠᠢ ᠲᠠᠨᠢᠯᠴᠠᠭᠤᠯᠭ᠎ᠠ ᠎ᠶᠢᠨ ᠬᠤᠷᠠᠯ 7 ᠰᠠᠷ᠎ᠠ᠎ᠶᠢᠨ 27᠎ᠤ ᠡᠳᠦᠷ ᠬᠦᠯᠦᠨ ᠪᠦᠢᠷ ᠲᠤ᠌ ᠶᠠᠪᠤᠭᠳᠠᠪᠠ᠃ ᠬᠥᠯᠥᠨ ᠪᠤᠢ᠍ᠢᠷ᠎ᠬᠤᠳᠠ ᠵᠢᠨ ᠰᠣᠶᠣᠯ ᠵᠢᠭᠤᠯᠴᠢᠯᠡᠯ᠎ᠤᠨ ᠠᠵᠤ ᠦᠢᠯᠡᠰ᠎ᠦᠨ ᠨᠡᠢᠭᠡᠮᠯᠢᠭ᠎ᠦᠨ ᠭᠡᠰᠢᠭᠦᠳ᠂ ᠬᠠᠢᠯᠠᠷ ᠲᠣᠭᠣᠷᠢᠭ᠋᠎ᠤᠨ 100 ᠭᠠᠷᠤᠢ ᠵᠢᠭᠤᠯᠴᠢᠯᠡᠯ᠎ᠤᠨ ᠭᠠᠵᠠᠷ᠎ᠤᠨ  ᠵᠢᠭᠤᠯᠴᠢᠯᠡᠯ᠎ᠤᠨ ᠠᠵᠢᠯᠲᠠᠨ ᠵᠡᠷᠭᠡ 240 ᠭᠠᠷᠤᠢ ᠬᠥᠮᠥᠨ ᠣᠷᠣᠯᠴᠠᠪᠠ᠃

ᠵᠢᠭᠤᠯᠴᠢᠯᠠᠯ᠎ᠤᠨ ᠲᠣᠭᠯᠠᠯᠲᠠ ᠪᠣᠯ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢᠨ ᠴᠢᠬᠤᠯᠠ ᠠᠴᠢᠶᠠᠯᠠᠪᠤᠷᠢ ᠪᠠᠢᠵᠤ᠂ ᠨᠢᠭᠡᠨᠲᠡ ᠵᠢᠭᠤᠯᠴᠢᠯᠡᠯ᠎ᠤᠨ ᠵᠠᠬ᠎ᠠ ᠳᠡᠯᠭᠡᠭᠦᠷ᠎ᠦᠨ ᠲᠤᠲᠠᠭᠳᠠᠵᠤ ᠪᠣᠯᠣᠰᠢ ᠦᠭᠡᠢ ᠴᠢᠬᠤᠯᠠ ᠭᠣᠭᠴᠣᠭ᠎ᠠ ᠪᠣᠯᠪᠠ᠃ ᠨᠢᠭᠡ ᠲᠠᠯ᠎ᠠ᠎ᠪᠠᠷ᠂ ᠵᠢᠭᠤᠯᠴᠢᠯᠠᠯ᠎ᠤᠨ ᠲᠣᠭᠯᠠᠯᠲᠠ ᠨᠢ ᠣᠷᠣᠨ ᠨᠤᠲᠤᠭ᠎ᠤᠨ ᠰᠣᠶᠣᠯ᠎ᠢ ᠭᠦᠨᠵᠡᠭᠡᠢ ᠠᠭᠤᠳᠠᠯᠵᠤ᠂ ᠬᠥᠯᠥᠨ ᠪᠤᠢ᠍ᠢᠷ᠎ᠤᠨ ᠰᠣᠶᠣᠯ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠦ᠂ ᠬᠥᠯᠥᠨ ᠪᠤᠢ᠍ᠢᠷ᠎ᠤᠨ ᠲᠠᠯ᠎ᠠ ᠨᠤᠲᠤᠭ᠎ᠤᠨ ᠳᠡᠯᠡᠬᠡᠢ᠎ᠳᠡᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠪᠠ;ᠨᠥᠭᠥᠭᠡ ᠲᠠᠯ᠎ᠠ᠎ᠪᠠᠷ᠂ ᠬᠥᠯᠥᠨ ᠪᠣᠶ᠋ᠢᠷ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠪᠦᠲᠦᠭᠡᠭᠳᠡᠬᠦᠨ᠎ᠦ ᠪᠦᠲᠦᠴᠡ᠎ᠶᠢ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠨᠡᠮᠡᠭᠳᠡᠭᠦᠯᠵᠦ᠂ ᠬᠥᠯᠥᠨ ᠪᠣᠶ᠋ᠢᠷ ᠎ᠤᠨ ᠰᠣᠶᠣᠯ᠎ᠵᠢᠭᠤᠯᠴᠢᠯᠠᠯ᠎ᠤᠨ ᠵᠠᠬ᠎ᠠ ᠳᠡᠯᠭᠡᠭᠦᠷ ᠎ᠦᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠪᠠ᠃ ᠠᠬᠤᠢ ᠳᠠᠯᠠᠪᠠᠢ᠎ᠳᠤ᠂ ᠡᠯ᠎ᠡ ᠵᠢᠭᠤᠯᠴᠢᠯᠠᠯ᠎ᠤᠨ ᠭᠠᠵᠠᠷ ᠪᠠ ᠵᠢᠭᠤᠯᠴᠢᠯᠠᠯ᠎ᠤᠨ ᠬᠥᠲᠥᠴᠢᠳ ᠲᠣᠰ ᠲᠣᠰ᠎ᠤᠨ ᠣᠨᠴᠠᠯᠢᠭ᠍ᠲᠤ ᠵᠢᠭᠤᠯᠴᠢᠯᠠᠯ᠎ᠤᠨ ᠲᠤᠬᠠᠢᠯᠠᠭᠰᠠᠨ ᠠᠵᠢᠯ ᠪᠠ ᠵᠠᠮ ᠱᠤᠭᠤᠮ᠎ᠢᠶᠠᠨ ᠦᠨᠳᠦᠰᠦᠯᠡᠨ ᠤᠬᠠᠭᠤᠯᠤᠨ ᠳᠡᠯᠭᠡᠷᠡᠭᠦᠯᠪᠡ᠃

ᠢᠷᠡᠯᠳᠡ᠄ ᠦᠪᠦᠷ ᠮᠤᠨᠭᠭᠤᠯ᠎ᠤᠨ ᠰᠤᠶᠤᠯ ᠪᠡ ᠵᠢᠭᠤᠯᠴᠢᠯᠡᠯ᠎ᠤᠨ ᠳᠢᠨᠭᠬᠢᠮ᠎ᠤᠨ ᠵᠢᠷᠬᠢᠶ᠎ᠠ ᠵᠢᠨ ᠳᠠᠪᠴᠠᠨᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号